ᠬᠤᠶᠠᠳᠤᠭᠠᠷ ᠬᠤᠭᠤᠴᠠᠭᠠᠨ ᠤ ᠲᠣᠭᠤᠷᠢᠭ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠶᠢᠨ 168 ᠳ᠋ᠤᠭᠠᠷ ᠬᠤᠷᠠᠯ ᠵᠢᠴᠢ ᠵᠠᠯᠠᠶᠢᠨᠠᠭᠤᠷ ᠲᠣᠭᠤᠷᠢᠭ ᠤᠨ ᠪᠠᠯᠭᠠᠰᠤ ︵ᠵᠡᠭᠡᠯᠢ ᠭᠤᠳᠤᠮᠵᠢ︶ ᠶᠢᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠵᠦᠢᠯᠡᠰ ᠤᠨ ᠨᠠᠷᠢᠨ ᠬᠠᠭᠤᠳᠠᠰᠤ ᠶᠢᠨ ᠠᠵᠢᠯ ᠢ ᠬᠡᠷᠡᠭᠵᠢᠭᠦᠯᠬᠦ ᠳᠤᠭᠤᠶᠢᠯᠠᠩ ᠤᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2025/1/3
       ᠲᠦᠷᠦᠭᠦᠬᠡᠨ᠂ ᠵᠠᠯᠠᠶᠢᠨᠠᠭᠤᠷ ᠲᠣᠭᠤᠷᠢᠭ ᠤᠨ ᠨᠠᠮ ᠤᠨ ᠬᠤᠷᠢᠶ᠎ᠠ ᠶᠢᠨ ᠱᠦᠵᠢ ᠴᠢ ᠱᠠᠨ ᠵᠢᠶᠠᠨ ᠬᠤᠶᠠᠳᠤᠭᠠᠷ ᠬᠤᠭᠤᠴᠠᠭᠠᠨ ᠤ ᠲᠣᠭᠤᠷᠢᠭ ᠤᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠶᠢᠨ 168 ᠳ᠋ᠤᠭᠠᠷ ᠤᠳᠠᠭᠠᠨ ᠤ ᠬᠤᠷᠠᠯ ᠵᠢᠴᠢ ᠵᠠᠯᠠᠶᠢᠨᠠᠭᠤᠷ ᠲᠣᠭᠤᠷᠢᠭ ᠤᠨ ᠪᠠᠯᠭᠠᠰᠤ ︵ᠵᠡᠭᠡᠯᠢ ᠭᠤᠳᠤᠮᠵᠢ︶ ᠶᠢᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠵᠦᠢᠯᠡᠰ ᠤᠨ ᠨᠠᠷᠢᠨ ᠲᠠᠩᠰᠠ ᠶᠢᠨ ᠠᠵᠢᠯ ᠢ ᠬᠡᠷᠡᠭᠵᠢᠭᠦᠯᠬᠦ ᠳᠤᠭᠤᠶᠢᠯᠠᠩ ᠤᠨ ᠬᠤᠷᠠᠯ ᠢ ᠡᠷᠭᠢᠯᠡᠨ ᠬᠤᠷᠠᠯᠳᠤᠭᠤᠯᠪᠠ᠃       ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠶᠢᠨ ᠴᠢᠬᠤᠯᠠ ᠶᠠᠷᠢᠶ᠎ᠠ᠂ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠪᠣᠯᠣᠨ ᠳᠡᠭᠡᠳᠦ ᠱᠠᠲᠤᠨ ᠤ ᠬᠠᠮᠢᠶ᠎ᠠ ᠪᠦᠬᠦᠢ ᠪᠢᠴᠢᠭ ᠮᠠᠲ᠋ᠧᠷᠢᠶᠠᠯ᠂ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠠᠢ᠃       ᠬᠤᠷᠠᠯ ᠠᠴᠠ᠂ ᠶᠡᠷᠦᠩᠬᠡᠢ ᠱᠦᠵᠢ ᠰᠢ ᠶᠢᠨ ᠫᠢᠩ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠨ ᠲᠤᠤᠱᠯᠠᠭᠤᠯᠵᠤ᠂ ᠳᠦᠷᠢᠮ ᠤᠨ ᠢᠲᠡᠭᠡᠯ ᠢᠶᠠᠨ ᠴᠢᠨᠠᠭᠰᠢᠳᠠ ᠪᠠᠲᠤᠳᠬᠠᠵᠤ᠂ ᠪᠠᠶᠢᠯᠳᠤᠬᠤ ᠪᠣᠳᠣᠯᠭ᠎ᠠ ᠶᠢᠨ ᠲᠣᠭᠲᠠᠯ ᠬᠦᠴᠦᠨ ᠢᠶᠠᠨ ᠪᠠᠲᠤᠯᠠᠵᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠳᠤ ᠨᠡᠩ ᠰᠠᠶᠢᠲᠤᠷ ᠦᠢᠯᠡᠴᠢᠯᠡᠬᠦ ᠪᠠ ᠠᠭᠤᠰᠤᠯᠴᠠᠬᠤ ᠬᠡᠷᠡᠭᠲᠡᠢ᠃ ᠬᠠᠶᠢᠨᠠᠨ ᠤ ᠴᠢᠯᠦᠭᠡᠲᠦ ᠠᠷᠠᠯᠵᠢᠶᠠᠨ‌‍ᠤ ᠣᠷᠣᠨ ᠤ ᠳᠦᠷᠢᠮ ᠤᠨ ᠰᠢᠨ᠎ᠡ ᠶᠢ ᠡᠭᠦᠳᠦᠭᠰᠡᠨ ᠦᠷ᠎ᠡ ᠪᠦᠲᠦᠭᠡᠯ ᠢ ᠭᠦᠨᠵᠡᠭᠡᠢ ᠰᠤᠷᠤᠯᠴᠠᠨ ᠲᠣᠯᠢᠳᠠᠵᠤ᠂ ᠬᠤᠳᠠᠯᠳᠤᠭ᠎ᠠ ᠡᠷᠬᠢᠯᠡᠬᠦ ᠣᠷᠴᠢᠨ ᠲᠣᠭᠤᠷᠢᠨ ᠢ ᠪᠦᠬᠦ ᠲᠠᠯ᠎ᠠ ᠪᠠᠷ ᠰᠢᠯᠢᠳᠡᠭᠵᠢᠭᠦᠯᠵᠦ᠂ ᠳᠦᠷᠢᠮ ᠤᠨ ᠬᠡᠯᠪᠡᠷᠢ ᠶᠢᠨ ᠨᠡᠭᠡᠭᠡᠯᠲᠡ ᠶᠢ ᠲᠣᠭᠲᠠᠭᠤᠨ ᠢᠶᠠᠷ ᠥᠷᠭᠡᠳᠬᠡᠬᠦ ᠬᠡᠷᠡᠭᠲᠡᠢ᠃ ᠭᠤᠣᠯ ᠰᠡᠳᠦᠪᠲᠦ ᠬᠥᠮᠦᠵᠢᠯ ᠤᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠵᠦ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠪᠠᠶᠢᠩᠭᠤᠵᠢᠭᠤᠯᠬᠤ᠂ ᠤᠷᠳᠤ ᠬᠤᠭᠤᠴᠠᠭ᠎ᠠ ᠪᠠᠷ ᠪᠦᠲᠦᠮᠵᠢᠲᠡᠢ ᠪᠠᠶᠢᠯᠭᠠᠬᠤ ᠶᠢ ᠠᠬᠢᠭᠤᠯᠬᠤ ᠬᠡᠷᠡᠭᠲᠡᠢ ᠭᠡᠵᠦ ᠵᠢᠭᠠᠪᠠ᠃       ᠬᠤᠷᠠᠯ ᠠᠴᠠ ᠪᠠᠰᠠ ᠵᠠᠯᠠᠶᠢᠨᠠᠭᠤᠷ ᠲᠣᠭᠤᠷᠢᠭ ᠤᠨ ᠪᠠᠯᠭᠠᠰᠤ ︵ᠵᠡᠭᠡᠯᠢ ᠭᠤᠳᠤᠮᠵᠢ︶ ᠶᠢᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠵᠦᠢᠯᠡᠰ ᠤᠨ ᠨᠠᠷᠢᠨ ᠲᠠᠩᠰᠠ ᠶᠢᠨ ᠬᠠᠮᠢᠶ᠎ᠠ ᠪᠦᠬᠦᠢ ᠠᠵᠢᠯ ᠢ ᠰᠤᠳᠤᠯᠵᠠᠢ᠃
ᠢᠷᠡᠯᠲᠡ᠄ ᠵᠠᠯᠠᠶᠢᠨᠠᠭᠤᠷ ᠲᠤᠭᠤᠷᠢᠭ ᠤᠨ ᠠᠷᠠᠳ ᠤᠨ ᠵᠠᠰᠠᠭ ᠤᠨ ᠣᠷᠳᠣᠨ