ᠮᠠᠨ ᠤ ᠤᠯᠤᠰ ᠲᠤ ᠰᠠᠷᠮᠠᠭᠴᠢᠨ ᠤ ᠪᠣᠳᠣ ᠡᠪᠡᠳᠴᠢᠨ ᠤ ᠸᠢᠷᠦ᠋ᠰ ᠤᠨ ᠴᠤᠭᠯᠠᠷᠠᠯ ᠤᠨ ᠴᠢᠨᠠᠷᠲᠠᠢ ᠬᠢᠵᠢᠭ ᠤᠨ ᠪᠠᠶᠢᠳᠠᠯ ᠢᠯᠡᠷᠡᠪᠡ
ᠨᠡᠶᠢᠲᠡᠯᠡᠭᠰᠡᠨ ᠴᠠᠭ᠄
2025/1/13
       ᠳᠤᠮᠳᠠᠳᠤ ᠤᠯᠤᠰ ᠤᠨ ᠡᠪᠡᠳᠴᠢᠨ ᠡᠮᠭᠡᠭ ᠰᠡᠷᠭᠡᠶᠢᠯᠡᠨ ᠬᠢᠵᠠᠭᠠᠷᠯᠠᠬᠤ ᠲᠥᠪ ᠤᠨ ᠰᠦᠯᠵᠢᠶᠡᠨ ᠤ 9 ᠤ ᠡᠳᠦᠷ ᠤᠨ ᠮᠡᠳᠡᠭᠡ ᠶᠢ ᠦᠨᠳᠦᠰᠦᠯᠡᠪᠡᠯ᠂ ᠣᠶᠢᠷ᠎ᠠ ᠳᠤ ᠮᠠᠨ ᠤ ᠤᠯᠤᠰ ᠲᠤ ᠰᠠᠷᠮᠠᠭᠴᠢᠨ ᠤ ᠪᠣᠳᠣ ᠡᠪᠡᠳᠴᠢᠨ ᠤ ᠸᠢᠷᠦ᠋ᠰ Ib ᠳᠡᠳ᠋ ᠰᠠᠯᠪᠤᠷᠢ ᠪᠦᠯᠦᠭ ᠤᠨ ᠲᠥᠪᠯᠡᠷᠡᠭᠰᠡᠨ ᠴᠢᠨᠠᠷᠲᠠᠢ ᠬᠢᠵᠢᠭ ᠤᠨ ᠪᠠᠶᠢᠳᠠᠯ ᠢ ᠢᠯᠡᠷᠡᠭᠦᠯᠪᠡ᠂ ᠬᠠᠯᠳᠠᠪᠤᠷᠢᠯᠠᠯ ᠤᠨ ᠡᠬᠢ ᠰᠤᠷᠪᠤᠯᠵᠢ ᠨᠢ ᠭᠠᠳᠠᠭᠠᠳᠤ ᠶᠢᠨ 1 ᠬᠥᠮᠥᠨ᠂ ᠺᠣᠩᠭᠣ᠋ ︵ ᠶᠢᠨ︶ ᠳᠤ ᠶᠠᠪᠤᠵᠤ ᠰᠠᠭᠤᠭᠰᠠᠨ ᠲᠡᠦᠬᠡ ᠲᠠᠢ᠃                 ᠬᠢᠵᠢᠭ ᠤᠨ ᠪᠠᠶᠢᠳᠠᠯ ᠢ ᠢᠯᠡᠷᠡᠭᠦᠯᠦᠭᠰᠡᠨ ᠤ ᠳᠠᠷᠠᠭ᠎ᠠ᠂ ᠤᠯᠤᠰ ᠵᠢᠴᠢ ᠵᠧᠵᠢᠶᠠᠩ᠂ ᠭᠤᠸᠠᠩᠳᠦ᠋ᠩ᠂ ᠪᠡᠭᠡᠵᠢᠩ᠂ ᠲᠢᠶᠠᠨᠵᠢᠨ ᠵᠡᠷᠭᠡ ᠮᠤᠵᠢ ︵ᠬᠤᠲᠠ︶  ᠶᠢᠨ ᠬᠢᠨ ᠬᠤᠯᠪᠤᠭᠠᠯᠠᠨ ᠰᠡᠷᠭᠡᠶᠢᠯᠡᠵᠦ ᠬᠤᠯᠪᠤᠭᠠᠯᠠᠨ ᠡᠵᠡᠮᠳᠡᠬᠦ ᠲᠣᠭᠲᠠᠴᠠ ᠶᠢ ᠦᠳᠲᠡᠷ ᠲᠦᠷᠭᠡᠨ ᠡᠬᠢᠯᠡᠨ ᠬᠡᠷᠡᠭᠵᠢᠭᠦᠯᠵᠦ᠂ ᠡᠬᠢ ᠰᠤᠷᠪᠤᠯᠵᠢ ᠶᠢ ᠡᠷᠢᠬᠦ᠂ ᠠᠶᠤᠯ ᠲᠦᠭᠰᠢᠭᠦᠷᠢ ᠶᠢ ᠵᠢᠭᠰᠠᠭᠠᠨ ᠪᠠᠶᠢᠴᠠᠭᠠᠬᠤ᠂ ᠡᠪᠡᠳᠴᠢᠨ ᠤ ᠵᠢᠱᠢᠶ᠎ᠡ ᠶᠢ ᠣᠨᠣᠰᠢᠯᠠᠨ ᠵᠠᠰᠠᠬᠤ ᠵᠡᠷᠭᠡ ᠠᠵᠢᠯ ᠢ ᠥᠷᠨᠢᠭᠦᠯᠵᠦ᠂ ᠨᠢᠭᠲᠠ ᠣᠶᠢᠷᠠᠲᠤᠭᠰᠠᠳ ᠤᠨ ᠳᠣᠲᠣᠷ᠎ᠠ ᠠᠴᠠ 4 ᠬᠤᠯᠪᠣᠭᠳᠠᠯ ᠪᠦᠬᠦᠢ ᠡᠪᠡᠳᠴᠢᠨ ᠤ ᠵᠢᠱᠢᠶ᠎ᠡ ᠶᠢ ᠵᠠᠯᠭᠠᠭ᠎ᠠ ᠪᠠᠷ ᠢᠯᠡᠷᠡᠭᠦᠯᠪᠡ᠂ ᠡᠨᠡ ᠨᠢ ᠴᠥᠮ ᠳᠣᠲᠣᠨᠣᠰᠤᠭ ᠢᠶᠠᠷ ᠣᠶᠢᠷᠠᠲᠤᠭᠰᠠᠨ ᠤ ᠳᠠᠷᠠᠭᠠᠬᠢ ᠬᠠᠯᠳᠠᠪᠤᠷᠢᠯᠠᠯ ᠪᠣᠯᠣᠨ᠎ᠠ᠃ ᠬᠠᠮᠢᠶ᠎ᠠ ᠪᠦᠬᠦᠢ ᠡᠪᠡᠳᠴᠢᠨ ᠤ ᠵᠢᠱᠢᠶ᠎ᠡ ᠨᠢ ᠠᠷᠠᠰᠤᠨ ᠡᠰᠡᠷᠭᠡᠨ᠎ᠡ᠂ ᠴᠥᠪᠥᠷᠢᠭᠦᠦ ᠡᠰᠡᠷᠭᠡᠨ᠎ᠡ ᠵᠡᠷᠭᠡ ᠡᠪᠡᠳᠴᠢᠨ ᠤ ᠢᠯᠡᠷᠡᠯ ᠢᠶᠠᠷ ᠭᠤᠣᠯᠯᠠᠵᠤ᠂ ᠡᠪᠡᠳᠴᠢᠨ ᠤ ᠢᠯᠡᠷᠡᠯ ᠨᠢ ᠨᠡᠯᠢᠶᠡᠳ ᠬᠥᠩᠭᠡᠨ ᠪᠠᠶᠢᠳᠠᠭ᠃ ᠣᠳᠣᠬᠠᠨ ᠳᠤ ᠡᠩ ᠤᠨ ᠬᠠᠪᠢᠳᠠᠭᠰᠠᠨ ᠬᠥᠮᠥᠰ ᠤᠨ ᠳᠣᠲᠣᠷ᠎ᠠ ᠠᠴᠠ ᠬᠠᠯᠳᠠᠪᠤᠷᠢᠯᠠᠭᠰᠠᠳ ᠪᠠᠶᠢᠬᠤ ᠦᠭᠡᠢ᠂ ᠬᠤᠯᠪᠣᠭᠳᠠᠯ ᠪᠦᠬᠦᠢ ᠬᠠᠯᠳᠠᠪᠤᠷᠢᠯᠠᠭᠰᠠᠳ ᠪᠠ ᠠᠶᠤᠯ ᠲᠦᠭᠰᠢᠭᠦᠷᠢ ᠲᠠᠢ ᠬᠥᠮᠥᠰ ᠶᠠᠭ ᠠᠨᠠᠭᠠᠬᠤ ᠤᠬᠠᠭᠠᠨ ᠤ ᠡᠮᠴᠢᠯᠡᠭᠡ ᠪᠠ ᠡᠷᠡᠭᠦᠯ ᠮᠡᠨᠳᠦ ᠶᠢᠨ ᠠᠵᠢᠭᠯᠠᠯᠲᠠ ᠬᠦᠯᠢᠶᠡᠵᠦ ᠪᠠᠶᠢᠬᠤ ᠪᠥᠭᠡᠳ ᠬᠢᠵᠢᠭ ᠤᠨ ᠪᠠᠶᠢᠳᠠᠯ ᠢ ᠨᠢᠭᠡᠨᠲᠡ ᠪᠦᠲᠦᠮᠵᠢᠲᠡᠶ ᠰᠢᠢᠳᠪᠦᠷᠢᠯᠡᠵᠡᠢ᠃ 
ᠢᠷᠡᠯᠲᠡ᠄ ᠠᠷᠠᠳ ᠤᠨ ᠰᠦᠯᠵᠢᠶ᠎ᠡ