ᠣᠶᠢᠷ᠎ᠠ ᠶᠢᠨ ᠵᠢᠯ᠂ ᠵᠠᠷᠢᠮ ᠬᠦᠮᠦᠰ ᠢᠳᠡᠰᠢᠨ ᠨᠣᠭᠤᠭᠠᠨ ᠤ ᠰᠢᠭᠦᠰᠦ ᠤᠤᠭᠤᠬᠤ ᠪᠠᠷ ᠨᠣᠭᠤᠭ᠎ᠠ ᠢᠳᠡᠬᠦ ᠶᠢ ᠣᠷᠤᠯᠠᠭᠤᠯᠵᠤ ᠪᠠᠶᠢᠨ᠎ᠠ᠂ ᠲᠡᠭᠡᠪᠡᠯ | ᠨᠣᠭᠤᠭᠠᠨ ᠤ ᠰᠢᠭᠦᠰᠦᠨ ᠤ ᠰᠢᠮ᠎ᠡ ᠲᠡᠵᠢᠭᠡᠯ ᠨᠢ ᠶᠠᠮᠠᠷ ᠪᠠᠶᠢᠳᠠᠭ ᠪᠤᠢ︖ ᠬᠦᠮᠦᠨ ᠤ ᠪᠡᠶ᠎ᠡ ᠶᠢᠨ ᠡᠷᠡᠭᠦᠯ ᠮᠡᠨᠳᠦ ᠳᠤ ᠲᠤᠰᠠᠲᠠᠢ ᠤᠤ︖ | 2024 ᠣᠨ ᠤ ᠨᠢᠭᠡᠨ ᠰᠤᠳᠤᠯᠭᠠᠨ ᠳᠤ100% ᠶᠢᠨ ᠴᠡᠪᠡᠷ ᠵᠢᠮᠢᠰ ᠪᠣᠯᠤᠨ ᠢᠳᠡᠰᠢᠨ ᠨᠣᠭᠤᠭ᠎ᠠ ᠶᠢᠨ ᠰᠢᠭᠦᠰᠦ ᠪᠠ ᠡᠷᠡᠭᠦᠯ ᠮᠡᠨᠳᠦ ᠶᠢᠨ | ᠬᠠᠷᠢᠴᠠᠭ᠎ᠠ ᠳᠤ ᠵᠠᠳᠠᠯᠤᠯᠲᠠ ᠬᠢᠵᠤ᠂ ᠬᠦᠮᠦᠨ ᠤ ᠪᠡᠶ᠎ᠡ ᠶᠢᠨ ᠴᠢᠰᠤᠨ ᠳᠠᠷᠤᠯᠲᠠ᠂ ᠴᠢᠰᠤᠨ ᠤ ᠦᠭᠡᠬᠦ᠂ ᠴᠢᠰᠤᠨ ᠤ ᠰᠢᠬᠢᠷ᠂ ᠦᠷᠪᠢᠰᠦᠯ᠂ ᠲᠠᠨᠢᠨ ᠮᠡᠳᠡᠬᠦ ᠴᠢᠳᠠᠮᠵᠢ᠂ | ᠬᠦᠳᠡᠯᠭᠡᠭᠡᠨ ᠤ ᠢᠯᠡᠷᠡᠯ᠂ ᠭᠡᠳᠡᠰᠦᠨ ᠤ ᠮᠢᠺᠷᠤᠪ ᠤᠨ ᠪᠦᠷᠢᠯᠳᠦᠭᠦᠨ ᠪᠣᠯᠤᠨ ᠪᠠᠺᠲ᠋ᠧᠷᠢ ᠶᠢᠨ ᠬᠠᠯᠳᠠᠪᠤᠷᠢᠯᠠᠯ ᠵᠡᠷᠭᠡ ᠣᠯᠠᠨ ᠲᠠᠯ᠎ᠠ ᠶᠢ ᠪᠠᠭᠲᠠᠭᠠᠨ ᠰᠤᠳᠤᠯᠵᠠᠢ᠃ | ᠡᠴᠦᠰ ᠤᠨ ᠦᠷ᠎ᠡ ᠳ᠋ᠦᠩ ᠳᠤ100% ᠶᠢᠨ ᠴᠡᠪᠡᠷ ᠵᠢᠮᠢᠰᠦᠨ ᠤ ᠰᠢᠭᠦᠰᠦ᠂ ᠨᠣᠭᠤᠭᠠᠨ ᠤ ᠰᠢᠭᠦᠰᠦ ᠬᠦᠮᠦᠨ ᠤ ᠡᠷᠡᠭᠦᠯ ᠮᠡᠨᠳᠦ ᠶᠢ ᠨᠥᠯᠦᠭᠡᠯᠡᠬᠦ ᠬᠡᠮᠵᠢᠶ᠎ᠡ ᠮᠠᠰᠢ | ᠬᠢᠵᠠᠭᠠᠷ ᠲᠠᠢ ᠪᠣᠯᠬᠤᠷ ᠴᠢᠨᠠᠭᠰᠢᠳᠠ ᠰᠣᠳᠤᠯᠬᠤ ᠱᠠᠭᠠᠷᠳᠠᠯᠭ᠎ᠠ ᠲᠠᠢ ᠭᠡᠵᠦ ᠦᠵᠡᠵᠡᠢ᠃ ᠤᠴᠢᠷ ᠨᠢ ᠢᠳᠡᠰᠢᠨ ᠨᠣᠭᠤᠭ᠎ᠠ ᠶᠢ ᠰᠢᠭᠦᠰᠦ ᠪᠣᠯᠭᠠᠨ ᠰᠢᠬᠠᠬᠤ | ᠶᠠᠪᠤᠴᠠ ᠳᠤ ᠢᠳᠡᠭᠡᠨ ᠤ ᠰᠢᠷᠬᠡᠭᠯᠢᠭ ᠡᠳ᠋᠂ ᠸᠢᠲ᠋ᠠᠮᠢᠨC ᠵᠡᠷᠭᠡ ᠰᠢᠮ᠎ᠡ ᠲᠡᠵᠢᠭᠡᠯ ᠢᠶᠠᠨ ᠬᠡᠰᠡᠭ ᠢ ᠨᠢ ᠠᠯᠳᠠᠳᠠᠭ ᠪᠠᠶᠢᠨ᠎ᠠ᠃ | ᠶᠡᠷᠦᠩᠬᠡᠶᠢᠯᠡᠪᠡᠯ᠄ | ᠰᠢᠮ᠎ᠡ ᠲᠡᠵᠢᠭᠡᠯ᠂ ᠡᠷᠡᠭᠦᠯ ᠮᠡᠨᠳᠦ ᠶᠢᠨ ᠲᠠᠯ᠎ᠠ ᠠᠴᠠ ᠠᠪᠴᠤ ᠬᠡᠯᠡᠪᠡᠯ ᠢᠳᠡᠰᠢᠨ ᠨᠣᠭᠤᠭ᠎ᠠ ᠢᠳᠡᠬᠦ ᠨᠢ ᠨᠣᠭᠤᠭᠠᠨ ᠤ ᠰᠢᠭᠦᠰᠦ ᠤᠤᠭᠤᠬᠤ ᠠᠴᠠ ᠢᠯᠡᠭᠦᠦ | ᠲᠤᠰᠠᠲᠠᠢ᠃ ᠡᠶᠢᠮᠦ ᠠᠴᠠ᠂ ᠬᠠᠮᠤᠭ ᠤᠨ ᠰᠠᠶᠢᠨ ᠨᠢ ᠣᠯᠠᠨ ᠲᠦᠷᠦᠯ ᠵᠦᠢᠯ ᠤᠨ ᠢᠳᠡᠰᠢᠨ ᠨᠣᠭᠤᠭ᠎ᠠ ᠶᠢ ᠢᠳᠡᠵᠦ᠂ ᠢᠳᠡᠭᠡᠨ ᠤ ᠣᠯᠠᠨ ᠶᠠᠩᠵᠤᠲᠤ ᠴᠢᠨᠠᠷ ᠢ | ᠪᠠᠷᠢᠮᠲᠠᠯᠠᠪᠠᠯ ᠡᠷᠡᠭᠦᠯ ᠮᠡᠨᠳᠦ ᠳᠤ ᠲᠤᠰᠠᠲᠠᠢ᠃ | ᠨᠠᠰᠤᠲᠠᠶᠢᠴᠤᠳ ᠵᠡᠷᠭᠡ ᠨᠣᠭᠤᠭ᠎ᠠ ᠢᠳᠡᠬᠦ ᠳᠤ ᠳᠦᠭᠦᠮ ᠦᠭᠡᠢ ᠬᠦᠮᠦᠰ ᠡᠳᠦᠷ ᠪᠦᠷᠢ1~2 ᠴᠣᠮᠤ ᠨᠣᠭᠤᠭᠠᠨ ᠤ ᠰᠢᠭᠦᠰᠦ ᠤᠤᠭᠤᠵᠤ ᠪᠣᠯᠤᠨ᠎ᠠ᠃ |