ᠲᠥᠯᠥᠭᠡᠯᠡᠭᠴᠢ ᠮᠥᠷᠥᠭᠡᠳᠦᠯ᠄ ᠮᠠᠯᠵᠢᠬᠤ ᠣᠷᠣᠨ ᠤ  ᠪᠤᠶᠢᠳᠠ ᠪᠥᠭᠯᠡᠭᠦᠦ ᠭᠠᠴᠠᠭ᠎ᠠ ᠲᠤᠰᠬᠤᠨ ᠳᠤ ᠪᠠᠶᠢᠩᠭᠤ ᠶᠢᠨ ᠴᠠᠭᠢᠯᠭᠠᠨ ᠨᠡᠪᠲᠡᠷᠡᠭᠦᠯᠬᠦ ᠴᠢᠬᠤᠯᠠᠲᠠᠢ
ᠨᠡᠶᠢᠲᠡᠯᠡᠭᠰᠡᠨ ᠴᠠᠭ᠄
2025/1/17
       1 ᠰᠠᠷ᠎ᠠ ᠶᠢᠨ 7 ᠤ ᠡᠳᠦᠷ᠂  ᠬᠥᠯᠥᠨ ᠪᠤᠶᠢᠷ ᠬᠤᠳᠡ ᠶᠢᠨ ᠲᠠᠪᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ   ᠲᠠᠪᠤᠳᠤᠭᠠᠷ ᠬᠤᠷᠠᠯ ᠦᠪᠡᠳᠡᠭᠰᠢ ᠶᠡᠭᠡ ᠪᠠᠷ ᠬᠤᠷᠠᠯᠳᠤᠵᠤ᠂ ᠲᠥᠯᠥᠭᠡᠯᠡᠭᠴᠢᠳ ᠮᠠᠨᠢ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠢ  ᠰᠣᠨᠣᠰᠤᠭᠰᠠᠨ ᠤ ᠲᠡᠷᠠᠭ᠎ᠠ  ᠥᠪᠡᠷ ᠥᠪᠡᠷ ᠤᠨ ᠪᠤᠳᠤᠯ ᠲᠥᠷᠥᠭᠳᠡᠯ ᠢᠶᠠᠨ ᠶᠠᠷᠢᠵᠤ᠂ ᠰᠠᠨᠠᠯ ᠵᠥᠪᠯᠡᠯᠭᠡ ᠪᠠᠨ ᠳᠡᠪᠰᠢᠭᠦᠯᠵᠦ  ᠪᠠᠶᠢᠯ᠎ᠠ᠃                ︽ᠪᠢ  ᠬᠥᠯᠥᠨ ᠪᠤᠶᠢᠷ ᠬᠤᠳᠡ ᠶᠢᠨ ᠲᠠᠪᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠠᠪᠤᠳᠤᠭᠠᠷ ᠬᠤᠷᠠᠯ ᠳᠤ  ᠣᠷᠣᠯᠴᠠᠭᠠᠳ ᠮᠠᠰᠢ ᠪᠠᠶᠠᠷ ᠲᠠᠢ ᠪᠠᠶᠢᠨ᠎ᠠ᠂ ᠲᠤᠰ ᠤᠳᠠᠭᠠᠨ ᠤ ᠬᠤᠷᠠᠯ ᠳᠤ︿ᠮᠠᠯᠵᠢᠬᠤ ᠣᠷᠣᠨ ᠤ  ᠪᠤᠶᠢᠳᠠ ᠪᠥᠭᠯᠡᠭᠦᠦ ᠭᠠᠴᠠᠭ᠎ᠠ ᠲᠤᠰᠬᠤᠨ ᠳᠤ ᠪᠠᠶᠢᠩᠭᠤ ᠶᠢᠨ  ᠴᠠᠭᠢᠯᠭᠠᠨ ᠨᠡᠪᠲᠡᠷᠡᠭᠦᠯᠬᠦ ᠲᠤᠬᠠᠢ﹀ᠰᠠᠨᠠᠯ ᠵᠥᠪᠯᠡᠯᠭᠡ ᠪᠠᠨ ᠳᠡᠪᠰᠢᠭᠦᠯᠵᠦ ᠪᠠᠶᠢᠨ᠎ᠠ︾ ᠭᠡᠵᠦ ᠲᠥᠯᠥᠭᠡᠯᠡᠭᠴᠢ ᠮᠥᠷᠥᠭᠡᠳᠦᠯ ᠰᠤᠷᠪᠤᠯᠵᠢᠯᠠᠬᠴᠢ ᠳᠤ ᠶᠠᠷᠢᠨ᠎ᠠ᠃               ᠲᠥᠯᠥᠭᠡᠯᠡᠭᠴᠢ ᠮᠥᠷᠥᠭᠡᠳᠦᠯ ᠤᠨ ᠬᠡᠯᠡᠬᠦ ᠪᠠᠷ᠂ ᠮᠠᠨ ᠤ ᠤᠯᠤᠰ ᠤᠨ ᠴᠠᠭᠢᠯᠭᠠᠨ ᠬᠦᠴᠦᠨ ᠤ ᠠᠵᠢᠯ ᠲᠥᠷᠥᠯ ᠤᠨ ᠬᠥᠭᠵᠢᠯᠲᠡ ᠶᠢ ᠳᠠᠭᠠᠯᠳᠤᠨ᠂ ᠴᠠᠭᠢᠯᠭᠠᠨ  ᠲᠣᠣᠷ ᠤᠨ ᠪᠦᠲᠦᠭᠡᠨ ᠪᠠᠶᠢᠭᠤᠯᠤᠯᠲᠠ ᠠᠭᠠᠵᠢᠮ ᠢᠶᠠᠷ ᠲᠡᠭᠦᠯᠳᠡᠷᠵᠢᠵᠦ᠂ ᠴᠠᠭᠢᠯᠭᠠᠨ ᠬᠦᠴᠦᠨ ᠤ ᠬᠠᠩᠭᠠᠯᠭ᠎ᠠ ᠶᠢᠨ ᠶᠠᠰᠤ ᠴᠢᠨᠠᠷ ᠢᠯᠡᠳᠲᠡ ᠳᠡᠭᠡᠭᠰᠢᠯᠡᠵᠦ ᠪᠤᠢ᠃  ᠭᠡᠪᠡᠴᠦ ᠮᠠᠨ ᠤ ᠬᠤᠲᠠ ᠶᠢᠨ ᠮᠠᠯᠵᠢᠬᠤ ᠣᠷᠣᠨ ᠭᠠᠵᠠᠷ ᠠᠭᠤᠳᠠᠮ ᠬᠥᠮᠥᠨ ᠴᠥᠭᠡᠨ᠂  ᠮᠠᠯᠵᠢᠬᠤ ᠣᠷᠣᠨ ᠤ  ᠪᠤᠶᠢᠳᠠ ᠪᠥᠭᠯᠡᠭᠦᠦ ᠭᠠᠵᠠᠷ ᠣᠷᠣᠨ ᠤ ᠬᠡᠰᠡᠭ  ᠭᠠᠴᠠᠭ᠎ᠠ ᠶᠢᠨ ᠲᠠᠷᠠᠬᠠᠢ ᠪᠤᠲᠠᠷᠬᠠᠢ ᠰᠠᠭᠤᠷᠢᠰᠢᠵᠤ ᠪᠠᠶᠢᠭ᠎ᠠ ᠮᠠᠯᠵᠢᠬᠤ ᠡᠷᠦᠭᠡ ᠵᠠᠮ ᠬᠠᠷᠢᠯᠴᠠᠭ᠎ᠠ ᠳᠥᠭᠦᠮ ᠦᠭᠡᠢ᠂ ᠪᠠᠶᠢᠭᠠᠯᠢ ᠶᠢᠨ ᠣᠷᠴᠢᠨ ᠲᠣᠭᠤᠷᠢᠨ ᠵᠡᠷᠭᠡ  ᠪᠤᠰᠤᠳᠴᠢ ᠬᠦᠴᠦᠨ ᠵᠦᠢᠯ ᠤᠨ ᠬᠢᠵᠠᠭᠠᠷᠯᠠᠯ ᠠᠴᠠ ᠪᠣᠯᠵᠤ᠂ ᠴᠠᠭᠢᠯᠭᠠᠨ ᠬᠦᠴᠦᠨ ᠤ ᠬᠠᠩᠭᠠᠯᠭ᠎ᠠ ᠮᠥᠨ ᠯᠡ  ᠬᠦᠷᠦᠯᠴᠡᠬᠦ ᠦᠭᠡᠢ ᠪᠠᠶᠢᠨ᠎ᠠ᠃ ᠡᠶᠢᠮᠦ ᠠᠴᠠ ᠨᠠᠩ  ᠪᠦᠷᠢᠨ ᠭᠦᠢᠴᠡᠳ ᠠᠷᠭ᠎ᠠ ᠬᠡᠮᠵᠢᠶ᠎ᠡ ᠠᠪᠴᠤ᠂ ᠴᠡᠭᠢᠯᠭᠠᠨ ᠲᠣᠣᠷ ᠤᠨ ᠪᠦᠷᠬᠦᠴᠡ ᠶᠢ ᠥᠷᠭᠡᠳᠬᠡᠵᠦ᠂  ᠪᠤᠶᠢᠳᠠ ᠪᠥᠭᠯᠡᠭᠦᠦ ᠭᠠᠴᠠᠭᠠᠨ ᠤ ᠲᠠᠷᠠᠬᠠᠢ ᠪᠤᠲᠠᠷᠬᠠᠢ  ᠰᠠᠭᠤᠵᠤ ᠪᠠᠶᠢᠭ᠎ᠠ ᠮᠠᠯᠵᠢᠬᠤ ᠡᠷᠦᠭᠡ ᠶᠢᠨ ᠪᠠᠶᠢᠩᠭᠤ ᠶᠢᠨ ᠴᠠᠭᠢᠯᠭᠠᠨ ᠬᠠᠩᠭᠠᠬᠤ  ᠬᠡᠷᠡᠭᠴᠡᠭᠡ ᠶᠢ ᠭᠦᠢᠴᠡᠳ ᠬᠠᠩᠭᠠᠪᠠᠯ ᠵᠣᠬᠢᠨ᠎ᠠ ᠭᠡᠯ᠎ᠡ᠃               ᠲᠥᠯᠥᠭᠡᠯᠡᠭᠴᠢ ᠮᠥᠷᠥᠭᠡᠳᠦᠯ᠄︽ᠬᠠᠭᠤᠴᠢᠨ ᠪᠠᠷᠭᠤ ᠬᠤᠰᠢᠭᠤᠨ ᠤ  ᠬᠥᠬᠡᠨᠠᠭᠤᠷ ᠪᠠᠯᠭᠠᠰᠤ ᠶᠢᠨ 8 ᠭᠠᠴᠠᠭ᠎ᠠ ᠪᠠᠷ ᠵᠢᠱᠢᠶᠡᠯᠡᠪᠡᠯ ᠵᠠᠮ ᠬᠠᠷᠢᠯᠴᠠᠭ᠎ᠠ ᠲᠥᠭᠦᠮ  ᠳᠥᠲᠡ᠂ ᠮᠠᠯᠴᠢᠳ ᠤᠨ ᠣᠷᠣᠰᠢᠨ ᠰᠠᠭᠤᠷᠢᠰᠢᠵᠤ ᠪᠠᠶᠢᠭ᠎ᠠ ᠨᠢ ᠨᠡᠯᠢᠶᠡᠳ ᠲᠥᠪᠯᠡᠷᠡᠩᠭᠦᠢ᠂ ᠬᠤᠲᠠ ᠪᠠᠯᠭᠠᠰᠤ ᠠᠴᠠ ᠨᠡᠯᠢᠶᠡᠳ ᠣᠶᠢᠷ᠎ᠠ ᠪᠠᠶᠢᠭ᠎ᠠ ᠪᠠᠶᠠᠨᠪᠦ᠋ᠷᠢᠳᠦ  ᠭᠠᠴᠠᠭ᠎ᠠ᠂ ᠬᠠᠳᠠᠨᠬᠤᠰᠢᠭᠤ ᠭᠠᠴᠠᠭ᠎ᠠ᠂ ᠬᠠᠷᠠᠨᠠᠭᠤᠷ ᠭᠠᠴᠠᠭ᠎ᠠ᠂ ᠤᠩᠭᠤᠨ ᠭᠠᠴᠠᠭ᠎ᠠ᠂ ᠥᠪᠦᠷᠨᠠᠭᠤᠷ ᠭᠠᠴᠠᠭ᠎ᠠ᠂ ᠬᠠᠷᠭᠠᠨᠠᠲᠤ ᠭᠠᠴᠠᠭ᠎ᠠ ᠵᠡᠷᠭᠡ 6 ᠭᠠᠴᠠᠭᠠᠨ ᠤ  ᠴᠠᠭᠢᠯᠭᠠᠨ ᠲᠣᠣᠷ ᠤᠨ ᠪᠦᠷᠬᠦᠴᠡ ᠶᠢᠨ ᠨᠣᠷᠮ᠎ᠠ ᠨᠡᠯᠢᠶᠡᠳ ᠥᠨᠳᠥᠷ ᠪᠠᠶᠢᠵᠤ᠂ ᠵᠠᠮ ᠬᠠᠷᠢᠯᠴᠠᠭ᠎ᠠ ᠳᠥᠭᠦᠮ ᠦᠭᠡᠢ᠂ ᠪᠠᠯᠭᠠᠰᠤ ᠲᠣᠭᠤᠷᠢᠭ ᠠᠴᠠ ᠨᠡᠯᠢᠶᠡᠳ ᠬᠤᠯᠠ  ᠪᠠᠶᠢᠭ᠎ᠠ ᠠᠩᠭᠢᠷᠲᠤ ᠭᠠᠴᠠᠭ᠎ᠠ ᠶᠢᠨ ᠪᠠᠶᠢᠩᠭᠤ ᠶᠢᠨ ᠴᠡᠭᠢᠯᠭᠠᠨ ᠨᠡᠪᠲᠡᠷᠡᠭᠰᠡᠨ ᠨᠢ ᠵᠦᠪᠭᠡᠨ 7 ᠡᠷᠦᠭᠡ  ᠪᠠᠶᠢᠵᠤ᠂  ᠪᠠᠶᠢᠩᠭᠤ ᠶᠢᠨ ᠴᠠᠭᠢᠯᠭᠠᠨ ᠨᠡᠪᠲᠡᠷᠡᠭᠡᠳᠦᠢ  ᠪᠠᠶᠢᠩᠭᠤ ᠰᠠᠭᠤᠭ᠎ᠠ ᠡᠷᠦᠭᠡ ᠪᠠᠰᠠ 56  ᠪᠠᠶᠢᠵᠤ᠂ ᠪᠤᠷᠬᠠᠨᠲᠤ ᠭᠠᠴᠠᠭᠠᠨ ᠤ ᠪᠠᠶᠢᠩᠭᠤ ᠶᠢᠨ ᠴᠠᠭᠢᠯᠭᠠᠨ ᠨᠡᠪᠲᠡᠷᠡᠭᠰᠡᠨ ᠡᠷᠦᠭᠡ 20 ᠪᠠᠶᠢᠵᠤ᠂ ᠪᠠᠶᠢᠩᠭᠤ ᠶᠢᠨ  ᠴᠠᠭᠢᠯᠭᠠᠨ ᠨᠡᠪᠲᠡᠷᠡᠭᠡᠳᠦᠢ ᠪᠠᠶᠢᠩᠭᠤ ᠰᠠᠭᠤᠭ᠎ᠠ ᠡᠷᠦᠭᠡ 30  ᠪᠠᠶᠢᠵᠤ᠂ ᠴᠠᠭᠢᠯᠭᠠᠨ ᠲᠣᠣᠷ ᠤᠨ ᠪᠦᠷᠬᠦᠴᠡ ᠶᠢᠨ ᠨᠣᠷᠮ᠎ᠠ ᠨᠡᠯᠢᠶᠡᠳ ᠳᠣᠣᠷ᠎ᠠ᠂ ᠮᠠᠯᠵᠢᠬᠤ  ᠡᠷᠦᠭᠡ ᠶᠢᠨ ᠦᠢᠯᠡᠳᠪᠦᠷᠢᠯᠡᠯ ᠠᠮᠢᠳᠤᠷᠠᠯ ᠤᠨ ᠬᠥᠭᠵᠢᠯᠲᠡ ᠶᠢ ᠬᠦᠨᠳᠦ ᠨᠣᠴᠢᠲᠠᠢ ᠬᠠᠷᠰᠢᠯᠠᠵᠤ ᠪᠤᠢ᠃ ᠡᠳᠡᠭᠡᠷ ᠪᠠᠶᠢᠩᠭᠤ ᠶᠢᠨ ᠴᠠᠭᠢᠯᠭᠠᠨ ᠨᠡᠪᠲᠡᠷᠡᠭᠡᠳᠦᠢ ᠮᠠᠯᠵᠢᠬᠤ  ᠡᠷᠦᠭᠡ ᠠᠮᠢᠳᠤᠷᠠᠯ ᠳᠠᠭᠠᠨ ᠶᠡᠷᠦ ᠳᠡᠭᠡᠨ 1800 ᠸᠠᠲ ᠴᠠᠭᠢᠯᠭᠠᠨ ᠭᠠᠷᠭᠠᠬᠤ ᠲᠥᠬᠦᠭᠡᠷᠦᠮᠵᠢ ᠬᠡᠷᠡᠭᠯᠡᠵᠦ᠂ ᠡᠨᠡ ᠨᠢ ᠵᠦᠪᠭᠡᠨ ᠮᠠᠯᠵᠢᠬᠤ ᠠᠮᠢᠳᠤᠷᠠᠯ ᠤᠨ  ᠦᠨᠳᠦᠰᠦᠨ  ᠴᠠᠭᠢᠯᠭᠠᠨ ᠬᠡᠷᠡᠭᠯᠡᠬᠦ ᠬᠡᠷᠡᠭᠴᠡᠭᠡ ᠶᠢ ᠯᠡ ᠬᠠᠩᠭᠠᠵᠤ ᠴᠢᠳᠠᠳᠠᠭ ᠪᠠᠶᠢᠨ᠎ᠠ᠃  ᠴᠠᠭᠢᠯᠭᠠᠨ ᠬᠦᠴᠦᠨ ᠨᠢ ᠬᠥᠳᠡᠭᠡ ᠲᠣᠰᠬᠤᠨ ᠤ ᠬᠥᠭᠵᠢᠯᠲᠡ ᠶᠢ  ᠳᠡᠮᠵᠢᠬᠦ ᠴᠢᠬᠤᠯᠠ ᠰᠠᠭᠤᠷᠢ ᠲᠥᠬᠦᠭᠡᠷᠦᠮᠵᠢ ᠪᠣᠯᠤᠭᠰᠠᠨ ᠤ ᠬᠤᠪᠢ ᠳᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤᠮᠳᠠ ᠣᠷᠣᠯᠠᠭᠤᠯᠵᠤ ᠪᠣᠯᠣᠰᠢ  ᠦᠭᠡᠢ ᠦᠢᠯᠡᠳᠦᠯ ᠦᠵᠡᠭᠦᠯᠵᠦ ᠪᠠᠶᠢᠳᠠᠭ᠃  ᠪᠠᠶᠢᠩᠭᠤ ᠶᠢᠨ ᠴᠠᠭᠢᠯᠭᠠᠨ ᠨᠢ ᠮᠠᠯ ᠠᠵᠤ ᠠᠬᠤᠢ ᠶᠢᠨ ᠦᠢᠯᠡᠳᠪᠦᠷᠢᠯᠡᠯ ᠳᠤ ᠵᠠᠩᠭᠢᠯᠠᠭ᠎ᠠ ᠶᠢᠨ ᠦᠢᠯᠡᠳᠦᠯ  ᠦᠵᠡᠭᠦᠯᠵᠦ᠂ ᠣᠳᠣ ᠦᠶ᠎ᠡ ᠶᠢᠨ ᠮᠠᠯᠵᠢᠬᠤ ᠠᠮᠢᠳᠤᠷᠠᠯ ᠳᠤ ᠬᠡᠷᠡᠭᠯᠡᠳᠡᠭ  ᠡᠪᠡᠰᠦ ᠭᠡᠮᠭᠡᠯᠡᠭᠦ ᠮᠠᠰᠢᠨ᠂ ᠴᠠᠭᠢᠯᠭᠠᠨ ᠭᠠᠩᠨᠠᠭᠤᠷ ᠵᠡᠷᠭᠡ ᠮᠠᠰᠢ ᠤᠯᠠᠨ ᠵᠦᠢᠯ ᠤᠨ ᠮᠠᠰᠢᠨ  ᠲᠥᠬᠦᠭᠡᠷᠦᠮᠵᠢ ᠨᠢ  ᠪᠦᠷ ᠪᠠᠶᠢᠩᠭᠤ ᠶᠢᠨ ᠴᠠᠭᠢᠯᠭᠠᠨ ᠢ ᠬᠡᠷᠡᠭᠯᠡᠵᠦ ᠪᠠᠶᠢᠨ᠎ᠠ᠃ ᠭᠡᠪᠡᠴᠦ ᠪᠤᠶᠢᠳᠠ ᠪᠥᠭᠯᠡᠭᠦᠦ ᠭᠠᠵᠠᠷ ᠣᠷᠣᠨ ᠤ ᠮᠠᠯᠵᠢᠬᠤ ᠡᠷᠤᠭᠡ ᠠᠮᠢᠳᠤᠷᠠᠯ ᠤᠨ  ᠬᠠᠮᠤᠭ ᠤᠨ ᠦᠨᠳᠦᠰᠦᠨ ᠴᠠᠭᠢᠯᠭᠠᠨ ᠢ ᠬᠡᠷᠡᠭᠯᠡᠬᠦ ᠳᠤ ᠴᠥᠮ ᠨᠡᠯᠢᠶᠡᠳ ᠬᠦᠴᠢᠷᠲᠡᠢ ᠪᠠᠶᠢᠵᠤ᠂ ᠬᠥᠳᠡᠭᠡ ᠲᠤᠰᠬᠤᠨ ᠢ ᠬᠥᠭᠵᠢᠭᠦᠯᠦᠨ ᠮᠠᠨᠳᠤᠭᠤᠯᠬᠤ ᠪᠣᠯᠣᠨ  ᠣᠳᠣᠬᠢᠴᠢᠯᠠᠭᠰᠠᠨ ᠮᠠᠯ ᠠᠵᠤ ᠠᠬᠤᠢ ᠶᠢᠨ ᠭᠡᠯᠪᠡᠷᠢ ᠪᠠᠨ ᠬᠤᠪᠢᠷᠠᠭᠤᠯᠤᠨ ᠲᠠᠰ ᠳᠡᠪᠰᠢᠭᠦᠯᠬᠦ ᠠᠯᠬᠤᠴᠠ ᠶᠢ ᠬᠠᠷᠰᠢᠯᠠᠵᠤ ᠪᠠᠶᠢᠨ᠎ᠠ︾ ᠭᠡᠪᠡ᠃               ᠲᠡᠷᠡ ᠪᠠᠰᠠ᠄ ︽ᠬᠥᠳᠡᠭᠡ ᠲᠤᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠴᠢᠨᠠᠭᠰᠢᠳᠠ ᠠᠬᠢᠭᠤᠯᠵᠤ᠂ ᠣᠳᠣᠬᠢᠴᠢᠯᠠᠭᠰᠠᠨ ᠮᠠᠯᠵᠢᠬᠤ  ᠣᠷᠣᠨ ᠢ ᠪᠦᠲᠦᠭᠡᠨ ᠪᠠᠶᠢᠭᠤᠯᠬᠤ ᠳᠤ ᠪᠠᠶᠢᠩᠭᠤ ᠶᠢᠨ ᠴᠠᠭᠢᠯᠭᠠᠨ ᠲᠠᠢ ᠪᠤᠯᠬᠤ ᠨᠢ ᠲᠡᠷᠢᠭᠦᠨ ᠴᠢᠬᠤᠯᠠ ᠨᠥᠬᠦᠴᠡᠯ ᠪᠠᠶᠢᠵᠤ᠂ ᠮᠠᠯ ᠠᠵᠤ ᠠᠬᠤᠢ ᠶᠢᠨ ᠬᠥᠭᠵᠢᠯᠲᠡ ᠲᠠᠢ ᠨᠢᠭᠲᠠ ᠬᠤᠯᠪᠣᠭᠳᠠᠵᠤ ᠪᠠᠶᠢᠳᠠᠭ᠃ ᠡᠶᠢᠮᠦ ᠠᠴᠠ ᠪᠠᠶᠢᠩᠭᠤ ᠶᠢᠨ ᠴᠡᠭᠢᠯᠭᠠᠨ ᠨᠡᠪᠲᠡᠷᠡᠭᠦᠯᠬᠦ ᠪᠣᠯ  ᠮᠠᠯᠵᠢᠬᠤ ᠣᠷᠣᠨ ᠤ ᠠᠮᠢᠳᠤᠷᠠᠯ ᠦᠢᠯᠡᠳᠪᠦᠷᠢᠯᠡᠯ ᠳᠤ ᠬᠡᠷᠡᠭᠯᠡᠬᠦ ᠴᠠᠭᠢᠯᠭᠠᠨ ᠤ ᠠᠰᠠᠭᠤᠳᠠᠯ ᠢ ᠰᠢᠢᠳᠪᠦᠷᠢᠯᠡᠵᠦ ᠴᠢᠳᠠᠬᠤ ᠪᠠᠷ ᠪᠠᠷᠠᠬᠤ ᠦᠭᠡᠢ ᠪᠠᠰᠠ ᠮᠠᠯᠴᠢᠳ ᠤᠨ ᠦᠢᠯᠡᠳᠪᠦᠷᠢᠯᠡᠯ ᠠᠮᠢᠳᠤᠷᠠᠯ ᠤᠨ ᠠᠵᠤ ᠠᠬᠤᠢ ᠶᠢᠨ ᠵᠠᠷᠤᠯᠭ᠎ᠠ ᠶᠢ ᠬᠥᠩᠭᠡᠷᠡᠭᠦᠯᠵᠦ᠂ ᠬᠥᠳᠡᠭᠡ ᠲᠤᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ᠂ ᠮᠠᠯ ᠠᠵᠤ ᠠᠬᠤᠢ ᠶᠢᠨ ᠠᠵᠤ ᠦᠢᠯᠡᠰ ᠤᠨ ᠳᠡᠰ ᠳᠡᠪᠰᠢᠭᠦᠯᠬᠦ ᠵᠢᠴᠢ ᠣᠳᠣᠬᠢᠴᠢᠯᠠᠯᠲᠠ ᠶᠢ ᠪᠡᠶᠡᠯᠡᠭᠦᠯᠬᠦ ᠳᠤ ᠴᠢᠬᠤᠯᠠ ᠠᠴᠢ ᠬᠤᠯᠪᠣᠭᠳᠠᠯ ᠲᠠᠢ ᠶᠤᠮ︾ ᠭᠡᠪᠡ᠃   
ᠢᠷᠡᠯᠲᠡ᠄ ᠬᠥᠯᠥᠨ ᠪᠤᠶᠢᠷ ᠮᠤᠩᠭᠤᠯ ᠰᠦᠯᠵᠢᠶ᠎ᠡ