ᠵᠠᠯᠠᠭᠤᠴᠤᠳ ᠪᠠᠭᠠᠴᠤᠳ ᠪᠡᠶ᠎ᠡ ᠶᠢᠨ ᠲᠠᠮᠢᠷ ᠤᠨ ᠬᠦᠳᠡᠯᠭᠡᠭᠡᠨ ᠳᠤ ᠣᠷᠤᠯᠴᠠᠬᠤ ᠨᠢ ᠡᠳᠦᠷ ᠳᠤᠲᠤᠮ ᠤᠨ ᠠᠮᠢᠳᠤᠷᠠᠯ ᠪᠠ ᠰᠤᠷᠤᠯᠴᠠᠯᠭ᠎ᠠ ᠳᠤ | ᠠᠩᠬᠠᠷᠤᠯ ᠢᠶᠠᠨ ᠲᠦᠪᠯᠡᠷᠡᠭᠦᠯᠬᠦ ᠳᠤ ᠲᠤᠰᠠᠯᠠᠳᠠᠭ᠃ | ᠲᠠᠮᠢᠷ ᠤᠨ ᠬᠦᠳᠡᠯᠭᠡᠭᠡᠨ ᠨᠢ ᠵᠠᠯᠠᠭᠤᠴᠤᠳ ᠪᠠᠭᠠᠴᠤᠳ ᠢ ᠬᠦᠴᠢᠷ ᠪᠡᠷᠬᠡᠰᠢᠶᠡᠯ ᠪᠠ ᠦᠷᠢᠰᠦᠯᠳᠦᠭᠡᠨ ᠢ ᠢᠯᠠᠨ ᠳᠠᠪᠠᠭ᠋ᠣ ᠡᠷᠴᠢ ᠵᠣᠷᠢᠭ ᠢᠶᠠᠨ ᠬᠦᠪᠴᠢᠯᠡᠨ ᠂ | ᠢᠲᠡᠭᠡᠯ ᠵᠣᠷᠢᠭ ᠢᠶᠠᠨ ᠨᠡᠮᠡᠭᠳᠡᠭᠦᠯᠵᠦ᠂ ᠰᠢᠨᠳᠠᠷᠠᠰᠢ ᠦᠭᠡᠢ ᠲᠡᠮᠡᠴᠡᠬᠦ ᠰᠠᠶᠢᠨ ᠰᠠᠶᠢᠬᠠᠨ ᠳᠠᠳᠬᠠᠯ ᠲᠠᠢ ᠪᠣᠯᠭᠠᠬᠤ ᠶᠢᠨ ᠤᠯᠠᠮ ᠠᠴᠠ ᠠᠮᠢᠳᠤᠷᠠᠯ ᠪᠠ | ᠰᠤᠷᠤᠯᠴᠠᠯᠭ᠎ᠠ ᠶᠢᠨ ᠳᠤᠮᠳᠠ ᠨᠡᠩ ᠶᠡᠭᠡ ᠠᠮᠵᠢᠯᠲᠠ ᠳᠤ ᠬᠦᠷᠭᠡᠵᠦ ᠳᠡᠶᠢᠯᠳᠡᠭ᠃ | ᠲᠡᠭᠡᠪᠡᠯ ᠶᠠᠮᠠᠷ ᠪᠡᠶ᠎ᠡ ᠶᠢᠨ ᠲᠠᠮᠢᠷ ᠤᠨ ᠬᠦᠳᠡᠯᠭᠡᠭᠡᠨ ᠨᠢ ᠵᠠᠯᠠᠭᠤᠴᠤᠳ ᠪᠠᠭᠠᠴᠤᠳ ᠤᠨ ᠠᠩᠬᠠᠷᠤᠯ ᠢᠶᠠᠨ ᠲᠦᠪᠯᠡᠷᠡᠭᠦᠯᠬᠦ ᠳᠤ ᠠᠰᠢᠭᠲᠠᠢ ᠪᠠᠶᠢᠳᠠᠭ ᠪᠤᠢ︖ | ᠭᠦᠶᠦᠬᠦ᠂ ᠤᠮᠪᠠᠭ᠋ᠤ ᠵᠡᠷᠭᠡ ᠬᠦᠴᠢᠯᠳᠦ᠋ᠷᠦᠭᠴᠢᠲᠦ ᠬᠦᠳᠡᠯᠭᠡᠭᠡᠨ ᠨᠢ ᠵᠢᠷᠦᠬᠡ ᠠᠭᠤᠰᠬᠢ ᠶᠢᠨ ᠠᠵᠢᠯᠯᠠᠭ᠎ᠠ ᠶᠢ ᠴᠢᠩᠭᠠᠳᠬᠠᠵᠤ᠂ ᠶᠡᠭᠡ ᠲᠠᠷᠢᠬᠢᠨ ᠳᠤ ᠨᠡᠩ | ᠠᠷᠪᠢᠨ ᠬᠦᠴᠢᠯᠳᠦ᠋ᠷᠦᠭᠴᠢ ᠪᠠ ᠰᠢᠮ᠎ᠡ ᠲᠡᠵᠢᠭᠡᠯ ᠢ ᠬᠠᠩᠭᠠᠵᠤ ᠦᠭᠳᠡᠭ᠃ | ᠬᠦᠯ ᠪᠦᠮᠪᠦᠭᠡ᠂ ᠰᠠᠭᠰᠤᠨ ᠪᠦᠮᠪᠦᠭᠡ ᠵᠡᠷᠭᠡ ᠣᠯᠠᠨ ᠨᠡᠶᠢᠲᠡ ᠶᠢᠨ ᠬᠦᠳᠡᠯᠭᠡᠭᠡᠨ ᠨᠢ ᠵᠠᠯᠠᠭᠤᠴᠤᠳ ᠪᠠᠭᠠᠴᠤᠳ ᠬᠠᠮᠲᠤ ᠨᠡᠶᠢᠲᠡ ᠶᠢᠨ ᠠᠵᠢᠯᠯᠠᠭ᠎ᠠ ᠪᠠ | ᠨᠡᠶᠢᠭᠡᠮ ᠤᠨ ᠬᠠᠷᠢᠯᠴᠠᠭᠠᠨ ᠤ ᠤᠷ᠎ᠠ ᠮᠡᠷᠭᠡᠵᠢᠯ ᠪᠣᠯᠤᠨ ᠠᠩᠬᠠᠷᠤᠯ ᠢᠶᠠᠨ ᠲᠦᠪᠯᠡᠷᠡᠭᠦᠯᠬᠦ ᠴᠢᠳᠠᠪᠤᠷᠢ ᠶᠢ ᠬᠦᠮᠦᠵᠢᠭᠦᠯᠳᠡᠭ᠃ | ᠣᠯᠠᠨ ᠤᠯᠤᠰ ᠤᠨ ᠰᠢᠲᠠᠷ᠎ᠠ ᠵᠡᠷᠭᠡ ᠣᠶᠤᠨ ᠤ ᠲᠠᠮᠢᠷ ᠤᠨ ᠲᠦᠷᠦᠯ ᠵᠦᠢᠯ ᠨᠢ ᠭᠦᠨᠵᠡᠭᠡᠢ ᠪᠣᠳᠤᠯᠬᠢᠯᠠᠬᠤ ᠴᠢᠬᠤᠯᠠᠲᠠᠢ ᠪᠠᠶᠢᠳᠠᠭ ᠠᠴᠠ ᠠᠩᠬᠠᠷᠤᠯ ᠢᠶᠠᠨ | ᠲᠦᠪᠯᠡᠷᠡᠭᠦᠯᠬᠦ ᠪᠠ ᠯᠠᠪᠳᠠᠭᠤᠨ ᠲᠣᠭᠲᠠᠭᠤᠨ ᠪᠠᠶᠢᠬᠤ ᠳᠤ ᠲᠤᠰᠠᠯᠠᠨ᠎ᠠ᠃ |