ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠲᠥᠷᠥ ᠶᠢᠨ ᠶᠠᠪᠤᠳᠠᠯ ᠤᠨ ᠬᠤᠷᠢᠶ᠎ᠡ ᠲᠥᠪ ᠤᠨ ᠴᠡᠷᠢᠭ ᠤᠨ ᠶᠠᠪᠤᠳᠠᠯ ᠤᠨ | ᠬᠤᠷᠢᠶ᠎ᠠ ᠶᠢᠨ ᠶᠧ ᠭᠤᠸᠠᠩ ᠹᠦ᠋ ᠳᠤ ︽ᠰᠠᠨᠰᠠᠷ ᠤᠨ ᠠᠶᠠᠯᠠᠯ ᠤᠨ ᠬᠤᠶᠠᠳᠤᠭᠠᠷ ᠳᠡᠰ ᠤᠨ ᠭᠠᠪᠢᠶᠠᠨ ᠲᠡᠮᠳᠡᠭ︾ ᠣᠯᠭᠤᠵᠤ ᠯᠢ ᠼᠦᠩ ᠯᠢ ᠭᠤᠸᠠᠩ ᠰᠦ᠋ ᠳᠤ ︽ | ᠪᠠᠭᠠᠲᠤᠷ ᠰᠠᠨᠰᠠᠷᠴᠢᠨ︾ ᠤ ᠢᠷᠠᠭᠤ ᠠᠯᠳᠠᠷ ᠤᠨ ᠴᠣᠯᠠ ᠣᠯᠭᠤᠬᠤ ᠶᠢᠨ ᠬᠠᠮᠲᠤ ︽ᠰᠠᠨᠰᠠᠷ ᠤᠨ ᠠᠶᠠᠯᠠᠯ ᠤᠨ ᠭᠤᠷᠪᠠᠳᠤᠭᠠᠷ ᠳᠡᠰ ᠤᠨ ᠭᠠᠪᠢᠶᠠᠨ ᠲᠡᠮᠳᠡᠭ︾ | ᠣᠯᠭᠤᠬᠤ ᠲᠤᠬᠠᠢ ᠲᠣᠭᠲᠠᠭᠠᠯ | ︵2025 ᠣᠨ ᠤ 1 ᠰᠠᠷ᠎ᠠ ᠶᠢᠨ 23 ᠤ ᠡᠳᠦᠷ︶ | ᠰᠢᠨᠬᠤᠸᠠ ᠬᠤᠷᠢᠶ᠎ᠠ ᠶᠢᠨ ᠪᠡᠭᠡᠵᠢᠩ ᠤᠨ 1 ᠰᠠᠷ᠎ᠠ ᠶᠢᠨ 23 ᠤ ᠴᠠᠭᠢᠯᠭᠠᠨ ᠮᠡᠳᠡᠭᠡ | 2024 ᠣᠨ ᠤ 4 ᠰᠠᠷ᠎ᠠ ᠶᠢᠨ 25 ᠤ ᠡᠳᠦᠷ᠂ ᠬᠤᠪᠢᠯᠭᠠᠨ ᠣᠩᠭᠤᠴᠠ ᠠᠷᠪᠠᠨ ᠨᠠᠢᠮᠠᠳᠤᠭᠠᠷ ᠬᠥᠮᠥᠨ ᠰᠠᠭᠤᠯᠭᠠᠭᠰᠠᠨ ᠨᠢᠰᠬᠦ ᠣᠩᠭᠤᠴᠠ ᠶᠢ | ᠠᠮᠵᠢᠯᠲᠠᠲᠠᠢ ᠬᠠᠷᠪᠤᠵᠤ᠂ ᠰᠠᠨᠰᠠᠷᠴᠢᠨ ᠶᠧ ᠭᠤᠸᠠᠩ ᠹᠦ᠋᠂ ᠯᠢ ᠼᠦᠩ᠂ ᠯᠢ ᠭᠤᠸᠠᠩ ᠰᠦ᠋ ᠨᠢᠰᠬᠦ ᠣᠩᠭᠤᠴᠠᠨ ᠳᠤ ᠰᠠᠭᠤᠵᠤ ᠲᠢᠶᠠᠨ ᠾᠧ ᠭᠤᠣᠯ ᠦᠷᠦᠭᠡ ᠳᠤ | ᠠᠮᠵᠢᠯᠲᠠᠲᠠᠢ ᠣᠷᠣᠵᠤ᠂ ᠲᠣᠭᠤᠷᠢᠯᠲᠠ ᠶᠢᠨ ᠵᠠᠮ ᠳᠤ 6 ᠰᠠᠷ᠎ᠠ ᠠᠶᠠᠯᠠᠵᠤ᠂ ᠤᠷᠢᠳ ᠬᠤᠵᠢᠳ 2 ᠤᠳᠠᠭ᠎ᠠ ᠦᠷᠦᠭᠡ ᠠᠴᠠ ᠭᠠᠷᠬᠤ ᠠᠵᠢᠯᠯᠠᠭ᠎ᠠ ᠥᠷᠨᠢᠭᠦᠯᠵᠦ᠂ | 6 ᠤᠳᠠᠭ᠎ᠠ ᠠᠴᠢᠶᠠᠨ ᠤ ᠪᠠᠷᠠᠭᠠᠨ ᠤ ᠬᠡᠢ ᠶᠢᠨ ᠦᠷᠦᠭᠡ ᠠᠴᠠ ᠭᠠᠷᠴᠤ ᠣᠷᠣᠬᠤ ᠡᠭᠦᠷᠭᠡ ᠶᠢ ᠪᠡᠶᠡᠯᠡᠭᠦᠯᠵᠦ᠂ 80 ᠭᠠᠷᠤᠢ ᠵᠦᠢᠯ ᠤᠨ ᠰᠠᠨᠰᠠᠷ ᠤᠨ ᠦᠷᠳᠡᠭᠡ ᠶᠢᠨ | ᠪᠦᠲᠦᠭᠡᠨ ᠪᠠᠶᠢᠭᠤᠯᠤᠯᠲᠠ ᠶᠢ ᠳᠡᠰ ᠳᠡᠪᠰᠢᠭᠦᠯᠵᠦ ᠰᠡᠯᠪᠢᠨ ᠵᠠᠰᠠᠬᠤ ᠡᠭᠦᠷᠭᠡ ᠶᠢ ᠪᠡᠶᠡᠯᠡᠭᠦᠯᠵᠦ᠂ ᠵᠠᠭᠤ ᠰᠢᠬᠠᠮ ᠵᠦᠢᠯ ᠤᠨ ᠰᠠᠨᠰᠠᠷ ᠤᠨ ᠰᠢᠨᠵᠢᠯᠡᠬᠦ ᠤᠬᠠᠭᠠᠨ ᠤ | ᠲᠤᠷᠰᠢᠯᠲᠠ ᠪᠣᠯᠣᠨ ᠬᠡᠷᠡᠭᠯᠡᠭᠡᠨ ᠤ ᠠᠴᠢᠶᠠᠨ ᠤ ᠲᠣᠭᠤᠷᠢᠯᠲᠠ ᠶᠢᠨ ᠵᠠᠮ ᠳᠤ ᠲᠤᠷᠰᠢᠯᠲᠠ ᠬᠢᠵᠦ᠂ 2024 ᠣᠨ ᠤ 11 ᠰᠠᠷ᠎ᠠ ᠶᠢᠨ 4 ᠤ ᠡᠳᠦᠷ ᠠᠮᠤᠷ | ᠲᠦᠪᠰᠢᠨ ᠢᠶᠠᠷ ᠪᠤᠴᠠᠵᠤ ᠢᠷᠡᠪᠡ᠃ ᠬᠤᠪᠢᠯᠭᠠᠨ ᠣᠩᠭᠤᠴᠠ ᠠᠷᠪᠠᠨ ᠨᠠᠢᠮᠠᠳᠤᠭᠠᠷ ᠬᠥᠮᠥᠨ ᠰᠠᠭᠤᠯᠭᠠᠭᠰᠠᠨ ᠨᠢᠰᠦᠯᠲᠡ ᠶᠢᠨ ᠡᠭᠦᠷᠭᠡ ᠪᠣᠯ ᠮᠠᠨ ᠤ ᠤᠯᠤᠰ ᠤᠨ | ᠬᠥᠮᠥᠨ ᠰᠠᠭᠤᠯᠭᠠᠭᠰᠠᠨ ᠰᠠᠨᠰᠠᠷ ᠤᠨ ᠠᠶᠠᠯᠠᠯ ᠤᠨ ᠢᠨᠵᠧᠨᠧᠷᠢᠩ ᠤᠨ ᠰᠠᠨᠰᠠᠷ ᠤᠨ ᠥᠷᠲᠡᠭᠡ ᠶᠢᠨ ᠬᠡᠷᠡᠭᠯᠡᠯᠲᠡ ᠪᠠ ᠬᠥᠭᠵᠢᠯᠲᠡ ᠶᠢᠨ ᠱᠠᠲᠤᠨ ᠳᠤ ᠣᠷᠣᠭᠰᠠᠨ ᠤ | ᠳᠠᠷᠠᠭᠠᠬᠢ ᠭᠤᠷᠪᠠᠳᠤᠭᠠᠷ ᠤᠳᠠᠭ᠎ᠠ ᠶᠢᠨ ᠬᠥᠮᠥᠨ ᠰᠠᠭᠤᠯᠭᠠᠭᠰᠠᠨ ᠨᠢᠰᠦᠯᠲᠡ ᠶᠢᠨ ᠡᠭᠦᠷᠭᠡ ᠪᠠᠶᠢᠵᠤ᠂ ᠳᠤᠮᠳᠠᠳᠤ ᠤᠯᠤᠰ ᠤᠨ ᠰᠠᠨᠰᠠᠷᠴᠢᠨ ᠤ ᠭᠠᠭᠴᠠ | ᠤᠳᠠᠭ᠎ᠠ ᠶᠢᠨ ᠡᠭᠦᠷᠭᠡ ᠳᠤ ᠲᠣᠭᠤᠷᠢᠯᠲᠠ ᠶᠢᠨ ᠵᠠᠮ ᠢᠶᠠᠷ ᠦᠷᠭᠦᠯᠵᠢᠯᠡᠨ ᠨᠢᠰᠦᠭᠰᠡᠨ ᠴᠠᠭ ᠤᠨ ᠣᠷᠳᠣ᠂ ᠭᠠᠭᠴᠠ ᠤᠳᠠᠭ᠎ᠠ ᠥᠷᠥᠭᠡ ᠠᠴᠠ ᠭᠠᠷᠴᠤ ᠬᠥᠳᠡᠯᠭᠡᠭᠡᠨ | ᠬᠢᠭᠰᠡᠨ ᠴᠠᠭ ᠤᠨ ᠲᠡᠮᠳᠡᠭᠯᠡᠯ ᠢ ᠰᠢᠨᠡᠳᠬᠡᠵᠦ᠂ ᠮᠠᠨ ᠤ ᠤᠯᠤᠰ ᠤᠨ ᠲᠣᠭᠤᠷᠢᠯᠲᠠ ᠶᠢᠨ ᠵᠠᠮ ᠳᠠᠬᠢ ᠤᠰᠤᠨ ᠤ ᠠᠮᠢ ᠠᠬᠤᠢ ᠶᠢᠨ ᠰᠤᠳᠤᠯᠤᠯ ᠤᠨ ᠲᠥᠷᠥᠯ ᠵᠦᠢᠯ ᠢ | ᠠᠩᠬ᠎ᠠ ᠤᠳᠠᠭ᠎ᠠ ᠲᠡᠭᠦᠰ ᠠᠮᠵᠢᠯᠲᠠ ᠲᠠᠢ ᠪᠡᠶᠡᠯᠡᠭᠦᠯᠵᠦ᠂ ᠳᠡᠯᠡᠬᠡᠢ ᠶᠢᠨ ᠠᠩᠬᠠᠳᠠᠭᠴᠢ ᠤᠳᠠᠭ᠎ᠠ ᠶᠢᠨ ᠤᠷᠭᠤᠮᠠᠯ ᠤᠨ ᠡᠰᠢ ᠶᠢᠨ ᠦᠵᠦᠭᠦᠷ ᠤᠨ ᠭᠤᠣᠯ ᠡᠰ ᠤᠨ | ᠴᠢᠳᠠᠮᠵᠢ ᠶᠢᠨ ᠲᠣᠭᠤᠷᠢᠯᠲᠠ ᠶᠢᠨ ᠵᠠᠮᠳᠠᠬᠢ ᠰᠤᠳᠤᠯᠭᠠᠨ ᠢ ᠬᠡᠷᠡᠭᠵᠢᠭᠦᠯᠵᠦ᠂ ᠳᠤᠮᠳᠠᠳᠤ ᠤᠯᠤᠰ ᠤᠨ ᠰᠠᠨᠰᠠᠷ ᠤᠨ ᠠᠶᠠᠯᠠᠯ ᠤᠨ ᠦᠢᠯᠡᠰ ᠤᠨ ᠥᠨᠳᠥᠷ ᠲᠦᠪᠰᠢᠨ | ᠪᠦᠬᠦᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠪᠡᠶ᠎ᠡ ᠪᠠᠨ ᠳᠠᠭᠠᠭᠠᠵᠤ ᠬᠦᠴᠦᠷᠬᠡᠭᠵᠢᠬᠦ ᠰᠢᠨ᠎ᠡ ᠠᠯᠬᠤᠮ ᠢ ᠠᠯᠬᠤᠭᠰᠠᠨ ᠢ ᠬᠠᠷᠠᠭᠤᠯᠵᠤ᠂ ᠮᠠᠨ ᠤ | ᠤᠯᠤᠰ ᠤᠨ ᠶᠡᠷᠦᠩᠬᠡᠶᠢᠯᠡᠭᠰᠡᠨ ᠤᠯᠤᠰ ᠤᠨ ᠬᠦᠴᠦᠨ ᠪᠠ ᠳᠤᠮᠳᠠᠳᠤ ᠶᠢᠨ ᠦᠨᠳᠦᠰᠦᠲᠡᠨ ᠤ ᠨᠢᠭᠲᠠᠷᠠᠯ ᠤᠨ ᠬᠦᠴᠦᠨ ᠢ ᠴᠢᠩᠭᠠᠳᠬᠠᠬᠤ᠂ ᠪᠦᠭᠦ ᠳᠤᠮᠳᠠᠳᠤ ᠶᠢᠨ | ᠬᠥᠪᠡᠭᠦᠳ ᠥᠬᠢᠳ ᠤᠨ ᠦᠨᠳᠦᠰᠦᠲᠡᠨ ᠤ ᠢᠲᠡᠭᠡᠯ ᠵᠣᠷᠢᠭ ᠪᠠ ᠣᠮᠣᠭᠰᠢᠯᠲᠤ ᠰᠡᠳᠬᠢᠯᠭᠡ ᠶᠢ ᠤᠯᠠᠮ ᠨᠡᠮᠡᠭᠳᠡᠭᠦᠯᠵᠦ᠂ ᠪᠦᠭᠦ ᠨᠠᠮ ᠪᠦᠭᠦ ᠴᠡᠷᠢᠭ ᠪᠦᠭᠦ | ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠤ ᠪᠦᠯᠬᠦᠮᠳᠡᠨ ᠲᠡᠮᠡᠴᠡᠬᠦ᠂ ᠡᠷᠡᠮᠡᠬᠡᠶᠢᠯᠡᠨ ᠤᠷᠤᠭᠰᠢᠯᠠᠬᠤ ᠶᠢ ᠵᠣᠷᠢᠭᠵᠢᠭᠤᠯᠬᠤ ᠳᠤ ᠴᠢᠬᠤᠯᠠ ᠠᠴᠢ | ᠬᠤᠯᠪᠣᠭᠳᠠᠯ ᠲᠠᠢ ᠶᠤᠮ᠃ | ᠬᠤᠪᠢᠯᠭᠠᠨ ᠣᠩᠭᠤᠴᠠ ᠠᠷᠪᠠᠨ ᠨᠠᠢᠮᠠᠳᠤᠭᠠᠷ ᠬᠥᠮᠥᠨ ᠰᠠᠭᠤᠯᠭᠠᠭᠰᠠᠨ ᠨᠢᠰᠦᠯᠲᠡ ᠶᠢᠨ ᠡᠭᠦᠷᠭᠡ ᠶᠢ ᠲᠡᠭᠦᠰ ᠠᠮᠵᠢᠯᠲᠠ ᠲᠠᠢ ᠪᠡᠶᠡᠯᠡᠭᠦᠯᠬᠦ ᠳᠤ ᠥᠷᠭᠡᠨ | ᠤᠯᠠᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠠᠵᠢᠯᠲᠠᠨ᠂ ᠰᠠᠨᠰᠠᠷᠴᠢᠨ᠂ ᠺᠠᠳ᠋ᠷ ᠠᠵᠢᠯᠲᠠᠨ᠂ ᠴᠢᠯᠦᠭᠡᠯᠡᠬᠦ ᠴᠡᠷᠢᠭ ᠤᠨ ᠵᠢᠯᠣᠭᠤᠳᠤᠭᠴᠢ ᠪᠠᠶᠢᠯᠳᠤᠭᠴᠢ ᠶᠢᠨ | ᠤᠶᠤᠨ ᠤᠬᠠᠭᠠᠨ ᠪᠠ ᠬᠦᠴᠦ ᠬᠥᠯᠥᠰᠦ ᠰᠢᠩᠭᠡᠵᠦ ᠪᠠᠶᠢᠨ᠎ᠠ᠃ ᠶᠧ ᠭᠤᠸᠠᠩ ᠹᠦ᠋᠂ ᠯᠢ ᠼᠦᠩ᠂ ᠯᠢ ᠭᠤᠸᠠᠩ ᠰᠦ᠋ ᠨᠥᠬᠦᠷ ᠪᠣᠯ ᠲᠡᠳᠡᠨ ᠤ ᠳᠣᠲᠣᠷᠠᠬᠢ | ᠭᠠᠷᠮᠠᠭᠠᠢ ᠲᠥᠯᠥᠭᠡᠯᠡᠭᠴᠢ ᠪᠣᠯᠣᠨ᠎ᠠ᠂ ᠲᠡᠳᠡ ᠰᠡᠳᠬᠢᠯ ᠰᠢᠭᠤᠳᠤᠨ ᠨᠠᠮ ᠳᠠᠭᠠᠨ ᠵᠢᠳᠬᠦᠵᠦ᠂ ᠡᠬᠡ ᠤᠯᠤᠰ ᠤᠨ ᠢᠶᠠᠨ ᠲᠥᠯᠥᠭᠡ ᠵᠢᠳᠬᠦᠵᠦ᠂ ᠡᠷᠡᠮᠡᠬᠡᠶᠢᠯᠡᠨ | ᠤᠷᠤᠭᠰᠢᠯᠠᠵᠤ᠂ ᠪᠦᠯᠬᠦᠮᠳᠡᠨ ᠬᠠᠮᠵᠢᠯᠴᠠᠵᠤ᠂ ᠳᠡᠯᠡᠬᠡᠢ ᠳ᠋ᠠᠬᠢᠨ ᠳᠤ ᠬᠦᠴᠦᠷᠬᠡᠭ ᠶᠡᠭᠡ ᠳᠤᠮᠳᠠᠳᠤ ᠤᠯᠤᠰ ᠤᠨ ᠵᠣᠷᠢᠭ ᠰᠠᠨᠠᠭ᠎ᠠ᠂ ᠳᠤᠮᠳᠠᠳᠤ ᠤᠯᠤᠰ ᠤᠨ ᠬᠦᠴᠦᠨ | ᠴᠢᠳᠠᠯ ᠢ ᠬᠠᠷᠠᠭᠤᠯᠪᠠ᠃ ᠶᠧ ᠭᠤᠸᠠᠩ ᠹᠦ᠋ ᠨᠥᠬᠦᠷ ᠬᠤᠶᠠᠷ ᠵᠢᠯ ᠤᠨ ᠳᠠᠷᠠᠭ᠎ᠠ ᠳᠠᠭᠢᠨ ᠰᠠᠨᠰᠠᠷ ᠲᠤ ᠭᠠᠷᠤᠭᠰᠠᠨ ᠪᠥᠭᠡᠳ ᠵᠢᠭᠠᠪᠤᠷᠢ ᠥᠭᠬᠦ ᠳᠠᠷᠤᠭ᠎ᠠ ᠶᠢᠨ | ᠲᠤᠰᠢᠶᠠᠯ ᠢ ᠡᠭᠦᠷᠭᠡᠯᠡᠵᠦ᠂ ᠮᠠᠨ ᠤ ᠤᠯᠤᠰ ᠤᠨ ᠠᠩᠬᠠᠳᠠᠭᠴᠢ ᠨᠡᠶᠢᠲᠡ ᠨᠢᠰᠦᠯᠲᠡ ᠶᠢᠨ ᠴᠠᠭ ᠨᠢᠭᠡ ᠵᠢᠯ ᠢ ᠳᠠᠪᠠᠭᠰᠠᠨ ᠰᠠᠨᠰᠠᠷᠴᠢᠨ ᠪᠣᠯᠪᠠ᠃ ᠯᠢ ᠼᠦᠩ ᠨᠥᠬᠦᠷ | ᠯᠠᠪᠳᠠᠭᠤᠨ ᠪᠠᠲᠤᠲᠠᠢ ᠪᠣᠯᠪᠠᠰᠤᠷᠠᠵᠤ᠂ ᠰᠢᠷᠭᠠᠭᠤ ᠬᠠᠲᠠᠭᠤᠵᠢᠯᠲᠠᠢ ᠳᠠᠪᠲᠠᠨ ᠪᠣᠯᠪᠠᠰᠤᠷᠠᠵᠤ᠂ ᠢᠷᠠᠭᠤ ᠠᠯᠳᠠᠷᠲᠠᠢ ᠪᠠᠷ ᠬᠤᠪᠢᠯᠭᠠᠨ ᠣᠩᠭᠤᠴᠠ ᠠᠷᠪᠠᠨ | ᠨᠠᠢᠮᠠᠳᠤᠭᠠᠷ ᠤᠨ ᠨᠢᠰᠦᠯᠲᠡ ᠶᠢᠨ ᠳᠤᠭᠤᠶᠢᠯᠠᠩ ᠳᠤ ᠰᠣᠩᠭᠤᠭᠳᠠᠨ ᠣᠷᠣᠵᠤ᠂ ᠡᠭᠦᠷᠭᠡᠯᠡᠭᠰᠡᠨ ᠡᠭᠦᠷᠭᠡ ᠪᠠᠨ ᠭᠠᠷᠮᠠᠭᠠᠢ ᠪᠡᠶᠡᠯᠡᠭᠦᠯᠪᠡ᠃ ᠯᠢ ᠭᠤᠸᠠᠩ ᠰᠦ᠋ ᠨᠥᠬᠦᠷ | ᠯᠠᠪᠳᠠᠭᠤᠨ ᠲᠣᠭᠲᠠᠭᠤᠨ ᠪᠠᠶᠢᠵᠤ᠂ ᠬᠦᠨᠳᠦ ᠡᠭᠦᠷᠭᠡ ᠶᠢ ᠵᠣᠷᠢᠭᠲᠠᠢ ᠡᠭᠦᠷᠭᠡᠯᠡᠵᠦ᠂ ᠠᠩᠬ᠎ᠠ ᠤᠳᠠᠭ᠎ᠠ ᠥᠷᠥᠭᠡᠨ ᠠᠴᠠ ᠭᠠᠷᠤᠮᠠᠭᠴᠠ ᠪᠠᠨ ᠣᠭᠲᠠᠷᠭᠤᠢ ᠶᠢᠨ | ᠥᠷᠲᠡᠭᠡᠨ ᠤ ᠣᠭᠲᠠᠷᠭᠤᠢ ᠶᠢᠨ ᠬᠡᠮᠬᠡᠳᠡᠭ ᠬᠡᠮᠬᠡᠷᠬᠡᠢ ᠶᠢ ᠰᠡᠷᠭᠡᠶᠢᠯᠡᠨ ᠬᠠᠮᠠᠭᠠᠯᠠᠬᠤ ᠲᠣᠨᠣᠭᠯᠠᠯ ᠤᠭᠰᠠᠷᠠᠬᠤ ᠡᠭᠦᠷᠭᠡ ᠶᠢ ᠠᠮᠵᠢᠯᠲᠠ ᠲᠠᠢ ᠪᠡᠶᠡᠯᠡᠭᠦᠯᠪᠡ᠃ ᠲᠡᠳᠡᠨ ᠤ | ᠮᠠᠨ ᠤ ᠤᠯᠤᠰ ᠤᠨ ᠬᠥᠮᠥᠨ ᠰᠠᠭᠤᠯᠭᠠᠭᠰᠠᠨ ᠰᠠᠨᠰᠠᠷ ᠤᠨ ᠠᠶᠠᠯᠠᠯ ᠤᠨ ᠦᠢᠯᠡᠰ ᠲᠤ ᠪᠠᠶᠢᠭᠤᠯᠤᠭᠰᠠᠨ ᠭᠠᠷᠮᠠᠭᠠᠢ ᠭᠠᠪᠢᠶ᠎ᠠ ᠵᠢᠳᠬᠦᠯ ᠢ ᠬᠥᠬᠢᠭᠦᠯᠦᠨ | ᠰᠠᠶᠢᠰᠢᠶᠠᠬᠤ ᠶᠢᠨ ᠲᠥᠯᠥᠭᠡ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶ᠎ᠠ᠂ ᠲᠥᠪ ᠤᠨ ᠴᠡᠷᠢᠭ ᠤᠨ | ᠶᠠᠪᠤᠳᠠᠯ ᠤᠨ ᠬᠤᠷᠢᠶ᠎ᠠ ᠠᠴᠠ ᠶᠧ ᠭᠤᠸᠠᠩ ᠹᠦ᠋ ᠨᠥᠬᠦᠷ ᠲᠤ ︽ᠬᠤᠶᠠᠳᠤᠭᠠᠷ ᠳᠡᠰ ᠤᠨ ᠰᠠᠨᠰᠠᠷ ᠤᠨ ᠠᠶᠠᠯᠠᠯ ᠤᠨ ᠭᠠᠪᠢᠶᠠᠨ ᠲᠡᠮᠳᠡᠭ︾ ᠣᠯᠭᠤᠵᠤ᠂ ᠯᠢ ᠼᠦᠩ᠂ | ᠯᠢ ᠭᠤᠸᠠᠩ ᠰᠦ᠋ ᠨᠥᠬᠦᠷ ᠲᠤ ︽ᠪᠠᠭᠠᠲᠤᠷ ᠰᠠᠨᠰᠠᠷᠴᠢᠨ︾ ᠤ ᠢᠷᠠᠭᠤ ᠠᠯᠳᠠᠷ ᠤᠨ ᠴᠣᠯᠠ ᠣᠯᠭᠤᠬᠤ ᠶᠢᠨ ᠬᠠᠮᠲᠤ ︽ᠭᠤᠷᠪᠠᠳᠤᠭᠠᠷ ᠳᠡᠰ ᠤᠨ ᠰᠠᠨᠰᠠᠷ ᠤᠨ | ᠠᠶᠠᠯᠠᠯ ᠤᠨ ᠭᠠᠪᠢᠶᠠᠨ ᠲᠡᠮᠳᠡᠭ︾ ᠣᠯᠭᠤᠬᠤ ᠪᠠᠷ ᠲᠣᠭᠲᠠᠪᠠ᠃ | ᠶᠧ ᠭᠤᠸᠠᠩ ᠹᠦ᠋᠂ ᠯᠢ ᠼᠦᠩ᠂ ᠯᠢ ᠭᠤᠸᠠᠩ ᠰᠦ᠋ ᠨᠥᠬᠦᠷ ᠪᠣᠯ ᠤᠭ ᠰᠠᠨᠠᠭ᠎ᠠ ᠪᠠᠨ ᠦᠯᠦ ᠮᠠᠷᠲᠠᠬᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ᠂ | ᠡᠷᠬᠢᠮ ᠳᠡᠭᠡᠳᠦ ᠦᠢᠯᠡᠰ ᠲᠤ ᠠᠮᠢ ᠪᠡᠶ᠎ᠡ ᠪᠠᠨ ᠵᠣᠷᠢᠭᠤᠯᠬᠤ ᠴᠠᠭ ᠦᠶ᠎ᠡ ᠶᠢᠨ ᠬᠤᠰᠢᠭᠤᠴᠢ ᠪᠠᠶᠢᠵᠤ᠂ ᠣᠷᠴᠢᠯᠠᠩ ᠢ ᠬᠠᠶᠢᠨ ᠰᠦᠪᠡᠭᠴᠢᠯᠡᠬᠦ᠂ ᠰᠠᠨᠰᠠᠷ | ᠣᠭᠲᠠᠷᠭᠤᠢ ᠳᠤ ᠬᠦᠰᠡᠯ ᠵᠡᠭᠦᠳᠦ ᠪᠠᠨ ᠲᠡᠷᠭᠡᠯᠰᠢᠭᠦᠯᠬᠦ᠂ ᠰᠠᠨᠰᠠᠷ ᠤᠨ ᠠᠶᠠᠯᠠᠯ ᠤᠨ ᠬᠦᠴᠦᠷᠬᠡᠭ ᠤᠯᠤᠰ ᠢ ᠪᠦᠲᠦᠭᠡᠨ ᠪᠠᠶᠢᠭᠤᠯᠬᠤ ᠵᠢᠱᠢᠶᠡᠴᠢ ᠮᠥᠨ᠃ ᠨᠠᠮ ᠤᠨ | ᠲᠥᠪ ᠬᠤᠷᠢᠶ᠎ᠠ ᠠᠴᠠ᠂ ᠪᠦᠭᠦ ᠨᠠᠮ ᠪᠦᠭᠦ ᠴᠡᠷᠢᠭ ᠪᠦᠭᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ | ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠤᠯᠭᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠪᠣᠯᠣᠨ | ᠬᠤᠷᠢᠳᠤᠭᠠᠷ ᠬᠤᠭᠤᠴᠠᠭᠠᠨ ᠤ ᠲᠥᠪ ᠬᠤᠷᠢᠶ᠎ᠠ ᠶᠢᠨ ᠬᠤᠶᠠᠳᠤᠭᠠᠷ᠂ ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠪᠦᠭᠦ ᠲᠠᠯ᠎ᠠ ᠪᠠᠷ | ᠲᠤᠭᠤᠰᠢᠯᠠᠭᠤᠯᠵᠤ᠂ ᠰᠠᠶᠢᠰᠢᠶᠠᠨ ᠬᠥᠬᠢᠭᠦᠯᠦᠭᠳᠡᠭᠰᠡᠨ ᠰᠠᠨᠰᠠᠷᠴᠢᠨ ᠢᠶᠠᠷ ᠳᠠᠭᠤᠷᠢᠶᠠᠯ ᠪᠤᠯᠭᠠᠵᠤ᠂ ︽ᠬᠤᠶᠠᠷ ᠢ ᠲᠣᠭᠲᠠᠭᠠᠭᠰᠠᠨ︾ ᠤ ᠰᠢᠢᠳᠪᠦᠷᠢᠯᠡᠭᠴᠢ ᠴᠢᠨᠠᠷᠲᠠᠢ | ᠠᠴᠢ ᠬᠤᠯᠪᠣᠭᠳᠠᠯ ᠢ ᠭᠦᠨᠵᠡᠭᠡᠢ ᠣᠶᠢᠯᠠᠭᠠᠵᠤ᠂ ︽ᠳᠥᠷᠪᠡᠨ ᠤᠬᠠᠮᠰᠠᠷ︾ ᠢᠶᠠᠨ ᠴᠢᠩᠭᠠᠳᠬᠠᠵᠤ᠂ ︽ᠳᠥᠷᠪᠡᠨ ᠢᠲᠡᠭᠡᠯ︾ ᠢᠶᠠᠨ ᠪᠠᠲᠤᠳᠬᠠᠵᠤ᠂ ︽ᠬᠤᠶᠠᠷ ᠢ | ᠬᠠᠮᠠᠭᠠᠯᠠᠬᠤ︾ ᠶᠢ ᠪᠡᠶᠡᠯᠡᠭᠦᠯᠵᠦ᠂ ᠰᠢ ᠶᠢᠨ ᠫᠢᠩ ᠨᠥᠬᠦᠷ ᠢᠶᠠᠷ ᠭᠤᠣᠯ ᠪᠤᠯᠭᠠᠬᠰᠠᠨ ᠨᠠᠮ ᠤᠨ ᠲᠥᠪ ᠬᠤᠷᠢᠶ᠎ᠠ ᠶᠢᠨ ᠲᠣᠭᠤᠷᠢᠨ ᠳᠤ ᠨᠠᠩ ᠨᠢᠭᠲᠠᠷᠠᠨ ᠪᠦᠯᠬᠦᠮᠳᠡᠵᠦ ᠂ | ︽ᠬᠤᠶᠠᠷ ᠪᠥᠮᠪᠦᠭᠡ ᠨᠢᠭᠡ ᠤᠳᠤ︾ ᠶᠢᠨ ᠵᠣᠷᠢᠭ ᠰᠠᠨᠠᠭ᠎ᠠ ᠪᠠ ᠬᠥᠮᠥᠨ ᠰᠠᠭᠤᠯᠭᠠᠭᠰᠠᠨ ᠰᠠᠨᠰᠠᠷ ᠤᠨ ᠠᠶᠠᠯᠠᠯ ᠤᠨ ᠵᠣᠷᠢᠭ ᠰᠠᠨᠠᠭ᠎ᠠ ᠶᠢ ᠶᠡᠭᠡ ᠪᠠᠷ ᠪᠠᠳᠠᠷᠠᠭᠤᠯᠵᠤ ᠂ | ᠬᠦᠴᠦᠯᠡᠨ ᠴᠢᠷᠮᠠᠶᠢᠵᠤ᠂ ᠲᠥᠪ ᠶᠣᠰᠣ ᠶᠢ ᠪᠠᠷᠢᠮᠲᠠᠯᠠᠨ ᠰᠢᠨ᠎ᠡ ᠶᠢ ᠡᠭᠦᠳᠴᠦ᠂ ᠴᠢᠷᠮᠠᠶᠢᠭᠰᠠᠨ ᠳᠡᠭᠡᠷ᠎ᠡ ᠪᠠᠨ ᠴᠢᠷᠮᠠᠶᠢᠵᠤ᠂ ᠢᠯᠠᠯᠲᠠ ᠶᠢᠨ ᠡᠷᠴᠢᠨ ᠳᠡᠭᠡᠷ᠎ᠡ | ᠤᠷᠤᠭᠰᠢᠯᠠᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠠᠷ ᠬᠦᠴᠦᠷᠬᠡᠭ ᠤᠯᠤᠰ ᠤᠨ ᠪᠦᠲᠦᠭᠡᠨ ᠪᠠᠶᠢᠭᠤᠯᠤᠯᠲᠠ᠂ ᠦᠨᠳᠦᠰᠦᠲᠡᠨ ᠤ ᠰᠡᠷᠭᠦᠨ | ᠮᠠᠨᠳᠤᠯᠲᠠ ᠶᠢᠨ ᠠᠭᠤᠤ ᠦᠢᠯᠡᠰ ᠢ ᠪᠦᠭᠦ ᠲᠠᠯ᠎ᠠ ᠪᠠᠷ ᠠᠬᠢᠭᠤᠯᠬᠤ ᠶᠢᠨ ᠲᠥᠯᠥᠭᠡ ᠪᠦᠯᠬᠦᠮᠳᠡᠨ ᠲᠡᠮᠡᠴᠡᠵᠡᠭᠡᠶ᠎ᠡ︕ ᠭᠡᠵᠦ ᠤᠷᠢᠶᠠᠯᠠᠪᠠ᠃ |