ᠲᠥᠯᠥᠭᠡᠯᠡᠭᠴᠢ ᠰᠠᠨ᠎ᠠ᠄ ᠮᠠᠯᠴᠢᠳ ᠤᠨ ᠵᠢᠭᠡᠯᠡᠯᠭᠡ ᠶᠢᠨ ᠠᠰᠠᠭᠤᠳᠠᠯ ᠳᠤ ᠠᠩᠬᠠᠷᠤᠯ ᠲᠥᠪᠯᠡᠷᠡᠭᠦᠯᠬᠦ ᠶᠢ ᠬᠦᠰᠡᠵᠦ ᠪᠠᠶᠢᠨ᠎ᠠ
ᠨᠡᠶᠢᠲᠡᠯᠡᠭᠰᠡᠨ ᠴᠠᠭ᠄
2025/1/17
       ᠬᠥᠯᠥᠨ ᠪᠤᠶᠢᠷ ᠬᠤᠲᠠ ᠶᠢᠨ ᠲᠠᠪᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠠᠪᠤᠳᠤᠭᠠᠷ ᠬᠤᠷᠠᠯ ᠬᠠᠶᠢᠯᠠᠷ ᠲᠤ  ᠬᠤᠷᠠᠯᠳᠤᠵᠤ᠂ ᠲᠥᠯᠥᠭᠡᠯᠡᠭᠴᠢᠳ ᠮᠠᠨᠢ ᠮᠠᠨ ᠤ ᠬᠤᠲᠠ ᠶᠢᠨ ᠪᠦᠭᠦ ᠲᠠᠯ᠎ᠠ ᠶᠢᠨ ᠬᠥᠭᠵᠢᠯᠲᠡ ᠳᠤ ᠠᠷᠭ᠎ᠠ ᠤᠬᠠᠭᠠᠨ ᠢᠶᠠᠨ ᠰᠤᠪᠢᠵᠤ᠂ ᠬᠦᠴᠦᠨ ᠴᠢᠳᠠᠯ ᠢᠶᠠᠨ  ᠡᠷᠭᠦᠬᠦ ᠪᠠᠷ ᠡᠯ᠎ᠡ ᠭᠠᠵᠠᠷ᠂ ᠡᠯ᠎ᠡ ᠠᠵᠢᠯ ᠤᠨ ᠪᠠᠶᠢᠷᠢ ᠠᠴᠠ ᠪᠠᠨ ᠬᠦᠷᠦᠯᠴᠡᠨ ᠢᠷᠡᠵᠦ ᠬᠤᠷᠠᠯ ᠳᠤ ᠣᠷᠣᠯᠴᠠᠪᠠ᠃ ᠡᠭᠦᠨ ᠤ ᠳᠤᠮᠳᠠ ᠡᠸᠡᠩᠬᠢ ᠦᠨᠳᠦᠰᠦᠲᠡᠨ ᠤ  ᠥᠪᠡᠷᠲᠡᠭᠡᠨ ᠵᠠᠰᠠᠬᠤ ᠬᠤᠰᠢᠭᠤᠨ ᠤ ᠬᠤᠢ ᠰᠤᠮᠤᠨ ᠤ ᠵᠠᠰᠠᠭ ᠤᠨ ᠣᠷᠳᠣᠨ ᠳᠤ ᠠᠵᠢᠯ ᠠᠯᠪᠠ ᠲᠠᠢ ᠰᠠᠨ᠎ᠠ ᠠᠴᠠ ︽ᠮᠠᠯᠴᠢᠳ ᠤᠨ ᠵᠢᠭᠡᠯᠡᠯᠭᠡ ᠶᠢᠨ  ᠠᠰᠠᠭᠤᠳᠠᠯ ᠳᠤ ᠠᠩᠬᠠᠷᠤᠯ ᠲᠥᠪᠯᠡᠷᠡᠭᠦᠯᠬᠦ ᠶᠢ ᠬᠦᠰᠡᠵᠦ ᠪᠠᠶᠢᠨ᠎ᠠ︾ᠬᠡᠮᠡᠬᠦ ᠰᠠᠨᠠᠯ ᠵᠥᠪᠯᠡᠯᠭᠡ ᠲᠠᠢ ᠪᠠᠨ ᠲᠤᠰ ᠤᠳᠠᠭᠠᠨ ᠤ︽ᠬᠤᠶᠠᠷ ᠬᠤᠷᠠᠯ︾ ᠳᠤ ᠤᠷᠤᠯᠴᠠᠵᠤ  ᠪᠢᠯᠡ᠃                ᠬᠠᠷᠠᠬᠠᠨ ᠪᠠᠭ᠎ᠠ ᠠᠴᠠ ᠪᠠᠨ ᠮᠠᠯᠵᠢᠬᠤ ᠣᠷᠣᠨ ᠳᠤ ᠥᠰᠴᠦ ᠲᠦᠷᠦᠨ᠂ ᠦᠨᠳᠦᠰᠦᠨ ᠱᠠᠲᠤᠨ ᠳᠤ ᠠᠵᠢᠯᠯᠠᠵᠤ ᠪᠠᠶᠢᠭ᠎ᠠ ᠲᠥᠯᠥᠭᠡᠯᠡᠭᠴᠢ ᠰᠠᠨ᠎ᠠ ᠲᠠᠯ᠎ᠠ  ᠨᠤᠲᠤᠭ᠂ ᠮᠠᠯᠵᠢᠬᠤ ᠣᠷᠣᠨ᠂ ᠮᠠᠯᠴᠢᠨ ᠲᠦᠮᠡᠨ ᠲᠠᠢ ᠪᠠᠨ ᠢᠮᠠᠭᠲᠠ ᠰᠡᠳᠬᠢᠯ ᠵᠢᠷᠦᠬᠡᠨ ᠤ  ᠤᠶᠠᠭᠠᠲᠠᠢ᠃ ᠬᠤᠲᠠ ᠶᠢᠨ ᠠᠷᠠᠳ ᠤᠨ ᠲᠥᠯᠥᠭᠡᠯᠡᠭᠴᠢ ᠪᠣᠯᠤᠭᠰᠠᠨ  ᠨᠠᠨᠳᠢᠨ ᠵᠠᠪᠰᠢᠶᠠᠨ ᠢᠶᠠᠷ ᠢᠶᠠᠨ ᠮᠠᠯᠴᠢᠨ ᠲᠦᠮᠡᠨ ᠤ ᠪᠠᠨ ᠦᠢᠯᠡᠳᠪᠦᠷᠢᠯᠡᠯ ᠠᠮᠢᠳᠤᠷᠠᠯ ᠤᠨ ᠪᠠᠶᠢᠳᠠᠯ ᠪᠠ ᠲᠤᠯᠭᠠᠷᠠᠵᠤ ᠪᠦᠬᠦᠢ ᠬᠦᠴᠢᠷᠳᠡᠯ ᠲᠦᠪᠡᠭᠳᠡᠯ ᠢ ᠨᠢ︽ᠬᠤᠶᠠᠷ ᠬᠤᠷᠠᠯ︾ ᠤᠨ ᠠᠩᠬᠠᠷᠤᠯ ᠳᠤ ᠬᠦᠷᠭᠡᠬᠦ ᠪᠠᠷ ᠠᠷᠭ᠎ᠠ ᠤᠬᠠᠭᠠᠨ ᠢᠶᠠᠨ ᠰᠢᠪᠬᠠᠨ᠎ᠠ᠃ ᠲᠡᠷᠡ ᠵᠠᠯᠭᠠᠭ᠎ᠠ ᠪᠠᠷ ᠬᠤᠶᠠᠷ ᠬᠤᠭᠤᠴᠠᠭ᠎ᠠ ᠠᠷᠠᠳ ᠤᠨ  ᠲᠥᠯᠥᠭᠡᠯᠡᠭᠴᠢ ᠪᠠᠷ ᠰᠣᠩᠭᠤᠭᠳᠠᠨ᠂ ᠬᠤᠢ ᠰᠤᠮᠤᠨ ᠤ ᠤᠡᠭᠭᠤᠨᠲᠤᠬᠤᠢ ᠭᠠᠴᠠᠭᠠᠨ ᠤ ᠴᠠᠭᠢᠯᠭᠠᠨ ᠨᠡᠪᠲᠡᠷᠡᠬᠦ ᠰᠠᠨᠠᠯ ᠵᠥᠪᠯᠡᠯᠭᠡ ᠨᠢ ᠪᠡᠶᠡᠯᠡᠯ ᠢᠶᠠᠨ ᠣᠯᠵᠤ᠂ ᠪᠤᠶᠢᠲᠠ  ᠪᠥᠭᠯᠡᠭᠦᠦ ᠮᠠᠯᠵᠢᠬᠤ ᠣᠷᠣᠨ ᠤ ᠰᠦᠯᠵᠢᠶᠡᠨ ᠳᠣᠬᠢᠶ᠎ᠠ ᠶᠢ ᠪᠦᠷᠬᠦᠭᠦᠯᠬᠦ ᠰᠠᠨᠠᠯ ᠵᠥᠪᠯᠡᠯᠭᠡ ᠨᠢ ᠴᠦ ᠪᠡᠶᠡᠯᠡᠯ ᠢᠶᠠᠨ ᠣᠯᠣᠭᠰᠠᠨ ᠪᠠᠶᠢᠨ᠎ᠠ᠃               ᠰᠠᠨ᠎ᠠ ᠰᠤᠷᠪᠤᠯᠵᠢᠯᠠᠬᠴᠢ ᠳᠤ᠄ ︽ᠵᠠᠰᠠᠭ ᠤᠨ ᠣᠷᠳᠣᠨ ᠤ ᠠᠵᠢᠯ ᠤᠨ ᠢᠯᠡᠳᠬᠡᠯ ᠢ ᠰᠣᠨᠣᠰᠤᠭᠠᠳ ᠮᠠᠰᠢ ᠶᠡᠭᠡ ᠣᠯᠣᠯᠲᠠ ᠲᠠᠢ ᠪᠠᠶᠢᠨ᠎ᠠ᠂︿ᠭᠤᠷᠪᠠ ᠶᠢ  ᠬᠤᠪᠢᠷᠠᠭᠤᠯᠬᠤ﹀ ᠥᠭᠡᠷᠡᠴᠢᠯᠡᠯᠲᠡ ᠨᠢ ᠨᠠᠳᠠᠳᠤ ᠶᠡᠭᠡ ᠰᠠᠭᠤᠭᠳᠠᠯ ᠦᠯᠡᠳᠡᠭᠡᠭᠰᠡᠨ ᠶᠤᠮ᠂ ᠡᠬᠢ ᠪᠠᠶᠠᠯᠢᠭ ᠢ ᠡᠳ᠋ ᠬᠥᠷᠥᠩᠭᠡ ᠪᠣᠯᠭᠠᠨ ᠬᠤᠪᠢᠷᠠᠭᠤᠯᠬᠤ᠂ ᠪᠡᠯᠡ  ᠮᠥᠩᠭᠦ ᠶᠢ ᠬᠤᠪᠢ ᠮᠥᠩᠭᠦ ᠪᠣᠯᠭᠠᠨ ᠬᠤᠪᠢᠷᠠᠭᠤᠯᠬᠤ᠂ ᠮᠠᠯᠴᠢᠨ ᠲᠠᠷᠢᠶᠠᠴᠢᠳ ᠬᠤᠪᠢ ᠣᠷᠣᠭᠤᠯᠤᠭᠴᠢ ᠪᠤᠯᠬᠤ ᠶᠢ ︿ᠭᠤᠷᠪᠠ ᠶᠢ ᠬᠤᠪᠢᠷᠠᠭᠤᠯᠬᠤ﹀ ᠵᠠᠭᠪᠤᠷ ᠭᠡᠨ᠎ᠡ᠃ ᠲᠡᠷᠡ ᠨᠢ ᠬᠥᠳᠡᠭᠡ ᠲᠣᠰᠬᠤᠨ ᠤ ᠬᠠᠮᠲᠤ ᠶᠢᠨ ᠠᠵᠤ ᠠᠬᠤᠢ ᠶᠢᠨ ᠪᠣᠳᠠᠲᠤ ᠬᠦᠴᠦᠨ ᠢ ᠶᠡᠬᠡᠪᠡᠷ ᠨᠡᠮᠡᠭᠳᠡᠭᠦᠯᠵᠦ᠂ ᠮᠠᠯᠴᠢᠨ ᠲᠠᠷᠢᠶᠠᠴᠢᠳ ᠤᠨ ᠣᠷᠣᠯᠭ᠎ᠠ ᠶᠢ  ᠨᠡᠮᠡᠭᠳᠡᠭᠦᠯᠦᠨ ᠪᠠᠶᠠᠵᠢᠯ ᠢ ᠠᠬᠢᠭᠤᠯᠤᠨ᠎ᠠ᠃ ᠭᠡᠪᠡᠴᠦ ᠮᠠᠯᠵᠢᠬᠤ ᠣᠷᠣᠨ ᠤ ᠣᠳᠣᠬᠢ ᠪᠠᠶᠢᠳᠠᠯ ᠳᠤ ᠪᠠᠰᠠ ᠶᠡᠭᠡ ᠤᠯᠠᠨ ᠠᠰᠠᠭᠤᠳᠠᠯ ᠪᠠ ᠬᠦᠴᠢᠷᠳᠡᠯ ᠣᠷᠣᠰᠢᠵᠤ ᠪᠤᠢ᠂ ᠮᠠᠯᠴᠢᠳ ᠤᠨ ᠥᠷᠢ ᠵᠢᠭᠡᠯᠡᠯᠭᠡ ᠶᠢᠨ ᠠᠰᠠᠭᠤᠳᠠᠯ ᠬᠦᠨᠳᠦ ᠨᠣᠴᠢᠲᠠᠢ ᠪᠠᠶᠢᠵᠤ᠂ ᠮᠠᠯ ᠤᠨ ᠦᠨ᠎ᠡ ᠬᠠᠩᠰᠢ ᠳᠣᠣᠷ᠎ᠠ᠂ ᠮᠠᠯᠴᠢᠳ ᠤᠨ ᠤᠷᠤᠯᠭ᠎ᠠ ᠮᠠᠰᠢ ᠳᠣᠣᠷ᠎ᠠ ᠪᠤᠢ᠃ ᠣᠨᠴᠠᠭᠠᠶᠢᠯᠠᠨ ᠪᠡᠯᠴᠢᠭᠡᠷᠯᠡᠭᠦᠯᠬᠦ ᠶᠢ ᠵᠣᠭᠰᠣᠭᠠᠵᠤ ᠪᠡᠯᠴᠢᠭᠡᠷ ᠢ ᠰᠡᠷᠭᠦᠭᠡᠬᠦ ᠬᠡᠳᠦᠨ ᠰᠠᠷ᠎ᠠ ᠶᠢᠨ ᠬᠠᠰᠢᠶᠠᠯᠠᠨ ᠲᠡᠵᠢᠭᠡᠬᠦ ᠬᠤᠭᠤᠴᠠᠭᠠᠨ ᠳᠤ ᠮᠠᠯ ᠤᠨ ᠡᠪᠡᠰᠦ  ᠪᠣᠷᠳᠤᠭ᠎ᠠ ᠲᠤᠲᠠᠭᠳᠠᠵᠤ᠂ ᠮᠠᠯᠴᠢᠳ ᠤᠨ ᠥᠷᠢ ᠵᠢᠭᠡᠯᠡᠯᠭᠡ ᠶᠢ ᠨᠡᠮᠡᠭᠳᠡᠭᠦᠯᠦᠨ᠂ ᠮᠠᠯᠴᠢᠳ ᠤᠨ ᠦᠢᠯᠡᠳᠪᠦᠷᠢᠯᠡᠯ ᠠᠮᠢᠳᠤᠷᠠᠯ ᠤᠨ ᠬᠢᠷᠢ ᠲᠦᠪᠰᠢᠨ ᠢ ᠨᠥᠯᠥᠭᠡᠯᠡᠵᠦ᠂  ᠤᠯᠠᠮᠵᠢᠯᠠᠯᠲᠤ ᠮᠠᠯ ᠠᠵᠤ ᠠᠬᠤᠢ ᠶᠢᠨ ᠭᠡᠯᠪᠡᠷᠢ ᠶᠢ ᠬᠤᠪᠢᠷᠠᠭᠤᠯᠤᠨ ᠳᠡᠰ ᠳᠡᠪᠰᠢᠭᠦᠯᠬᠦ ᠶᠢ ᠴᠦ ᠨᠥᠯᠥᠭᠡᠯᠡᠵᠦ ᠪᠤᠢ︾ᠭᠡᠵᠦ ᠮᠠᠯᠴᠢᠳ ᠲᠤ ᠲᠤᠯᠭᠠᠷᠠᠵᠤ ᠪᠠᠶᠢᠭ᠎ᠠ ᠬᠦᠴᠢᠷᠳᠡᠯ᠂ ᠣᠷᠣᠰᠢᠵᠤ ᠪᠠᠶᠢᠭ᠎ᠠ ᠠᠰᠠᠭᠤᠳᠠᠯ ᠢ ᠤᠯᠠᠨ ᠲᠠᠯ᠎ᠠ ᠪᠠᠷ ᠬᠤᠷᠢᠶᠠᠩᠭᠤᠶᠢᠯᠠᠵᠤ ᠶᠠᠷᠢᠯ᠎ᠠ᠃               ᠡᠳᠡᠭᠡᠷ ᠪᠠᠶᠢᠳᠠᠯ ᠳᠤ ᠬᠠᠨᠳᠤᠭᠤᠯᠤᠨ ᠲᠥᠯᠥᠭᠡᠯᠡᠭᠴᠢ ᠰᠠᠨ᠎ᠠ ᠦᠨᠳᠦᠰᠦᠨ ᠱᠠᠲᠤᠨ ᠳᠤ ᠭᠦᠨᠵᠡᠭᠡᠶᠢᠷᠡᠨ᠂ ᠪᠣᠳᠠᠲᠤ ᠪᠠᠶᠢᠳᠠᠯ ᠢ ᠣᠶᠢᠯᠠᠭᠠᠨ᠂ ᠬᠢᠨᠠᠮᠠᠭᠠᠢ  ᠰᠦᠪᠡᠭᠴᠢᠯᠡᠭᠰᠡᠨ ᠤ ᠳ᠋ᠦᠩ ᠳᠤ ᠲᠤᠰ ᠰᠠᠨᠠᠯ ᠵᠥᠪᠯᠡᠯᠭᠡ ᠪᠠᠨ ᠳᠡᠪᠰᠢᠭᠦᠯᠦᠭᠰᠡᠨ ᠪᠠᠶᠢᠨ᠎ᠠ᠃               ᠰᠠᠨ᠎ᠠ᠄ ︽ᠨᠢᠭᠡ ᠳᠤ᠂ ᠰᠠᠯᠠᠭ᠎ᠠ ᠮᠥᠴᠢᠷ ᠠᠯᠤᠰᠯᠠᠭᠰᠠᠨ ᠵᠣᠬᠢᠴᠠᠭᠤᠯᠬᠤ ᠲᠣᠭᠲᠠᠴᠠ ᠪᠠᠶᠢᠭᠤᠯᠤᠨ᠎ᠠ᠃ ᠣᠷᠣᠨ ᠨᠤᠲᠤᠭ ᠤᠨ ᠵᠠᠰᠠᠭ‌‍ᠤᠨ ᠣᠷᠳᠣᠨ ᠢᠶᠠᠷ  ᠲᠣᠯᠣᠭᠠᠶᠢᠯᠠᠭᠤᠯᠤᠨ᠂ ᠲᠠᠷᠢᠶᠠᠯᠠᠩ ᠮᠠᠯ ᠠᠵᠤ ᠠᠬᠤᠢ ᠶᠢᠨ ᠰᠠᠯᠠᠭ᠎ᠠ ᠮᠥᠴᠢᠷ᠂ ᠡᠳ᠋ ᠤᠨ ᠵᠠᠰᠠᠭ ᠤᠨ ᠰᠠᠯᠠᠭ᠎ᠠ ᠮᠥᠴᠢᠷ᠂ ᠮᠥᠩᠭᠦᠨ ᠭᠦᠢᠯᠭᠡᠭᠡᠨ ᠤ ᠬᠢᠨᠠᠯᠲᠠ  ᠬᠠᠮᠢᠶᠠᠷᠤᠯᠲᠠ ᠶᠢᠨ ᠰᠠᠯᠠᠭ᠎ᠠ ᠮᠥᠴᠢᠷ ᠬᠢᠭᠡᠳ ᠪᠠᠩᠬᠢ ᠶᠢᠨ ᠪᠠᠶᠢᠭᠤᠯᠤᠮᠵᠢ ᠲᠠᠢ ᠬᠠᠮᠲᠤᠷᠠᠨ ᠲᠤᠰᠬᠠᠢ ᠲᠦᠷᠦᠯ ᠤᠨ ᠠᠵᠢᠯ ᠤᠨ ᠳᠤᠭᠤᠶᠢᠯᠠᠩ ᠪᠠᠶᠢᠭᠤᠯᠵᠤ᠂ ᠮᠠᠯᠴᠢᠳ ᠤᠨ ᠵᠢᠭᠡᠯᠡᠯᠭᠡ ᠶᠢᠨ ᠠᠰᠠᠭᠤᠳᠠᠯ ᠳᠤ ᠶᠡᠷᠦᠩᠬᠡᠶᠢᠯᠡᠭᠰᠡᠨ ᠦᠨᠡᠯᠡᠨ ᠵᠢᠱᠢᠯᠲᠡ ᠬᠢᠭᠡᠳ ᠵᠣᠬᠢᠴᠠᠭᠤᠯᠭ᠎ᠠ ᠬᠢᠨ᠎ᠡ᠃ ᠬᠤᠶᠠᠷ ᠲᠤ᠂ ᠬᠦᠦ ᠮᠥᠩᠭᠦ ᠶᠢ ᠪᠠᠭᠤᠷᠠᠭᠤᠯᠬᠤ ᠪᠤᠶᠤ ᠬᠠᠷᠠᠭᠠᠯᠵᠠᠯᠲᠤ ᠵᠢᠭᠡᠯᠡᠯᠭᠡ ᠶᠢᠨ ᠲᠥᠷᠥ ᠶᠢᠨ ᠪᠣᠳᠣᠯᠭ᠎ᠠ ᠶᠢ ᠨᠡᠶᠢᠲᠡᠯᠡᠨ᠎ᠡ᠃ ᠥᠪᠥᠷ ᠮᠣᠩᠭᠤᠯ ᠤᠨ ᠬᠥᠳᠡᠭᠡ ᠲᠣᠰᠬᠤᠨ ᠤ ᠢᠲᠡᠭᠡᠮᠵᠢ ᠶᠢᠨ  ᠬᠤᠷᠰᠢᠶ᠎ᠠ ᠵᠢᠴᠢ ᠪᠤᠰᠤᠳ ᠮᠥᠩᠭᠦᠨ ᠭᠦᠢᠯᠭᠡᠭᠡᠨ ᠤ ᠪᠠᠶᠢᠭᠤᠯᠤᠮᠵᠢ ᠨᠤᠭᠤᠳ ᠮᠠᠯᠴᠢᠳ ᠲᠤ ᠲᠤᠰᠬᠠᠢ ᠲᠦᠷᠦᠯ ᠤᠨ ᠬᠦᠦ ᠮᠥᠩᠭᠦ ᠳᠣᠣᠷ᠎ᠠ ᠪᠤᠶᠤ ᠬᠦᠦ ᠮᠥᠩᠭᠦ ᠦᠭᠡᠢ ᠵᠢᠭᠡᠯᠡᠯᠭᠡ ᠬᠠᠩᠭᠠᠬᠤ ᠶᠢ ᠲᠦᠯᠬᠢᠨ ᠠᠬᠢᠭᠤᠯᠵᠤ᠂ ᠢᠯᠠᠩᠭᠤᠶ᠎ᠠ ᠪᠠᠶᠢᠭᠠᠯᠢ ᠶᠢᠨ ᠭᠠᠮᠰᠢᠭ ᠤᠨ ᠨᠥᠯᠥᠭᠡ ᠠᠴᠠ ᠪᠣᠯᠵᠤ ᠵᠣᠭᠤᠰ ᠪᠤᠴᠠᠭᠠᠬᠤ ᠳᠤ ᠬᠦᠴᠢᠷᠳᠡᠵᠦ ᠪᠠᠶᠢᠭ᠎ᠠ ᠮᠠᠯᠴᠢᠳ ᠲᠤ ᠵᠣᠭᠤᠰ ᠪᠤᠴᠠᠭᠠᠬᠤ ᠬᠤᠭᠤᠴᠠᠭ᠎ᠠ ᠶᠢ ᠤᠷᠲᠤᠳᠬᠠᠬᠤ᠂ ᠬᠡᠰᠡᠭ ᠬᠦᠦ ᠮᠥᠩᠭᠦ ᠶᠢ ᠬᠠᠰᠤᠵᠤ ᠬᠡᠯᠲᠦᠷᠢᠭᠦᠯᠬᠦ ᠪᠤᠶᠤ ᠳᠠᠭᠢᠨ ᠵᠣᠬᠢᠶᠠᠨ ᠪᠠᠶᠢᠭᠤᠯᠬᠤ ᠵᠢᠭᠡᠯᠡᠯᠭᠡ ᠶᠢᠨ ᠲᠥᠰᠥᠯ ᠬᠠᠩᠭᠠᠬᠤ ᠶᠢ ᠪᠣᠳᠣᠯᠬᠢᠯᠠᠵᠤ ᠪᠣᠯᠣᠨ᠎ᠠ᠃ ᠭᠤᠷᠪᠠ ᠳᠤ᠂ ᠲᠦᠭᠰᠢᠭᠦᠷᠢ ᠶᠢ ᠬᠤᠪᠢᠶᠠᠷᠢᠯᠠᠨ ᠡᠭᠦᠷᠭᠡᠯᠡᠬᠦ ᠲᠣᠭᠲᠠᠴᠠ ᠶᠢ  ᠪᠠᠶᠢᠭᠤᠯᠤᠨ᠎ᠠ᠃ ᠵᠠᠰᠠᠭ ᠤᠨ ᠣᠷᠳᠣᠨ ᠲᠤᠰᠬᠠᠢ ᠲᠥᠷᠥᠯ ᠤᠨ ᠰᠠᠭᠤᠷᠢ ᠮᠥᠩᠭᠦ ᠪᠠᠶᠢᠭᠤᠯᠬᠤ ᠶᠢ ᠪᠣᠳᠣᠯᠬᠢᠯᠠᠵᠤ᠂ ᠨᠥᠬᠦᠴᠡᠯ ᠳᠤ ᠨᠡᠶᠢᠴᠡᠬᠦ ᠮᠠᠯᠴᠢᠳ ᠤᠨ ᠵᠢᠭᠡᠯᠡᠯᠭᠡ ᠳᠤ ᠬᠡᠰᠡᠭ ᠬᠦᠦ ᠮᠥᠩᠭᠦ ᠶᠢᠨ ᠨᠥᠬᠦᠪᠦᠷᠢ ᠪᠤᠶᠤ ᠲᠦᠭᠰᠢᠭᠦᠷᠢ ᠶᠢᠨ ᠨᠥᠬᠦᠪᠦᠷᠢ ᠥᠭᠴᠦ᠂ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠵᠢᠭᠡᠯᠡᠯᠭᠡ ᠶᠢᠨ ᠲᠦᠭᠰᠢᠭᠦᠷᠢ ᠶᠢ ᠬᠥᠩᠭᠡᠷᠡᠭᠦᠯᠬᠦ ᠶᠢᠨ ᠬᠠᠮᠲᠤ ᠪᠠᠩᠬᠢ ᠶᠢᠨ ᠮᠠᠯᠵᠢᠬᠤ ᠣᠷᠣᠨ ᠳᠠᠬᠢ ᠢᠲᠡᠭᠡᠮᠵᠢᠲᠦ ᠵᠢᠭᠡᠯᠡᠯᠭᠡ ᠨᠡᠮᠡᠭᠳᠡᠭᠦᠯᠬᠦ ᠶᠢ ᠵᠣᠷᠢᠭᠵᠢᠭᠤᠯᠤᠨ᠎ᠠ᠃ ᠳᠥᠷᠪᠡ ᠳᠤ᠂ ᠮᠠᠯᠴᠢᠳ ᠤᠨ ᠮᠥᠩᠭᠦᠨ ᠭᠦᠢᠯᠭᠡᠭᠡᠨ ᠤ ᠪᠦᠲᠦᠭᠡᠭᠳᠡᠬᠦᠨ ᠪᠠ ᠲᠥᠷᠥ ᠶᠢᠨ ᠪᠣᠳᠣᠯᠭ᠎ᠠ ᠶᠢᠨ ᠲᠤᠬᠠᠢ ᠣᠶᠢᠯᠠᠭᠠᠯᠲᠠ ᠶᠢ ᠴᠢᠩᠭᠠᠳᠬᠠᠵᠤ᠂ ᠮᠥᠩᠭᠦᠨ ᠭᠦᠢᠯᠭᠡᠭᠡᠨ ᠤ ᠮᠡᠳᠡᠯᠭᠡ ᠶᠢᠨ ᠪᠣᠯᠪᠠᠰᠤᠷᠠᠯ ᠤᠨ ᠠᠩᠭᠢ ᠡᠷᠭᠢᠯᠡᠵᠦ᠂ ᠮᠠᠯᠴᠢᠳ ᠤᠨ ᠮᠥᠩᠭᠦᠨ ᠭᠦᠢᠯᠭᠡᠭᠡᠨ ᠤ ᠬᠡᠪ ᠴᠢᠨᠠᠷ ᠪᠠ ᠲᠦᠭᠰᠢᠭᠦᠷᠢ ᠶᠢᠨ ᠬᠠᠮᠢᠶᠠᠷᠤᠯᠲᠠ ᠶᠢᠨ ᠴᠢᠳᠠᠪᠤᠷᠢ ᠶᠢ ᠳᠡᠭᠡᠭᠰᠢᠯᠡᠭᠦᠯᠦᠨ᠎ᠡ᠃ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢ ᠮᠠᠯᠵᠢᠬᠤ ᠣᠷᠣᠨ ᠤ ᠣᠨᠴᠠᠯᠢᠭ ᠪᠣᠯᠣᠨ ᠮᠠᠯᠴᠢᠳ ᠤᠨ ᠬᠡᠷᠡᠭᠴᠡᠭᠡ ᠶᠢ ᠦᠨᠳᠦᠰᠦᠯᠡᠨ᠂ ᠨᠡᠩ  ᠠᠮᠢᠳᠤᠯᠢᠭ ᠪᠥᠭᠡᠳ ᠣᠯᠠᠨ ᠶᠠᠩᠵᠤ ᠶᠢᠨ ᠢᠲᠡᠭᠡᠮᠵᠢᠲᠦ ᠵᠢᠭᠡᠯᠡᠯᠭᠡ ᠶᠢᠨ ᠪᠦᠲᠦᠭᠡᠭᠳᠡᠬᠦᠨ ᠢ ᠲᠣᠬᠢᠷᠠᠭᠤᠯᠬᠤ ᠶᠢ ᠵᠣᠷᠢᠭᠵᠢᠭᠤᠯᠤᠨ᠎ᠠ᠃ ᠲᠠᠪᠤ ᠳᠤ᠂ ᠮᠠᠯ ᠠᠵᠤ  ᠠᠬᠤᠢ ᠶᠢᠨ ᠳᠠᠭᠠᠳᠬᠠᠯ ᠤᠨ ᠬᠥᠭᠵᠢᠯᠲᠡ ᠶᠢ ᠲᠦᠯᠬᠢᠨ ᠠᠬᠢᠭᠤᠯᠵᠤ᠂ ᠵᠠᠰᠠᠭ ᠤᠨ ᠣᠷᠳᠣᠨ ᠠᠴᠠ ᠳᠠᠭᠠᠳᠬᠠᠯ ᠤᠨ ᠰᠦᠢᠳᠬᠡᠯ ᠤᠨ ᠨᠥᠬᠦᠪᠦᠷᠢ ᠣᠯᠭᠤᠵᠤ᠂ ᠮᠠᠯᠴᠢᠳ ᠤᠨ ᠳᠠᠭᠠᠳᠬᠠᠯ ᠳᠤ ᠣᠷᠤᠯᠴᠠᠬᠤ ᠶᠢ ᠵᠣᠷᠢᠭᠵᠢᠭᠤᠯᠤᠨ᠂ ᠪᠠᠶᠢᠭᠠᠯᠢ ᠶᠢᠨ ᠭᠠᠮᠰᠢᠭ ᠠᠴᠠ ᠪᠣᠯᠤᠭᠰᠠᠨ ᠠᠵᠤ ᠠᠬᠤᠢ ᠶᠢᠨ ᠬᠤᠬᠢᠷᠠᠯ ᠢ ᠪᠠᠭᠠᠰᠬᠠᠨ᠎ᠠ᠃  ᠵᠢᠷᠭᠤᠭ᠎ᠠ ᠳᠤ᠂ ᠮᠠᠯᠴᠢᠳ ᠢ ᠣᠨᠴᠠᠯᠢᠭᠲᠤ ᠮᠠᠯ ᠠᠵᠤ ᠠᠬᠤᠢ᠂ ᠨᠤᠲᠤᠭ ᠪᠡᠯᠴᠢᠭᠡᠷ ᠤᠨ ᠵᠢᠭᠤᠯᠴᠢᠯᠠᠯ᠂ ᠭᠠᠷ ᠤᠷᠠᠯᠠᠯ ᠤᠨ ᠪᠦᠲᠦᠭᠡᠭᠳᠡᠬᠦᠨ ᠵᠡᠷᠭᠡ ᠣᠯᠠᠨ ᠲᠠᠯ᠎ᠠ ᠶᠢᠨ ᠤᠷᠤᠯᠭ᠎ᠠ ᠨᠡᠮᠡᠭᠳᠡᠭᠦᠯᠬᠦ ᠠᠷᠭ᠎ᠠ ᠵᠠᠮ ᠢ ᠰᠦᠪᠡᠭᠴᠢᠯᠡᠬᠦ ᠶᠢ ᠵᠢᠯᠤᠭᠤᠳᠴᠤ᠂ ᠳᠠᠩ ᠭᠠᠭᠴᠠ ᠮᠠᠯ ᠠᠵᠤ ᠠᠬᠤᠢ ᠶᠢᠨ ᠣᠷᠣᠯᠭ᠎ᠠ ᠳᠤ ᠲᠦᠰᠢᠭᠯᠡᠬᠦ ᠶᠢ ᠪᠠᠭᠠᠰᠬᠠᠬᠤ ᠬᠡᠷᠡᠭᠲᠡᠢ᠃ ᠣᠳᠣᠬᠢᠴᠢᠯᠠᠭᠰᠠᠨ ᠲᠡᠵᠢᠭᠡᠨ ᠦᠷᠡᠵᠢᠭᠦᠯᠬᠦ ᠮᠡᠷᠭᠡᠵᠢᠯ ᠪᠠ ᠬᠠᠮᠢᠶᠠᠷᠤᠯᠲᠠ ᠶᠢᠨ ᠵᠠᠭᠪᠤᠷ ᠢ ᠣᠷᠣᠭᠤᠯᠵᠤ᠂ ᠵᠠᠬ᠎ᠠ ᠳᠡᠯᠭᠡᠭᠦᠷ ᠤᠨ ᠥᠷᠢᠰᠦᠯᠳᠦᠬᠦ  ᠬᠦᠴᠦᠨ ᠢ ᠨᠡᠮᠡᠭᠳᠡᠭᠦᠯᠦᠨ᠎ᠡ︾ ᠭᠡᠵᠦ︽ᠬᠤᠶᠠᠷ ᠬᠤᠷᠠᠯ︾ ᠳᠤ ᠳᠡᠪᠰᠢᠭᠦᠯᠦᠭᠰᠡᠨ ᠰᠠᠨᠠᠯ ᠵᠥᠪᠯᠡᠯᠭᠡ ᠶᠢᠨ ᠢᠶᠠᠨ ᠲᠤᠬᠠᠢ ᠤᠯᠠᠨ ᠲᠠᠯ᠎ᠠ ᠪᠠᠷ ᠶᠠᠷᠢᠯ᠎ᠠ᠃               ᠡᠭᠦᠨ ᠤ ᠬᠠᠮᠲᠤ᠂ ᠰᠠᠨ᠎ᠠ ᠪᠠᠰᠠ᠄︽ᠪᠡᠯᠴᠢᠭᠡᠷᠯᠡᠭᠦᠯᠬᠦ ᠶᠢ ᠵᠣᠭᠰᠣᠭᠠᠵᠤ ᠪᠡᠯᠴᠢᠭᠡᠷ ᠢ ᠰᠡᠷᠭᠦᠭᠡᠬᠦ ᠬᠤᠭᠤᠴᠠᠭᠠᠨ ᠳᠤ ᠮᠠᠯ ᠤᠨ ᠡᠪᠡᠰᠦ ᠪᠣᠷᠳᠤᠭ᠎ᠠ  ᠳᠤᠲᠠᠭᠳᠠᠬᠤ ᠪᠠᠶᠢᠳᠠᠯ ᠳᠤ ᠬᠠᠨᠳᠤᠭᠤᠯᠤᠨ᠂ ᠳᠡᠭᠡᠳᠦ ᠱᠠᠲᠤᠨ ᠠᠴᠠ ᠲᠡᠵᠢᠭᠡᠯ ᠪᠣᠷᠳᠤᠭ᠎ᠠ ᠶᠢᠨ ᠨᠥᠬᠦᠪᠦᠷᠢ ᠮᠥᠩᠭᠦ ᠥᠭᠬᠦ ᠵᠡᠷᠭᠡ ᠠᠷᠭ᠎ᠠ ᠪᠣᠳᠣᠯᠭ᠎ᠠ ᠠᠪᠴᠤ ᠮᠠᠯᠴᠢᠳ ᠤᠨ ᠬᠠᠰᠢᠶᠠᠯᠠᠨ ᠲᠡᠵᠢᠭᠡᠬᠦ ᠬᠤᠭᠤᠴᠠᠭᠠᠨ ᠳᠠᠬᠢ ᠬᠦᠴᠢᠷᠳᠡᠯ ᠢ ᠰᠢᠢᠳᠪᠦᠷᠢᠯᠡᠬᠦ ᠶᠢ ᠬᠦᠰᠡᠵᠦ ᠪᠠᠶᠢᠨ᠎ᠠ︾ᠭᠡᠵᠦ ᠶᠠᠷᠢᠵᠤ ᠪᠠᠶᠢᠯ᠎ᠠ᠃               ᠲᠥᠯᠥᠭᠡᠯᠡᠭᠴᠢ ᠰᠠᠨ᠎ᠠ ᠶᠢᠨ ᠳᠤᠷᠠᠳᠤᠭᠰᠠᠨ ᠰᠠᠨᠠᠯ ᠵᠥᠪᠯᠡᠯᠭᠡ ᠨᠢ ᠡᠷᠲᠡ ᠡᠳᠦᠷ ᠪᠡᠶᠡᠯᠡᠯ ᠢᠶᠠᠨ ᠣᠯᠵᠤ᠂ ᠥᠷᠭᠡᠨ ᠤᠯᠠᠨ ᠮᠠᠯᠴᠢᠳ ᠲᠤ ᠨᠡᠩ ᠤᠯᠠᠨ  ᠠᠰᠢᠭ ᠬᠦᠷᠲᠡᠭᠡᠬᠦ ᠶᠢ ᠬᠦᠰᠡᠶ᠎ᠡ︕ 
ᠢᠷᠡᠯᠲᠡ᠄ ᠬᠥᠯᠥᠨ ᠪᠤᠶᠢᠷ ᠮᠤᠩᠭᠤᠯ ᠰᠦᠯᠵᠢᠶ᠎ᠡ