ᠲᠦᠷᠦᠭᠦᠬᠡᠨ᠂ ᠲᠣᠭᠤᠷᠢᠭ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠲᠣᠭᠤᠷᠢᠭ ᠤᠨ ᠳᠠᠷᠤᠭ᠎ᠠ ᠵᠠᠩ ᠰᠢᠩ ᠸᠠᠩ ᠳᠤᠮᠳᠠᠳᠤ ᠤᠯᠤᠰ ᠤᠨ ᠡᠪ ᠬᠠᠮᠲᠤ | ᠨᠠᠮ ᠤᠨ ᠬᠥᠯᠥᠨ ᠪᠤᠶᠢᠷ ᠬᠤᠲᠠ ᠶᠢᠨ ᠵᠠᠯᠠᠶᠢᠨᠠᠭᠤᠷ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ 2024 | ᠣᠨ ᠤ 20 ᠳ᠋ᠤᠭᠠᠷ ᠤᠳᠠᠭᠠᠨ ᠤ ᠬᠤᠷᠠᠯ ᠵᠢᠴᠢ ᠲᠣᠭᠤᠷᠢᠭ ᠤ ᠵᠠᠰᠠᠭ ᠤᠨ ᠣᠷᠳᠣᠨ ᠤ 2024 ᠣᠨ ᠤ 12 ᠳ᠋ᠤᠭᠠᠷ ᠤᠳᠠᠭᠠᠨ ᠤ ᠪᠠᠶᠢᠩᠭᠤ ᠶᠢᠨ ᠬᠤᠷᠠᠯ ᠢ | ᠡᠷᠭᠢᠯᠡᠨ ᠬᠤᠷᠠᠯᠳᠤᠭᠤᠯᠪᠠ᠃ | ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤ ᠴᠢᠬᠤᠯᠠ ᠶᠠᠷᠢᠶ᠎ᠠ᠂ ᠴᠢᠬᠤᠯᠠ ᠵᠣᠬᠢᠶᠠᠯ ᠤᠨ ᠵᠣᠷᠢᠭ ᠰᠠᠨᠠᠭ᠎ᠠ ᠪᠣᠯᠣᠨ ᠳᠡᠭᠡᠳᠦ ᠱᠠᠲᠤᠨ ᠤ ᠬᠠᠮᠢᠶ᠎ᠠ | ᠪᠦᠬᠦᠢ ᠪᠢᠴᠢᠭ ᠮᠠᠲ᠋ᠧᠷᠢᠶᠠᠯ᠂ ᠤᠳᠤᠷᠢᠳᠤᠯᠭ᠎ᠠ ᠶᠢᠨ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠠᠢ᠃ | ᠬᠤᠷᠠᠯ ᠠᠴᠠ᠂ ᠲᠥᠪ ᠤᠨ ᠠᠵᠤ ᠠᠬᠤᠢ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠪᠣᠯᠣᠨ ᠨᠠᠮ ᠤᠨ ᠲᠥᠪ ᠬᠤᠷᠢᠶᠠᠨ ᠤ ᠤᠯᠤᠰ ᠲᠦᠷᠦ ᠶᠢᠨ | ᠲᠣᠪᠴᠢᠶᠠᠨ ᠤ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠵᠤ᠂ 2025 ᠣᠨ ᠤ ᠠᠵᠤ ᠠᠬᠤᠢ ᠶᠢᠨ ᠠᠵᠢᠯ ᠤᠨ ᠭᠤᠣᠯᠳᠠᠯᠭ᠎ᠠ ᠲᠠᠢ ᠡᠭᠦᠷᠭᠡ ᠶᠢ | ᠭᠦᠨᠵᠡᠭᠡᠢ ᠣᠶᠢᠯᠠᠭᠠᠨ ᠡᠵᠡᠮᠰᠢᠵᠦ᠂ ᠪᠣᠳᠠᠲᠠᠢ ᠲᠠᠢ ᠪᠠᠨ ᠤᠶᠠᠯᠳᠤᠭᠤᠯᠤᠨ ᠪᠦᠬᠦ ᠲᠠᠯ᠎ᠠ ᠪᠠᠷ ᠪᠠᠷᠢᠮᠵᠢᠶ᠎ᠠ ᠲᠠᠢ ᠬᠠᠷᠭᠤᠭᠤᠯᠵᠤ᠂ ᠨᠠᠶᠢᠳᠠᠪᠤᠷᠢᠵᠢᠭᠤᠯᠬᠤ ᠠᠷᠭ᠎ᠠ | ᠬᠡᠮᠵᠢᠶ᠎ᠡ ᠶᠢ ᠨᠠᠷᠢᠯᠢᠭᠵᠢᠭᠤᠯᠵᠤ᠂ ᠮᠠᠨ ᠤ ᠲᠣᠭᠤᠷᠢᠭ ᠤᠨ ᠠᠵᠤ ᠠᠬᠤᠢ ᠶᠢᠨ ᠦᠷᠭᠦᠯᠵᠢᠯᠡᠨ ᠳᠡᠭᠡᠭᠰᠢᠯᠡᠵᠦ ᠰᠠᠶᠢᠵᠢᠷᠠᠬᠤ ᠶᠢ ᠯᠠᠪᠳᠠᠭᠤᠨ ᠪᠠᠲᠤᠲᠠᠢ ᠠᠬᠢᠭᠤᠯᠬᠤ | ᠬᠡᠷᠡᠭᠲᠡᠢ ᠭᠡᠵᠦ ᠵᠢᠭᠠᠵᠤ ᠭᠠᠷᠭᠠᠪᠠ᠃ ᠬᠡᠷᠡᠭᠯᠡᠭᠡ ᠶᠢ ᠬᠥᠭᠵᠢᠭᠡᠬᠦ ᠪᠠ ᠪᠡᠯᠡ ᠣᠷᠣᠭᠤᠯᠤᠯᠲᠠ ᠶᠢ ᠥᠷᠭᠡᠳᠬᠡᠬᠦ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ | ᠭᠤᠣᠯᠳᠠᠯᠭ᠎ᠠ ᠲᠠᠢ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ᠂ ᠭᠤᠣᠯᠳᠠᠯᠭ᠎ᠠ ᠲᠠᠢ ᠠᠵᠢᠯ ᠲᠦᠷᠦᠯ ᠤᠨ ᠲᠣᠬᠢᠷᠠᠭᠤᠯᠤᠯᠲᠠ ᠪᠠ ᠭᠤᠣᠯᠳᠠᠯᠭ᠎ᠠ ᠲᠠᠢ ᠠᠵᠤ | ᠠᠬᠤᠶᠢᠯᠠᠯ ᠤᠨ ᠳᠡᠮᠵᠢᠯᠭᠡ ᠶᠢ ᠬᠠᠮᠵᠢᠯᠴᠠᠨ ᠠᠬᠢᠭᠤᠯᠵᠤ᠂ ᠠᠵᠤ ᠠᠬᠤᠢ ᠶᠢᠨ ᠬᠥᠭᠵᠢᠯᠲᠡ ᠶᠢᠨ ᠠᠮᠢᠵᠢᠷᠠᠯ ᠤᠨ ᠬᠦᠴᠦᠨ ᠢ ᠦᠷᠭᠦᠯᠵᠢᠯᠡᠨ ᠬᠥᠭᠵᠢᠭᠡᠬᠦ ᠬᠡᠷᠡᠭᠲᠡᠢ᠃ | ᠠᠵᠤ ᠠᠬᠤᠢ ᠶᠢᠨ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠳᠠᠶᠢᠴᠢᠯᠠᠬᠤ ᠦᠢᠯᠡᠳᠦᠯ ᠢ ᠭᠦᠢᠴᠡᠳ ᠪᠠᠳᠠᠷᠠᠭᠤᠯᠵᠤ᠂ ᠬᠦᠴᠦᠨ ᠢᠶᠠᠨ ᠲᠥᠪᠯᠡᠷᠡᠭᠦᠯᠦᠨ ᠤᠯᠤᠰ ᠤᠨ | ᠥᠮᠴᠢᠯᠡᠯ ᠤᠨ ᠡᠳ᠋ ᠬᠥᠷᠥᠩᠭᠡ ᠤᠯᠤᠰ ᠤᠨ ᠥᠮᠴᠢᠯᠡᠯ ᠤᠨ ᠠᠵᠤ ᠠᠬᠤᠶᠢᠯᠠᠯ᠂ ᠡᠵᠡᠩᠨᠡᠯᠲᠡ ᠶᠢᠨ ᠣᠷᠴᠢᠨ ᠲᠣᠭᠤᠷᠢᠨ᠂ ᠮᠥᠩᠭᠦᠨ ᠭᠦᠢᠯᠭᠡᠭᠡ ᠵᠡᠷᠭᠡ ᠬᠦᠷᠢᠶᠡᠨ ᠤ | ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠶᠢ ᠪᠣᠳᠠᠲᠠᠢ ᠳᠤ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠬᠤ ᠶᠢ ᠠᠬᠢᠭᠤᠯᠬᠤ ᠬᠡᠷᠡᠭᠲᠡᠢ᠃ ᠳᠣᠲᠣᠭᠠᠳᠤ ᠭᠠᠳᠠᠭᠠᠳᠤ | ᠨᠡᠭᠡᠭᠡᠯᠲᠡ ᠶᠢ ᠥᠷᠭᠡᠳᠬᠡᠵᠦ᠂ ᠪᠣᠭᠤᠮᠲᠠ ᠶᠢᠨ ᠳᠣᠲᠣᠷ᠎ᠠ ᠭᠠᠵᠠᠷ ᠬᠤᠯᠪᠤᠭᠠᠯᠠᠨ ᠬᠥᠭᠵᠢᠬᠦ ᠪᠠᠶᠢᠯᠳᠤᠬᠤ ᠪᠣᠳᠣᠯᠭ᠎ᠠ ᠶᠢᠨ ᠵᠥᠪᠯᠡᠯᠴᠡᠭᠡᠷ ᠢ ᠨᠠᠶᠢᠳᠠᠪᠤᠷᠢᠵᠢᠭᠤᠯᠬᠤ ᠪᠠᠷ | ᠭᠠᠷᠳᠠᠴᠠ ᠪᠣᠯᠭᠠᠵᠤ᠂ ᠮᠠᠨ ᠤ ᠣᠷᠣᠨ ᠤ ᠪᠣᠭᠤᠮᠲᠠ ᠶᠢᠨ ᠠᠵᠤ ᠠᠬᠤᠢ ᠶᠢᠨ ᠬᠥᠭᠵᠢᠯᠲᠡ ᠶᠢ ᠵᠣᠯᠭᠠᠭᠤᠯᠬᠤ ᠴᠢᠳᠠᠪᠤᠷᠢ ᠶᠢ ᠪᠥᠬᠦ ᠲᠠᠯ᠎ᠠ ᠪᠠᠷ ᠳᠡᠭᠡᠭᠰᠢᠯᠡᠭᠦᠯᠬᠦ | ᠬᠡᠷᠡᠭᠲᠡᠢ᠃ ᠤᠯᠤᠰ ᠲᠦᠷᠦ᠂ ᠠᠵᠤ ᠠᠬᠤᠢ ᠮᠥᠩᠭᠦᠨ ᠭᠦᠢᠯᠭᠡᠭᠡ᠂ ᠨᠡᠶᠢᠭᠡᠮ ᠵᠡᠷᠭᠡ ᠡᠯ᠎ᠡ ᠬᠦᠷᠢᠶᠡᠨ ᠤ ᠠᠶᠤᠯ ᠲᠦᠭᠰᠢᠭᠦᠷᠢ ᠶᠢᠨ ᠬᠡᠮ ᠰᠣᠭᠤᠭ ᠢ ᠪᠦᠲᠦᠮᠵᠢᠲᠡᠢ | ᠰᠡᠷᠭᠡᠶᠢᠯᠡᠨ ᠠᠷᠢᠯᠭᠠᠵᠤ᠂ ᠮᠥᠨ ᠴᠢᠨᠠᠷ ᠤᠨ ᠠᠮᠤᠷ ᠲᠦᠪᠰᠢᠨ ᠤ ᠲᠦᠪᠰᠢᠨ ᠢ ᠪᠦᠬᠦ ᠲᠠᠯ᠎ᠠ ᠪᠠᠷ ᠳᠡᠭᠡᠭᠰᠢᠯᠡᠭᠦᠯᠬᠦ ᠬᠡᠷᠡᠭᠲᠡᠢ᠃ ᠠᠵᠢᠯ ᠣᠯᠭᠤᠯᠲᠠ᠂ ᠰᠤᠷᠭᠠᠨ | ᠬᠥᠮᠦᠵᠢᠯ᠂ ᠡᠮ ᠡᠮᠨᠡᠯᠭᠡ᠂ ᠨᠠᠰᠤᠵᠢᠯ ᠤᠨ ᠠᠰᠠᠷᠠᠮᠵᠢ ᠵᠡᠷᠭᠡ ᠠᠷᠠᠳ ᠤᠨ ᠠᠮᠢᠳᠤᠷᠠᠯ ᠤᠨ ᠬᠦᠷᠢᠶᠡᠨ ᠳᠤ ᠠᠩᠬᠠᠷᠤᠯ ᠢᠶᠠᠨ ᠲᠥᠪᠯᠡᠷᠡᠭᠦᠯᠵᠦ᠂ ᠠᠷᠠᠳ ᠤᠨ ᠠᠮᠢᠳᠤᠷᠠᠯ ᠢ | ᠦᠨᠡᠨ ᠰᠡᠳᠬᠢᠯ ᠠᠴᠠ ᠪᠠᠨ ᠪᠠᠲᠤᠯᠠᠨ ᠰᠠᠶᠢᠵᠢᠷᠠᠭᠤᠯᠵᠤ᠂ ᠰᠢᠨ᠎ᠡ ᠮᠠᠶ᠋ᠢᠭ ᠤᠨ ᠬᠤᠲᠠ ᠪᠠᠯᠭᠠᠰᠤᠵᠢᠯᠲᠠ ᠪᠠ ᠬᠥᠳᠡᠭᠡ ᠲᠣᠰᠬᠤᠨ ᠢ ᠪᠦᠬᠦ ᠲᠠᠯ᠎ᠠ ᠪᠠᠷ ᠬᠥᠭᠵᠢᠭᠦᠯᠦᠨ | ᠮᠠᠨᠳᠤᠭᠤᠯᠬᠤ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠠᠷᠠᠳ ᠤᠯᠠᠨ ᠤ ᠪᠤᠶᠠᠨ ᠵᠢᠷᠭᠠᠯ ᠢ ᠦᠷᠭᠦᠯᠵᠢᠯᠡᠨ ᠨᠡᠮᠡᠭᠳᠡᠭᠦᠯᠬᠦ ᠬᠡᠷᠡᠭᠲᠡᠢ ᠭᠡᠵᠤ ᠵᠢᠭᠠᠵᠤ | ᠭᠠᠷᠭᠠᠪᠠ᠃ | ᠬᠤᠷᠠᠯ ᠠᠴᠠ ᠪᠠᠰᠠ ︽ᠬᠥᠯᠥᠨ ᠪᠤᠶᠢᠷ ᠬᠤᠲᠠ ᠶᠢᠨ ᠵᠠᠯᠠᠶᠢᠨᠠᠭᠤᠷ ᠲᠣᠭᠤᠷᠢᠭ ᠤᠨ ᠲᠣᠰ ᠱᠠᠲᠤᠨ ᠤ ᠵᠠᠰᠠᠭ ᠤᠨ ᠶᠠᠪᠤᠳᠠᠯ ᠤᠨ ᠮᠡᠳᠡᠭᠡ | ᠵᠠᠩᠭᠢᠵᠢᠯᠲᠠ ᠶᠢᠨ ᠲᠥᠷᠥᠯ ᠵᠦᠢᠯ ᠤᠨ ᠬᠠᠮᠢᠶᠠᠷᠤᠯᠲᠠ ᠶᠢᠨ ᠲᠦᠷ ᠬᠡᠷᠡᠭᠵᠢᠭᠦᠯᠬᠦ ᠠᠷᠭ᠎ᠠ︾ ︽2024 ᠣᠨ ᠤ ᠵᠠᠯᠠᠶᠢᠨᠠᠭᠤᠷ ᠤᠨ ᠣᠯᠠᠨ ᠲᠦᠮᠡᠨ ᠤ ᠮᠥᠰᠥ | ᠴᠠᠰᠤᠨ ᠤ ᠤᠯᠠᠷᠢᠯ ᠵᠢᠴᠢ ᠭᠤᠷᠪᠠᠳᠤᠭᠠᠷ ᠬᠤᠭᠤᠴᠠᠭᠠᠨ ᠤ ︽ᠮᠥᠩᠭᠦᠨ ᠥᠩᠭᠡ ᠶᠢᠨ ᠵᠠᠯᠠᠶᠢᠨᠠᠭᠤᠷ︾ ᠤᠨ ᠠᠵᠢᠯ ᠤᠨ ᠲᠥᠰᠥᠯ︾᠂ ᠤᠯᠤᠰ ᠤᠨ ᠥᠮᠴᠢᠯᠡᠯ ᠤᠨ | ᠲᠠᠷᠢᠶᠠᠨ ᠭᠠᠵᠠᠷ ᠢ ᠲᠥᠯᠥᠪᠦᠷᠢ ᠲᠠᠢ ᠪᠠᠷ ᠬᠡᠷᠡᠭᠯᠡᠬᠦ ᠵᠡᠷᠭᠡ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ ᠬᠢᠨᠠᠨ ᠵᠥᠪᠯᠡᠵᠦ᠂ ᠬᠠᠮᠢᠶ᠎ᠠ ᠪᠦᠬᠦᠢ ᠠᠵᠢᠯ ᠢ | ᠲᠣᠬᠢᠷᠠᠭᠤᠯᠤᠨ ᠪᠠᠶᠢᠷᠢᠯᠠᠭᠤᠯᠪᠠ᠃ |