1 ᠰᠠᠷ᠎ᠠ ᠶᠢᠨ 6 ᠤ ᠡᠳᠦᠷ ᠠᠴᠠ 9 ᠤ ᠡᠳᠦᠷ ᠪᠤᠯᠳᠠᠯ᠎ᠠ᠂ ᠪᠦᠭᠦ ᠬᠤᠳᠠ ᠶᠢᠨ ᠠᠷᠠᠳ ᠲᠦᠮᠡᠨ ᠤ ᠠᠩᠬᠠᠷᠤᠯ ᠢ ᠶᠡᠬᠡᠳᠡ ᠲᠠᠲᠠᠭᠰᠠᠨ᠂ ᠵᠠᠰᠠᠭ ᠤᠨ | ᠶᠠᠪᠤᠳᠠᠯ ᠳᠤ ᠣᠷᠣᠯᠴᠠᠨ ᠲᠥᠷᠤ ᠶᠢᠨ ᠬᠡᠷᠡᠭ ᠢ ᠵᠥᠪᠯᠡᠬᠦ 2025 ᠣᠨ ᠤ ︽ᠬᠤᠶᠠᠷ ᠬᠤᠷᠠᠯ︾ ᠵᠤᠷᠰᠢᠯ ᠶᠣᠰᠣᠭᠠᠷ ᠬᠤᠷᠠᠯᠳᠤᠯ᠎ᠠ᠃ ᠡᠨᠡ ᠬᠦ ᠲᠠᠰᠢᠷᠠᠮ ᠢᠶᠠᠷ | ᠰᠤᠷᠪᠤᠯᠵᠢᠯᠠᠬᠴᠢ ᠬᠤᠳᠠ ᠶᠢᠨ ᠤᠯᠤᠰ ᠲᠥᠷᠤ ᠶᠢᠨ ᠵᠥᠪᠯᠡᠯᠭᠡᠨ ᠤ ᠲᠠᠪᠤᠳᠤᠭᠠᠷ ᠬᠤᠭᠤᠴᠠᠭᠠᠨ ᠤ ᠬᠤᠷᠢᠶ᠎ᠠ ᠶᠢᠨ ᠭᠡᠰᠢᠭᠦᠨ᠂ ᠥᠪᠥᠷ ᠮᠣᠩᠭᠤᠯ ᠤᠨ ᠥᠪᠡᠷᠲᠡᠭᠡᠨ | ᠵᠠᠰᠠᠬᠤ ᠣᠷᠣᠨ ᠤ ᠲᠠᠰ ᠤᠨ ᠪᠣᠳᠠᠰ ᠤᠨ ᠪᠤᠰᠤ ᠰᠣᠶᠣᠯ ᠤᠨ ᠥᠪ ᠤᠨ ᠪᠠᠷᠭᠤ ᠬᠤᠪᠴᠠᠰᠤ ᠵᠠᠰᠠᠯ ᠤᠨ ᠲᠥᠯᠥᠭᠡᠯᠡᠭᠴᠢ ᠥᠪᠯᠡᠨ ᠤᠯᠠᠮᠵᠢᠯᠠᠭᠴᠢ᠂ ᠬᠠᠭᠤᠴᠢᠨ | ᠪᠠᠷᠭᠤ ᠬᠤᠰᠢᠭᠤᠨ ᠤ ︽ᠤᠳᠤᠮ︾ ᠦᠨᠳᠦᠰᠦᠲᠡᠨ ᠤ ᠬᠤᠪᠴᠠᠰᠤ ᠵᠠᠰᠠᠯ ᠤᠨ ᠨᠡᠭᠡᠭᠡᠯᠲᠡ ᠶᠢᠨ ᠬᠢᠵᠠᠭᠠᠷᠲᠤ ᠬᠠᠷᠢᠭᠤᠴᠠᠯᠭᠠᠲᠤ ᠺᠤᠮᠫᠠᠨᠢ ᠶᠢᠨ ᠵᠠᠬᠢᠷᠤᠯ | ᠣᠳᠣᠩᠭᠤᠸ᠎ᠠ ᠶᠢᠨ ︽ᠬᠤᠶᠠᠷ ᠬᠤᠷᠠᠯ︾ ᠳᠤ ᠳᠡᠪᠰᠢᠭᠦᠯᠦᠭᠰᠡᠨ ︽ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠢ ᠲᠡᠳᠬᠦᠨ ᠲᠠᠮᠵᠢᠵᠤ ᠦᠨᠳᠦᠰᠦᠲᠡᠨ ᠤ ᠭᠠᠷ | ᠤᠷᠠᠯᠠᠯ ᠤᠨ ᠠᠵᠤ ᠦᠢᠯᠡᠰ ᠤᠨ ᠬᠥᠭᠵᠢᠯᠲᠡ ᠳᠤ ᠣᠷᠣᠯᠴᠠᠭᠤᠯᠵᠤ ᠬᠥᠳᠡᠭᠡ ᠲᠤᠰᠬᠤᠨ ᠤ ᠠᠵᠢᠯ ᠣᠯᠭᠤᠯᠲᠠ ᠶᠢ ᠠᠬᠢᠭᠤᠯᠬᠤ ᠲᠤᠬᠠᠢ︾ ᠰᠠᠨᠠᠯ | ᠳᠤᠷᠠᠳᠤᠯᠭ᠎ᠠ ᠶᠢ ᠨᠢ ᠤᠡᠭᠰᠢᠬᠴᠢ ᠲᠦᠮᠡᠨ ᠲᠠᠢ ᠪᠠᠨ ᠬᠤᠪᠢᠶᠠᠯᠴᠠᠬᠤ ᠪᠠᠷ ᠪᠣᠯᠣᠯ᠎ᠠ᠃ | ᠦᠨᠳᠦᠰᠦᠲᠡᠨ ᠤ ᠭᠠᠷ ᠤᠷᠠᠯᠠᠯ ᠤᠨ ᠤᠯᠠᠮᠵᠢᠯᠠᠯ ᠪᠠ ᠬᠥᠭᠵᠢᠯᠲᠡ ᠨᠢ ᠬᠥᠳᠡᠭᠡ ᠲᠣᠰᠬᠤᠨ ᠤ ᠠᠵᠤ ᠠᠬᠤᠢ ᠶᠢ ᠬᠥᠭᠵᠢᠭᠦᠯᠦᠨ ᠮᠠᠨᠳᠤᠭᠤᠯᠬᠤ ᠳᠤ | ᠴᠢᠬᠤᠯᠠ ᠦᠢᠯᠡᠳᠦᠯ ᠦᠵᠡᠭᠦᠯᠵᠦ᠂ ᠣᠷᠣᠨ ᠪᠦᠰᠡ ᠶᠢᠨ ᠠᠵᠤ ᠠᠬᠤᠢ ᠶᠢ ᠬᠥᠭᠵᠢᠭᠦᠯᠦᠨ ᠮᠠᠨᠳᠤᠭᠤᠯᠬᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ | ᠠᠬᠢᠭᠤᠯᠬᠤ᠂ ᠠᠷᠠᠳ ᠲᠦᠮᠡᠨ ᠤ ᠰᠠᠶᠢᠨ ᠰᠠᠶᠢᠬᠠᠨ ᠠᠮᠢᠳᠤᠷᠠᠯ ᠤᠨ ᠬᠡᠷᠡᠭᠴᠡᠭᠡ ᠶᠢ ᠬᠠᠩᠭᠠᠬᠤ ᠴᠢᠬᠤᠯᠠ ᠡᠬᠢ ᠪᠠᠶᠠᠯᠢᠭ ᠪᠠ ᠴᠢᠬᠤᠯᠠ ᠬᠥᠳᠡᠯᠭᠡᠭᠦᠷ ᠪᠣᠯᠣᠨ᠎ᠠ᠃ | ᠦᠨᠳᠦᠰᠦᠲᠡᠨ ᠤ ᠭᠠᠷ ᠤᠷᠠᠯᠠᠯ ᠤᠨ ᠠᠵᠤ ᠦᠢᠯᠡᠰ ᠪᠣᠯ ᠭᠠᠵᠠᠷ ᠣᠷᠣᠨ ᠤ ᠰᠣᠶᠣᠯ ᠢ ᠬᠠᠷᠠᠭᠤᠯᠵᠤ ᠪᠠᠶᠢᠬᠤ ᠮᠥᠷᠲᠡᠭᠡᠨ ᠪᠠᠰᠠ ᠣᠷᠣᠨ ᠨᠤᠲᠤᠭ ᠤᠨ ᠴᠢᠬᠤᠯᠠ | ᠠᠵᠤ ᠦᠢᠯᠡᠰ ᠪᠠᠶᠢᠵᠤ᠂ ᠤᠯᠠᠮᠵᠢᠯᠠᠯᠲᠤ ᠰᠣᠶᠣᠯ ᠢ ᠪᠦᠲᠦᠭᠡᠯᠴᠢ ᠪᠠᠷ ᠤᠯᠠᠷᠢᠭᠤᠯᠬᠤ᠂ ᠰᠢᠨ᠎ᠡ ᠶᠢ ᠡᠭᠦᠳᠴᠦ ᠬᠥᠭᠵᠢᠭᠦᠯᠬᠦ ᠶᠢ ᠪᠡᠶᠡᠯᠡᠭᠦᠯᠬᠦ ᠶᠢᠨ ᠴᠢᠬᠤᠯᠠ | ᠠᠭᠤᠯᠭ᠎ᠠ ᠮᠥᠨ | ᠭᠡᠰᠢᠭᠦᠨ ᠣᠳᠣᠩᠭᠤᠸ᠎ᠠ ᠶᠢᠨ ᠦᠵᠡᠬᠦ ᠪᠠᠷ᠂︽ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢᠨ ᠠᠬᠤᠢ ᠪᠠᠶᠢᠳᠠᠯ ᠳᠣᠣᠷ᠎ᠠ᠂ | ᠦᠨᠳᠦᠰᠦᠲᠡᠨ ᠤ ᠤᠯᠠᠮᠵᠢᠯᠠᠯᠲᠤ ᠭᠠᠷ ᠤᠷᠠᠯᠠᠯ ᠤᠨ ᠠᠵᠤ ᠦᠢᠯᠡᠰ ᠤᠨ ᠦᠷᠭᠦᠯᠵᠢᠯᠡᠬᠦ ᠬᠥᠭᠵᠢᠯᠲᠡ ᠶᠢ ᠠᠬᠢᠭᠤᠯᠬᠤ ᠳᠤ᠂ ᠠᠷᠠᠳ ᠤᠨ ᠡᠵᠡᠩᠨᠡᠯᠲᠡ ᠶᠢᠨ ᠠᠵᠤ | ᠠᠬᠤᠢ ᠪᠣᠯ ᠴᠢᠬᠤᠯᠠ ᠬᠦᠴᠦᠨ ᠪᠣᠯᠣᠨ᠎ᠠ᠃ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠢ ᠲᠡᠳᠬᠦᠨ ᠳᠡᠮᠵᠢᠬᠦ ᠪᠠ ᠬᠥᠲᠥᠯᠥᠨ ᠵᠢᠯᠤᠭᠤᠳᠬᠤ ᠶᠢ | ᠴᠢᠩᠭᠠᠳᠬᠠᠬᠤ ᠪᠠᠷ ᠳᠠᠮᠵᠢᠭᠤᠯᠤᠨ᠂ ᠨᠢᠭᠡ ᠪᠦᠯᠦᠭ ᠲᠣᠯᠣᠭᠠᠶᠢᠯᠠᠭᠴᠢ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠭᠦᠨᠵᠡᠭᠡᠢ ᠣᠷᠤᠯᠴᠠᠯᠭ᠎ᠠ ᠶᠢ | ᠰᠢᠰᠲ᠋ᠧᠮ ᠲᠠᠢ ᠪᠠᠷ ᠲᠡᠮᠵᠢᠵᠤ᠂ ᠭᠠᠷ ᠤᠷᠠᠯᠠᠯ ᠤᠨ ᠠᠵᠤ ᠦᠢᠯᠡᠰ ᠤᠨ ᠲᠦᠷᠭᠡᠨ ᠬᠥᠭᠵᠢᠯᠲᠡ ᠶᠢ ᠲᠦᠯᠬᠢᠨ ᠠᠬᠢᠭᠤᠯᠵᠤ᠂ ᠲᠤᠬᠠᠢ ᠶᠢᠨ ᠭᠠᠵᠠᠷ ᠤᠨ ᠭᠠᠷ | ᠤᠷᠠᠯᠠᠯ ᠤᠨ ᠠᠵᠢᠯ ᠡᠷᠬᠢᠯᠡᠭᠰᠡᠳ ᠲᠤ ᠨᠡᠩ ᠤᠯᠠᠨ ᠠᠵᠢᠯ ᠤᠨ ᠪᠠᠶᠢᠷᠢ ᠬᠠᠩᠭᠠᠬᠤ ᠪᠠ ᠣᠷᠣᠯᠭ᠎ᠠ ᠪᠠᠨ ᠳᠡᠭᠡᠭᠰᠢᠯᠡᠭᠦᠯᠭᠦ ᠲᠣᠭᠢᠶᠠᠯ ᠣᠯᠭᠤᠵᠤ᠂ ᠲᠤᠬᠠᠢ ᠶᠢᠨ | ᠭᠠᠵᠠᠷ ᠤᠨ ᠠᠵᠤ ᠠᠬᠤᠢ ᠶᠢᠨ ᠬᠥᠭᠵᠢᠯᠲᠡ ᠳᠤ ᠪᠦᠲᠦᠮᠵᠢᠲᠡᠶ ᠪᠠᠷ ᠬᠦᠴᠦᠨ ᠨᠡᠮᠡᠷᠢᠯᠡᠪᠡᠯ ᠵᠣᠬᠢᠨ᠎ᠠ︾ ᠭᠡᠵᠦ ᠪᠠᠶᠢᠯ᠎ᠠ᠃ | ᠭᠡᠰᠢᠭᠦᠨ ᠣᠳᠣᠩᠭᠤᠸ᠎ᠠ᠄ ︽ᠲᠥᠷᠥ ᠶᠢᠨ ᠪᠣᠳᠣᠯᠭ᠎ᠠ ᠶᠢᠨ ᠳᠡᠮᠵᠢᠯᠭᠡ ᠪᠣᠯ ᠦᠨᠳᠦᠰᠦᠲᠡᠨ ᠤ ᠭᠠᠷ ᠤᠷᠠᠯᠠᠯ ᠤᠨ ᠠᠵᠤ ᠦᠢᠯᠡᠰ ᠤᠨ ᠬᠥᠭᠵᠢᠯᠲᠡ ᠶᠢᠨ | ᠲᠤᠶᠢᠯ ᠤᠨ ᠵᠠᠩᠭᠢᠯᠠᠭ᠎ᠠ ᠶᠢᠨ ᠬᠦᠴᠦᠨ ᠵᠦᠢᠯ ᠮᠥᠨ᠂ ᠬᠥᠳᠡᠭᠡ ᠲᠣᠰᠬᠤᠨ ᠤ ᠠᠵᠢᠯ ᠣᠯᠭᠤᠯᠲᠠ ᠨᠢ ᠠᠵᠢᠯ ᠡᠷᠢᠭᠰᠡᠳ ᠤᠨ ᠴᠢᠳᠠᠪᠤᠷᠢ ᠶᠢ ᠲᠠᠰ ᠳᠡᠪᠰᠢᠭᠦᠯᠬᠦ᠂ | ᠪᠦᠲᠦᠭᠡᠭᠳᠡᠬᠦᠨ ᠤ ᠰᠢᠨ᠎ᠡ ᠡᠭᠦᠳᠦᠯᠲᠡ ᠶᠢ ᠲᠠᠰ ᠳᠡᠪᠰᠢᠭᠦᠯᠬᠦ᠂ ᠬᠤᠳᠠᠯᠳᠤᠭᠠᠨ ᠤ ᠠᠷᠭ᠎ᠠ ᠵᠠᠮ ᠢ ᠲᠠᠰ ᠳᠡᠪᠰᠢᠭᠦᠯᠬᠦ ᠵᠡᠷᠭᠡ ᠭᠤᠷᠪᠠ ᠶᠢ ᠨᠢᠭᠡ | ᠴᠣᠭᠴᠠᠵᠢᠭᠤᠯᠤᠭᠰᠠᠨ ᠰᠢᠢᠳᠪᠦᠷᠢᠯᠡᠬᠦ ᠲᠥᠰᠥᠯ ᠢ ᠪᠠᠶᠢᠭᠤᠯᠬᠤ ᠴᠢᠬᠤᠯᠠᠲᠠᠢ᠃ | ᠲᠥᠷᠥ ᠶᠢᠨ ᠪᠣᠳᠣᠯᠭ᠎ᠠ ᠪᠠᠷ ᠬᠥᠲᠥᠯᠥᠨ ᠵᠢᠯᠤᠭᠤᠳᠬᠤ᠂ ᠲᠤᠰᠬᠠᠢ ᠲᠥᠷᠤᠯ ᠤᠨ ᠪᠡᠯᠡ ᠮᠥᠩᠭᠦ ᠪᠠᠷ ᠳᠡᠮᠵᠢᠬᠦ ᠠᠷᠭ᠎ᠠ ᠮᠠᠶ᠋ᠢᠭ ᠢᠶᠠᠷ ᠳᠠᠮᠵᠢᠭᠤᠯᠤᠨ᠂ | ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠬᠦᠴᠦᠨ ᠴᠢᠳᠠᠯ ᠢ ᠪᠤᠵᠠᠭᠠᠶᠢᠷᠠᠭᠤᠯᠤᠨ᠂ ᠰᠢᠨ᠎ᠡ ᠨᠢᠭᠡ ᠦᠶ᠎ᠡ ᠶᠢᠨ ᠤᠯᠠᠮᠵᠢᠯᠠᠭᠴᠢ ᠶᠢᠨ ᠤᠯᠠᠮᠵᠢᠯᠠᠨ | ᠵᠠᠯᠭᠠᠮᠵᠢᠯᠠᠬᠤ ᠬᠢᠷᠢ ᠲᠦᠪᠰᠢᠨ ᠪᠠ ᠰᠢᠨ᠎ᠡ ᠶᠢ ᠡᠭᠦᠳᠬᠦ ᠴᠢᠳᠠᠪᠤᠷᠢ ᠶᠢ ᠳᠡᠭᠡᠭᠰᠢᠯᠡᠭᠦᠯᠵᠦ᠂ ᠣᠲᠣ ᠦᠶ᠎ᠡ ᠶᠢᠨ ᠤᠷᠠᠨ ᠳᠠᠷᠬᠠᠳ ᠤᠨ ᠤᠯᠠᠮᠵᠢᠯᠠᠨ ᠵᠠᠯᠭᠠᠮᠵᠢᠯᠠᠬᠤ | ᠬᠢᠷᠢ ᠲᠦᠪᠰᠢᠨ ᠪᠠ ᠰᠤᠳᠤᠯᠤᠨ ᠨᠡᠭᠡᠭᠡᠬᠦ ᠴᠢᠳᠠᠪᠤᠷᠢ ᠶᠢ ᠳᠡᠭᠡᠭᠰᠢᠯᠡᠭᠦᠯᠵᠦ᠂ ᠨᠢᠭᠡ ᠶᠢ ᠬᠥᠮᠥᠵᠢᠭᠦᠯᠪᠡᠯ ᠨᠡᠶᠢᠳᠡᠮ ᠢ ᠳᠠᠶᠢᠴᠢᠯᠠᠬᠤ ᠦᠷ᠎ᠡ ᠪᠦᠲᠦᠮᠵᠢ ᠶᠢ ᠪᠡᠶᠡᠯᠡᠭᠦᠯᠬᠦ | ᠴᠢᠬᠤᠯᠠᠲᠠᠢ᠃ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠨᠡᠶᠢᠲᠡᠯᠢᠭ ᠴᠢᠨᠠᠷᠲᠠᠢ ᠵᠠᠬ᠎ᠠ ᠳᠡᠯᠭᠡᠭᠦᠷᠴᠢᠯᠡᠭᠰᠡᠨ ᠲᠠᠪᠴᠠᠩ ᠤᠨ ᠪᠠᠶᠢᠭᠤᠯᠤᠯᠲᠠ ᠶᠢ ᠠᠬᠢᠭᠤᠯᠵᠤ᠂ | ᠨᠡᠭᠡᠭᠡᠯᠲᠡᠲᠡᠢ ᠬᠠᠮᠲᠤᠪᠠᠷ ᠡᠳ᠋ᠯᠡᠬᠦ ᠲᠠᠪᠴᠠᠩ ᠢᠶᠠᠷ ᠪᠦᠭᠦ ᠪᠥᠮᠪᠥᠷᠴᠡᠭ ᠤᠨ ᠵᠢᠷᠤᠭ ᠲᠥᠯᠥᠪᠯᠡᠭᠴᠢ ᠪᠠ ᠴᠠᠭ ᠢ ᠲᠠᠭᠠᠬᠰᠠᠨ ᠲᠦᠷᠦᠯ ᠲᠡᠮᠳᠡᠭ ᠢ ᠲᠠᠲᠠᠵᠤ᠂ ᠭᠠᠷ | ᠤᠷᠠᠯᠠᠯ ᠤᠨ ᠮᠡᠷᠭᠡᠵᠢᠯᠲᠡᠨ ᠲᠠᠢ ᠬᠠᠮᠲᠤᠷᠠᠯᠴᠠᠨ ᠰᠢᠨ᠎ᠡ ᠶᠢ ᠡᠭᠦᠳᠴᠦ᠂ ᠵᠠᠬ᠎ᠠ ᠳᠡᠯᠭᠡᠭᠦᠷ ᠤᠨ ᠬᠡᠷᠡᠭᠴᠡᠭᠡ ᠳᠤ ᠵᠣᠬᠢᠴᠠᠬᠤ ᠰᠢᠨ᠎ᠡ ᠪᠦᠲᠦᠭᠡᠭᠳᠡᠬᠦᠨ ᠢ ᠰᠤᠳᠤᠯᠤᠨ | ᠨᠡᠭᠡᠭᠡᠵᠦ᠂ ᠭᠠᠷ ᠤᠷᠠᠯᠠᠯ ᠤᠨ ᠪᠦᠲᠦᠭᠡᠭᠳᠡᠬᠦᠨ ᠤ ᠪᠦᠷᠢᠨ ᠪᠦᠲᠦᠨ ᠠᠵᠤ ᠦᠢᠯᠡᠰ ᠤᠨ ᠬᠡᠯᠬᠢᠶᠡᠵᠢᠯ ᠢ ᠪᠦᠷᠢᠯᠳᠦᠭᠦᠯᠵᠦ᠂ ᠬᠥᠳᠡᠭᠡ ᠲᠣᠰᠬᠤᠨ ᠤ ᠤᠯᠠᠨ ᠲᠦᠮᠡᠨ ᠤ | ᠰᠢᠨ᠎ᠡ ᠶᠢ ᠡᠭᠦᠳᠴᠦ ᠦᠢᠯᠡᠰ ᠪᠣᠰᠬᠠᠬᠤ᠂ ᠬᠠᠮᠲᠤᠪᠠᠷ ᠪᠠᠶᠠᠵᠢᠬᠤ ᠶᠢ ᠳᠠᠶᠢᠴᠢᠯᠠᠬᠤ ᠶᠢ ᠬᠦᠰᠡᠵᠦ ᠪᠠᠶᠢᠨ᠎ᠠ︾ ᠭᠡᠵᠦ ᠰᠤᠷᠪᠤᠯᠵᠢᠯᠠᠬᠴᠢ ᠳᠤ ︽ᠬᠤᠶᠠᠷ ᠬᠤᠷᠠᠯ︾ ᠳᠤ | ᠳᠡᠪᠰᠢᠭᠦᠯᠦᠭᠰᠡᠨ ᠰᠠᠨᠠᠯ ᠳᠤᠷᠠᠳᠤᠯᠭ᠎ᠠ ᠶᠢᠨ ᠢᠶᠠᠨ ᠣᠷᠣᠰᠢᠵᠤ ᠪᠠᠶᠢᠭ᠎ᠠ ᠠᠰᠠᠭᠤᠳᠠᠯ ᠪᠣᠯᠣᠨ ᠬᠥᠭᠵᠢᠯᠲᠡ ᠶᠢᠨ ᠲᠤᠬᠠᠢ ᠵᠠᠳᠠᠯᠤᠨ ᠶᠠᠷᠢᠵᠤ ᠪᠢᠯᠡ᠃ | ᠰᠤᠷᠪᠤᠯᠵᠢᠯᠠᠬᠴᠢ ᠶᠢᠨ ᠣᠶᠢᠯᠠᠭᠠᠭᠰᠠᠨ ᠢᠶᠠᠷ᠂ ᠥᠨᠥ ᠵᠢᠯ ᠤᠨ ᠬᠤᠪᠢ ᠳᠤ ᠭᠡᠰᠢᠭᠦᠨ ᠣᠳᠣᠩᠭᠤᠸ᠎ᠠ︽ᠬᠤᠶᠠᠷ ᠬᠤᠷᠠᠯ︾ ᠳᠤ ᠪᠠᠰᠠ︽ᠪᠦᠭᠦ ᠬᠤᠳᠠ ᠶᠢᠨ | ᠬᠤᠳᠠ ᠪᠠᠯᠭᠠᠰᠤᠨ ᠤ ᠰᠠᠭᠤᠭᠠᠯᠢ ᠠᠷᠠᠳ ᠪᠣᠯᠣᠨ ᠮᠠᠯᠴᠢᠳ ᠰᠢᠳᠠᠭᠠᠯᠠᠭ᠎ᠠ ᠶᠢᠨ ᠨᠡᠭᠦᠷᠡᠰᠦ ᠬᠤᠳᠠᠯᠳᠤᠨ ᠠᠪᠬᠤ ᠳᠤ ᠲᠤᠰᠬᠠᠢ ᠵᠠᠮ ᠨᠡᠭᠡᠭᠡᠵᠦ ᠥᠭᠬᠦ ᠲᠤᠬᠠᠢ︾ | ᠬᠤᠶᠠᠳᠠᠭᠢ ᠰᠠᠨᠠᠯ ᠳᠤᠷᠠᠳᠤᠯᠭ᠎ᠠ ᠪᠠᠨ ᠳᠡᠪᠰᠢᠭᠦᠯᠵᠦ᠂ ᠡᠨᠡ ᠬᠦ ᠬᠤᠶᠠᠷ ᠰᠠᠨᠠᠯ ᠳᠤᠷᠠᠳᠤᠯᠭ᠎ᠠ ᠶᠢ ᠨᠢ ᠪᠦᠷ 2025 ᠣᠨ ᠤ ᠭᠦᠢᠴᠡᠳᠬᠡᠨ ᠪᠡᠶᠡᠯᠡᠭᠦᠯᠬᠦ | ᠲᠠᠩᠰᠠᠨ ᠳᠤ ᠣᠷᠣᠭᠤᠯᠤᠭᠰᠠᠨ ᠪᠠᠶᠢᠨ᠎ᠠ᠃ | ᠭᠡᠰᠢᠭᠦᠨ ᠣᠳᠣᠩᠭᠤᠸ᠎ᠠ ᠶᠢᠨ ᠡᠳᠡᠭᠡᠷ ᠰᠠᠨᠠᠯ ᠳᠤᠷᠠᠳᠤᠯᠭ᠎ᠠ ᠨᠢ ᠡᠷᠲᠡᠬᠡᠨ ᠪᠡᠶᠡᠯᠡᠯ ᠢᠶᠠᠨ ᠣᠯᠬᠤ ᠶᠢ ᠬᠦᠰᠡᠶ᠎ᠡ︕ | ᠰᠤᠷᠪᠤᠯᠵᠢᠯᠠᠬᠴᠢ ᠰᠡᠩᠭᠡᠭᠠᠷᠪᠤᠤ |