ᠨᠢᠭᠡ ᠭᠠᠵᠠᠷ ᠤᠨ ᠬᠢᠨ ᠬᠥᠩᠭᠡᠵᠢᠯᠲᠡ ᠶᠢᠨ ᠴᠢᠯᠦᠭᠡ ᠶᠢ 1 ᠵᠢᠯ ᠪᠣᠯᠲᠠᠯ᠎ᠠ ᠤᠷᠲᠤᠳᠬᠠᠬᠤ ᠶᠢ ᠵᠣᠷᠢᠭᠵᠢᠭᠤᠯᠵᠤ ᠪᠠᠶᠢᠨ᠎ᠠ
ᠨᠡᠶᠢᠲᠡᠯᠡᠭᠰᠡᠨ ᠴᠠᠭ᠄
2025/1/13
       ᠣᠶᠢᠷ᠎ᠠ ᠳᠤ᠂ ᠬᠤᠪᠧᠢ ᠮᠤᠵᠢ ᠶᠢᠨ ᠢᠴᠠᠩ ᠤᠨ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠳᠤ᠂ ᠬᠤᠲᠠ ᠶᠢᠨ ᠲᠣᠭᠤᠷᠢᠭ ᠤᠨ ᠬᠥᠮᠥᠨ ᠬᠡᠷᠡᠭᠯᠡᠬᠦ ᠨᠢᠭᠡᠴᠢ ᠶᠢᠨ ᠬᠠᠤᠯᠢ ᠶᠣᠰᠣᠭᠠᠷ ᠬᠥᠩᠭᠡᠵᠢᠬᠦ ᠨᠠᠰᠤᠨ ᠤ ᠡᠮᠡᠭᠲᠡᠶᠢᠴᠦᠳ ᠤᠨ ᠬᠥᠩᠭᠡᠵᠢᠬᠦ ᠴᠢᠯᠦᠭᠡ ᠶᠢ 1 ᠵᠢᠯ ᠪᠣᠯᠲᠠᠯ᠎ᠠ ᠤᠷᠲᠤᠳᠬᠠᠵᠤ᠂ ᠬᠤᠯᠪᠣᠰᠤ ᠶᠢᠨ ᠬᠢᠨᠢ ᠠᠰᠠᠷᠠᠨ ᠰᠤᠪᠢᠯᠠᠬᠤ ᠴᠢᠯᠦᠭᠡ ᠶᠢ 30 ᠡᠳᠦᠷ ᠪᠣᠯᠲᠠᠯ᠎ᠠ ᠤᠷᠲᠤᠳᠬᠠᠬᠤ ᠶᠢ ᠵᠣᠷᠢᠭᠵᠢᠭᠤᠯᠤᠨ ᠳᠡᠮᠵᠢᠨ᠎ᠡ ᠭᠡᠵᠦ ᠳᠤᠷᠠᠳᠤᠭᠰᠠᠨ ᠪᠠᠶᠢᠨ᠎ᠠ᠃                 ᠮᠡᠳᠡᠭᠡᠯᠡᠭᠰᠡᠨ ᠢᠶᠠᠷ᠂ ᠢᠴᠠᠩ ᠬᠤᠲᠠ ᠡᠨᠡᠬᠦ ᠲᠥᠷᠥ ᠶᠢᠨ ᠪᠣᠳᠣᠯᠭ᠎ᠠ ᠶᠢ 2024 ᠣᠨ ᠤ 9 ᠰᠠᠷ᠎ᠠ ᠳᠤ ᠨᠡᠶᠢᠲᠡᠯᠡᠪᠡ᠂ ᠡᠨᠡ ᠨᠢ ᠵᠣᠷᠢᠭᠵᠢᠭᠤᠯᠤᠯ ᠤᠨ ᠴᠢᠨᠠᠷᠲᠠᠢ ᠲᠥᠷᠥ ᠶᠢᠨ ᠪᠣᠳᠣᠯᠭ᠎ᠠ ᠪᠣᠯᠬᠤ ᠠᠴᠠ ᠪᠢᠰᠢ ᠠᠯᠪᠠᠳᠠᠯᠭ᠎ᠠ ᠪᠢᠰᠢ ᠶᠤᠮ᠃ ᠢᠴᠠᠩ ᠬᠤᠲᠠ ᠶᠢᠨ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠶᠢᠨ ᠬᠥᠳᠡᠯᠮᠦᠷᠢ ᠶᠢᠨ ᠬᠠᠷᠢᠴᠠᠭ᠎ᠠ ᠶᠢᠨ ᠰᠠᠯᠠᠭᠠᠨ ᠤ ᠠᠵᠢᠯᠲᠠᠨ ᠢᠯᠡᠷᠬᠡᠶᠢᠯᠡᠬᠦ ᠳᠡᠭᠡᠨ᠂ 20 ᠭᠠᠷᠤᠢ ᠨᠢᠭᠡᠴᠡ ᠰᠣᠩᠭᠤᠨ ᠬᠡᠷᠡᠭᠵᠢᠬᠦᠯᠵᠡᠢ᠂ ᠣᠯᠠᠩᠬᠢ ᠨᠢ ᠵᠠᠰᠠᠭ ᠤᠨ ᠣᠷᠳᠣᠨ ᠤ ᠰᠠᠯᠠᠭ᠎ᠠ ᠮᠥᠴᠢᠷ ᠪᠠ ᠤᠯᠤᠰ ᠤᠨ ᠥᠮᠴᠢᠯᠡᠯ ᠤᠨ ᠠᠵᠤ ᠠᠬᠤᠶᠢᠯᠠᠯ ᠪᠣᠯᠣᠨ᠎ᠠ᠂ ᠡᠭᠦᠨ ᠤ ᠳᠠᠷᠠᠭ᠎ᠠ ᠢᠵᠢ ᠪᠦᠷᠢᠳᠦᠭᠦᠯᠬᠦ ᠲᠥᠷᠥ ᠶᠢᠨ ᠪᠣᠳᠣᠯᠭ᠎ᠠ ᠶᠢ ᠨᠡᠶᠢᠲᠡᠯᠡᠨ᠎ᠡ ᠭᠡᠵᠡᠢ᠃                 ᠣᠳᠣᠬᠠᠨ ᠳᠤ᠂ ᠡᠯ᠎ᠡ ᠮᠤᠵᠢ ᠣᠷᠣᠨ ᠤ ᠬᠡᠷᠡᠭᠵᠢᠭᠦᠯᠵᠦ ᠪᠠᠶᠢᠭ᠎ᠠ ᠬᠥᠩᠭᠡᠵᠢᠯᠲᠡ ᠶᠢᠨ ᠴᠢᠯᠦᠭᠡᠨ ᠤ ᠬᠤᠭᠤᠴᠠᠭ᠎ᠠ ᠨᠢ ᠣᠯᠠᠩᠬᠢ ᠨᠢ 158 ᠡᠳᠦᠷ᠂ ᠬᠡᠰᠡᠭ ᠮᠤᠵᠢ ᠣᠷᠣᠨ ᠤ ᠬᠢᠨ ᠬᠤᠶᠠᠷ ᠬᠡᠦᠬᠡᠳ ᠠᠪᠬᠤ᠂ ᠭᠤᠷᠪᠠᠨ ᠬᠡᠦᠬᠡᠳ ᠠᠪᠬᠤ ᠳᠤ᠂ ᠬᠥᠩᠭᠡᠵᠢᠯᠲᠡ ᠶᠢᠨ ᠴᠢᠯᠦᠭᠡ ᠶᠢ 10-30 ᠡᠳᠦᠷ ᠤᠷᠲᠤᠳᠬᠠᠵᠤ ᠪᠣᠯᠣᠨ᠎ᠠ ᠭᠡᠵᠡᠢ᠃ ᠰᠣᠷᠪᠤᠯᠵᠢᠯᠠᠭ᠎ᠠ ᠬᠦᠯᠢᠶᠡᠭᠰᠡᠨ ᠵᠠᠷᠢᠮ ᠲᠤᠰᠬᠠᠢ ᠮᠡᠷᠭᠡᠵᠢᠯᠲᠡᠨ ᠤ ᠦᠵᠡᠬᠦ ᠪᠠᠷ᠂ ᠬᠥᠩᠭᠡᠵᠢᠯᠲᠡ ᠶᠢᠨ ᠴᠢᠯᠦᠭᠡ ᠶᠢ ᠤᠷᠲᠤᠳᠬᠠᠬᠤ ᠵᠣᠷᠢᠯᠭ᠎ᠠ ᠨᠢ ᠪᠣᠯ ᠰᠠᠶᠢᠨ ᠶᠤᠮ᠂ ᠭᠡᠪᠡᠴᠦ ᠠᠮᠠᠷᠠᠯᠲᠠ ᠶᠢᠨ ᠬᠤᠭᠤᠴᠠᠭᠠᠨ ᠠᠴᠠ ᠡᠭᠦᠰᠦᠭᠰᠡᠨ ᠥᠪᠡᠷ ᠤᠨ ᠥᠷᠲᠡᠭ ᠢ ᠢᠵᠢ ᠪᠦᠷᠢᠳᠦᠭᠦᠯᠬᠦ ᠠᠷᠭ᠎ᠠ ᠬᠡᠮᠵᠢᠶ᠎ᠡ ᠪᠠ ᠨᠡᠩ ᠨᠠᠷᠢᠨ ᠲᠣᠭᠲᠠᠭᠠᠯ ᠭᠠᠷᠭᠠᠵᠤ ᠪᠠᠲᠤᠯᠠᠬᠤ ᠬᠡᠷᠡᠭᠲᠡᠢ ᠭᠡᠵᠡᠢ᠃ 
ᠢᠷᠡᠯᠲᠡ᠄ ᠠᠷᠠᠳ ᠤᠨ ᠰᠦᠯᠵᠢᠶ᠎ᠡ