ᠴᠧᠨ ᠶᠢᠨ ᠪᠦᠸᠧ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠬᠠᠩᠵᠧᠦ ᠬᠤᠳᠠ ᠶᠢᠨ ᠬᠤᠷᠢᠶ᠎ᠠ ᠶᠢᠨ ᠨᠠᠮ ᠤᠨ ᠰᠤᠷᠭᠠᠭᠤᠯᠢ ᠶᠢᠨ ᠡᠷᠳᠡᠮ | ᠰᠢᠨᠵᠢᠯᠡᠭᠡᠨ ᠤ ᠰᠡᠳᠬᠦᠯ︾ ᠤᠨ 2023 ᠣᠨ ᠤ 6 ᠳ᠋ᠤᠭᠠᠷ ᠬᠤᠭᠤᠴᠠᠭ᠎ᠠ ᠳᠤ ᠥᠭᠦᠯᠡᠯ ᠨᠡᠶᠢᠲᠡᠯᠡᠵᠦ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠨᠢᠭᠡᠳᠦᠮᠡᠯ | ᠹᠷᠣᠨᠲ ᠤᠨ ᠲᠡᠦᠬᠡ ᠶᠢᠨ ᠤᠯᠠᠷᠢᠨ ᠬᠤᠪᠢᠰᠬᠤ ᠯᠣᠭᠢᠭ ᠪᠣᠯ ᠮᠠᠷᠺᠰ ᠤᠨ ᠦᠵᠡᠯ ᠤᠨ ᠨᠢᠭᠡᠳᠦᠮᠡᠯ ᠹᠷᠣᠨᠲ ᠤᠨ ᠤᠨᠤᠯ ᠤᠨ ᠳᠤᠮᠳᠠᠳᠤ ᠤᠯᠤᠰᠴᠢᠯᠠᠬᠤ ᠴᠠᠭ | ᠦᠶᠡᠴᠢᠯᠡᠬᠦ ᠲᠥᠯᠥᠪᠯᠡᠭᠡ ᠶᠢ ᠳᠤᠮᠳᠠᠳᠤ ᠤᠯᠤᠰ ᠤᠨ ᠬᠤᠪᠢᠰᠬᠠᠯ᠂ ᠪᠦᠲᠦᠭᠡᠨ ᠪᠠᠶᠢᠭᠤᠯᠤᠯᠲᠠ᠂ ᠥᠭᠡᠷᠡᠴᠢᠯᠡᠯᠲᠡ ᠶᠢᠨ ᠠᠬᠢᠴᠠ ᠳᠠᠬᠢ ᠭᠡᠯᠪᠡᠷᠢ ᠪᠠᠶᠢᠳᠠᠯ ᠤᠨ | ᠲᠤᠰᠬᠠᠯ ᠪᠣᠯᠣᠨ᠎ᠠ ᠭᠡᠵᠦ ᠵᠢᠭᠠᠵᠤ ᠭᠠᠷᠭᠠᠪᠠ᠃ | ᠨᠠᠮ ᠤᠨ ᠬᠤᠶᠠᠳᠤᠭᠠᠷ ᠶᠡᠭᠡ ᠬᠤᠷᠠᠯ ᠠᠴᠠ︽ᠪᠦᠭᠦ ᠤᠯᠤᠰ ᠤᠨ ᠠᠯᠢᠪᠠ ᠬᠤᠪᠢᠰᠬᠠᠯᠲᠤ ᠨᠠᠮ ᠪᠦᠯᠦᠭ ᠲᠠᠢ ᠬᠤᠯᠪᠣᠭᠠᠯᠠᠬᠤ︾ ᠶᠢ ᠳᠤᠷᠠᠳᠤᠭᠰᠠᠨ ᠠᠴᠠ | ᠨᠠᠮ ᠤᠨ ᠬᠤᠷᠢᠳᠤᠭᠠᠷ ᠶᠡᠭᠡ ᠬᠤᠷᠠᠯ ᠠᠴᠠ ︽ᠬᠠᠮᠤᠭ ᠤᠨ ᠥᠷᠭᠡᠨ ᠳᠡᠯᠭᠡᠷ ᠡᠬᠡ ᠣᠷᠣᠨᠴᠢ ᠨᠢᠭᠡᠳᠦᠮᠡᠯ ᠹᠷᠣᠨᠲ ᠢ ᠪᠠᠬᠢᠵᠢᠭᠦᠯᠦᠨ ᠬᠥᠭᠵᠢᠭᠦᠯᠬᠦ︾ ᠶᠢ ᠤᠷᠢᠶᠠᠯᠠᠭᠰᠠᠨ | ᠭᠦᠷᠲᠡᠯ᠎ᠡ᠂ ︽ᠨᠢᠭᠡᠳᠦᠮᠡᠯ ᠹᠷᠣᠨᠲ︾ᠳᠠᠶᠢᠰᠤᠨ ᠢ ᠢᠯᠠᠵᠤ ᠢᠯᠠᠯᠲᠠ ᠣᠯᠬᠤ︽ᠭᠤᠷᠪᠠᠨ ᠶᠡᠭᠡ ᠡᠷᠳᠡᠨᠢ︾ ᠶᠢᠨ ᠨᠢᠭᠡ ᠠᠴᠠ ︽ᠨᠢᠭᠡᠳᠦᠮᠡᠯ ᠹᠷᠣᠨᠲ ᠢ ᠪᠠᠷᠢᠮᠲᠠᠯᠠᠵᠤ︾ | ᠨᠠᠮ ᠤᠨ ᠵᠠᠭᠤᠨ ᠵᠢᠯ ᠤᠨ ᠲᠡᠮᠡᠴᠡᠯ ᠤᠨ ︽ᠠᠷᠪᠠᠨ ᠶᠡᠭᠡ ᠲᠤᠷᠰᠢᠯᠭ᠎ᠠ︾ ᠶᠢᠨ ᠨᠢᠭᠡ ᠭᠦᠷᠲᠡᠯ᠎ᠡ᠂ ᠨᠢᠭᠡᠳᠦᠮᠡᠯ ᠹᠷᠣᠨᠲ ᠤᠯᠤᠰ ᠤᠨ ᠳᠣᠲᠣᠭᠠᠳᠤ ᠭᠠᠳᠠᠭᠠᠳᠤ ᠶᠢᠨ | ᠪᠦᠭᠦ ᠳᠤᠮᠳᠠᠳᠤ ᠶᠢᠨ ᠬᠥᠪᠡᠭᠦᠳ ᠥᠬᠢᠳ ᠢ ᠪᠦᠯᠬᠦᠮᠳᠡᠭᠦᠯᠵᠦ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠡᠶᠡᠯᠡᠭᠦᠯᠬᠦ ᠡᠭᠦᠷᠭᠡ ᠶᠢ | ᠡᠭᠦᠷᠭᠡᠯᠡᠵᠦ ᠨᠠᠮ ᠠᠴᠠ ᠳᠤᠮᠳᠠᠳᠤ ᠶᠢᠨ ᠬᠥᠪᠡᠭᠦᠳ ᠥᠬᠢᠳ ᠢ ᠤᠳᠤᠷᠢᠳᠤᠨ ᠪᠣᠰᠴᠤ ᠵᠣᠭᠰᠣᠭᠰᠠᠨ ᠠᠴᠠ ᠪᠠᠶᠠᠵᠢᠨ ᠴᠢᠨᠡᠭᠡᠯᠢᠭᠵᠢᠭᠰᠡᠨ᠂ ᠳᠠᠭᠢᠨ | ᠬᠦᠴᠦᠷᠬᠡᠭᠵᠢᠭᠰᠡᠨ ᠠᠭᠤᠤ ᠶᠡᠭᠡ ᠦᠰᠦᠷᠦᠯᠲᠡ ᠶᠢ ᠤᠭᠲᠤᠨ ᠠᠪᠴᠢᠷᠠᠭᠰᠠᠨ ᠪᠦᠯᠬᠦᠮᠳᠡᠯ ᠲᠡᠮᠡᠴᠡᠯ ᠤᠨ ᠠᠶᠠᠨ ᠢ ᠭᠡᠷᠡᠴᠢᠯᠡᠵᠦ᠂ ᠵᠢᠷᠤᠭᠯᠠᠨ ᠲᠣᠭᠲᠠᠭᠠᠵᠤ᠂ | ᠡᠭᠦᠳᠦᠨ ᠪᠦᠲᠦᠭᠡᠵᠦ᠂ ᠪᠠᠶᠢᠭᠤᠯᠤᠯ ᠢᠶᠠᠨ ᠬᠤᠪᠢᠷᠠᠭᠤᠯᠤᠭᠰᠠᠨ᠂ ᠪᠠᠶᠢᠭᠤᠯᠤᠯ ᠢᠶᠠᠨ ᠡᠬᠢᠯᠡᠭᠦᠯᠦᠭᠰᠡᠨ ᠤᠯᠠᠷᠢᠨ ᠬᠤᠪᠢᠰᠤᠭᠰᠠᠨ ᠥᠩᠭᠡᠷᠡᠯᠲᠡ ᠨᠢ | ᠰᠤᠷᠤᠯᠴᠠᠬᠤ ᠠᠴᠠ ᠲᠤᠷᠰᠢᠬᠤ ᠬᠢᠬᠦ᠂ ᠬᠠᠶᠢᠨ ᠰᠦᠪᠡᠭᠴᠢᠯᠡᠬᠦ ᠳᠤᠮᠳᠠ ᠪᠠᠶᠢᠭᠤᠯᠬᠤ᠂ ᠮᠠᠷᠭᠤᠯᠳᠤᠭᠠᠨ ᠤ ᠳᠤᠮᠳᠠ ᠪᠠᠶᠢᠷᠢ ᠲᠣᠭᠲᠠᠭᠠᠬᠤ᠂ ᠥᠭᠡᠷᠡᠴᠢᠯᠡᠯᠲᠡ ᠶᠢᠨ | ᠳᠤᠮᠳᠠ ᠵᠢᠷᠤᠮᠵᠢᠭᠤᠯᠬᠤ᠂ ᠰᠡᠷᠭᠦᠨ ᠮᠠᠨᠳᠤᠯᠲᠠ ᠳᠤᠮᠳᠠ ᠰᠢᠯᠢᠳᠡᠭᠵᠢᠭᠦᠯᠬᠦ ᠦᠰᠦᠷᠦᠩᠭᠦᠢ ᠤᠷᠤᠭᠰᠢᠯᠠᠬᠤ ᠠᠶᠠᠨ ᠢ ᠥᠩᠭᠡᠷᠡᠭᠡᠵᠦ᠂ ᠨᠢᠭᠡᠳᠦᠮᠡᠯ ᠹᠷᠣᠨᠲ ᠤᠨ | ᠠᠷᠭ᠎ᠠ ᠪᠣᠳᠣᠯᠭ᠎ᠠ ᠶᠢ ᠲᠣᠭᠲᠠᠭᠠᠵᠤ᠂ ᠳᠠᠪᠠᠯᠭᠠᠨ ᠭᠡᠯᠪᠡᠷᠢ ᠶᠢᠨ ᠬᠠᠩᠭᠠᠯᠭ᠎ᠠ ᠶᠢᠨ ᠬᠦᠴᠦᠨ ᠤ ᠨᠢᠭᠡᠳᠦᠮᠡᠯ ᠹᠷᠣᠨᠲ ᠤᠨ ᠦᠷ᠎ᠡ ᠪᠦᠲᠦᠮᠵᠢ ᠶᠢ ᠪᠠᠳᠠᠷᠠᠭᠤᠯᠵᠤ᠂ | ᠤᠷᠤᠭᠰᠢᠯᠠᠯᠲᠠ ᠶᠢᠨ ᠮᠠᠶ᠋ᠢᠭ ᠢᠶᠠᠷ ᠬᠡᠷᠡᠭᠯᠡᠬᠦ ᠨᠢᠭᠡᠳᠦᠮᠡᠯ ᠹᠷᠣᠨᠲ ᠤᠨ ᠲᠤᠷᠰᠢᠯᠭ᠎ᠠ ᠶᠢ ᠬᠤᠷᠠᠮᠳᠤᠭᠤᠯᠵᠤ᠂ ᠡᠬᠡ ᠣᠷᠣᠨᠴᠢ ᠨᠢᠭᠡᠳᠦᠮᠡᠯ ᠹᠷᠣᠨᠲ ᠢ ᠬᠥᠭᠵᠢᠭᠦᠯᠦᠨ | ᠪᠤᠵᠠᠭᠠᠶᠢᠷᠠᠭᠤᠯᠬᠤ ᠬᠦᠴᠦᠨ ᠴᠢᠳᠠᠯ ᠤᠨ ᠡᠬᠢ ᠪᠤᠯᠠᠭ ᠢ ᠬᠠᠩᠭᠠᠵᠠᠢ᠃ | ᠰᠢᠨ᠎ᠡ ᠴᠠᠭ ᠦᠶ᠎ᠡ ᠶᠢᠨ ᠨᠠᠮ ᠤᠨ ᠨᠢᠭᠡᠳᠦᠮᠡᠯ ᠹᠷᠣᠨᠲ ᠤᠨ ᠠᠵᠢᠯ ᠢ ᠰᠠᠶᠢᠲᠤᠷ ᠬᠢᠬᠦ ᠳᠤ᠂ ︽ᠦᠨᠳᠦᠰᠦ︾ ᠪᠠ ︽ᠰᠦᠭ ᠰᠦᠨᠡᠰᠦ︾ ᠶᠢ ᠪᠠᠲᠤ ᠰᠠᠬᠢᠬᠤ | ᠳᠤᠮᠳᠠ ᠨᠠᠮ ᠤᠨ ᠨᠢᠭᠡᠳᠦᠮᠡᠯ ᠹᠷᠣᠨᠲ ᠲᠠᠬᠢ ᠪᠦᠭᠦ ᠲᠠᠯ᠎ᠠ ᠶᠢᠨ ᠤᠳᠤᠷᠢᠳᠤᠯᠭ᠎ᠠ ᠶᠢ ᠴᠢᠩᠭᠠᠳᠬᠠᠵᠤ᠂ ᠬᠠᠮᠵᠢᠯᠴᠠᠨ︽ᠨᠢᠭᠡᠳᠬᠡᠬᠦ︾ ᠪᠠ ︽ᠪᠠᠶᠢᠯᠳᠤᠬᠤ︾ ᠤ ᠳᠤᠮᠳᠠ | ᠬᠠᠮᠲᠤ ᠪᠠᠷ ᠪᠦᠯᠬᠦᠮᠳᠡᠨ ᠲᠡᠮᠡᠴᠡᠬᠦ ᠶᠢ ᠠᠬᠢᠭᠤᠯᠵᠤ᠂ ︽ᠴᠡᠪᠡᠷ︾ ᠪᠠ ︽ᠬᠤᠳᠬᠤᠯᠳᠤᠭᠤᠯ︾ ᠢ ᠡᠵᠡᠮᠳᠡᠬᠦ ᠳᠤᠮᠳᠠ ᠨᠢᠭᠡᠳᠦᠯᠲᠦ ᠴᠢᠨᠠᠷ ᠪᠠ ᠤᠯᠠᠨ ᠶᠠᠩᠵᠤᠲᠤ | ᠴᠢᠨᠠᠷ ᠤᠨ ᠬᠠᠷᠢᠴᠠᠭ᠎ᠠ ᠶᠢ ᠵᠥᠪ ᠰᠢᠢᠳᠪᠦᠷᠢᠯᠡᠵᠦ᠂ ︽ᠡᠪᠳᠡᠬᠦ︾ ᠪᠠ ︽ᠪᠠᠶᠢᠭᠤᠯᠬᠤ︾ ᠶᠢᠨ ᠳᠤᠮᠳᠠ ᠨᠢᠭᠡᠳᠦᠮᠡᠯ ᠹᠷᠣᠨᠲ ᠤᠨ ᠦᠢᠯᠡᠰ ᠤᠨ ᠬᠥᠭᠵᠢᠯᠲᠡ ᠶᠢᠨ ᠰᠢᠨ᠎ᠡ | ᠪᠠᠶᠢᠳᠠᠯ ᠢ ᠡᠭᠦᠳᠴᠦ᠂ ︽ᠪᠣᠳᠣᠯᠭ᠎ᠠ︾ ᠪᠠ ︽ᠶᠣᠰᠣ︾ ᠶᠢ ᠠᠭᠤᠰᠤᠯᠴᠠᠭᠤᠯᠬᠤ ᠳᠤᠮᠳᠠ ᠨᠢᠭᠡᠳᠦᠮᠡᠯ ᠹᠷᠣᠨᠲ ᠤᠨ ᠠᠵᠢᠯ ᠤᠨ ᠰᠢᠨ᠎ᠡ ᠲᠣᠭᠲᠠᠴᠠ ᠶᠢ ᠰᠢᠨᠡᠴᠢᠯᠡᠬᠦ | ᠬᠡᠷᠡᠭᠲᠡᠢ᠃ |