ᠦᠷ᠎ᠡ ᠳ᠋ᠦᠩ ᠢ ᠠᠩᠬᠠᠷᠴᠤ ᠥᠭᠡᠷᠡᠴᠢᠯᠡᠯᠲᠡ ᠶᠢ ᠠᠬᠢᠭᠤᠯᠤᠨ ᠪᠣᠳᠠᠲᠤ ᠦᠷ᠎ᠡ ᠪᠦᠲᠦᠮᠵᠢ ᠭᠠᠷᠭᠠᠶ᠎ᠠ
ᠨᠡᠶᠢᠲᠡᠯᠡᠭᠰᠡᠨ ᠴᠠᠭ᠄
2025/1/13
       ᠭᠤᠸᠠ ᠶᠢᠨ ᠴᠦᠩᠬᠦᠷᠦᠭ ᠤᠨᠠᠭᠠᠳᠤᠢ ᠪᠣᠯ ᠪᠤᠯᠪᠠᠰᠤᠷᠠᠭᠰᠠᠨ ᠳᠤ ᠣᠷᠣᠬᠤ ᠦᠭᠡᠢ᠂ ᠠᠮᠤ ᠪᠤᠳᠠᠭ᠎ᠠ ᠬᠥᠮᠥᠷᠭᠡ ᠳᠤ ᠤᠷᠤᠭᠠᠳᠤᠢ ᠪᠣᠯ ᠬᠤᠷᠢᠶᠠᠭᠰᠠᠨ ᠳᠤ ᠲᠤᠭᠠᠴᠢᠬᠤ ᠦᠭᠡᠢ ᠶᠤᠮ᠃ ᠰᠢᠨ᠎ᠡ ᠨᠢᠭᠡ ᠵᠢᠯ ᠤᠨ ᠥᠭᠡᠷᠡᠴᠢᠯᠡᠯᠲᠡ ᠳᠤ ᠰᠢᠨ᠎ᠡ ᠳᠦᠷᠰᠦ ᠪᠠᠶᠢᠳᠠᠯ ᠲᠠᠢ ᠪᠠᠶᠢᠬᠤ ᠬᠡᠷᠡᠭᠲᠡᠢ᠂ ᠡᠨᠡ ᠬᠦ ︽ᠳᠦᠷᠰᠦ ᠪᠠᠶᠢᠳᠠᠯ︾ ᠨᠢ ᠢᠯᠡ ᠲᠤᠳᠤ ᠪᠠᠶᠢᠬᠤ ᠡᠰᠡᠬᠦ ᠶᠢ ᠵᠤᠭᠢᠬᠤ ᠬᠡᠮᠵᠢᠶᠡᠨ ᠳᠤ ᠦᠷ᠎ᠡ ᠪᠦᠳᠦᠭᠡᠯ ᠨᠢ ᠡᠯᠪᠡᠭ ᠡᠰᠡᠬᠦ ᠶᠢ ᠦᠵᠡᠨ᠎ᠡ᠃             ᠥᠪᠡᠷᠲᠡᠭᠡᠨ ᠵᠠᠰᠠᠬᠤ ᠣᠷᠣᠨ ᠠᠴᠠ ᠥᠭᠡᠷᠡᠴᠢᠯᠡᠯᠲᠡ ᠶᠢ ᠴᠢᠨᠠᠭᠰᠢᠳᠠ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠵᠢᠷᠤᠭ ᠲᠥᠯᠥᠪᠯᠡᠭᠡ ᠶᠢ ᠨᠢᠭᠡᠨᠲᠡ ᠵᠢᠷᠤᠭᠯᠠᠪᠠ᠃ᠴᠢᠨᠠᠷ ᠰᠠᠶᠢᠲᠠᠢ ᠬᠥᠭᠵᠢᠯᠲᠡ ᠳᠤ ᠵᠣᠬᠢᠴᠠᠭᠰᠠᠨ ᠠᠵᠤ ᠠᠬᠤᠢ ᠶᠢᠨ ᠪᠠᠶᠢᠷᠢᠰᠢᠭᠤᠯᠤᠯᠲᠠ ᠶᠢ ᠠᠯᠢ ᠳᠠᠯ᠎ᠠ ᠠᠴᠠ ᠨᠢ ᠬᠦᠴᠦᠯᠡᠨ ᠠᠯᠢ ᠲᠡᠶᠢᠰᠢ ᠨᠠᠶᠢᠳᠠᠪᠤᠷᠢᠵᠢᠭᠤᠯᠬᠤ᠂ ︽ᠲᠠᠪᠤᠨ ᠶᠡᠭᠡ ᠡᠭᠦᠷᠭᠡ︾ ᠶᠢᠨ ᠠᠵᠢᠯ ᠤᠨ ᠰᠢᠰᠲ᠋ᠧᠮ ᠢ ᠬᠡᠷᠬᠢᠨ ᠴᠢᠨᠠᠭᠰᠢᠳᠠ ᠲᠡᠭᠦᠯᠳᠡᠷᠵᠢᠭᠦᠯᠬᠦ᠂ ᠡᠬᠢ ᠪᠠᠶᠠᠯᠢᠭ ᠣᠷᠴᠢᠨ ᠲᠣᠭᠤᠷᠢᠨ ᠤ ᠡᠯᠧᠮᠧᠨ᠋ᠲ ᠢ ᠵᠠᠬ᠎ᠠ ᠳᠡᠯᠭᠡᠭᠦᠷᠴᠢᠯᠡᠨ ᠲᠤᠬᠢᠷᠠᠭᠤᠯᠬᠤ ᠪᠠ ᠭᠤᠣᠯᠳᠠᠯᠭ᠎ᠠ ᠲᠠᠢ ᠬᠦᠷᠢᠶᠡᠨ ᠤ ᠦᠨ᠎ᠡ ᠬᠠᠩᠰᠢ ᠶᠢᠨ ᠥᠭᠡᠷᠡᠴᠢᠯᠡᠯᠲᠡ ᠶᠢ ᠬᠡᠷᠬᠢᠨ ᠠᠬᠢᠭᠤᠯᠬᠤ᠂ ᠵᠢᠱᠢᠶᠡᠴᠢ ᠥᠪᠡᠷᠲᠡᠭᠡᠨ ᠵᠠᠰᠠᠬᠤ ᠣᠷᠣᠨ ᠤ ᠪᠦᠳᠦᠬᠡᠨ ᠪᠠᠶᠢᠭᠤᠯᠤᠯᠳᠠ ᠶᠢ ᠬᠡᠷᠬᠢᠨ ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠁ ᠡᠨᠡ ᠪᠦᠬᠦᠨ ᠢ ︽ᠪᠦᠳᠦᠭᠦᠪᠴᠢ ᠲᠦᠰᠦᠪ︾ ᠲᠤ ᠪᠦᠷ ᠲᠣᠳᠣᠷᠬᠠᠶᠢᠯᠠᠪᠠ᠃ ᠪᠢᠳᠡᠨ ᠤ ᠵᠠᠯᠭᠠᠭᠠᠳ ᠬᠢᠬᠦ ᠠᠵᠢᠯ ᠪᠣᠯ ᠳᠠᠷᠤᠢ ᠠᠯᠬᠤᠮ ᠠᠯᠬᠤᠮ ᠢᠶᠠᠷ ᠨᠠᠶᠢᠳᠠᠪᠤᠷᠢᠵᠢᠭᠤᠯᠵᠤ ᠦᠷ᠎ᠠ ᠪᠦᠳᠦᠭᠡᠯ ᠤᠯᠬᠤ ᠶᠠᠪᠤᠳᠠᠯ ᠪᠣᠯᠤᠨ᠎ᠠ᠃             ᠥᠩᠭᠡᠷᠡᠭᠰᠡᠨ ᠳᠤ ᠥᠭᠡᠷᠡᠴᠢᠯᠡᠯᠲᠡ ᠶᠢᠨ ᠲᠥᠰᠦᠯ ᠢ ᠲᠤᠭᠳᠠᠭᠠᠭᠠᠳ ᠨᠡᠶᠢᠲᠡᠯᠡᠮᠡᠭᠴᠡ ᠡᠭᠦᠷᠭᠡ ᠪᠠᠨ ᠪᠡᠶᠡᠯᠡᠭᠦᠯᠴᠢᠭᠡᠭᠰᠡᠨ ᠰᠢᠭ ᠨᠢᠭᠡ ᠵᠦᠢᠯ ᠤᠨ ᠨᠠᠵᠠᠭᠠᠢ ᠦᠵᠡᠭᠳᠡᠯ ᠣᠷᠣᠰᠢᠵᠤ ᠪᠠᠶᠢᠪᠠ᠃ ᠦᠨᠡᠨᠳᠡᠭᠡᠨ ᠲᠥᠰᠦᠯ ᠲᠣᠭᠲᠠᠭᠠᠬᠤ ᠪᠣᠯ ᠨᠢᠭᠡᠳᠦᠭᠡᠷ ᠠᠯᠬᠤᠮ ᠲᠡᠳᠦᠢ᠂ ᠨᠡᠩ ᠴᠢᠬᠤᠯᠠ ᠨᠢ ᠨᠠᠶᠢᠳᠠᠪᠤᠷᠢᠵᠢᠭᠤᠯᠤᠯᠲᠠ ᠶᠢ ᠠᠳᠬᠤᠬᠤ ᠶᠠᠪᠤᠳᠠᠯ ᠪᠣᠯᠤᠨ᠎ᠠ ᠬᠡᠳᠡᠭ ᠢ ᠬᠥᠮᠦᠰ ᠪᠦᠷ ᠲᠣᠳᠣᠷᠬᠠᠢ ᠮᠡᠳᠡᠵᠤ ᠪᠠᠶᠢᠨ᠎ᠠ᠃ ᠠᠯᠢ ᠲᠠᠰ ᠳᠠᠪᠬᠤᠷᠭ᠎ᠠ ᠬᠡᠰᠡᠨ ᠦᠬᠡᠢ᠂ ᠬᠡᠷᠡᠭ ᠤᠴᠢᠷ ᠤᠨ ᠶᠡᠭᠡ ᠪᠠᠭ᠎ᠠ ᠭᠡᠰᠡᠨ ᠥᠬᠡᠶ ᠴᠥᠮ ᠲᠥᠰᠦᠯ ᠶᠤᠰᠤᠭᠠᠷ ᠦᠷ᠎ᠠ ᠪᠦᠳᠦᠭᠡᠯ ᠤᠯᠬᠤ ᠬᠡᠷᠡᠭᠲᠡᠶ᠃ ᠪᠠᠰᠠ ᠨᠢᠭᠡ ᠵᠦᠢᠯ ᠤᠨ ᠨᠠᠵᠠᠭᠠᠢ ᠬᠢᠳᠡᠯ ᠪᠠᠶᠢᠳᠠᠭ᠂ ᠲᠠᠷᠤᠢ ᠲᠤᠷᠰᠢᠯᠲᠠ ᠶᠢᠨ ᠴᠡᠭ ᠤᠨ ᠠᠵᠢᠯ ᠢ ᠬᠢᠬᠦ ᠪᠠᠷ ᠪᠤᠯᠢᠶᠠᠯᠳᠤᠵᠦ ᠠᠪᠤᠭᠠᠳ ᠬᠡᠰᠡᠭ ᠬᠤᠭᠤᠴᠠᠭ᠎ᠠ ᠥᠩᠭᠡᠷᠡᠪᠡᠯ ᠬᠠᠶᠠᠭᠠᠨ ᠳᠤᠨᠢ ᠬᠠᠶᠠᠴᠢᠬᠠᠨ᠎ᠠ᠂ ᠲᠤᠷᠰᠢᠯᠭ᠎ᠠ ᠪᠠ ᠦᠷ᠎ᠡ ᠪᠦᠲᠦᠭᠡᠯ ᠪᠦ᠋ᠷ ᠠᠯᠠᠭ᠎ᠠ᠃ ᠡᠨᠡ ᠬᠦ ᠠᠪᠳᠠᠯ ᠬᠢᠳᠡᠯ ᠢ ᠡᠷᠡᠰ ᠳᠡᠪᠴᠢᠬᠦ ᠬᠡᠷᠡᠭᠳᠡᠢ᠃ ︽ᠶᠠᠪᠤᠴᠠ ᠶᠢ ᠴᠢᠬᠤᠯᠠᠴᠢᠯᠠᠬᠤ ᠠᠴᠠ ᠪᠢᠰᠢ ᠦᠷ᠎ᠡ ᠳ᠋ᠦᠩ ᠢ ᠴᠢᠬᠤᠯᠠᠴᠢᠯᠠᠬᠤ ᠦᠭᠡᠢ︾ ᠪᠠᠶᠢᠬᠤ ᠤᠬᠠᠮᠰᠠᠷ ᠢ ᠡᠷᠡᠰ ᠲᠠᠶᠠᠭᠳᠠᠨ᠂ ᠥᠭᠡᠷᠡᠴᠢᠯᠡᠯᠲᠡ ᠶᠢᠨ ᠳᠤᠮᠳᠠᠬᠢ ᠬᠡᠯᠪᠡᠷᠢᠴᠢ ᠦᠵᠡᠯ ᠢ ᠰᠡᠷᠭᠡᠶᠢᠯᠡᠨ ᠲᠡᠪᠴᠢᠵᠦ᠂ ︽ᠬᠡᠯᠡᠪᠡᠯ ᠦᠭᠡ ᠭᠢᠰᠭᠢᠪᠡᠯ ᠭᠠᠵᠠᠷ︾ ᠬᠡᠮᠡᠨ ᠲᠣᠭᠲᠠᠭᠠᠪᠠᠯ ᠲᠤᠭᠤᠰᠢᠲᠠᠢ ᠠᠳᠬᠤᠨ᠂ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠨᠢᠭᠡᠪᠦᠷᠢ ᠶᠢ ᠴᠥᠮ ᠪᠣᠳᠠᠲᠤ ᠦᠢᠯᠡᠳᠪᠦᠷᠢᠯᠡᠯ ᠤᠨ ᠬᠦᠴᠦᠨ ᠪᠣᠯᠭᠠᠨ ᠬᠤᠪᠢᠷᠠᠭᠤᠯᠵᠤ᠂ ᠵᠣᠷᠢᠯᠭ᠎ᠠ ᠳᠠᠭᠠᠨ ᠬᠦᠷᠬᠦ ᠦᠭᠡᠢ ᠪᠣᠯ ᠶᠠᠭᠠᠬᠢᠭᠰᠠᠨ ᠴᠤ ᠵᠣᠭᠰᠣᠵᠤ ᠪᠤᠯᠬᠤ ᠦᠬᠡᠢ᠃             ᠥᠭᠡᠷᠡᠴᠢᠯᠡᠯᠲᠡ ᠶᠢᠨ ᠦᠷ᠎ᠡ ᠪᠦᠲᠦᠭᠡᠯ ᠬᠡᠳᠦᠶ ᠠᠷᠪᠢᠨ ᠪᠣᠯ ᠲᠡᠳᠦᠶ ᠰᠠᠶᠢᠨ᠃ ᠥᠪᠡᠷ ᠢᠶᠠᠨ ᠰᠠᠶᠢᠨ ᠲᠤᠷᠰᠢᠯᠭ᠎ᠠ ᠰᠠᠶᠢᠨ ᠠᠷᠭ᠎ᠠ ᠬᠢᠳᠡᠯ ᠲᠠᠢ ᠢᠳᠡᠪᠬᠢᠲᠡᠢ ᠳᠡᠯᠭᠡᠷᠡᠭᠦᠯᠵᠦ᠂ ︽ᠫᠤᠩᠰᠡᠳᠤ ᠦᠵᠡᠮᠦᠷᠢ︾ ᠶᠢ ︽ᠲᠠᠯᠬᠡᠷ ᠦᠵᠡᠮᠵᠢ︾ ᠪᠤᠯᠭᠠᠨ᠂ ︽ᠮᠣᠳᠣ︾ ᠶᠢ ︽ᠤᠢ︾ ᠪᠣᠯᠭᠠᠨ ᠬᠤᠪᠢᠷᠠᠭᠤᠯᠬᠤ ᠬᠡᠷᠡᠭᠲᠡᠢ᠃ ᠪᠤᠰᠤᠳ ᠤᠨ ᠦᠷ᠎ᠡ ᠪᠦᠲᠦᠭᠡᠯ ᠢ ᠲᠤᠭᠤᠮᠰᠠᠷᠯᠠᠬᠤ ᠦᠭᠡᠢ᠂ ᠣᠶᠢᠰᠢᠶᠠᠬᠤ ᠦᠭᠡᠢ ᠪᠠᠶᠢᠵᠤ ᠪᠣᠯᠬᠤ ᠦᠭᠡᠢ᠂ ᠨᠡᠩ ᠴᠤ ︽ᠰᠢᠨ᠎ᠡ ᠨᠣᠶᠠᠨ ᠬᠠᠭᠤᠴᠢᠨ ᠲᠤᠷᠰᠢᠯᠭ᠎ᠠ ᠶᠢ ᠬᠡᠷᠡᠭᠯᠡᠬᠦ ᠦᠭᠡᠢ︾ ᠪᠠᠶᠢᠵᠤ ᠪᠣᠯᠬᠤ ᠦᠭᠡᠢ᠂ ᠰᠡᠬᠦᠯ ᠳᠤ ᠲᠤᠰᠢᠶᠠᠯ ᠳᠤ ᠭᠠᠷᠤᠭᠰᠠᠨ ᠨᠢ ᠤᠷᠢᠳᠤᠬᠢ ᠶᠢᠨ ᠬᠢᠳᠡᠯ ᠢ ᠪᠦᠬᠦᠨ ᠢ ᠦᠬᠡᠶᠢᠰᠬᠡᠵᠦ᠂ ᠤᠤᠯ ᠤᠨ ᠵᠦᠭᠡᠷ ᠪᠠᠶᠢᠭᠰᠠᠨ ᠶᠠᠭᠤᠮ᠎ᠠ ᠪᠠᠨ ᠭᠡᠭᠡᠴᠢᠬᠡᠵᠦ ᠪᠣᠯᠬᠤ ᠦᠭᠡᠢ᠃ ᠡᠷᠳᠡᠮᠲᠡᠨ ᠮᠡᠷᠭᠡᠳ ᠠᠴᠠ ᠲᠠᠭᠠᠨ ᠰᠤᠷᠤᠯᠴᠠᠪᠠᠯ ᠰᠠᠶ᠋ᠢ ᠲᠠᠰᠤᠷᠠᠯᠲᠠ ᠦᠭᠡᠢ ᠳᠠᠪᠰᠢᠵᠤ ᠴᠢᠳᠠᠨ᠎ᠠ᠂ ᠰᠠᠶᠢᠨ ᠢ ᠨᠢ ᠰᠣᠩᠭᠤᠪᠠᠯ ᠰᠠᠶ᠋ᠢ ᠰᠠᠷᠠᠭᠤᠯ ᠢᠷᠡᠭᠡᠳᠦᠶ ᠶᠢ ᠪᠦᠲᠦᠭᠡᠵᠦ ᠴᠢᠳᠠᠨ᠎ᠠ᠃             ︽ᠠᠵᠢᠯ ᠬᠢᠪᠡᠯ ᠳᠠᠭᠤᠰᠳᠠᠯ᠎ᠠ ᠳᠠᠪᠤᠰᠤ ᠬᠢᠪᠡᠯ ᠠᠭᠤᠰᠳᠠᠯ᠎ᠠ︾ ᠬᠡᠳᠡᠭᠴᠢᠯᠡᠨ ᠰᠠᠶᠢᠨ ᠦᠷ᠎ᠡ ᠪᠦᠳᠦᠮᠵᠢ ᠤᠯᠬᠤ ᠶᠢᠨ ᠲᠤᠯᠠᠳᠠ ᠴᠢᠷᠮᠠᠶᠢᠨ ᠠᠵᠢᠯᠯᠠᠪᠠᠯ ᠥᠪᠥᠷ ᠮᠣᠩᠭᠤᠯ ᠤᠨ ᠥᠭᠡᠷᠡᠴᠢᠯᠡᠯᠲᠡ ᠯᠠᠪᠲᠠᠶ ᠡᠯᠪᠡᠭ ᠬᠤᠷᠢᠶᠠᠯᠳᠠ ᠤᠯᠬᠤ ᠶᠤᠮ᠃
ᠢᠷᠡᠯᠲᠡ᠄ ᠳᠤᠮᠳᠠᠳᠤ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡ ᠶᠢᠨ ᠰᠦᠯᠵᠢᠶ᠎ᠡ