ᠣᠶᠢᠷ᠎ᠠ ᠳᠤ ᠨᠡᠶᠢᠲᠡᠯᠡᠭᠰᠡᠨ ︽ᠰᠢᠶᠣᠣ ᠮᠢ ᠪᠡᠶ᠎ᠡ ᠶᠢᠨ ᠲᠠᠮᠢᠷ ᠤᠨ ᠰᠤᠷᠤᠯᠭ᠎ᠠ ᠶᠢᠨ ᠱᠠᠩᠨᠠᠯ ᠤᠨ ᠮᠥᠩᠭᠦ︾ ᠶᠢᠨ ᠰᠢᠯᠭᠠᠷᠠᠭᠤᠯᠤᠯᠲᠠ ᠳᠤ ᠭᠦᠭᠡᠬᠤᠲᠠ ᠶᠢᠨ | ᠪᠡᠶ᠎ᠡ ᠶᠢᠨ ᠲᠠᠮᠢᠷ ᠤᠨ ᠰᠤᠷᠭᠠᠭᠤᠯᠢ ᠶᠢᠨ ᠫᠤᠤᠳᠠᠯᠭ᠎ᠠ ᠶᠢᠨ ᠠᠩᠭᠢ ᠶᠢᠨ ᠲᠠᠮᠢᠷᠴᠢᠨ ᠯᠧᠢ ᠰᠢᠨ᠂ ᠰᠦᠨ ᠺᠧ ᠰᠣᠩᠭᠤᠭᠳᠠᠵᠤ᠂ ᠳᠤᠮᠳᠠᠳᠤ ᠶᠢᠨ ᠪᠦᠭᠦ ᠤᠯᠤᠰ ᠤᠨ | ᠪᠡᠶ᠎ᠡ ᠶᠢᠨ ᠲᠠᠮᠢᠷ ᠤᠨ ᠰᠠᠭᠤᠷᠢ ᠮᠥᠩᠭᠦᠨ ᠤ ᠨᠡᠶᠢᠭᠡᠮᠯᠢᠭ ᠤᠨ ︽ᠰᠢᠶᠣᠣ ᠮᠢ ᠪᠡᠶ᠎ᠡ ᠶᠢᠨ ᠲᠠᠮᠢᠷ ᠤᠨ ᠰᠤᠷᠤᠯᠭ᠎ᠠ ᠶᠢᠨ ᠱᠠᠩᠨᠠᠯ ᠤᠨ ᠮᠥᠩᠭᠦ︾ ᠶᠢ ᠭᠦᠷᠲᠡᠪᠡ᠃ ᠡᠨᠡ ᠬᠦ | ᠰᠤᠷᠤᠯᠭ᠎ᠠ ᠶᠢᠨ ᠱᠠᠩᠨᠠᠯ ᠤᠨ ᠮᠥᠩᠭᠦ ᠨᠢ ᠲᠡᠳᠡᠨ ᠤ ᠬᠤᠪᠢ ᠬᠥᠮᠥᠨ ᠤ ᠴᠥᠬᠦᠷᠡᠰᠢ ᠦᠭᠡᠢ ᠴᠢᠷᠮᠠᠶᠢᠯᠭ᠎ᠠ ᠪᠠ ᠰᠢᠯᠢᠳᠡᠭ ᠬᠢᠷᠢ ᠪᠦᠲᠦᠮᠵᠢ ᠶᠢᠨ ᠨᠤᠲᠠᠯᠠᠯᠲᠠ | ᠪᠤᠯᠬᠤ ᠪᠠᠷ ᠪᠠᠷᠠᠬᠤ ᠦᠭᠡᠢ ᠪᠠᠰᠠ ᠴᠤ ᠲᠡᠳᠡᠨ ᠤ ᠢᠷᠡᠭᠡᠳᠦᠢ ᠳᠤ ᠨᠠᠩ ᠰᠠᠶᠢᠨ ᠬᠢᠷᠢ ᠪᠦᠲᠦᠮᠵᠢ ᠣᠯᠬᠤ ᠬᠦᠰᠡᠯ ᠡᠷᠡᠮᠡᠯᠵᠡᠯ ᠪᠠ ᠵᠣᠷᠢᠭᠵᠢᠭᠤᠯᠤᠯ ᠪᠣᠯᠣᠨ᠎ᠠ᠂ ᠨᠠᠩ | ᠴᠤ ᠭᠦᠭᠡᠬᠤᠲᠠ ᠶᠢᠨ ᠪᠡᠶ᠎ᠡ ᠶᠢᠨ ᠲᠠᠮᠢᠷ ᠤᠨ ᠰᠤᠷᠭᠠᠭᠤᠯᠢ ᠶᠢᠨ ᠵᠠᠯᠠᠭᠤᠴᠤᠳ ᠪᠠᠭᠠᠴᠤᠳ ᠤᠨ ᠪᠡᠶ᠎ᠡ ᠶᠢᠨ ᠲᠠᠮᠢᠷ ᠤᠨ ᠪᠡᠯᠡᠳᠬᠡᠯ ᠴᠢᠳᠠᠪᠤᠷᠢᠲᠠᠨ ᠤ ᠦᠢᠯᠡᠰ ᠢ | ᠬᠥᠮᠥᠵᠢᠭᠦᠯᠬᠦ ᠵᠣᠷᠢᠭᠵᠢᠭᠤᠯᠤᠯ ᠪᠣᠯᠣᠨ᠎ᠠ᠃ | ᠪᠦᠭᠦ ᠰᠤᠷᠭᠠᠭᠤᠯᠢ ᠶᠢᠨ ᠲᠠᠮᠢᠷᠴᠢᠳ ᠲᠡᠳᠡᠨ ᠢᠶᠠᠷ ᠳᠠᠭᠤᠷᠢᠶᠠᠯ ᠪᠤᠯᠭᠠᠵᠤ᠂ ᠲᠡᠰᠪᠦᠷᠢ ᠬᠠᠲᠠᠭᠤᠵᠢᠯᠲᠠᠢ᠂ ᠴᠤᠴᠠᠰᠢ ᠦᠭᠡᠢ ᠲᠡᠮᠡᠴᠡᠬᠦ ᠮᠣᠩᠭᠤᠯ ᠮᠣᠷᠢᠨ ᠤ | ᠵᠣᠷᠢᠭ ᠰᠠᠨᠠᠭ᠎ᠠ ᠶᠢ ᠪᠠᠳᠠᠷᠠᠭᠤᠯᠵᠤ᠂ ᠵᠣᠷᠢᠭᠲᠠᠢ ᠪᠠᠷ ᠡᠷᠡᠯᠬᠡᠭᠯᠡᠨ ᠲᠡᠮᠡᠴᠡᠵᠦ᠂ ᠲᠡᠷᠢᠭᠦᠨ ᠳᠤ ᠣᠷᠣᠬᠤ ᠪᠠᠷ ᠴᠢᠷᠮᠠᠶᠢᠬᠤ ᠪᠡᠶ᠎ᠡ ᠶᠢᠨ ᠲᠠᠮᠢᠷ ᠤᠨ ᠵᠣᠷᠢᠭ ᠰᠠᠨᠠᠭ᠎ᠠ ᠶᠢ | ᠪᠠᠳᠠᠷᠠᠭᠤᠯᠵᠤ᠂ ᠵᠣᠷᠢᠭᠲᠠᠢ ᠪᠠᠷ ᠥᠷᠢᠰᠦᠯᠳᠦᠵᠦ᠂ ᠤᠷᠤᠯᠳᠤᠭᠠᠨ ᠤ ᠪᠡᠶ᠎ᠡ ᠶᠢᠨ ᠲᠠᠮᠢᠷ ᠤᠨ ᠵᠠᠮ ᠳᠡᠭᠡᠷ᠎ᠡ ᠲᠠᠰᠤᠷᠠᠯᠲᠠ ᠦᠭᠡᠢ ᠭᠠᠷᠮᠠᠭᠠᠢ ᠬᠢᠷᠢ ᠪᠦᠲᠦᠮᠵᠢ | ᠣᠯᠬᠤ ᠪᠠᠷ ᠴᠢᠷᠮᠠᠶᠢᠨ᠎ᠠ ᠭᠡᠵᠦ ᠢᠯᠡᠳᠬᠡᠪᠡ᠃ | ᠣᠶᠢᠯᠠᠭᠠᠭᠰᠠᠨ ᠢᠶᠠᠷ᠂ ᠰᠢᠶᠣᠣ ᠮᠢ ᠪᠡᠶ᠎ᠡ ᠶᠢᠨ ᠲᠠᠮᠢᠷ ᠤᠨ ᠰᠤᠷᠤᠯᠭ᠎ᠠ ᠶᠢᠨ ᠱᠠᠩᠨᠠᠯ ᠤᠨ ᠰᠠᠭᠤᠷᠢ ᠮᠥᠩᠭᠦᠨ ᠤ ᠨᠡᠶᠢᠭᠡᠮᠯᠢᠭ ᠠᠴᠠ 1000 ᠲᠦᠮᠡᠨ | ᠲᠥᠭᠦᠷᠢᠭ ᠬᠠᠨᠳᠢᠪᠯᠡᠵᠤ ᠳᠤᠮᠳᠠᠳᠤ ᠶᠢᠨ ᠪᠦᠭᠦ ᠤᠯᠤᠰ ᠤᠨ ᠪᠡᠶ᠎ᠡ ᠶᠢᠨ ᠲᠠᠮᠢᠷ ᠤᠨ ᠰᠠᠭᠤᠷᠢ ᠮᠥᠩᠭᠦᠨ ᠤ ᠨᠡᠶᠢᠭᠡᠮᠯᠢᠭ ᠲᠤ ︽ᠰᠢᠶᠣᠣ ᠮᠢ ᠪᠡᠶ᠎ᠡ ᠶᠢᠨ ᠲᠠᠮᠢᠷ ᠤᠨ | ᠰᠤᠷᠤᠯᠭ᠎ᠠ ᠶᠢᠨ ᠱᠠᠩᠨᠠᠯ ᠤᠨ ᠮᠥᠩᠭᠦ︾ ᠶᠢᠨ ᠲᠥᠷᠥᠯ ᠵᠦᠢᠯ ᠢ ᠪᠠᠶᠢᠭᠤᠯᠵᠤ᠂ 5 ᠵᠢᠯ ᠬᠤᠪᠢᠶᠠᠨ ᠬᠡᠷᠡᠭᠵᠢᠭᠦᠯᠵᠦ᠂ ᠵᠢᠯ ᠪᠦᠷᠢ ᠳᠤᠮᠳᠠ ᠵᠡᠷᠭᠡ ᠶᠢᠨ ᠰᠤᠷᠭᠠᠨ | ᠬᠥᠮᠦᠵᠢᠯ ᠤᠨ ᠱᠠᠲᠤᠨ ᠳᠤ ᠪᠠᠶᠢᠭ᠎ᠠ ᠪᠡᠶ᠎ᠡ ᠶᠢᠨ ᠲᠠᠮᠢᠷ ᠤᠨ ᠤᠷᠤᠯᠳᠤᠭᠠᠨ ᠳᠤ ᠰᠢᠯᠢᠳᠡᠭ ᠬᠢᠷᠢ ᠪᠦᠲᠦᠮᠵᠢ ᠣᠯᠣᠭᠰᠠᠨ ᠲᠠᠮᠢᠷᠴᠢᠳ ᠢ ᠲᠤᠰᠠᠯᠠᠵᠤ᠂ ᠪᠡᠶ᠎ᠡ ᠶᠢᠨ | ᠲᠠᠮᠢᠷ ᠤᠨ ᠪᠡᠯᠡᠳᠬᠡᠯ ᠴᠢᠳᠠᠪᠤᠷᠢᠲᠠᠨ ᠢ ᠬᠥᠮᠥᠵᠢᠭᠦᠯᠬᠦ ᠳᠤ ᠬᠦᠴᠦᠨ ᠨᠡᠮᠡᠷᠢᠯᠡᠬᠦ ᠪᠣᠯᠣᠨ᠎ᠠ᠃ |