ᠭᠡᠰᠢᠭᠦᠨ ᠳᠠᠰᠢᠵᠠᠮᠰᠤ᠄ ᠬᠥᠯᠥᠨ ᠨᠠᠭᠤᠷ ᠤᠨ ᠤᠰᠤᠨ ᠲᠦᠪᠰᠢᠨ ᠢ ᠲᠣᠭᠲᠠᠪᠤᠷᠢᠲᠠᠢ ᠪᠠᠶᠢᠯᠭᠠᠶ᠎ᠠ
ᠨᠡᠶᠢᠲᠡᠯᠡᠭᠰᠡᠨ ᠴᠠᠭ᠄
2025/1/17
       ᠬᠥᠯᠥᠨ ᠪᠦᠢᠷ ᠬᠤᠳᠠ ᠶᠢᠨ ᠤᠯᠤᠰ ᠲᠦᠷᠦ ᠶᠢᠨ ᠵᠥᠪᠯᠡᠯᠭᠡᠨ ᠤ ᠲᠠᠪᠤᠳᠤᠭᠠᠷ ᠬᠤᠭᠤᠴᠠᠭᠠᠨ ᠤ ᠬᠤᠷᠢᠶ᠎ᠠ ᠶᠢᠨ ᠳᠥᠷᠪᠡᠳᠦᠭᠡᠷ ᠬᠤᠷᠠᠯ ᠳᠤ ᠤᠷᠤᠯᠴᠠᠵᠦ  ᠪᠠᠶᠢᠭ᠎ᠠ ᠬᠤᠲᠠ ᠶᠢᠨ ᠤᠯᠤᠰ ᠲᠦᠷᠦ ᠶᠢᠨ ᠵᠥᠪᠯᠡᠯᠭᠡᠨ ᠤ ᠭᠡᠰᠢᠭᠦᠨ᠂ ᠰᠢᠨ᠎ᠡ ᠪᠠᠷᠭᠤ ᠪᠠᠷᠠᠭᠤᠨ ᠬᠤᠰᠢᠭᠤᠨ ᠤ ᠤᠯᠤᠰ  ᠲᠦᠷᠦ ᠶᠢᠨ ᠵᠥᠪᠯᠡᠯᠭᠡᠨ ᠤ ᠲᠡᠷᠢᠭᠦᠯᠡᠭᠴᠢ ᠳᠠᠰᠢᠵᠠᠮᠰᠤ ᠶᠢᠨ ︽ᠬᠥᠯᠥᠨ ᠨᠠᠭᠤᠷ ᠤᠨ ᠤᠰᠤᠨ ᠲᠦᠪᠰᠢᠨ ᠢ ᠲᠣᠭᠲᠠᠪᠤᠷᠢᠲᠠᠢ ᠪᠠᠶᠢᠯᠭᠠᠶ᠎ᠠ︾ᠭᠡᠬᠦ ᠰᠠᠨᠠᠯ ᠳᠤᠷᠠᠳᠤᠯᠭ᠎ᠠ ᠶᠢ ᠤᠩᠰᠢᠭᠴᠢᠳ ᠲᠠᠢ ᠪᠠᠨ  ᠬᠤᠪᠢᠶᠠᠯᠴᠠᠶ᠎ᠠ︕                ᠳᠠᠰᠢᠵᠠᠮᠰᠤ᠄ ︽ᠡᠨᠡ ᠬᠤᠶᠠᠷ ᠵᠢᠯ ᠬᠡᠷᠦᠯᠦᠨ ᠭᠤᠣᠯ ᠤᠨ ᠤᠰᠤ ᠬᠡᠪᠡᠯᠢ ᠠᠴᠠ ᠪᠠᠨ ᠪᠢᠯᠬᠠᠨ ᠭᠠᠷᠴᠤ ᠮᠠᠯᠴᠢᠳ ᠤᠨ ᠨᠤᠲᠤᠭ ᠪᠡᠯᠴᠢᠭᠡᠷ ᠢ ᠡᠵᠡᠯᠡᠭᠰᠡᠨ ᠢᠶᠠᠷ ᠪᠠᠷᠠᠬᠤ ᠦᠭᠡᠢ᠂ ᠰᠢᠨ᠎ᠡ ᠪᠠᠷᠭᠤ ᠪᠠᠷᠠᠭᠤᠨ ᠬᠤᠰᠢᠭᠤᠨ ᠤ ᠲᠥᠪ ᠠᠯᠳ᠋ᠬᠠᠮᠡᠭᠡᠯ ᠪᠠᠯᠭᠠᠰᠤ᠂ ᠬᠡᠷᠦᠯᠦᠨ ᠰᠤᠮᠤ ᠵᠡᠷᠭᠡ ᠬᠡᠷᠦᠯᠦᠨ ᠭᠤᠣᠯ ᠤᠨ ᠡᠷᠭᠢ ᠳᠠᠭᠠᠤ ᠭᠠᠵᠠᠷ ᠣᠷᠣᠨ ᠤ ᠰᠠᠭᠤᠭᠠᠯᠢ ᠠᠷᠠᠳ ᠤᠨ ᠠᠮᠢᠳᠤᠷᠠᠯ ᠳᠤ ᠵᠣᠬᠢᠬᠤ ᠬᠡᠪᠴᠢᠶᠡᠨ ᠤ ᠰᠠᠭᠠᠳ ᠤᠴᠠᠷᠠᠭᠤᠯᠵᠤ ᠪᠠᠶᠢᠨ᠎ᠠ︾ ᠭᠡᠵᠦ ᠶᠠᠷᠢᠨ᠎ᠠ᠃                2024 ᠣᠨ ᠤ 9 ᠰᠠᠷ᠎ᠠ ᠳᠤ᠂ ᠬᠡᠷᠦᠯᠦᠨ ᠭᠤᠣᠯ ᠤᠨ ᠳᠡᠭᠡᠳᠦ ᠤᠷᠤᠰᠬᠠᠯ ᠳᠤ ᠪᠣᠷᠣᠭᠠᠨ ᠣᠷᠣᠭᠰᠠᠨ ᠠᠴᠠ ᠪᠣᠯᠵᠤ ᠦᠶᠡᠷ ᠤᠨ ᠪᠠᠶᠢᠳᠠᠯ ᠶᠡᠬᠡᠳᠡᠵᠡᠢ᠃                 ᠬᠥᠯᠥᠨ ᠨᠠᠭᠤᠷ ᠤᠨ ᠤᠰᠤᠨ ᠲᠦᠪᠰᠢᠨ  ᠳᠡᠭᠡᠭᠰᠢᠯᠡᠭᠰᠡᠨ ᠠᠴᠠ ᠪᠣᠯᠣᠭᠠᠳ ᠬᠡᠷᠦᠯᠦᠨ ᠭᠤᠣᠯ ᠤᠨ ᠨᠠᠭᠤᠷ ᠲᠤ ᠴᠢᠳᠬᠤᠬᠤ ᠬᠤᠷᠳᠤᠴᠠ ᠤᠳᠠᠭᠠᠰᠢᠷᠠᠵᠤ ᠬᠡᠷᠦᠯᠦᠨ ᠭᠤᠣᠯ ᠳᠠᠭᠠᠤ ᠨᠠᠭᠤᠷ ᠴᠦᠭᠦᠷᠤᠮ ᠲᠤᠨᠤᠮᠠᠯ ᠪᠠᠶᠢᠳᠠᠯ ᠳᠤ ᠣᠷᠣᠵᠤ᠂ ᠮᠠᠯᠴᠢᠳ ᠤᠨ ᠨᠤᠲᠤᠭ ᠪᠡᠯᠴᠢᠭᠡᠷ ᠢ ᠡᠵᠡᠯᠡᠨ ᠪᠡᠯᠴᠢᠭᠡᠷ ᠤᠨ ᠳᠠᠭᠠᠭᠠᠴᠠ ᠠᠴᠠ ᠬᠡᠲᠦᠷᠡᠲᠡᠯ᠎ᠡ ᠮᠠᠯᠵᠢᠬᠤ ᠠᠵᠢᠯ ᠤᠨ ᠳᠠᠷᠤᠭᠠᠰᠤ ᠶᠢ ᠤᠯᠠᠮ ᠬᠦᠨᠳᠦ ᠪᠤᠯᠭᠠᠡᠡᠰᠠᠨ ᠪᠠᠶᠢᠨ᠎ᠠ᠃ ᠠᠷᠪᠠᠨ ᠨᠢᠭᠡᠳᠦᠭᠡᠷ ᠰᠠᠷ᠎ᠠ ᠳᠤ ᠠᠭᠠᠷ ᠤᠨ ᠳᠤᠯᠠᠭᠠᠨ ᠳᠣᠷᠣᠭᠰᠢᠯᠠᠬᠤ ᠶᠢ ᠳᠠᠭᠠᠯᠳᠤᠨ᠂ ᠬᠡᠷᠦᠯᠦᠨ ᠭᠤᠣᠯ ᠨᠢ ᠬᠥᠯᠳᠡᠬᠦ ᠬᠤᠭᠤᠴᠠᠭᠠᠨ ᠳᠤ ᠣᠷᠣᠭᠰᠠᠨ ᠪᠤᠯᠪᠠᠴᠦ᠂ ᠶᠡᠭᠡ ᠬᠡᠮᠵᠢᠶᠡᠨ ᠤ ᠮᠥᠰᠥ ᠨᠢ ᠲᠠᠯ᠎ᠠ ᠨᠤᠲᠤᠭ ᠵᠢᠴᠢ ᠭᠤᠣᠯ ᠤᠨ ᠭᠤᠯᠳᠤᠷᠢᠯ ᠳᠤ ᠵᠣᠭᠰᠤᠩᠭᠤᠶᠢᠷᠠᠪᠠ᠃ ᠡᠷᠲᠡ ᠠᠴᠠ ᠰᠡᠷᠭᠡᠶᠢᠯᠡᠬᠦ ᠦᠭᠡᠢ ᠪᠣᠯ ᠡᠪᠦᠯ ᠤᠨ ᠤᠯᠠᠷᠢᠯ ᠳᠤ ᠶᠡᠭᠡ ᠴᠠᠰᠤ ᠣᠷᠣᠪᠠᠯ᠂ ᠬᠠᠪᠤᠷ ᠲᠠᠭᠠᠨ ᠮᠥᠰᠥ ᠴᠠᠰᠤ ᠬᠠᠶᠢᠯᠤᠭᠠᠳ ᠬᠠᠶᠢᠯ ᠤᠨ ᠭᠠᠮᠰᠢᠭ ᠪᠤᠯᠬᠤ ᠠᠶᠤᠯᠲᠠᠢ᠃               ᠤᠰᠤᠨ ᠤ ᠲᠦᠪᠰᠢᠨ ᠤ ᠳᠡᠭᠡᠭᠰᠢᠯᠡᠯᠲᠡ ᠠᠴᠠ ᠪᠣᠯᠵᠤ᠂ ᠬᠥᠭᠦᠷᠭᠡ᠂ ᠵᠠᠰᠠᠮᠠᠯ ᠵᠠᠮ ᠢ ᠡᠪᠳᠡᠵᠦ᠂ ᠵᠠᠮ ᠬᠠᠷᠢᠯᠴᠠᠭᠠᠨ ᠤ ᠰᠠᠭᠠᠳ ᠦᠭᠡᠢ ᠨᠡᠪᠲᠡᠷᠡᠬᠦ ᠶᠢ ᠬᠠᠷᠰᠢᠯᠠᠵᠤ᠂ ᠰᠠᠭᠤᠭᠠᠯᠢ ᠠᠷᠠᠳ ᠤᠨ ᠶᠠᠪᠤᠵᠤ ᠰᠠᠭᠤᠬᠤ ᠠᠮᠤᠷ ᠲᠦᠪᠰᠢᠨ ᠢ ᠨᠥᠯᠥᠭᠡᠯᠡᠵᠦ ᠪᠤᠢ᠃               ︽ᠰᠢᠨ ᠺᠠᠢ ᠾᠧ ᠭᠤᠣᠯ ᠤᠨ ᠨᠠᠭᠤᠷ ᠤᠨ ᠤᠰᠤᠨ ᠤ ᠭᠠᠳᠠᠭᠰᠢᠯᠠᠬᠤ ᠬᠡᠮᠵᠢᠶ᠎ᠡ᠂ ᠤᠰᠤᠨ ᠤ ᠬᠡᠮᠵᠢᠶ᠎ᠡ ᠶᠢ ᠲᠣᠬᠢᠷᠠᠭᠤᠯᠵᠤ᠂ ᠬᠥᠯᠥᠨ ᠨᠠᠭᠤᠷ ᠤᠨ ᠤᠰᠤᠨ ᠤ ᠲᠦᠪᠰᠢᠨ ᠢ ᠬᠠᠮᠤᠭ ᠤᠨ ᠲᠣᠬᠢᠷᠠᠮᠵᠢᠲᠠᠢ ᠲᠦᠪᠰᠢᠨ ᠳᠤ ᠪᠠᠶᠢᠯᠭᠠᠪᠠᠯ ᠰᠠᠶᠢᠨ︾ ᠭᠡᠬᠦ ᠰᠠᠨᠠᠯ ᠳᠤᠷᠠᠳᠤᠯᠭ᠎ᠠ ᠲᠠᠢ ᠪᠠᠨ ᠬᠤᠶᠠᠷ ᠬᠤᠷᠠᠯ ᠳᠤ ᠢᠷᠡᠭᠰᠡᠨ ᠪᠠᠶᠢᠨ᠎ᠠ᠃
ᠢᠷᠡᠯᠲᠡ᠄ ᠬᠥᠯᠥᠨ ᠪᠤᠶᠢᠷ ᠮᠤᠩᠭᠤᠯ ᠰᠦᠯᠵᠢᠶ᠎ᠡ