︽ᠣᠷᠣᠯᠠᠨ ᠰᠠᠭᠤᠯᠭᠠᠬᠤ ᠣᠷᠣᠯᠠᠨ ᠬᠤᠷᠢᠶᠠᠬᠤ ᠣᠷᠣᠯᠠᠨ ᠲᠠᠲᠠᠪᠤᠷᠢᠯᠠᠬᠤ ᠭᠠᠶᠢᠯᠢ ᠶᠢᠨ ᠭᠠᠷᠳᠠᠮ ᠤᠨ ᠰᠤᠶᠢᠳᠭᠡᠯ ᠤᠨ ᠬᠠᠮᠢᠶᠠᠷᠤᠯᠲᠠ ᠶᠢ ᠤᠯᠠᠮ | ᠴᠢᠨᠠᠬᠰᠢᠳᠠ ᠴᠢᠩᠭᠠᠳᠬᠠᠬᠤ ᠲᠤᠬᠠᠶ ᠤᠯᠤᠰ ᠤᠨ ᠭᠠᠶᠢᠯᠢ ᠶᠢᠨ ᠶᠠᠪᠤᠳᠠᠯ ᠤᠨ ᠶᠡᠷᠦᠩᠬᠡᠶ ᠲᠣᠪᠴᠢᠶ᠎ᠠ ᠡᠳ᠋ ᠤᠨ ᠵᠠᠰᠠᠭ ᠤᠨ ᠶᠠᠮᠤᠨ ᠳᠤᠮᠳᠠᠳᠤ ᠤᠯᠤᠰ ᠤᠨ | ᠠᠷᠠᠳ ᠤᠨ ᠪᠠᠩᠬᠢ ᠶᠢᠨ ᠮᠡᠳᠡᠭᠳᠡᠯ︾ ︵ᠭᠠᠶᠢᠯᠢ ᠶᠡᠷᠦᠩᠬᠡᠶ ᠡᠳ᠋ ᠤᠨ ᠶᠠᠪᠤᠳᠠᠯ ᠤᠨ ᠲᠠᠷᠬᠠᠭᠠᠭᠰᠠᠨ 〔2023〕48 ᠳ᠋ᠤᠭᠠᠷ ᠲᠣᠭᠠᠲᠤ︶ ᠤᠨ ᠲᠣᠭᠲᠠᠭᠠᠯ ᠢ | ᠦᠨᠳᠦᠰᠦᠯᠡᠪᠡᠯ᠂ ᠣᠷᠣᠯᠠᠨ ᠰᠠᠭᠤᠯᠭᠠᠬᠤ᠂ ᠣᠷᠣᠯᠠᠨ ᠬᠤᠷᠢᠶᠠᠬᠤ ᠰᠠᠭᠤᠯᠭᠠᠨ ᠲᠤᠰᠢᠶᠠᠬᠤ ᠡᠭᠦᠷᠭᠡᠳᠡᠨ ᠪᠠ ᠣᠷᠣᠯᠠᠨ ᠲᠠᠲᠠᠪᠤᠷᠢᠯᠠᠭᠴᠢ ᠨᠢ ᠵᠢᠯ ᠪᠦᠷᠢ ᠶᠢᠨ 3 | ᠰᠠᠷ᠎ᠠ ᠶᠢᠨ 31 ᠤ ᠡᠳᠦᠷ ᠠᠴᠠ ᠡᠮᠦᠨ᠎ᠡ᠂ ᠭᠠᠶᠢᠯᠢ ᠶᠢᠨ ᠶᠠᠪᠤᠳᠠᠯ ᠤᠨ ᠪᠠᠶᠢᠭᠤᠯᠭ᠎ᠠ ᠳᠤ ᠲᠦᠷᠦᠬᠦᠤ ᠵᠢᠯ ᠤᠨ ︽ᠭᠤᠷᠪᠠ ᠶᠢ ᠣᠷᠣᠯᠠᠬᠰᠠᠨ︾ ᠭᠠᠶᠢᠯᠢ ᠶᠢᠨ | ᠭᠠᠷᠳᠠᠮ ᠤᠨ ᠰᠤᠶᠢᠳᠭᠡᠯ ᠤᠨ ᠭᠤᠶᠤᠴᠢᠯᠠᠯ ᠤᠨ ᠬᠠᠮᠢᠶ᠎ᠠ ᠪᠥᠬᠦᠶ ᠮᠠᠲ᠋ᠧᠷᠢᠶᠠᠯ ᠢ ᠲᠤᠰᠢᠶᠠᠬᠤ ᠬᠡᠷᠡᠭᠲᠡᠶ᠂ ︽ᠭᠤᠷᠪᠠ ᠶᠢ ᠣᠷᠣᠯᠠᠬᠰᠠᠨ︾ ᠨᠢᠭᠡᠴᠡ ᠪᠤᠶᠤ ᠬᠤᠪᠢ | ᠬᠥᠮᠦᠨ ᠨᠢ ᠲᠣᠰ ᠪᠡᠶ᠎ᠡ ᠶᠢᠨ ᠰᠢᠯᠲᠠᠭᠠᠨ ᠠᠴᠠ ᠪᠠᠨ ᠪᠣᠯᠵᠣ᠂ ᠴᠠᠭ ᠲᠤᠬᠠᠶ ᠳᠤᠨᠢ ᠭᠤᠶᠤᠴᠢᠯᠠᠯ ᠲᠤᠰᠢᠶᠠᠭᠰᠠᠨ ᠥᠬᠡᠶ ᠳᠤ ᠬᠦᠷᠪᠡᠯ᠂ ᠲᠦᠷᠦᠭᠦᠤ ᠵᠢᠯ ᠤᠨ ︽ | ᠭᠤᠷᠪᠠ ᠶᠢ ᠣᠷᠣᠯᠠᠬᠰᠠᠨ︾ ᠭᠠᠶᠢᠯᠢ ᠶᠢᠨ ᠭᠠᠷᠳᠠᠮ ᠤᠨ ᠰᠤᠶᠢᠳᠭᠡᠯ ᠢ ᠠᠶᠠᠨᠳᠠᠭᠠᠨ ᠲᠠᠶᠠᠬᠳᠠᠬᠰᠠᠨ ᠢᠶᠠᠷ ᠦᠵᠡᠬᠦ ᠪᠤᠯᠤᠨ᠎ᠠ᠃ | ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠤᠪᠢ ᠬᠥᠮᠦᠨ ᠤ ᠠᠰᠢᠭ ᠤᠷᠤᠯᠭ᠎ᠠ ᠶᠢᠨ ᠭᠠᠶᠢᠯᠢ ᠶᠢᠨ ᠬᠠᠤᠯᠢ︾ ᠶᠢᠨ ᠠᠷᠪᠠᠨ | ᠳᠣᠯᠣᠳᠤᠭᠠᠷ ᠵᠦᠢᠯ ᠤᠨ ᠲᠣᠭᠲᠠᠭᠠᠯ ᠢ ᠦᠨᠳᠦᠰᠦᠯᠡᠨ᠂ ᠰᠠᠭᠤᠯᠭᠠᠨ ᠲᠤᠰᠢᠶᠠᠬᠤ ᠡᠭᠦᠷᠭᠡᠳᠡᠨ ᠰᠠᠭᠤᠯᠭᠠᠨ ᠲᠤᠰᠢᠶᠠᠯᠭᠠᠭᠰᠠᠨ ᠭᠠᠶᠢᠯᠢ ᠶᠢᠨ ᠵᠣᠭᠤᠰ ᠤᠨ ᠶᠣᠰᠣᠭᠠᠷ ᠂ | ᠵᠠᠭᠤᠨ ᠤ ᠬᠤᠶᠠᠷ ᠤᠨ ᠭᠠᠷᠳᠠᠮ ᠤᠨ ᠰᠦᠢᠳᠬᠡᠯ ᠲᠤᠰᠢᠶᠠᠬᠤ ᠬᠡᠷᠡᠭᠲᠡᠶ᠃ | 2025 ᠣᠨ ᠤ 1 ᠰᠠᠷ᠎ᠠ ᠶᠢᠨ 1 ᠤ ᠡᠳᠦᠷ ᠠᠴᠠ 3 ᠰᠠᠷ᠎ᠠ ᠶᠢᠨ 31 ᠤ ᠡᠳᠦᠷ ᠪᠣᠯᠲᠠᠯ᠎ᠠ᠂ ᠰᠠᠭᠤᠯᠭᠠᠨ ᠲᠤᠰᠢᠶᠠᠬᠤ ᠨᠢᠭᠡᠴᠡ ᠶᠢᠨ ᠡᠳ᠋ ᠤᠨ | ᠶᠠᠪᠤᠳᠠᠯ ᠤᠨ ᠠᠵᠢᠯᠲᠠᠨ ᠨᠢ ᠪᠠᠶᠢᠭᠠᠯᠢᠭ ᠬᠥᠮᠦᠨ ᠤ ᠡᠯᠧᠺᠲᠷᠣᠨ ᠭᠠᠶᠢᠯᠢ ᠶᠢᠨ ᠶᠠᠪᠤᠳᠠᠯ ᠤᠨ ᠲᠣᠪᠴᠢᠶ᠎ᠠ ︵ᠰᠠᠭᠤᠯᠭᠠᠨ ᠲᠤᠰᠢᠶᠠᠬᠤ ᠦᠵᠦᠭᠦᠷ︶ ᠪᠠᠷ | ᠳᠠᠮᠵᠢᠭᠤᠯᠤᠨ ︽ᠭᠠᠷᠳᠠᠮ ᠤᠨ ᠰᠦᠢᠳᠬᠡᠯ ᠢ ᠪᠤᠴᠠᠭᠠᠨ ᠥᠭᠬᠦ ᠶᠢ ᠬᠠᠷᠭᠤᠭᠤᠯᠬᠤ︾ ᠬᠡᠯᠪᠡᠷᠢ ᠪᠠᠷ 2024 ᠣᠨ ᠤ ᠬᠤᠪᠢ ᠬᠥᠮᠦᠨ ᠤ ᠠᠰᠢᠭ ᠣᠷᠣᠯᠭ᠎ᠠ ᠶᠢᠨ | ᠭᠠᠶᠢᠯᠢ ᠶᠢ ᠰᠠᠭᠤᠯᠭᠠᠨ ᠲᠤᠰᠢᠶᠠᠬᠤ ᠭᠠᠷᠳᠠᠮ ᠤᠨ ᠰᠦᠢᠳᠬᠡᠯ ᠢ ᠪᠤᠴᠠᠭᠠᠨ ᠦᠭᠭᠦ ᠪᠠᠷ ᠭᠤᠶᠤᠴᠢᠯᠠᠵᠤ ᠪᠣᠯᠤᠨ᠎ᠠ᠃ |