ᠨᠢᠭᠡ᠂ ᠬᠦᠢᠲᠡᠨ ᠠᠴᠠ ᠰᠡᠷᠭᠡᠶᠢᠯᠡᠵᠦ ᠳᠤᠯᠠᠭᠠᠨ ᠢ ᠬᠠᠮᠠᠭᠠᠯᠠᠨ᠎ᠠ | ᠳᠤᠯᠠᠭᠠᠨ ᠬᠠᠯᠬᠠᠪᠴᠢ ᠶᠢ ᠪᠠᠶᠢᠭᠤᠯᠬᠤ᠄ ᠳᠤᠯᠠᠭᠠᠨ ᠬᠠᠳᠠᠭᠠᠯᠠᠬᠤ ᠬᠠᠪᠲᠠᠰᠤ ᠪᠤᠶᠤ ᠰᠦᠯᠢᠶᠥᠦ ᠪᠦᠷᠬᠦᠪᠴᠢ ᠶᠢ ᠪᠦᠷᠬᠦᠬᠦ᠂ ᠳᠡᠪᠢᠰᠬᠦ ᠮᠠᠲ᠋ᠧᠷᠢᠶᠠᠯ ︵ | ᠬᠠᠭᠤᠷᠠᠢ ᠡᠪᠡᠰᠦ᠂ ᠮᠣᠳᠣᠨ ᠦᠷᠦᠪᠳᠡᠰᠦ ᠵᠡᠷᠭᠡ︶ ᠨᠡᠮᠡᠬᠦ᠂ ᠳᠤᠯᠠᠭᠠᠯᠠᠬᠤ ᠲᠥᠬᠦᠭᠡᠷᠦᠮᠵᠢ ︵ᠳᠤᠯᠠᠭᠠᠨ ᠰᠠᠯᠬᠢᠨ ᠤ ᠮᠠᠰᠢᠨ᠂ ᠬᠠᠯᠠᠭᠠᠯᠲᠠ ᠶᠢᠨ ᠳ᠋ᠧᠩ︶ ᠨᠡᠮᠡᠬᠦ | ᠵᠡᠷᠭᠡ ᠶᠢ ᠴᠠᠭ ᠲᠤᠬᠠᠢ ᠳᠤᠨᠢ ᠲᠣᠬᠢᠷᠠᠭᠤᠯᠬᠤ ᠶᠢᠨ ᠬᠠᠮᠲᠤ ᠲᠣᠬᠢᠲᠠᠢ ᠲᠥᠪᠬᠢᠨᠡᠭᠦᠯᠵᠦ᠂ ᠮᠠᠯ ᠵᠢᠭᠦᠷᠲᠡᠨ ᠤ ᠬᠦᠢᠲᠡᠨ ᠠᠭᠤᠷ ᠠᠮᠢᠰᠬᠤᠯ ᠳᠤ ᠴᠤ ᠳᠤᠯᠠᠭᠠᠨ | ᠪᠠᠶᠢᠬᠤ ᠶᠢ ᠦᠨᠡᠨᠬᠦ ᠪᠠᠲᠤᠯᠠᠨ᠎ᠠ᠃ | ᠵᠦᠢ ᠵᠣᠬᠢᠰᠲᠠᠢ ᠪᠢᠲᠡᠭᠦᠮᠵᠢᠯᠡᠭᠰᠡᠨ ᠬᠠᠰᠢᠶ᠎ᠠ ᠰᠠᠷᠠᠪᠴᠢ ᠪᠠᠶᠢᠭᠤᠯᠬᠤ᠄ ᠬᠠᠰᠢᠶ᠎ᠠ ᠰᠠᠷᠠᠪᠴᠢ ᠶᠢ ᠵᠦᠢ ᠵᠣᠬᠢᠰᠲᠠᠢ ᠪᠢᠲᠡᠭᠦᠮᠵᠢᠯᠡᠨ ᠰᠢᠢᠳᠪᠦᠷᠢᠯᠡᠵᠦ᠂ | ᠴᠢᠭᠢᠭᠯᠢᠭ ᠨᠦᠢᠲᠠᠨ ᠪᠠ ᠤᠰᠤ ᠬᠤᠷᠠᠬᠤ ᠠᠴᠠ ᠵᠠᠶᠢᠯᠠᠰᠬᠢᠵᠦ᠂ ᠰᠠᠯᠬᠢ ᠨᠡᠪᠲᠡᠷᠡᠭᠦᠯᠦᠨ ᠠᠭᠠᠷ ᠰᠣᠯᠢᠬᠤ ᠶᠢ ᠠᠩᠬᠠᠷᠬᠤ ᠶᠢᠨ ᠬᠠᠮᠲᠤ ᠰᠠᠯᠬᠢ ᠬᠠᠯᠬᠠᠯᠠᠬᠤ | ᠲᠥᠬᠦᠭᠡᠷᠦᠮᠵᠢ ᠲᠣᠬᠢᠷᠠᠭᠤᠯᠵᠤ᠂ ᠠᠭᠠᠷ ᠤᠨ ᠴᠡᠪᠡᠷᠴᠢ ᠶᠢᠨ ᠬᠡᠮᠵᠢᠶ᠎ᠡ ᠶᠢ ᠪᠠᠲᠤᠯᠠᠨ᠂ ᠬᠦᠢᠲᠡᠨ ᠠᠭᠠᠷ ᠰᠢᠭᠤᠳ ᠦᠯᠢᠶᠡᠬᠦ ᠶᠢ ᠪᠠᠭᠠᠰᠬᠠᠨ᠎ᠠ᠃ | ᠭᠡᠷᠡᠯ ᠤᠨ ᠲᠤᠰᠤᠯᠲᠠ ᠶᠢᠨ ᠴᠠᠭ ᠢ ᠨᠡᠮᠡᠭᠳᠡᠭᠦᠯᠬᠦ᠄ ᠭᠡᠷᠡᠯ ᠤᠨ ᠲᠤᠰᠤᠯᠲᠠ ᠶᠢᠨ ᠴᠠᠭ ᠢ ᠵᠣᠬᠢᠬᠤ ᠬᠡᠮᠵᠢᠶ᠎ᠡ ᠪᠠᠷ ᠨᠡᠮᠡᠭᠳᠡᠭᠦᠯᠪᠡᠯ ᠮᠠᠯ ᠵᠢᠭᠦᠷᠲᠡᠨ ᠤ | ᠪᠡᠶ᠎ᠡ ᠶᠢᠨ ᠰᠢᠨ᠎ᠡ ᠬᠠᠭᠤᠴᠢᠨ ᠤ ᠰᠣᠯᠢᠯᠴᠠᠭ᠎ᠠ ᠶᠢ ᠠᠬᠢᠭᠤᠯᠵᠤ᠂ ᠲᠡᠭᠦᠨ ᠤ ᠡᠰᠡᠷᠭᠦᠴᠡᠬᠦ ᠴᠢᠳᠠᠪᠤᠷᠢ ᠪᠠ ᠦᠯᠦ ᠬᠠᠯᠳᠠᠭᠠᠬᠤ ᠴᠢᠳᠠᠪᠤᠷᠢ ᠶᠢ ᠳᠡᠭᠡᠭᠰᠢᠯᠡᠭᠦᠯᠦᠨ᠎ᠡ᠃ | ᠬᠤᠶᠠᠷ᠂ ᠲᠡᠵᠢᠭᠡᠵᠦ ᠠᠷᠠᠴᠢᠯᠠᠬᠤ ᠬᠠᠮᠢᠶᠠᠷᠤᠯᠲᠠ | ᠲᠡᠵᠢᠭᠡᠯ ᠪᠤᠷᠳᠤᠭᠠᠨ ᠤ ᠨᠢᠭᠲᠠᠴᠠ ᠶᠢ ᠰᠢᠨᠵᠢᠯᠡᠬᠦ ᠤᠬᠠᠭᠠᠨᠴᠢ ᠪᠠᠷ ᠲᠣᠬᠢᠷᠠᠭᠤᠯᠤᠨ᠎ᠠ᠄ ᠮᠠᠯ ᠵᠢᠭᠦᠷᠲᠡᠨ ᠤ ᠭᠦᠢᠴᠡᠳ ᠠᠵᠢᠯᠯᠠᠭᠠᠨ ᠤ ᠣᠷᠣᠨ ᠵᠠᠢ ᠪᠠ | ᠠᠮᠠᠷᠠᠬᠤ ᠴᠠᠭ ᠢ ᠪᠠᠲᠤᠯᠠᠵᠤ᠂ ᠬᠡᠲᠦᠷᠬᠡᠢ ᠰᠢᠬᠠᠯᠳᠤᠭᠰᠠᠨ ᠠᠴᠠ ᠪᠣᠯᠵᠤ ᠪᠠᠴᠢᠮ ᠪᠠᠶᠢᠳᠠᠯ ᠢ ᠠᠷᠭᠠᠴᠠᠬᠤ ᠪᠤᠶᠤ ᠡᠪᠡᠳᠴᠢᠨ ᠡᠮᠭᠡᠭ ᠬᠠᠯᠳᠠᠪᠤᠷᠢᠯᠠᠬᠤ ᠠᠴᠠ | ᠵᠠᠶᠢᠯᠠᠰᠬᠢᠨ᠎ᠡ᠃ | ᠲᠡᠵᠢᠭᠡᠯ ᠪᠣᠷᠳᠤᠭ᠎ᠠ ᠬᠢᠭᠡᠳ ᠤᠤᠭᠤᠬᠤ ᠤᠰᠤᠨ ᠤ ᠬᠠᠩᠭᠠᠯᠭ᠎ᠠ ᠶᠢ ᠪᠠᠲᠤᠯᠠᠨ᠎ᠠ᠄ ᠲᠡᠵᠢᠭᠡᠯ ᠪᠣᠷᠳᠤᠭ᠎ᠠ ᠬᠢᠭᠡᠳ ᠤᠤᠭᠤᠬᠤ ᠤᠰᠤᠨ ᠤ ᠬᠠᠩᠭᠠᠯᠭ᠎ᠠ ᠶᠢᠨ | ᠭᠦᠢᠴᠡᠳ ᠪᠥᠭᠡᠳ ᠲᠣᠭᠲᠠᠭᠤᠨ ᠪᠠᠶᠢᠬᠤ ᠶᠢ ᠪᠠᠲᠤᠯᠠᠵᠤ᠂ ᠮᠠᠯ ᠵᠢᠭᠦᠷᠲᠡᠨ ᠤ ᠪᠡᠶ᠎ᠡ ᠶᠢᠨ ᠳᠤᠯᠠᠭᠠᠨ ᠢ ᠪᠠᠲᠤᠯᠠᠬᠤ ᠪᠠ ᠡᠷᠡᠭᠦᠯ ᠮᠡᠨᠳᠦ ᠶᠢ ᠪᠠᠲᠤᠯᠠᠬᠤ ᠦᠨᠳᠦᠰᠦᠨ | ᠬᠡᠷᠡᠭᠴᠡᠭᠡ ᠶᠢ ᠬᠠᠩᠭᠠᠨ᠎ᠠ᠃ ᠲᠡᠵᠢᠭᠡᠯ ᠪᠣᠷᠳᠣᠭᠠᠨ ᠤ ᠰᠢᠮ᠎ᠡ ᠲᠡᠵᠢᠭᠡᠯ ᠢ ᠪᠥᠬᠦ ᠲᠠᠯ᠎ᠠ ᠪᠠᠷ ᠲᠡᠩᠴᠡᠭᠦᠷᠢᠲᠡᠢ ᠪᠠᠶᠢᠯᠭᠠᠬᠤ ᠶᠢ ᠪᠠᠲᠤᠯᠠᠭᠰᠠᠨ ᠰᠠᠭᠤᠷᠢᠨ ᠳᠡᠭᠡᠷ᠎ᠡ᠂ | ᠡᠨᠧᠷᠭᠢ ᠶᠢᠨ ᠴᠢᠨᠠᠷᠲᠠᠢ ᠲᠡᠵᠢᠭᠡᠯ ᠪᠣᠷᠳᠣᠭᠠᠨ ᠤ ᠬᠠᠷᠢᠴᠠᠯ ᠢ ᠵᠣᠬᠢᠬᠤ ᠬᠡᠮᠵᠢᠶ᠎ᠡ ᠪᠠᠷ ᠨᠡᠮᠡᠭᠳᠡᠭᠦᠯᠬᠦ ᠶᠢᠨ ᠬᠠᠮᠲᠤ ᠪᠣᠳᠠᠲᠤ ᠪᠠᠶᠢᠳᠠᠯ ᠢᠶᠠᠨ ᠦᠨᠳᠦᠰᠦᠯᠡᠨ ᠲᠡᠵᠢᠭᠡᠯ | ᠪᠣᠷᠳᠤᠭ᠎ᠠ ᠲᠡᠵᠢᠭᠡᠬᠦ ᠲᠤᠭ᠎ᠠ ᠶᠢ ᠵᠣᠬᠢᠬᠤ ᠬᠡᠮᠵᠢᠶ᠎ᠡ ᠪᠠᠷ ᠨᠡᠮᠡᠭᠳᠡᠭᠦᠯᠦᠨ᠎ᠡ᠃ | ᠰᠡᠷᠡᠯᠵᠢᠯ ᠢ ᠡᠰᠡᠷᠭᠦᠴᠡᠬᠦ ᠡᠳ᠋ ᠪᠠ ᠡᠭᠡᠯᠢᠯᠡᠭᠡ ᠶᠢ ᠴᠢᠩᠭᠠᠷᠠᠭᠤᠯᠬᠤ ᠡᠳ᠋ ᠢ ᠨᠡᠮᠡᠨ᠎ᠡ᠄ ᠣᠯᠠᠨ ᠬᠡᠮᠵᠢᠯᠲᠡ᠂ ᠴᠠᠬᠢᠯᠭᠠᠨ ᠵᠠᠳᠠᠯᠤᠭᠳᠠᠬᠤᠨ ᠵᠡᠷᠭᠡ ᠰᠡᠷᠡᠯᠵᠢᠯ ᠢ | ᠡᠰᠡᠷᠭᠦᠴᠡᠬᠦ ᠡᠳ᠋ ᠵᠢᠴᠢ ᠡᠭᠡᠯᠢᠯᠡᠭᠡ ᠶᠢ ᠴᠢᠩᠭᠠᠷᠠᠭᠤᠯᠬᠤ ᠡᠳ᠋ ᠢ ᠵᠣᠬᠢᠬᠤ ᠬᠡᠮᠵᠢᠶ᠎ᠡ ᠪᠠᠷ ᠨᠡᠮᠡᠵᠦ᠂ ᠬᠦᠢᠲᠡᠨ ᠠᠭᠤᠷ ᠠᠮᠢᠰᠬᠤᠯ᠂ ᠣᠷᠴᠢᠨ ᠲᠣᠭᠤᠷᠢᠨ ᠤ | ᠬᠤᠪᠢᠷᠠᠯᠲᠠ ᠵᠡᠷᠭᠡ ᠡᠯᠧᠮᠧᠨ᠋ᠲ ᠠᠴᠠ ᠪᠣᠯᠤᠭᠰᠠᠨ ᠰᠡᠷᠡᠯᠵᠢᠯ ᠢ ᠠᠷᠭᠠᠴᠠᠬᠤ ᠤᠷᠪᠠᠯ ᠢ ᠪᠦᠲᠦᠮᠵᠢᠲᠡᠶ ᠪᠠᠭᠠᠰᠬᠠᠵᠤ᠂ ᠮᠠᠯ ᠵᠢᠭᠦᠷᠲᠡᠨ ᠤ ᠡᠪᠡᠳᠴᠢᠨ ᠢ ᠡᠰᠡᠷᠭᠦᠴᠡᠬᠦ | ᠴᠢᠳᠠᠪᠤᠷᠢ ᠶᠢ ᠨᠡᠮᠡᠭᠳᠡᠭᠦᠯᠦᠨ᠎ᠡ᠃ | ᠭᠤᠷᠪᠠ᠂ ᠬᠢᠵᠢᠭ ᠡᠪᠡᠳᠴᠢᠨ ᠢ ᠰᠡᠷᠭᠡᠶᠢᠯᠡᠨ ᠬᠢᠵᠠᠭᠠᠷᠯᠠᠬᠤ | ᠮᠠᠯ ᠵᠢᠭᠦᠷᠲᠡᠨ ᠤ ᠬᠠᠰᠢᠶ᠎ᠠ ᠶᠢ ᠲᠣᠭᠲᠠᠮᠠᠯ ᠬᠤᠭᠤᠴᠠᠭ᠎ᠠ ᠲᠠᠢ ᠪᠠᠷ ᠴᠡᠪᠡᠷᠯᠡᠨ᠎ᠡ᠄ ᠣᠷᠴᠢᠨ ᠲᠣᠭᠤᠷᠢᠨ ᠤ ᠠᠷᠢᠭᠤᠨ ᠴᠡᠪᠡᠷ ᠢ ᠪᠠᠲᠤᠯᠠᠵᠤ᠂ ᠪᠠᠭᠠᠰᠤ | ᠰᠢᠭᠡᠰᠦ᠂ ᠶᠠᠭᠤᠮ᠎ᠠ ᠬᠡᠦᠮ᠎ᠡ ᠵᠡᠷᠭᠡ ᠶᠢ ᠴᠠᠭ ᠲᠤᠬᠠᠢ ᠳᠤᠨᠢ ᠴᠡᠪᠡᠷᠯᠡᠨ᠎ᠡ᠃ ᠲᠣᠭᠲᠠᠮᠠᠯ ᠬᠤᠭᠤᠴᠠᠭ᠎ᠠ ᠲᠠᠢ ᠪᠠᠷ ᠠᠷᠢᠭᠤᠳᠬᠠᠨ᠎ᠠ᠄ ᠲᠣᠬᠢᠷᠠᠮᠵᠢᠲᠠᠢ ᠠᠷᠢᠭᠤᠳᠬᠠᠬᠤ | ᠡᠮ ᠤᠨ ᠵᠦᠢᠯ ᠢ ᠰᠣᠩᠭᠤᠨ ᠬᠡᠷᠡᠭᠯᠡᠵᠦ᠂ ᠮᠠᠯ ᠵᠢᠭᠦᠷᠲᠡᠨ ᠤ ᠬᠠᠰᠢᠶ᠎ᠠ᠂ ᠲᠡᠵᠢᠭᠡᠨ ᠦᠷᠡᠵᠢᠭᠦᠯᠬᠦ ᠪᠠᠭᠠᠵᠢ ᠬᠡᠷᠡᠭᠰᠡᠯ᠂ ᠠᠵᠢᠯᠯᠠᠭᠠᠨ ᠤ ᠲᠠᠯᠠᠪᠤᠷ ᠵᠡᠷᠭᠡ ᠶᠢ ᠪᠦᠬᠦ | ᠲᠠᠯ᠎ᠠ ᠪᠠᠷ ᠠᠷᠢᠭᠤᠳᠬᠠᠵᠤ᠂ ᠡᠪᠡᠳᠴᠢᠨ ᠡᠭᠦᠰᠬᠡᠭᠴᠢ ᠪᠠᠺᠲ᠋ᠧᠷᠢ ᠶᠢᠨ ᠡᠭᠦᠰᠬᠦ ᠪᠠ ᠲᠠᠷᠬᠠᠬᠤ ᠶᠢ ᠪᠦᠲᠦᠮᠵᠢᠲᠡᠶ ᠪᠠᠭᠠᠰᠬᠠᠨ᠎ᠠ᠃ | ᠡᠭᠡᠯᠢᠯᠡᠭᠡ ᠶᠢᠨ ᠲᠠᠷᠢᠯᠭ᠎ᠠ ᠶᠢ ᠴᠢᠩᠭᠠᠳᠬᠠᠨ᠎ᠠ᠄ ᠲᠤᠬᠠᠢ ᠶᠢᠨ ᠭᠠᠵᠠᠷ ᠤᠨ ᠬᠢᠵᠢᠭ ᠡᠪᠡᠳᠴᠢᠨ ᠤ ᠳᠡᠯᠭᠡᠷᠡᠬᠦ ᠣᠨᠴᠠᠯᠢᠭ ᠬᠢᠭᠡᠳ ᠡᠭᠡᠯᠢᠯᠡᠭᠡ ᠶᠢᠨ ᠲᠠᠰ | ᠳᠠᠷᠠᠭᠠᠯᠠᠯ ᠢ ᠦᠨᠳᠦᠰᠦᠯᠡᠨ᠂ ᠮᠠᠯ ᠵᠢᠭᠦᠷᠲᠡᠨ ᠳᠤ ᠡᠯ᠎ᠡ ᠲᠥᠷᠥᠯ ᠤᠨ ᠸᠠᠺᠼᠢᠨ ᠢ ᠴᠠᠭ ᠲᠤᠬᠠᠢ ᠳᠤᠨᠢ ᠳᠠᠷᠢᠵᠤ᠂ ᠲᠡᠳᠡᠨ ᠤ ᠥᠪᠡᠷᠮᠢᠴᠡ ᠴᠢᠨᠠᠷ ᠤᠨ | ᠡᠭᠡᠯᠢᠯᠡᠭᠡ ᠶᠢᠨ ᠴᠢᠳᠠᠪᠤᠷᠢ ᠶᠢ ᠳᠡᠭᠡᠭᠰᠢᠯᠡᠭᠦᠯᠦᠨ᠎ᠡ᠃ | ᠳᠥᠷᠪᠡ᠂ ᠲᠥᠬᠦᠭᠡᠷᠥᠮᠵᠢᠲᠦ ᠡᠳ᠋ ᠪᠠᠷᠠᠭ᠎ᠠ ᠶᠢᠨ ᠪᠠᠲᠤᠯᠠᠭ᠎ᠠ | ᠲᠥᠬᠦᠭᠡᠷᠦᠮᠵᠢ ᠶᠢ ᠪᠠᠶᠢᠴᠠᠭᠠᠨ ᠵᠠᠰᠠᠬᠤ᠄ ᠮᠠᠯ ᠵᠢᠭᠦᠷᠲᠡᠨ ᠤ ᠬᠠᠰᠢᠶ᠎ᠠ ᠰᠠᠷᠠᠪᠴᠢ ᠵᠢᠴᠢ ᠲᠡᠵᠢᠭᠡᠯ ᠪᠣᠷᠳᠣᠭᠠᠨ ᠤ ᠬᠥᠮᠥᠷᠭᠡ ᠵᠡᠷᠭᠡ ᠲᠥᠬᠦᠭᠡᠷᠦᠮᠵᠢ ᠳᠤ | ᠪᠥᠬᠦ ᠲᠠᠯ᠎ᠠ ᠪᠠᠷ ᠨᠠᠷᠢᠨ ᠨᠢᠮᠪᠠᠢ ᠪᠠᠶᠢᠴᠠᠭᠠᠨ ᠵᠠᠰᠠᠬᠤ ᠠᠵᠢᠯ ᠬᠢᠵᠦ᠂ ᠴᠠᠰᠤ ᠰᠢᠭᠤᠷᠭ᠎ᠠ ᠶᠢ ᠡᠰᠡᠷᠭᠦᠴᠡᠬᠦ ᠴᠢᠳᠠᠪᠤᠷᠢ ᠪᠠᠷ ᠨᠡᠯᠢᠶᠡᠳ ᠪᠠᠭᠤᠷᠠᠢ ᠮᠠᠯ ᠵᠢᠭᠦᠷᠲᠡᠨ ᠤ | ᠬᠠᠰᠢᠶ᠎ᠠ ᠶᠢ ᠪᠠᠬᠢᠵᠢᠭᠦᠯᠬᠦ ᠪᠠ ᠳᠤᠯᠠᠭᠠᠨ ᠢ ᠬᠠᠮᠠᠭᠠᠯᠠᠬᠤ ᠠᠵᠢᠯ ᠢ ᠰᠠᠶᠢᠲᠤᠷ ᠬᠢᠨ᠎ᠡ᠃ | ᠡᠳ᠋ ᠪᠣᠳᠠᠰ ᠨᠥᠭᠡᠴᠡᠯᠡᠬᠦ᠄ ᠲᠡᠵᠢᠭᠡᠯ ᠪᠣᠷᠳᠤᠭ᠎ᠠ᠂ ᠸᠠᠺᠼᠢᠨ᠂ ᠠᠷᠢᠭᠤᠳᠬᠠᠬᠤ ᠡᠮ ᠤᠨ ᠵᠦᠢᠯ᠂ ᠠᠷᠢᠭᠤᠳᠬᠠᠬᠤ ᠲᠥᠬᠦᠭᠡᠷᠦᠮᠵᠢ᠂ ᠴᠠᠬᠢᠯᠭᠠᠨ | ᠭᠠᠷᠭᠠᠬᠤ ᠲᠦᠯᠡᠰᠢ᠂ ᠳᠤᠯᠠᠭᠠᠨ ᠢ ᠬᠠᠳᠠᠭᠠᠯᠠᠬᠤ ᠮᠠᠲ᠋ᠧᠷᠢᠶᠠᠯ᠂ ᠠᠶᠤᠯ ᠠᠴᠠ ᠠᠪᠤᠷᠠᠬᠤ ᠪᠠᠭᠠᠵᠢ ᠬᠡᠷᠡᠭᠰᠡᠯ ᠵᠡᠷᠭᠡ ᠡᠯ᠎ᠡ ᠲᠦᠷᠦᠯ ᠤᠨ ᠡᠳ᠋ ᠪᠣᠳᠠᠰ ᠢ ᠴᠠᠭ | ᠲᠤᠬᠠᠢ ᠳᠤᠨᠢ ᠭᠦᠢᠴᠡᠳ ᠨᠥᠭᠡᠴᠡᠯᠡᠵᠦ᠂ ᠴᠠᠬᠢᠯᠭᠠᠨ ᠵᠣᠭᠰᠣᠬᠤ᠂ ᠵᠠᠮ ᠪᠢᠲᠡᠭᠦᠮᠵᠢᠯᠡᠬᠦ ᠵᠢᠴᠢ ᠲᠡᠵᠢᠭᠡᠯ ᠪᠣᠷᠳᠤᠭ᠎ᠠ᠂ ᠮᠠᠯ ᠤᠨ ᠡᠮ ᠳᠤᠲᠠᠭᠳᠠᠬᠤ ᠠᠴᠠ ᠪᠣᠯᠤᠭᠰᠠᠨ | ᠠᠰᠠᠭᠤᠳᠠᠯ ᠢ ᠰᠡᠷᠭᠡᠶᠢᠯᠡᠨ᠎ᠡ᠃ | ᠲᠠᠪᠤ᠂ ᠠᠶᠤᠯᠭᠦᠢ ᠦᠢᠯᠡᠳᠪᠦᠷᠢᠯᠡᠯ | ᠠᠮᠤᠷ ᠲᠦᠪᠰᠢᠨ ᠢ ᠪᠠᠶᠢᠴᠠᠭᠠᠬᠤ᠄ ᠲᠡᠵᠢᠭᠡᠨ ᠦᠷᠡᠵᠢᠭᠦᠯᠬᠦ ᠲᠠᠯᠠᠪᠠᠶ ︵ᠡᠷᠦᠬᠡ︶ ᠨᠢ ᠠᠶᠤᠯᠭᠦᠢ ᠦᠢᠯᠡᠳᠪᠦᠷᠢᠯᠡᠯ ᠤᠨ ᠭᠤᠣᠯ ᠴᠣᠭᠴᠠ ᠶᠢᠨ | ᠬᠠᠷᠢᠭᠤᠴᠠᠯᠭ᠎ᠠ ᠶᠢ ᠢᠳᠡᠪᠬᠢᠲᠡᠢ ᠨᠠᠶᠢᠳᠠᠪᠤᠷᠢᠵᠢᠭᠤᠯᠵᠤ᠂ ᠲᠡᠵᠢᠭᠡᠨ ᠦᠷᠡᠵᠢᠭᠦᠯᠬᠦ ᠲᠣᠨᠤᠭ ᠲᠥᠬᠦᠭᠡᠷᠦᠮᠵᠢ᠂ ᠤᠰᠤᠨ ᠵᠠᠮ ᠴᠠᠬᠢᠯᠭᠠᠨ ᠬᠡᠯᠬᠢᠶ᠎ᠡ ᠵᠡᠷᠭᠡ ᠪᠠᠶᠢᠳᠠᠯ ᠳᠤ | ᠰᠠᠨᠠᠭᠠᠴᠢᠯᠠᠭ᠎ᠠ ᠠᠴᠠ ᠪᠠᠨ ᠠᠮᠤᠷ ᠲᠦᠪᠰᠢᠨ ᠤ ᠵᠢᠭᠰᠠᠭᠠᠨ ᠪᠠᠶᠢᠴᠠᠭᠠᠬᠤ ᠠᠵᠢᠯ ᠬᠢᠵᠦ᠂ ᠠᠰᠠᠭᠤᠳᠠᠯ ᠢ ᠣᠯᠵᠤ ᠮᠡᠳᠡᠪᠡᠯ ᠴᠠᠭ ᠲᠤᠬᠠᠢ ᠳᠤᠨᠢ ᠪᠠᠶᠢᠴᠠᠭᠠᠨ ᠵᠠᠰᠠᠬᠤ | ᠬᠡᠷᠡᠭᠲᠡᠢ᠃ | ᠠᠮᠤᠷ ᠲᠦᠪᠰᠢᠨ ᠢᠶᠠᠷ ᠳᠤᠯᠠᠭᠠᠯᠠᠬᠤ᠄ ᠳᠤᠯᠠᠭᠠᠯᠠᠬᠤ ᠲᠥᠬᠦᠭᠡᠷᠦᠮᠵᠢ ᠨᠢ ᠬᠢᠷᠢ ᠲᠡᠩᠴᠡᠵᠦ᠂ ᠭᠠᠯ ᠤᠨ ᠠᠶᠤᠯ ᠡᠭᠦᠰᠬᠦ ᠪᠠ ᠨᠡᠭᠦᠷᠡᠰᠦᠲᠥ᠋ᠷᠥᠭᠴᠢ ᠶᠢᠨ | ᠲᠠᠩ ᠢᠰᠦᠯ ᠳᠤ ᠬᠤᠣᠷᠳᠠᠭᠳᠠᠬᠤ ᠶᠢ ᠰᠡᠷᠭᠡᠶᠢᠯᠡᠨ᠎ᠡ᠃ ᠡᠯ᠎ᠡ ᠲᠥᠷᠥᠯ ᠤᠨ ᠠᠮᠤᠷ ᠲᠦᠪᠰᠢᠨ ᠤ ᠠᠳᠡᠯ ᠢ ᠰᠠᠶᠢᠲᠤᠷ ᠰᠡᠷᠭᠡᠶᠢᠯᠡᠵᠦ᠂ ᠮᠠᠯ ᠵᠢᠭᠦᠷᠲᠡᠨ ᠤ | ᠦᠢᠯᠡᠳᠪᠦᠷᠢᠯᠡᠯ ᠤᠨ ᠠᠮᠤᠷ ᠲᠦᠪᠰᠢᠨ ᠢᠶᠠᠷ ᠠᠵᠢᠯᠯᠠᠬᠤ ᠶᠢ ᠪᠠᠲᠤᠯᠠᠨ᠎ᠠ᠃ |