ᠵᠠᠯᠠᠶᠢᠨᠠᠭᠤᠷ ᠲᠣᠭᠤᠷᠢᠭ ᠤᠨ ᠠᠵᠢᠯ ᠦᠢᠯᠡᠰ ᠤᠨ ᠨᠢᠭᠡᠴᠢ ᠶᠢᠨ ᠰᠢᠨ᠎ᠡ ᠪᠠᠷ ᠤᠷᠢᠨ ᠬᠡᠷᠡᠭᠯᠡᠬᠦ ᠠᠵᠢᠯᠲᠠᠨ ᠤ ᠣᠨᠣᠯ ᠤᠨ ᠬᠡᠪ ᠴᠢᠨᠠᠷ᠂ ᠮᠡᠳᠡᠯᠭᠡ ᠶᠢᠨ ᠬᠢᠷᠢ | ᠲᠦᠪᠰᠢᠨ᠂ ᠲᠤᠬᠠᠶᠢᠯᠠᠭᠰᠠᠨ ᠠᠵᠢᠯ ᠤᠨ ᠬᠡᠪ ᠴᠢᠨᠠᠷ ᠵᠡᠷᠭᠡ ᠬᠢᠷᠢ ᠲᠦᠪᠰᠢᠨ ᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠶᠢᠨ ᠲᠥᠯᠥᠭᠡ᠂ ᠵᠠᠯᠠᠶᠢᠨᠠᠭᠤᠷ | ᠲᠣᠭᠤᠷᠢᠭ ᠤᠨ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ 2024 ᠣᠨ ᠤ 12 ᠳ᠋ᠤᠭᠠᠷ ᠰᠠᠷ᠎ᠠ ᠶᠢᠨ 30 ᠤ | ᠡᠳᠦᠷ ᠠᠴᠠ 31 ᠤ ᠡᠳᠦᠷ ᠪᠣᠯᠲᠠᠯ᠎ᠠ ᠵᠠᠯᠠᠶᠢᠨᠠᠭᠤᠷ ᠲᠣᠭᠤᠷᠢᠭ ᠤᠨ 2024 ᠣᠨ ᠤ ᠠᠵᠢᠯ ᠦᠢᠯᠡᠰ ᠤᠨ ᠨᠢᠭᠡᠴᠢ ᠶᠢᠨ ᠰᠢᠨ᠎ᠡ ᠪᠠᠷ ᠤᠷᠢᠨ ᠬᠡᠷᠡᠭᠯᠡᠬᠦ | ᠠᠵᠢᠯᠲᠠᠨ ᠤ ᠪᠣᠯᠪᠠᠰᠤᠷᠠᠭᠤᠯᠤᠯ ᠢ ᠵᠣᠬᠢᠶᠠᠨ ᠪᠠᠶᠢᠭᠤᠯᠵᠤ ᠥᠷᠨᠢᠭᠦᠯᠪᠡ᠃ ᠵᠠᠯᠠᠶᠢᠨᠠᠭᠤᠷ ᠲᠣᠭᠤᠷᠢᠭ ᠤᠨ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ | ᠪᠠᠲᠤᠯᠠᠭ᠎ᠠ ᠶᠢᠨ ᠲᠣᠪᠴᠢᠶ᠎ᠠ ᠰᠢᠨ᠎ᠡ ᠪᠠᠷ ᠤᠷᠢᠨ ᠬᠡᠷᠡᠭᠯᠡᠭᠰᠡᠨ ᠠᠵᠢᠯᠲᠠᠨ ᠤ ᠠᠵᠢᠯ ᠤᠨ ᠪᠠᠶᠢᠷᠢ ᠶᠢᠨ ᠣᠨᠴᠠᠯᠢᠭ ᠲᠠᠢ ᠤᠶᠠᠯᠳᠤᠭᠤᠯᠤᠨ᠂ ᠬᠢᠴᠢᠶᠡᠯ ᠢ ᠨᠠᠷᠢᠨ ᠨᠢᠮᠪᠠᠢ | ᠵᠣᠬᠢᠶᠠᠨ ᠪᠠᠶᠢᠭᠤᠯᠵᠤ᠂ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠪᠠ᠂ | ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢ ᠴᠢᠩᠭᠠᠳᠬᠠᠬᠤ᠂ ᠥᠪᠥᠷ ᠮᠣᠩᠭᠤᠯᠴᠤᠳ ᠤᠨ ᠦᠨᠡᠨᠴᠢ ᠢᠲᠡᠭᠡᠮᠵᠢᠲᠡᠢ ᠪᠠᠶᠢᠬᠤ ᠵᠥᠪ ᠲᠠᠯ᠎ᠠ ᠶᠢᠨ ᠳᠦᠷᠢ ᠲᠥᠷᠬᠦ ᠶᠢ | ᠪᠣᠶ ᠪᠣᠯᠭᠠᠬᠤ᠂ ᠨᠠᠮ ᠵᠠᠰᠠᠭ ᠤᠨ ᠪᠠᠶᠢᠭᠤᠯᠭ᠎ᠠ ᠶᠢᠨ ᠠᠯᠪᠠᠨ ᠪᠢᠴᠢᠭ ᠰᠢᠢᠳᠪᠦᠷᠢᠯᠡᠬᠦ ᠲᠤᠬᠠᠶᠢᠯᠠᠭᠰᠠᠨ ᠠᠵᠢᠯ ᠤᠨ ᠰᠣᠯᠢᠯᠴᠠᠭ᠎ᠠ᠂ ᠨᠢᠭᠤᠴᠠ ᠶᠢ ᠬᠠᠮᠠᠭᠠᠯᠠᠬᠤ | ᠮᠡᠳᠡᠯᠭᠡ ᠶᠢᠨ ᠲᠠᠶᠢᠯᠤᠮᠵᠢ ᠵᠡᠷᠭᠡ ᠨᠠᠢᠮᠠᠨ ᠲᠥᠷᠥᠯ ᠤᠨ ᠬᠢᠴᠢᠶᠡᠯ ᠢ ᠥᠷᠨᠢᠭᠦᠯᠪᠡ᠃ | ᠪᠣᠯᠪᠠᠰᠤᠷᠠᠭᠤᠯᠤᠯ ᠤᠨ ᠬᠤᠭᠤᠴᠠᠭ᠎ᠠ ᠨᠢ ᠬᠤᠶᠠᠷ ᠡᠳᠦᠷ ᠪᠠᠶᠢᠵᠤ᠂ ᠬᠢᠴᠢᠶᠡᠯ ᠤᠨ ᠠᠭᠤᠯᠭ᠎ᠠ ᠨᠢ ᠪᠠᠶᠠᠯᠢᠭ᠂ ᠭᠤᠣᠯ ᠰᠡᠳᠦᠪ ᠨᠢ ᠣᠯᠠᠨ ᠶᠠᠩᠵᠤ ᠶᠢᠨ | ᠪᠠᠶᠢᠵᠤ᠂ ᠰᠢᠨ᠎ᠡ ᠪᠠᠷ ᠤᠷᠢᠨ ᠬᠡᠷᠡᠭᠯᠡᠭᠰᠡᠨ ᠠᠵᠢᠯᠲᠠᠨ ᠳᠤ ᠰᠠᠶᠢᠨ ᠰᠠᠶᠢᠬᠠᠨ ᠰᠤᠷᠤᠯᠴᠠᠬᠤ ᠲᠣᠬᠢᠶᠠᠯ ᠪᠠ ᠰᠣᠯᠢᠯᠴᠠᠭᠠᠨ ᠤ ᠲᠠᠪᠴᠠᠩ ᠬᠠᠩᠭᠠᠭᠰᠠᠨ ᠪᠠᠶᠢᠨ᠎ᠠ᠃ |