ᠵᠠᠩ ᠶᠠᠨ ᠺᠦᠨ ᠣᠷᠣᠯᠴᠠᠵᠠᠢ | 1 ᠰᠠᠷ᠎ᠠ ᠶᠢᠨ 15 ᠤ ᠡᠳᠦᠷ᠂ ᠰᠦᠨ ᠱᠤᠤ ᠴᠧᠩ ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠤ ᠠᠷᠪᠠᠨ ᠭᠤᠷᠪᠠᠳᠤᠭᠠᠷ | ᠬᠤᠭᠤᠴᠠᠭᠠᠨ ᠤ ᠬᠤᠷᠢᠶ᠎ᠠ ᠶᠢᠨ ᠭᠤᠷᠪᠠᠳᠤᠭᠠᠷ ᠬᠤᠷᠠᠯ ᠤᠨ ᠣᠷᠴᠢᠨ ᠲᠣᠭᠤᠷᠢᠨ ᠡᠬᠢ ᠪᠠᠶᠠᠯᠢᠭ ᠤᠨ ᠡᠲᠡᠭᠡᠳ᠂ ᠲᠠᠷᠢᠶᠠᠯᠠᠩ ᠮᠠᠯ ᠠᠵᠤ ᠠᠬᠤᠢ ᠶᠢᠨ ᠡᠲᠡᠭᠡᠳ ᠤᠨ | ᠭᠡᠰᠢᠭᠦᠳ ᠤᠨ ᠳᠤᠭᠤᠶᠢᠯᠠᠩ ᠬᠠᠮᠲᠤᠷᠠᠭᠰᠠᠨ ᠶᠠᠷᠢᠯᠴᠠᠭ᠎ᠠ ᠳᠤ ᠣᠷᠣᠯᠴᠠᠪᠠ᠃ ᠵᠠᠩ ᠶᠠᠨ ᠺᠦᠨ ᠣᠷᠣᠯᠴᠠᠵᠤ ᠶᠠᠷᠢᠶ᠎ᠠ ᠲᠠᠯᠪᠢᠵᠠᠢ᠃ | ᠳᠤᠭᠤᠶᠢᠯᠠᠩ ᠬᠠᠮᠲᠤᠷᠠᠭᠰᠠᠨ ᠬᠤᠷᠠᠯ ᠳᠡᠭᠡᠷ᠎ᠡ᠂ ᠯᠢᠦ ᠵᠧᠨ᠂ ᠬᠤᠸᠠᠩ ᠵᠠᠨ ᠪᠢᠩ᠂ ᠵᠠᠩ ᠳ᠋ᠢᠶᠠᠨ ᠱᠧᠩ᠂ ᠭᠤᠤ ᠷᠦᠨ ᠬᠤᠩ᠂ ᠶᠢᠨ ᠢᠦᠢ ᠾᠧ᠂ ᠬᠤᠩ | ᠮᠧᠢ᠂ ᠭᠦᠩ ᡁᠢ ᠴᠢᠶᠠᠩ᠂ ᠭᠤᠤ ᠯᠢ ᠰᠢᠨ᠂ ᠵᠧᠦ ᠰᠢᠤᠸᠠᠢ ᠴᠤᠤ᠂ ᠪᠦᠦ ᠸᠧᠢ᠂ ᠯᠦ ᠴᠢᠤᠸᠠᠨ ᠵᠦᠩ᠂ ᠴᠧᠨ ᠵᠢᠢ ᠯᠢᠨ᠂ ᠶᠦᠨ ᠯᠢ ᠶᠠᠨ᠂ ᠵᠠᠩ ᠬᠤᠸᠠ ᠵᠧᠨ ᠵᠡᠷᠭᠡ | ᠭᠡᠰᠢᠭᠦᠨ ᠤᠷᠢᠳ ᠬᠤᠵᠢᠳ ᠦᠭᠡ ᠬᠡᠯᠡᠵᠦ᠂ ᠰᠦᠨ ᠱᠤᠤ ᠴᠧᠩ ᠤᠯᠠᠨ ᠤ ᠶᠠᠷᠢᠬᠤ ᠶᠢ ᠰᠣᠨᠣᠰᠬᠤ ᠶᠢᠨ ᠳᠠᠭᠠᠤ ᠲᠡᠮᠳᠡᠭᠯᠡᠵᠦ᠂ ᠪᠠᠶᠢᠨ ᠲᠠᠭᠢᠨ ᠤᠯᠠᠨ ᠲᠠᠢ | ᠶᠠᠷᠢᠯᠴᠠᠨ ᠰᠣᠯᠢᠯᠴᠠᠵᠤ ᠪᠠᠶᠢᠪᠠ᠃ ᠲᠡᠷᠡ᠂ ᠤᠯᠠᠨ ᠤ ᠬᠡᠯᠡᠭᠰᠡᠨ ᠮᠠᠰᠢ ᠰᠠᠶᠢᠨ᠂ ᠳᠤᠷᠠᠳᠤᠭᠰᠠᠨ ᠰᠠᠨᠠᠭᠤᠯᠭ᠎ᠠ ᠨᠢ ᠬᠠᠨᠳᠤᠯᠭᠠᠲᠤ ᠴᠢᠨᠠᠷᠲᠠᠢ ᠮᠥᠷᠲᠡᠭᠡᠨ ᠪᠠᠰᠠ | ᠪᠣᠳᠠᠲᠠᠢ ᠬᠡᠷᠡᠭᠵᠢᠭᠦᠯᠵᠦ ᠪᠣᠯᠬᠤᠶᠢᠴᠠ ᠴᠢᠨᠠᠷᠲᠠᠢ ᠪᠠᠶᠢᠨ᠎ᠠ᠂ ᠬᠤᠯᠪᠣᠭᠳᠠᠯ ᠪᠦᠬᠦᠢ ᠲᠠᠯ᠎ᠠ ᠶᠢᠨ ᠬᠢᠨ ᠨᠠᠷᠢᠨ ᠬᠢᠨᠠᠮᠠᠭᠠᠢ ᠰᠤᠳᠤᠯᠤᠨ ᠰᠢᠩᠭᠡᠬᠡᠨ ᠠᠪᠬᠤ ᠬᠡᠷᠡᠭᠲᠡᠢ | ᠭᠡᠪᠡ᠃ | | | 1 ᠰᠠᠷ᠎ᠠ ᠶᠢᠨ 15 ᠤ ᠡᠳᠦᠷ᠂ ᠰᠦᠨ ᠱᠤᠤ ᠴᠧᠩ ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠤ ᠠᠷᠪᠠᠨ ᠭᠤᠷᠪᠠᠳᠤᠭᠠᠷ | ᠬᠤᠭᠤᠴᠠᠭᠠᠨ ᠤ ᠬᠤᠷᠢᠶ᠎ᠠ ᠶᠢᠨ ᠭᠤᠷᠪᠠᠳᠤᠭᠠᠷ ᠬᠤᠷᠠᠯ ᠤᠨ ᠣᠷᠴᠢᠨ ᠲᠣᠭᠤᠷᠢᠨ ᠡᠬᠢ ᠪᠠᠶᠠᠯᠢᠭ ᠤᠨ ᠡᠲᠡᠭᠡᠳ᠂ ᠲᠠᠷᠢᠶᠠᠯᠠᠩ ᠮᠠᠯ ᠠᠵᠤ ᠠᠬᠤᠢ ᠶᠢᠨ ᠡᠲᠡᠭᠡᠳ ᠤᠨ | ᠭᠡᠰᠢᠭᠦᠳ ᠤᠨ ᠳᠤᠭᠤᠶᠢᠯᠠᠩ ᠬᠠᠮᠲᠤᠷᠠᠭᠰᠠᠨ ᠶᠠᠷᠢᠯᠴᠠᠭ᠎ᠠ ᠳᠤ ᠣᠷᠣᠯᠴᠠᠪᠠ᠃ | ᠲᠤᠰ ᠰᠣᠨᠢᠨ ᠤ ᠰᠤᠷᠪᠤᠯᠵᠢᠯᠠᠬᠴᠢ ᠮᠠ ᠵᠢᠶᠠᠨ ᠪᠢᠩ ᠰᠡᠭᠦᠳᠡᠷᠯᠡᠪᠡ | | | ᠰᠦᠨ ᠱᠤᠤ ᠴᠧᠩ᠂ ᠵᠠᠩ ᠶᠠᠨ ᠺᠦᠨ ᠨᠥᠬᠦᠷ ᠤᠨ ᠬᠢᠭᠰᠡᠨ ᠤᠯᠤᠰ ᠲᠦᠷᠦ ᠶᠢᠨ ᠵᠥᠪᠯᠡᠯᠭᠡᠨ ᠤ ᠪᠠᠶᠢᠩᠭᠤ ᠶᠢᠨ ᠬᠤᠷᠢᠶ᠎ᠠ ᠶᠢᠨ ᠠᠵᠢᠯ ᠤᠨ | ᠮᠡᠳᠡᠭᠦᠯᠦᠯᠲᠡ ᠨᠢ ᠠᠵᠢᠯ ᠢᠶᠠᠨ ᠳ᠋ᠦᠩᠨᠡᠬᠦ ᠳᠡᠭᠡᠨ ᠦᠨᠡᠨ ᠠᠴᠠ ᠵᠥᠪ ᠢ ᠡᠷᠢᠵᠦ᠂ ᠪᠠᠶᠢᠷᠢᠯᠠᠭᠤᠯᠤᠭᠰᠠᠨ ᠡᠭᠦᠷᠭᠡ ᠨᠢ ᠲᠣᠳᠣᠷᠬᠠᠢ ᠪᠥᠭᠡᠳ ᠪᠣᠳᠠᠲᠠᠢ ᠪᠠᠶᠢᠵᠤ᠂ ᠲᠥᠪ | ᠶᠣᠰᠣ ᠶᠢ ᠪᠠᠷᠢᠮᠲᠠᠯᠠᠨ ᠰᠢᠨ᠎ᠡ ᠶᠢ ᠡᠭᠦᠳᠴᠦ᠂ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠭᠰᠠᠨ ᠰᠠᠶᠢᠨ ᠮᠡᠳᠡᠭᠦᠯᠦᠯᠲᠡ ᠪᠣᠯᠵᠠᠢ ᠭᠡᠪᠡ᠃ | ᠰᠦᠨ ᠱᠤᠤ ᠴᠧᠩ᠂ ᠥᠩᠭᠡᠷᠡᠭᠰᠡᠨ ᠨᠢᠭᠡ ᠵᠢᠯ ᠳᠤ ᠪᠦᠭᠦ ᠣᠷᠣᠨ ᠤ ᠤᠯᠤᠰ ᠲᠦᠷᠦ ᠶᠢᠨ ᠵᠥᠪᠯᠡᠯᠭᠡᠨ ᠤ ᠠᠵᠢᠯ ᠮᠠᠰᠢ ᠶᠡᠭᠡ ᠠᠮᠵᠢᠯᠲᠠ ᠣᠯᠵᠠᠢ᠂ | ᠭᠦᠢᠴᠡᠳ ᠨᠤᠲᠠᠯᠠᠭᠤᠰᠢᠲᠠᠢ ᠪᠠᠶᠢᠨ᠎ᠠ᠃ ᠰᠢᠨ᠎ᠡ ᠨᠢᠭᠡ ᠵᠢᠯ ᠳᠤ ᠡᠯ᠎ᠡ ᠱᠠᠲᠤᠨ ᠤ ᠤᠯᠤᠰ ᠲᠥᠷᠥ ᠶᠢᠨ ᠵᠥᠪᠯᠡᠯᠭᠡᠨ ᠤ ᠵᠣᠬᠢᠶᠠᠨ ᠪᠠᠶᠢᠭᠤᠯᠤᠯᠲᠠ ᠪᠣᠯᠣᠨ ᠥᠷᠭᠡᠨ | ᠣᠯᠠᠨ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠶᠡᠷᠦᠩᠬᠡᠢ ᠱᠦᠵᠢ ᠰᠢ ᠶᠢᠨ ᠫᠢᠩ ᠤᠨ ᠠᠷᠠᠳ ᠤᠨ ᠤᠯᠤᠰ ᠲᠥᠷᠥ ᠶᠢᠨ ᠵᠥᠪᠯᠡᠯᠭᠡᠨ ᠤ ᠠᠵᠢᠯ ᠢ | ᠴᠢᠩᠭᠠᠳᠬᠠᠨ ᠰᠠᠶᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠭᠤᠣᠯ ᠠᠵᠢᠯ ᠤᠨ ᠲᠣᠭᠤᠷᠢᠨ ᠳᠤ ᠶᠡᠭᠡ | ᠲᠠᠯ᠎ᠠ ᠳᠤ ᠦᠢᠯᠡᠴᠢᠯᠡᠬᠦ ᠶᠢ ᠪᠠᠷᠢᠮᠲᠠᠯᠠᠵᠤ᠂ ᠨᠢᠭᠡ ᠭᠤᠣᠯ ᠰᠢᠵᠢᠮ ᠢ ᠲᠤᠭᠤᠰᠢᠯᠠᠭᠤᠯᠬᠤ᠂ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ᠂ ︽ᠲᠠᠪᠤᠨ ᠶᠡᠭᠡ ᠡᠭᠦᠷᠭᠡ︾ ᠶᠢ | ᠪᠡᠶᠡᠯᠡᠭᠦᠯᠬᠦ᠂ ︽ᠵᠢᠷᠭᠤᠭᠠᠨ ᠢᠨᠵᠧᠨᠧᠷᠢᠩ︾ ᠢ ᠬᠡᠷᠡᠭᠵᠢᠭᠦᠯᠬᠦ᠂ ︽ᠵᠢᠷᠭᠤᠭᠠᠨ ᠠᠵᠢᠯᠯᠠᠭ᠎ᠠ︾ ᠶᠢ ᠥᠷᠨᠢᠭᠦᠯᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠦᠨᠡᠨ ᠦᠭᠡ | ᠬᠡᠯᠡᠵᠦ᠂ ᠰᠠᠶᠢᠨ ᠠᠷᠭ᠎ᠠ ᠤᠬᠠᠭᠠᠨ ᠳᠡᠪᠰᠢᠭᠦᠯᠵᠦ᠂ ᠪᠣᠳᠠᠲᠠᠢ ᠠᠷᠭ᠎ᠠ ᠪᠣᠳᠣᠯᠭ᠎ᠠ ᠭᠠᠷᠭᠠᠨ᠂ ᠥᠪᠡᠷᠲᠡᠭᠡᠨ ᠵᠠᠰᠠᠬᠤ ᠣᠷᠣᠨ ᠤ ᠴᠢᠨᠠᠷ ᠰᠠᠶᠢᠲᠠᠢ ᠬᠥᠭᠵᠢᠯᠲᠡ ᠳᠤ ᠨᠠᠩ | ᠶᠡᠭᠡ ᠰᠢᠨ᠎ᠡ ᠬᠤᠪᠢ ᠨᠡᠮᠡᠷᠢ ᠦᠵᠡᠭᠦᠯᠭᠦ ᠪᠠᠷ ᠴᠢᠷᠮᠠᠶᠢᠬᠤ ᠬᠡᠷᠡᠭᠲᠡᠢ ᠭᠡᠪᠡ᠃ | ᠰᠦᠨ ᠱᠤᠤ ᠴᠧᠩ᠂ ᠠᠮᠢ ᠠᠬᠤᠢ ᠣᠷᠴᠢᠨ ᠲᠣᠭᠤᠷᠢᠨ ᠤ ᠵᠠᠰᠠᠯᠲᠠ ᠪᠣᠯᠣᠨ ᠡᠬᠢ ᠪᠠᠶᠠᠯᠢᠭ ᠤᠨ ᠨᠡᠭᠡᠭᠡᠨ ᠠᠰᠢᠭᠯᠠᠯᠲᠠ ᠶᠢ ᠴᠢᠩᠭᠠᠳᠬᠠᠬᠤ ᠨᠢ ᠥᠪᠥᠷ | ᠮᠣᠩᠭᠤᠯ ᠤᠨ ᠪᠣᠬᠢᠷᠳᠤᠯ ᠦᠭᠡᠢ ᠬᠥᠭᠵᠢᠯᠲᠡ ᠳᠤ ᠮᠠᠰᠢ ᠴᠢᠬᠤᠯᠠ ᠶᠤᠮ᠃ ᠢᠯᠠᠯᠲᠠ ᠶᠢᠨ ᠡᠷᠴᠢᠨ ᠳᠡᠭᠡᠷ᠎ᠡ ᠪᠠᠨ ᠤᠷᠤᠭᠰᠢᠯᠠᠵᠤ ︽ᠤᠮᠠᠷᠠᠲᠤ ᠶᠢᠨ ᠭᠤᠷᠪᠠᠨ | ᠣᠷᠣᠨ︾ ᠤ ᠢᠨᠵᠧᠨᠧᠷᠢᠩ ᠤᠨ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠰᠠᠶᠢᠲᠤᠷ ᠬᠢᠵᠦ᠂ ᠦᠷ᠎ᠡ ᠪᠦᠲᠦᠭᠡᠯ ᠢᠶᠠᠨ ᠴᠢᠷᠮᠠᠶᠢᠨ ᠪᠠᠬᠢᠵᠢᠭᠦᠯᠵᠦ᠂ ᠥᠪᠡᠷ ᠤᠨ | ᠥᠷᠲᠡᠭ ᠢ ᠠᠷᠪᠢᠯᠠᠨ ᠦᠷ᠎ᠡ ᠠᠰᠢᠭ ᠢ ᠨᠡᠮᠡᠭᠳᠡᠭᠦᠯᠵᠦ᠂ ᠣᠯᠠᠨ ᠲᠦᠮᠡᠨ ᠢ ᠳᠠᠶᠢᠴᠢᠯᠠᠨ ᠥᠷᠭᠡᠨ ᠢᠶᠠᠷ ᠣᠷᠣᠯᠴᠠᠭᠤᠯᠵᠤ᠂ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ | ᠵᠠᠰᠠᠬᠤ ᠠᠵᠢᠯ ᠳᠤ ᠨᠠᠩ ᠶᠡᠭᠡ ᠠᠮᠵᠢᠯᠲᠠ ᠣᠯᠬᠤ ᠶᠢ ᠠᠬᠢᠭᠤᠯᠬᠤ ᠬᠡᠷᠡᠭᠲᠡᠢ᠃ ᠪᠣᠬᠢᠷᠳᠤᠯ ᠪᠣᠳᠠᠰ ᠢ ᠭᠡᠲᠦ ᠤᠯᠠᠨ ᠭᠠᠳᠠᠭᠰᠢᠯᠠᠭᠤᠯᠬᠤ᠂ ᠭᠠᠵᠠᠷ ᠳᠣᠣᠷᠠᠬᠢ | ᠤᠰᠤ ᠶᠢ ᠬᠡᠲᠦᠷᠡᠲᠡᠯ᠎ᠡ ᠲᠠᠲᠠᠬᠤ᠂ ᠨᠤᠲᠤᠭ ᠪᠡᠯᠴᠢᠭᠡᠷ ᠤᠨ ᠳᠠᠭᠠᠭᠠᠴᠠ ᠠᠴᠠ ᠬᠡᠲᠦᠷᠡᠲᠡᠯ᠎ᠡ ᠮᠠᠯᠵᠢᠬᠤ ᠵᠡᠷᠭᠡ ᠶᠢᠨ ᠵᠠᠰᠠᠯᠲᠠ ᠶᠢ ᠴᠢᠩᠭᠠᠳᠬᠠᠵᠤ᠂ ᠲᠥᠷᠥ ᠶᠢᠨ | ᠪᠣᠳᠣᠯᠭ᠎ᠠ ᠶᠢᠨ ᠲᠣᠭᠲᠠᠭᠠᠯ ᠢ ᠴᠢᠩᠭ᠎ᠠ ᠬᠡᠷᠡᠭᠵᠢᠭᠦᠯᠵᠦ᠂ ᠵᠠᠬ᠎ᠠ ᠳᠡᠯᠭᠡᠭᠦᠷᠴᠢᠯᠡᠭᠰᠡᠨ ᠠᠷᠭ᠎ᠠ ᠪᠠᠷᠢᠯ ᠢᠶᠠᠷ ᠡᠬᠢ ᠪᠠᠶᠠᠯᠢᠭ ᠣᠷᠴᠢᠨ ᠲᠣᠭᠤᠷᠢᠨ ᠤ ᠬᠦᠷᠢᠶᠡᠨ ᠳᠠᠬᠢ | ᠲᠣᠪᠣᠶᠢᠮ᠎ᠠ ᠠᠰᠠᠭᠤᠳᠠᠯ ᠢ ᠰᠢᠢᠳᠪᠦᠷᠢᠯᠡᠬᠦ ᠶᠢ ᠴᠢᠬᠤᠯᠠᠴᠢᠯᠠᠬᠤ ᠬᠡᠷᠡᠭᠲᠡᠢ᠃ ᠠᠮᠢ ᠠᠬᠤᠢ ᠶᠢᠨ ᠦᠢᠯᠡᠳᠬᠦᠨ ᠤ ᠦᠷᠳᠡᠭ ᠢ ᠣᠨᠳᠣᠣᠰᠢᠭᠤᠯᠬᠤ ᠶᠢ ᠢᠳᠡᠪᠬᠢᠲᠡᠢ | ᠠᠬᠢᠭᠤᠯᠵᠤ᠂ ᠨᠡᠭᠦᠷᠡᠰᠦᠲᠥ᠋ᠷᠥᠭᠴᠢ ᠬᠤᠷᠠᠮᠳᠤᠭᠤᠯᠬᠤ ᠲᠦᠷᠦᠯ ᠵᠦᠢᠯ ᠢ ᠨᠡᠭᠡᠭᠡᠨ ᠬᠥᠭᠵᠢᠭᠦᠯᠬᠦ᠂ ᠨᠡᠭᠦᠷᠡᠰᠦᠲᠥ᠋ᠷᠥᠭᠴᠢ ᠬᠤᠷᠠᠮᠳᠤᠭᠤᠯᠬᠤ ᠠᠷᠠᠯᠵᠢᠶᠠᠨ ᠤ ᠳᠦᠷᠢᠮ ᠢ | ᠲᠣᠭᠲᠠᠭᠠᠬᠤ ᠪᠠ ᠨᠡᠭᠦᠷᠡᠰᠦᠲᠥ᠋ᠷᠥᠭᠴᠢ ᠦᠭᠡᠢ ᠬᠦᠷᠢᠶᠡᠯᠡᠩ ᠲᠣᠭᠤᠷᠢᠭ ᠤᠨ ᠪᠦᠲᠦᠭᠡᠨ ᠪᠠᠶᠢᠭᠤᠯᠤᠯᠲᠠ ᠵᠡᠷᠭᠡ ᠲᠠᠯ᠎ᠠ ᠪᠠᠷ ᠵᠣᠷᠢᠭᠲᠠᠢ ᠰᠦᠪᠡᠭᠴᠢᠯᠡᠵᠦ᠂ | ᠤᠷᠢᠳ ᠢᠶᠠᠷ ᠬᠡᠷᠡᠭᠵᠢᠭᠦᠯᠵᠦ ᠤᠷᠢᠳ ᠢᠶᠠᠷ ᠲᠤᠷᠰᠢᠬᠤ ᠬᠡᠷᠡᠭᠲᠡᠢ ᠭᠡᠪᠡ᠃ | ᠰᠦᠨ ᠱᠤᠤ ᠴᠧᠩ᠂ ᠤᠳᠤ ᠦᠶ᠎ᠡ ᠶᠢᠨ ᠮᠠᠯ ᠠᠵᠤ ᠠᠬᠤᠢ ᠲᠠᠷᠢᠶᠠᠯᠠᠩ ᠢ ᠪᠤᠵᠠᠭᠠᠶᠢᠷᠠᠭᠤᠯᠤᠨ ᠬᠦᠴᠦᠷᠬᠡᠭᠵᠢᠭᠦᠯᠬᠦ ᠪᠣᠯ ᠤᠯᠤᠰ ᠤᠨ ᠴᠢᠬᠤᠯᠠ | ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠦᠢᠯᠡᠳᠪᠦᠷᠢᠯᠡᠯ ᠤᠨ ᠰᠠᠭᠤᠷᠢᠨ ᠢ ᠪᠦᠲᠦᠭᠡᠨ ᠪᠠᠶᠢᠭᠤᠯᠬᠤ ᠶᠢᠨ ᠭᠤᠣᠯᠳᠠᠯᠭ᠎ᠠ ᠶᠢᠨ ᠳᠣᠲᠣᠷᠠᠬᠢ | ᠭᠤᠣᠯᠳᠠᠯᠭ᠎ᠠ ᠪᠣᠯᠣᠨ᠎ᠠ᠃ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ᠂ ᠬᠤᠵᠢᠷᠯᠢᠭ ᠭᠠᠵᠠᠷ ᠢ ᠰᠠᠶᠢᠵᠢᠷᠠᠭᠤᠯᠬᠤ᠂ ᠬᠠᠷ᠎ᠠ ᠬᠥᠷᠥᠰᠥᠲᠦ | ᠭᠠᠵᠠᠷ ᠢ ᠬᠠᠮᠠᠭᠠᠯᠠᠬᠤ ᠶᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠠᠳᠬᠤᠵᠤ᠂ ᠭᠠᠵᠠᠷ ᠰᠢᠷᠣᠢ ᠶᠢᠨ ᠭᠠᠷᠤᠯᠲᠠ ᠶᠢᠨ ᠦᠷ᠎ᠡ ᠠᠰᠢᠭ ᠢ ᠳᠡᠭᠡᠭᠰᠢᠯᠡᠭᠦᠯᠭᠦ | ᠬᠡᠷᠡᠭᠲᠡᠢ᠃ ᠠᠷᠭ᠎ᠠ ᠪᠦᠭᠦᠨ ᠢ ᠰᠦᠪᠡᠭᠴᠢᠯᠡᠨ ᠲᠥᠬᠦᠭᠡᠷᠦᠮᠵᠢᠲᠦ ᠲᠠᠷᠢᠶᠠᠯᠠᠩ᠂ ᠬᠠᠰᠢᠶᠠᠯᠠᠨ ᠲᠡᠵᠢᠭᠡᠬᠦ ᠬᠡᠪᠴᠢᠶ᠎ᠡ ᠶᠢ ᠥᠷᠭᠡᠳᠬᠡᠵᠦ᠂ ᠰᠤᠯᠠ ᠲᠠᠯᠪᠢᠭᠳᠠᠵᠤ ᠪᠠᠶᠢᠭ᠎ᠠ | ᠡᠬᠢ ᠪᠠᠶᠠᠯᠢᠭ ᠢ ᠠᠮᠢᠳᠤᠯᠢᠭᠵᠢᠭᠤᠯᠬᠤ ᠶᠢ ᠲᠤᠶᠢᠯᠪᠤᠷᠢᠲᠠᠢ ᠬᠢᠬᠦ ᠬᠡᠷᠡᠭᠲᠡᠢ᠃ ᠲᠠᠷᠢᠶᠠᠯᠠᠩ ᠮᠠᠯ ᠠᠵᠤ ᠠᠬᠤᠢ ᠶᠢᠨ ᠬᠥᠭᠵᠢᠯᠲᠡ ᠶᠢ ᠨᠠᠷᠢᠨ ᠨᠢᠮᠪᠠᠢ ᠤᠬᠠᠭᠠᠯᠠᠨ | ᠲᠥᠯᠥᠪᠯᠡᠵᠦ᠂ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢ ᠨᠠᠷᠢᠯᠢᠭ ᠡᠳ᠋ᠰᠢᠭᠦᠯᠬᠦ ᠲᠦᠪᠰᠢᠨ ᠢ ᠳᠡᠭᠡᠭᠰᠢᠯᠡᠭᠦᠯᠭᠦ ᠬᠡᠷᠡᠭᠲᠡᠢ ᠭᠡᠪᠡ᠃ | ᠢᠦᠢ ᠯᠢ ᠰᠢᠨ᠂ ᠶᠣᠣ ᠶᠦᠩ ᠪᠦᠸᠧ᠂ ᠳᠠᠶᠢᠴᠢᠨ᠂ ᠴᠡᠴᠡᠭ᠂ ᠵᠠᠩ ᠯᠧᠢ᠂ ᠵᠠᠩ ᠪᠠᠢ ᠴᠧᠩ ᠣᠷᠣᠯᠴᠠᠪᠠ᠃ |