ᠬᠥᠯᠥᠨ ᠪᠤᠶᠢᠷ ᠬᠤᠲᠠ ᠶᠢᠨ ᠲᠠᠪᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠠᠪᠤᠳᠤᠭᠠᠷ ᠬᠤᠷᠠᠯ ᠬᠠᠶᠢᠯᠠᠷ ᠲᠤ | ᠬᠤᠷᠠᠯᠳᠤᠵᠤ᠂ ᠲᠥᠯᠥᠭᠡᠯᠡᠭᠴᠢᠳ ᠮᠠᠨᠢ ᠮᠠᠨ ᠤ ᠬᠤᠲᠠ ᠶᠢᠨ ᠪᠦᠭᠦ ᠲᠠᠯ᠎ᠠ ᠶᠢᠨ ᠬᠥᠭᠵᠢᠯᠲᠡ ᠳᠤ ᠠᠷᠭ᠎ᠠ ᠤᠬᠠᠭᠠᠨ ᠢᠶᠠᠨ ᠰᠤᠪᠢᠵᠤ᠂ ᠬᠦᠴᠦᠨ ᠴᠢᠳᠠᠯ ᠢᠶᠠᠨ | ᠡᠷᠭᠦᠬᠦ ᠪᠠᠷ ᠡᠯ᠎ᠡ ᠭᠠᠵᠠᠷ᠂ ᠡᠯ᠎ᠡ ᠠᠵᠢᠯ ᠤᠨ ᠪᠠᠶᠢᠷᠢ ᠠᠴᠠ ᠪᠠᠨ ᠬᠦᠷᠦᠯᠴᠡᠨ ᠢᠷᠡᠵᠦ ᠬᠤᠷᠠᠯ ᠳᠤ ᠣᠷᠣᠯᠴᠠᠪᠠ᠃ ᠡᠭᠦᠨ ᠤ ᠳᠤᠮᠳᠠ ᠰᠢᠨ᠎ᠡ ᠪᠠᠷᠭᠤ ᠪᠠᠷᠠᠭᠤᠨ | ᠬᠤᠰᠢᠭᠤ ᠠᠴᠠ ᠬᠦᠷᠦᠯᠴᠡᠨ ᠢᠷᠡᠭᠰᠡᠨ ᠠᠷᠠᠳ ᠤᠨ ᠲᠥᠯᠥᠭᠡᠯᠡᠭᠴᠢ ᠪᠤᠤ ᠯᠦᠩ︽ᠨᠤᠲᠤᠭ ᠪᠡᠯᠴᠢᠭᠡᠷ ᠤᠨ ᠬᠠᠮᠠᠭᠠᠯᠠᠯᠲᠠ ᠶᠢᠨ ᠬᠠᠤᠯᠢ ᠬᠡᠷᠡᠭᠵᠢᠭᠦᠯᠬᠦ ᠠᠵᠢᠯ ᠢ | ᠴᠢᠩᠭᠠᠳᠬᠠᠪᠠᠯ ᠵᠣᠬᠢᠨ᠎ᠠ︾ᠬᠡᠮᠡᠬᠦ ᠰᠠᠨᠠᠯ ᠵᠥᠪᠯᠡᠯᠭᠡ ᠲᠠᠢ ᠪᠠᠨ ᠲᠤᠰ ᠤᠳᠠᠭᠠᠨ ᠤ ︽ᠬᠤᠶᠠᠷ ᠬᠤᠷᠠᠯ︾ ᠳᠤ ᠤᠷᠤᠯᠴᠠᠵᠤ ᠪᠢᠯᠡ᠃ | ᠣᠢ ᠰᠢᠭᠤᠢ ᠡᠪᠡᠰᠦ ᠪᠡᠯᠴᠢᠭᠡᠷ ᠤᠨ ᠡᠬᠢ ᠪᠠᠶᠠᠯᠢᠭ ᠢ ᠬᠠᠮᠠᠭᠠᠯᠠᠬᠤ ᠪᠠ ᠬᠥᠭᠵᠢᠭᠦᠯᠬᠦ ᠪᠣᠯ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢᠨ ᠴᠢᠬᠤᠯᠠ | ᠠᠭᠤᠯᠭ᠎ᠠ ᠮᠥᠨ᠂ ᠤᠯᠤᠰ ᠤᠨ ᠠᠮᠢ ᠠᠬᠤᠢ ᠶᠢᠨ ᠠᠮᠤᠷ ᠲᠦᠪᠰᠢᠨ ᠲᠠᠢ ᠬᠤᠯᠪᠣᠭᠳᠠᠵᠤ᠂ ᠦᠵᠡᠰᠬᠦᠯᠡᠩᠲᠦ ᠰᠠᠶᠢᠬᠠᠨ ᠳᠤᠮᠳᠠᠳᠤ ᠤᠯᠤᠰ ᠤᠨ ᠪᠦᠲᠦᠭᠡᠨ | ᠪᠠᠶᠢᠭᠤᠯᠤᠯᠲᠠ ᠲᠠᠢ ᠬᠤᠯᠪᠣᠭᠳᠠᠬᠤ ᠪᠣᠯᠬᠤᠷ ᠡᠷᠬᠡᠪᠰᠢ ᠬᠠᠮᠤᠭ ᠤᠨ ᠴᠢᠩᠭ᠎ᠠ ᠳᠦᠷᠢᠮ ᠲᠣᠭᠲᠠᠭᠠᠯ ᠪᠠ ᠬᠠᠤᠯᠢ ᠴᠠᠭᠠᠵᠠ ᠪᠠᠷ ᠪᠠᠲᠤᠯᠠᠬᠤ ᠬᠡᠷᠡᠭᠲᠡᠢ᠃ ᠡᠭᠦᠨᠴᠢᠯᠡᠨ | ᠨᠤᠲᠤᠭ ᠪᠡᠯᠴᠢᠭᠡᠷ ᠤᠨ ᠬᠠᠮᠠᠭᠠᠯᠠᠯᠲᠠ ᠶᠢᠨ ᠬᠠᠤᠯᠢ ᠬᠡᠷᠡᠭᠵᠢᠭᠦᠯᠬᠦ ᠠᠵᠢᠯ ᠢ ᠴᠢᠩᠭᠠᠳᠬᠠᠬᠤ ᠨᠢ ᠨᠤᠲᠤᠭ ᠪᠡᠯᠴᠢᠭᠡᠷ ᠤᠨ ᠬᠠᠮᠠᠭᠠᠯᠠᠯᠲᠠ ᠪᠠ ᠬᠠᠮᠢᠶᠠᠷᠤᠯᠲᠠ ᠶᠢ | ᠤᠯᠠᠮ ᠨᠢᠭᠡ ᠠᠯᠬᠤᠮ ᠴᠢᠩᠭᠠᠳᠬᠠᠵᠤ᠂ ᠨᠤᠲᠤᠭ ᠪᠡᠯᠴᠢᠭᠡᠷ ᠤᠨ ᠡᠬᠢ ᠪᠠᠶᠠᠯᠢᠭ ᠢ ᠬᠠᠮᠠᠭᠠᠯᠠᠵᠤ᠂ ᠨᠤᠲᠤᠭ ᠪᠡᠯᠴᠢᠭᠡᠷ ᠤᠨ ᠦᠷᠭᠦᠯᠵᠢᠯᠡᠬᠦᠶᠢᠴᠡ ᠬᠥᠭᠵᠢᠯᠲᠡ ᠶᠢ | ᠠᠬᠢᠭᠤᠯᠤᠨ᠎ᠠ᠃ | ︽ᠣᠳᠣᠬᠠᠨ ᠳᠤ᠂ ᠨᠤᠲᠤᠭ ᠪᠡᠯᠴᠢᠭᠡᠷ ᠤᠨ ᠬᠠᠤᠯᠢ ᠬᠡᠷᠡᠭᠵᠢᠭᠦᠯᠬᠦ ᠠᠵᠢᠯ ᠳᠤ ᠵᠠᠷᠢᠮ ᠠᠰᠠᠭᠤᠳᠠᠯ ᠣᠷᠣᠰᠢᠵᠤ᠂ ᠨᠤᠲᠤᠭ ᠪᠡᠯᠴᠢᠭᠡᠷ ᠢ ᠬᠠᠮᠠᠭᠠᠯᠠᠬᠤ | ᠠᠵᠢᠯ ᠤᠨ ᠭᠦᠨᠵᠡᠭᠡᠢ ᠥᠷᠨᠢᠬᠦ ᠶᠢ ᠵᠣᠬᠢᠬᠤ ᠬᠡᠮᠵᠢᠶ᠎ᠡ ᠪᠠᠷ ᠨᠥᠯᠥᠭᠡᠯᠡᠵᠦ ᠪᠠᠶᠢᠨ᠎ᠠ᠃ ᠬᠠᠮᠤᠭ ᠲᠡᠷᠢᠭᠦᠨ ᠳᠤ᠂ ᠮᠠᠨ ᠤ ᠬᠤᠰᠢᠭᠤᠨ ᠤ ᠨᠤᠲᠤᠭ ᠪᠡᠯᠴᠢᠭᠡᠷ ᠤᠨ ᠬᠠᠤᠯᠢ | ᠬᠡᠷᠡᠭᠵᠢᠭᠦᠯᠬᠦ ᠬᠦᠴᠦᠨ ᠪᠠᠭᠤᠷᠠᠢ ᠪᠠᠶᠢᠨ᠎ᠠ᠃ ᠬᠠᠤᠯᠢ ᠬᠡᠷᠡᠭᠵᠢᠭᠦᠯᠬᠦ ᠡᠩᠨᠡᠭᠡᠨ ᠤ ᠥᠭᠡᠷᠡᠴᠢᠯᠡᠯᠲᠡ ᠠᠴᠠ ᠪᠣᠯᠵᠤ᠂ ᠤᠤᠯ ᠤᠨ ᠰᠢᠨ᠎ᠡ ᠪᠠᠷᠭᠤ ᠪᠠᠷᠠᠭᠤᠨ ᠬᠤᠰᠢᠭᠤᠨ ᠤ | ᠣᠢ ᠰᠢᠭᠤᠢ ᠨᠤᠲᠤᠭ ᠪᠡᠯᠴᠢᠭᠡᠷ ᠤᠨ ᠲᠣᠪᠴᠢᠶ᠎ᠠ ᠶᠢᠨ ᠬᠠᠷᠢᠶᠠᠨ ᠳᠠᠬᠢ ᠠᠵᠢᠯ ᠦᠢᠯᠡᠰ ᠤᠨ ᠨᠢᠭᠡᠴᠢ ᠶᠢᠨ ᠨᠤᠲᠤᠭ ᠪᠡᠯᠴᠢᠭᠡᠷ ᠤᠨ ᠶᠡᠷᠦᠩᠬᠡᠶᠢᠯᠡᠭᠰᠡᠨ ᠵᠠᠰᠠᠭ | ᠵᠠᠬᠢᠷᠭᠠᠨ ᠤ ᠬᠠᠤᠯᠢ ᠬᠡᠷᠡᠭᠵᠢᠭᠦᠯᠬᠦ ᠶᠡᠭᠡ ᠠᠩᠭᠢ ᠶᠢ ᠬᠤᠰᠢᠭᠤᠨ ᠤ ᠲᠠᠷᠢᠶᠠᠯᠠᠩ ᠮᠠᠯ ᠠᠵᠤ ᠠᠬᠤᠢ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ | ᠬᠡᠷᠡᠭᠵᠢᠭᠦᠯᠬᠦ ᠶᠡᠭᠡ ᠠᠩᠭᠢ ᠳᠤ ᠰᠢᠯᠵᠢᠭᠦᠯᠦᠨ ᠣᠷᠣᠭᠤᠯᠪᠠ᠂ ᠣᠳᠣᠬᠠᠨ ᠳᠤ ᠨᠤᠲᠤᠭ ᠪᠡᠯᠴᠢᠭᠡᠷ ᠤᠨ ᠬᠠᠮᠠᠭᠠᠯᠠᠯᠲᠠ ᠶᠢᠨ ᠬᠠᠤᠯᠢ ᠬᠡᠷᠡᠭᠵᠢᠭᠦᠯᠬᠦ ᠠᠵᠢᠯᠲᠠᠳ | ᠬᠤᠰᠢᠭᠤᠨ ᠤ ᠣᠢ ᠰᠢᠭᠤᠢ ᠨᠤᠲᠤᠭ ᠪᠡᠯᠴᠢᠭᠡᠷ ᠤᠨ ᠲᠣᠪᠴᠢᠶᠠᠨ ᠳᠤ ᠲᠥᠪᠯᠡᠷᠡᠨ ᠠᠵᠢᠯᠯᠠᠵᠤ ᠪᠠᠶᠢᠬᠤ ᠪᠤᠯᠪᠠᠴᠤ ᠠᠵᠢᠯ ᠠᠴᠠ ᠪᠠᠨ ᠠᠮᠠᠷᠠᠭᠰᠠᠨ᠂ ᠠᠵᠢᠯ | ᠰᠢᠯᠵᠢᠭᠰᠡᠨ ᠵᠡᠷᠭᠡ ᠰᠢᠯᠲᠠᠭᠠᠨ ᠠᠴᠠ ᠪᠣᠯᠵᠤ᠂ ᠲᠤᠰᠬᠠᠢ ᠨᠤᠲᠤᠭ ᠪᠡᠯᠴᠢᠭᠡᠷ ᠤᠨ ᠬᠠᠤᠯᠢ ᠬᠡᠷᠡᠭᠵᠢᠭᠦᠯᠬᠦ ᠠᠵᠢᠯᠲᠠᠨ ᠵᠦᠪᠭᠡᠨ 2 ᠬᠥᠮᠥᠨ ᠪᠤᠢ᠂ ᠡᠨᠡ ᠨᠢ ᠬᠠᠤᠯᠢ | ᠬᠡᠷᠡᠭᠵᠢᠭᠦᠯᠬᠦ ᠬᠢᠨᠠᠨ ᠬᠠᠮᠢᠶᠠᠷᠤᠯᠲᠠ ᠶᠢᠨ ᠦᠷ᠎ᠡ ᠠᠰᠢᠭ ᠢ ᠨᠥᠯᠥᠭᠡᠯᠡᠵᠦ ᠪᠠᠶᠢᠨ᠎ᠠ᠃ ᠬᠤᠶᠠᠷ ᠲᠤ᠂ ᠨᠤᠲᠤᠭ ᠪᠡᠯᠴᠢᠭᠡᠷ ᠤᠨ ᠬᠠᠤᠯᠢ ᠬᠡᠷᠡᠭᠵᠢᠭᠦᠯᠬᠦ ᠠᠵᠢᠯ ᠳᠤ | ᠲᠤᠯᠭᠠᠷᠠᠵᠤ ᠪᠠᠶᠢᠭ᠎ᠠ ᠬᠦᠴᠢᠷᠳᠡᠯ ᠨᠡᠮᠡᠭᠳᠡᠪᠡ᠃ ᠨᠤᠲᠤᠭ ᠪᠡᠯᠴᠢᠭᠡᠷ ᠤᠨ ᠬᠠᠮᠠᠭᠠᠯᠠᠯᠲᠠ ᠶᠢᠨ ᠬᠠᠤᠯᠢ ᠬᠡᠷᠡᠭᠵᠢᠭᠦᠯᠬᠦ ᠶᠠᠪᠤᠴᠠᠳᠤ᠂ ᠪᠠᠶᠢᠴᠠᠭᠠᠵᠤ ᠭᠡᠷᠡᠴᠢ ᠠᠪᠬᠤ | ᠠᠵᠢᠯ ᠶᠡᠷᠦ ᠨᠢ ᠮᠠᠰᠢ ᠣᠯᠠᠨ ᠬᠦᠴᠢᠷᠳᠡᠯ ᠳᠤ ᠲᠤᠯᠭᠠᠷᠠᠬᠤ ᠶᠤᠮ᠃ ᠵᠢᠱᠢᠶᠡᠯᠡᠪᠡᠯ ᠲᠤᠬᠠᠢ ᠶᠢᠨ ᠬᠥᠮᠥᠨ᠂ ᠪᠠᠶᠢᠳᠠᠯ ᠢ ᠮᠡᠳᠡᠬᠦ ᠬᠥᠮᠥᠨ ᠪᠤᠶᠤ ᠰᠡᠵᠢᠭᠯᠡᠯᠲᠡᠢ ᠬᠥᠮᠥᠨ | ᠪᠠᠶᠢᠴᠠᠭᠠᠯᠲᠠ ᠳᠤ ᠬᠠᠮᠵᠢᠯᠴᠠᠬᠤ ᠦᠭᠡᠢ ᠪᠠᠶᠢᠵᠤ ᠮᠡᠳᠡᠬᠦ ᠪᠥᠭᠡᠳ ᠴᠢᠨᠠᠭᠰᠢᠯᠠᠭᠠᠳ ᠬᠠᠤᠯᠢ ᠬᠡᠷᠡᠭᠵᠢᠭᠦᠯᠬᠦ ᠠᠴᠠ ᠵᠠᠶᠢᠯᠠᠵᠤ᠂ ᠡᠰᠡᠷᠭᠦᠴᠡᠬᠦ ᠪᠠᠶᠢᠳᠠᠯ ᠣᠷᠣᠰᠢᠵᠤ ᠪᠤᠢ᠃ | ᠭᠤᠷᠪᠠ ᠳᠤ᠂ ᠨᠤᠲᠤᠭ ᠪᠡᠯᠴᠢᠭᠡᠷ ᠤᠨ ᠬᠠᠮᠠᠭᠠᠯᠠᠯᠲᠠ ᠶᠢᠨ ᠬᠠᠤᠯᠢ ᠬᠡᠷᠡᠭᠵᠢᠭᠦᠯᠬᠦ ᠠᠷᠭ᠎ᠠ ᠪᠠᠷᠢᠯ ᠳᠠᠩ ᠴᠤᠯᠭᠤᠢ ᠪᠠᠶᠢᠨ᠎ᠠ᠃ ᠵᠠᠷᠤᠳᠠᠯ ᠮᠥᠩᠭᠦ ᠪᠠᠴᠢᠮ᠂ ᠲᠡᠷᠢᠭᠦᠨ ᠤ | ᠬᠠᠤᠯᠢ ᠬᠡᠷᠡᠭᠵᠢᠭᠦᠯᠬᠦ ᠮᠡᠷᠭᠡᠵᠢᠯ ᠪᠣᠯᠣᠨ ᠲᠥᠬᠦᠭᠡᠷᠦᠮᠵᠢ ᠳᠤᠲᠠᠭᠳᠠᠬᠤ ᠨᠢ ᠬᠠᠤᠯᠢ ᠬᠡᠷᠡᠭᠵᠢᠭᠦᠯᠬᠦ ᠦᠷ᠎ᠡ ᠪᠦᠲᠦᠮᠵᠢ ᠪᠣᠯᠣᠨ ᠣᠨᠣᠪᠴᠢᠲᠤ ᠴᠢᠨᠠᠷ ᠢ ᠨᠥᠯᠥᠭᠡᠯᠡᠵᠦ | ᠪᠠᠶᠢᠨ᠎ᠠ︾ ᠭᠡᠵᠦ ᠪᠤᠤ ᠯᠦᠩ ᠰᠢᠨ᠎ᠡ ᠪᠠᠷᠭᠤ ᠪᠠᠷᠠᠭᠤᠨ ᠬᠤᠰᠢᠭᠤᠨ ᠤ ᠨᠤᠲᠤᠭ ᠪᠡᠯᠴᠢᠭᠡᠷ ᠤᠨ ᠬᠠᠮᠠᠭᠠᠯᠠᠯᠲᠠ ᠶᠢᠨ ᠬᠠᠤᠯᠢ ᠬᠡᠷᠡᠭᠵᠢᠭᠦᠯᠬᠦ ᠠᠵᠢᠯ ᠳᠤ ᠲᠤᠯᠭᠠᠷᠠᠵᠤ | ᠪᠠᠶᠢᠭ᠎ᠠ ᠬᠦᠴᠢᠷᠳᠡᠯ᠂ ᠣᠷᠣᠰᠢᠵᠤ ᠪᠠᠶᠢᠭ᠎ᠠ ᠠᠰᠠᠭᠤᠳᠠᠯ ᠤᠨ ᠲᠤᠬᠠᠢ ᠰᠤᠷᠪᠤᠯᠵᠢᠯᠠᠬᠴᠢ ᠳᠤ ᠡᠶᠢᠨ ᠬᠦ ᠶᠠᠷᠢᠵᠤ ᠪᠠᠶᠢᠯ᠎ᠠ᠃ | ᠡᠳᠡᠭᠡᠷ ᠪᠠᠶᠢᠳᠠᠯ ᠳᠤ ᠬᠠᠨᠳᠤᠭᠤᠯᠤᠨ ᠪᠤᠤ ᠯᠦᠩ᠄ ︽ᠬᠠᠤᠯᠢ ᠬᠡᠷᠡᠭᠵᠢᠭᠦᠯᠬᠦ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠵᠤ᠂ ᠲᠤᠰᠬᠠᠶᠢᠵᠢᠭᠰᠠᠨ ᠨᠤᠲᠤᠭ | ᠪᠡᠯᠴᠢᠭᠡᠷ ᠤᠨ ᠬᠠᠮᠠᠭᠠᠯᠠᠯᠲᠠ ᠶᠢᠨ ᠬᠠᠤᠯᠢ ᠬᠡᠷᠡᠭᠵᠢᠭᠦᠯᠬᠦ ᠡᠩᠨᠡᠭᠡ ᠶᠢ ᠪᠠᠶᠢᠭᠤᠯᠪᠠᠯ ᠵᠣᠬᠢᠨ᠎ᠠ᠂ ᠬᠠᠤᠯᠢ ᠬᠡᠷᠡᠭᠵᠢᠭᠦᠯᠬᠦ ᠠᠵᠢᠯᠲᠠᠨ ᠤ ᠣᠷᠣᠨ ᠲᠤᠭ᠎ᠠ ᠶᠢ ᠨᠡᠮᠡᠭᠳᠡᠭᠦᠯᠦᠨ᠂ | ᠵᠠᠯᠠᠭᠤ ᠬᠠᠤᠯᠢ ᠬᠡᠷᠡᠭᠵᠢᠭᠦᠯᠬᠦ ᠬᠦᠴᠦᠨ ᠢ ᠲᠣᠬᠢᠷᠠᠭᠤᠯᠵᠤ᠂ ᠬᠠᠤᠯᠢ ᠬᠡᠷᠡᠭᠵᠢᠭᠦᠯᠬᠦ ᠪᠣᠯᠪᠠᠰᠤᠷᠠᠯ ᠪᠣᠯᠣᠨ ᠬᠥᠮᠦᠵᠢᠯ ᠤᠨ ᠠᠵᠢᠯᠯᠠᠭ᠎ᠠ ᠶᠢ ᠲᠣᠭᠲᠠᠮᠠᠯ | ᠬᠤᠭᠤᠴᠠᠭ᠎ᠠ ᠲᠠᠢ ᠪᠠᠷ ᠥᠷᠨᠢᠭᠦᠯᠪᠡᠯ ᠵᠣᠬᠢᠨ᠎ᠠ᠃ ᠨᠤᠲᠤᠭ ᠪᠡᠯᠴᠢᠭᠡᠷ ᠤᠨ ᠬᠠᠤᠯᠢ ᠬᠡᠷᠡᠭᠵᠢᠭᠦᠯᠦᠯᠲᠡ ᠶᠢ ᠵᠣᠬᠢᠴᠠᠭᠤᠯᠬᠤ ᠲᠣᠭᠲᠠᠴᠠ ᠶᠢ ᠪᠠᠶᠢᠭᠤᠯᠵᠤ᠂ ᠣᠷᠣᠨ | ᠨᠤᠲᠤᠭ ᠤᠨ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠯᠦᠭᠡ ᠶᠢᠨ ᠨᠡᠪᠲᠡᠷᠡᠯᠴᠡᠭᠡ ᠬᠠᠷᠢᠯᠴᠠᠭ᠎ᠠ ᠪᠠᠨ ᠴᠢᠩᠭᠠᠳᠬᠠᠨ᠂ ᠲᠤᠰᠬᠠᠢ ᠮᠡᠷᠭᠡᠵᠢᠯᠲᠡᠨ ᠢ ᠵᠣᠬᠢᠶᠠᠨ | ᠪᠠᠶᠢᠭᠤᠯᠤᠨ ᠣᠷᠣᠨ ᠨᠤᠲᠤᠭ ᠤᠨ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠲᠤ ᠮᠡᠷᠭᠡᠵᠢᠯ ᠤᠨ ᠳᠡᠮᠵᠢᠯᠭᠡ ᠪᠠ ᠵᠢᠯᠣᠭᠤᠳᠤᠯᠭ᠎ᠠ ᠬᠠᠩᠭᠠᠨ᠎ᠠ᠃ ᠨᠤᠲᠤᠭ | ᠪᠡᠯᠴᠢᠭᠡᠷ ᠤᠨ ᠬᠠᠤᠯᠢ ᠬᠡᠷᠡᠭᠵᠢᠭᠦᠯᠬᠦ ᠵᠠᠷᠤᠳᠠᠯ ᠮᠥᠩᠭᠦ ᠶᠢᠨ ᠣᠷᠣᠭᠤᠯᠤᠯᠲᠠ ᠶᠢ ᠨᠡᠮᠡᠭᠳᠡᠭᠦᠯᠵᠦ᠂ ᠨᠤᠲᠤᠭ ᠪᠡᠯᠴᠢᠭᠡᠷ ᠤᠨ ᠬᠠᠤᠯᠢ ᠬᠡᠷᠡᠭᠵᠢᠭᠦᠯᠬᠦ ᠡᠩᠨᠡᠭᠡ ᠳᠤ | ᠲᠡᠷᠢᠭᠦᠨ ᠤ ᠬᠠᠤᠯᠢ ᠬᠡᠷᠡᠭᠵᠢᠭᠦᠯᠬᠦ ᠲᠥᠬᠦᠭᠡᠷᠦᠮᠵᠢ ᠪᠣᠯᠣᠨ ᠪᠠᠭᠠᠵᠢ ᠬᠡᠷᠡᠭᠰᠡᠯ ᠲᠣᠬᠢᠷᠠᠭᠤᠯᠵᠤ ᠥᠭᠬᠦ ᠶᠢ ᠬᠦᠰᠡᠵᠦ ᠪᠠᠶᠢᠨ᠎ᠠ︾ ᠬᠡᠮᠡᠨ ᠲᠤᠰ ᠤᠳᠠᠭᠠᠨ ᠤ ︽ᠬᠤᠶᠠᠷ | ᠬᠤᠷᠠᠯ︾ ᠳᠤ ᠳᠡᠪᠰᠢᠭᠦᠯᠦᠭᠰᠡᠨ ᠰᠠᠨᠠᠯ ᠵᠥᠪᠯᠡᠯᠭᠡ ᠶᠢᠨ ᠢᠶᠠᠨ ᠲᠤᠬᠠᠢ ᠶᠠᠷᠢᠵᠤ ᠪᠠᠶᠢᠯ᠎ᠠ᠃ | ᠲᠥᠯᠥᠭᠡᠯᠡᠭᠴᠢ ᠪᠤᠤ ᠯᠦᠩ ᠥᠨᠥ ᠵᠢᠯ ᠲᠠᠪᠤᠳᠠᠭᠢ ᠤᠳᠠᠭ᠎ᠠ ᠬᠤᠳᠠ ᠶᠢᠨ ᠠᠷᠠᠳ ᠤᠨ ᠲᠥᠯᠥᠭᠡᠯᠡᠭᠴᠢ ᠶᠢᠨ ᠬᠤᠪᠢ ᠪᠠᠷ ︽ᠬᠤᠶᠠᠷ ᠬᠤᠷᠠᠯ︾ ᠳᠤ | ᠤᠷᠤᠯᠴᠠᠵᠤ᠂ ᠠᠷᠠᠳ ᠤᠯᠠᠨ ᠤ ᠪᠠᠨ ᠠᠮᠢᠳᠤᠷᠠᠯ ᠦᠢᠯᠡᠳᠪᠦᠷᠢᠯᠡᠯ ᠳᠤ ᠬᠤᠯᠪᠣᠭᠳᠠᠬᠤ ᠴᠢᠬᠤᠯᠠ ᠠᠰᠠᠭᠤᠳᠠᠯ ᠢ ᠲᠤᠰᠬᠠᠬᠤ ᠶᠢ ᠬᠢᠴᠢᠶᠡᠭᠰᠡᠭᠡᠷ ᠢᠷᠡᠵᠠᠢ᠂ | ᠲᠥᠯᠥᠭᠡᠯᠡᠭᠴᠢ ᠪᠤᠦ ᠯᠦᠩ ᠤᠨ ᠳᠤᠷᠠᠳᠤᠭᠰᠠᠨ ᠰᠠᠨᠠᠯ ᠵᠥᠪᠯᠡᠯᠭᠡ ᠨᠢ ᠡᠷᠲᠡ ᠡᠳᠦᠷ ᠪᠡᠶᠡᠯᠡᠯ ᠢᠶᠠᠨ ᠣᠯᠬᠤ ᠶᠢ ᠬᠦᠰᠡᠶ᠎ᠡ︕ | |