ᠣᠷᠳᠣᠰ ᠬᠤᠲᠠ ᠶᠢᠨ ᠠᠩᠬᠠᠳᠠᠭᠴᠢ ᠪᠠᠴᠢᠮ ᠪᠠᠶᠢᠳᠠᠯ ᠢ ᠠᠷᠭᠠᠴᠠᠭᠠᠵᠤ ᠭᠠᠮᠰᠢᠭ ᠠᠴᠠ ᠠᠪᠤᠷᠠᠬᠤ ᠶᠡᠷᠦᠩᠬᠡᠶᠢᠯᠡᠭᠰᠡᠨ ᠡᠳ᠋ ᠪᠣᠳᠠᠰ ᠨᠥᠭᠡᠴᠡᠯᠡᠬᠦ ᠬᠥᠮᠥᠷᠭᠡ ᠠᠰᠢᠭᠯᠠᠯᠲᠠ ᠳᠤ ᠣᠷᠣᠵᠠᠢ
ᠨᠡᠶᠢᠲᠡᠯᠡᠭᠰᠡᠨ ᠴᠠᠭ᠄
2025/1/3
       ᠣᠷᠳᠣᠰ ᠬᠤᠲᠠ ᠶᠢᠨ ᠠᠩᠬᠠᠳᠠᠭᠴᠢ ᠪᠠᠴᠢᠮ ᠪᠠᠶᠢᠳᠠᠯ ᠢ ᠠᠷᠭᠠᠴᠠᠭᠠᠵᠤ ᠭᠠᠮᠰᠢᠭ ᠠᠴᠠ ᠠᠪᠤᠷᠠᠬᠤ ᠶᠡᠷᠦᠩᠬᠡᠶᠢᠯᠡᠭᠰᠡᠨ ᠡᠳ᠋ ᠪᠣᠳᠠᠰ ᠨᠥᠭᠡᠴᠡᠯᠡᠬᠦ ᠬᠥᠮᠥᠷᠭᠡ ᠣᠶᠢᠷ᠎ᠠ ᠳᠤ ᠠᠰᠢᠭᠯᠠᠯᠲᠠ ᠳᠤ ᠣᠷᠣᠵᠤ᠂ ᠳᠤᠰ ᠬᠤᠳᠠ ᠶᠢᠨ ᠪᠠᠴᠢᠮ ᠪᠠᠶᠢᠳᠠᠯ ᠢ ᠠᠷᠭᠠᠴᠠᠭᠠᠵᠤ ᠭᠠᠮᠰᠢᠭ ᠠᠴᠠ ᠠᠪᠤᠷᠠᠬᠤ ᠡᠳ᠋ ᠪᠣᠳᠠᠰ ᠨᠥᠭᠡᠴᠡᠯᠡᠬᠦ ᠴᠢᠳᠠᠪᠤᠷᠢ  ᠶᠢ ᠪᠦᠲᠦᠮᠵᠢᠲᠡᠢ ᠳᠡᠭᠡᠭᠰᠢᠯᠡᠭᠦᠯᠵᠡᠢ᠃       ᠣᠶᠢᠯᠠᠭᠠᠭᠰᠠᠨ ᠢᠶᠠᠷ᠂ ᠪᠠᠴᠢᠮ ᠪᠠᠶᠢᠳᠠᠯ ᠢ ᠠᠷᠭᠠᠴᠠᠭᠠᠵᠤ ᠭᠠᠮᠰᠢᠭ ᠠᠴᠠ ᠠᠪᠤᠷᠠᠬᠤ ᠶᠡᠷᠦᠩᠬᠡᠶᠢᠯᠡᠭᠰᠡᠨ ᠡᠳ᠋ ᠪᠣᠳᠠᠰ ᠨᠥᠭᠡᠴᠡᠯᠡᠬᠦ ᠬᠥᠮᠥᠷᠭᠡ ᠨᠢ 4 ᠪᠠᠷᠢᠮᠵᠢᠶᠠᠵᠢᠭᠰᠠᠨ ᠬᠥᠮᠥᠷᠭᠡ ᠲᠠᠢ ᠪᠠᠶᠢᠵᠤ᠂ ᠪᠠᠭᠲᠠᠭᠠᠮᠵᠢ ᠨᠢ 15 ᠲᠦᠮᠡᠨ ᠪᠣᠰᠤᠭ᠎ᠠ ᠳᠥᠷᠪᠡᠯᠵᠢᠨ ᠮᠧᠲᠷ ᠲᠤ ᠬᠦᠷᠴᠦ᠂ 1.1 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠵᠠᠢ᠃ ᠣᠳᠣᠬᠠᠨ ᠳᠤ 7300 ᠭᠠᠷᠤᠢ ᠲᠦᠮᠡᠨ ᠲᠥᠭᠦᠷᠢᠭ ᠤᠨ ᠥᠷᠲᠡᠭ ᠪᠦᠬᠦᠢ ᠮᠠᠶᠢᠬᠠᠨ᠂ ᠬᠥᠪᠥᠩ ᠭᠦᠨᠵᠢᠯᠡ᠂ ᠬᠥᠪᠥᠩ ᠬᠤᠪᠴᠠᠰᠤ᠂ ᠡᠪᠬᠡᠮᠡᠯ ᠣᠷᠣ ᠵᠡᠷᠭᠡ ᠨᠡᠶᠢᠲᠡ 49 ᠲᠥᠷᠥᠯ ᠤᠨ 32 ᠲᠦᠮᠡ ᠭᠠᠷᠤᠢ ᠪᠠᠴᠢᠮ ᠪᠠᠶᠢᠳᠠᠯ ᠢ ᠠᠷᠭᠠᠴᠠᠭᠠᠵᠤ ᠭᠠᠮᠰᠢᠭ ᠠᠴᠠ ᠠᠪᠤᠷᠠᠬᠤ ᠡᠳ᠋ ᠪᠣᠳᠠᠰ ᠢ ᠨᠥᠭᠡᠴᠡᠯᠡᠵᠦ ᠪᠤᠢ᠂ ᠡᠳᠡᠭᠡᠷ ᠡᠳ᠋ ᠪᠣᠳᠠᠰ ᠨᠢ 5 ᠲᠦᠮᠡᠨ ᠬᠥᠮᠥᠨ ᠢ ᠰᠢᠯᠵᠢᠭᠦᠯᠦᠨ ᠲᠥᠪᠬᠢᠨᠡᠭᠦᠯᠬᠦ ᠪᠠ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠨ ᠲᠤᠰᠠᠯᠠᠬᠤ ᠳᠤ ᠬᠡᠷᠡᠭᠯᠡᠵᠦ ᠭᠦᠢᠴᠡᠨ᠎ᠡ᠃ ᠡᠭᠦᠨ ᠠᠴᠠ ᠭᠠᠳᠠᠨ᠎ᠠ᠂ ᠣᠷᠳᠣᠰ ᠬᠤᠳᠠ ᠨᠥᠭᠡᠴᠡᠯᠡᠬᠦ ᠬᠥᠮᠥᠷᠭᠡ ᠶᠢᠨ ᠪᠠᠴᠢᠮ ᠪᠠᠶᠢᠳᠠᠯ ᠢ ᠠᠷᠭᠠᠴᠠᠭᠠᠵᠤ ᠭᠠᠮᠰᠢᠭ ᠠᠴᠠ ᠠᠪᠤᠷᠠᠬᠤ ᠡᠳ᠋ ᠪᠣᠳᠠᠰ ᠢ ᠰᠢᠨᠵᠢᠯᠡᠬᠦ ᠤᠬᠠᠭᠠᠨᠴᠢ ᠪᠠᠷ ᠬᠠᠮᠢᠶᠠᠷᠬᠤ᠂ ᠥᠨᠳᠥᠷ ᠪᠦᠲᠦᠮᠵᠢᠲᠡᠢ ᠰᠢᠯᠵᠢᠭᠦᠯᠦᠨ ᠥᠭᠬᠦ ᠪᠠ ᠠᠮᠤᠷ ᠲᠦᠪᠰᠢᠨ ᠬᠠᠳᠠᠭᠠᠯᠠᠬᠤ ᠶᠢ ᠪᠠᠲᠤᠯᠠᠬᠤ ᠶᠢᠨ ᠲᠥᠯᠥᠭᠡ᠂ 850 ᠭᠠᠷᠤᠢ ᠲᠦᠮᠡᠨ ᠲᠥᠭᠦᠷᠢᠭ ᠤᠨ ᠪᠡᠯᠡ ᠣᠷᠣᠭᠤᠯᠵᠤ᠂ ᠪᠠᠴᠢᠮ ᠪᠠᠶᠢᠳᠠᠯ ᠢ ᠠᠷᠭᠠᠴᠠᠭᠠᠵᠤ ᠭᠠᠮᠰᠢᠭ ᠠᠴᠠ ᠠᠪᠤᠷᠠᠬᠤ ᠡᠳ᠋ ᠪᠣᠳᠠᠰ ᠢ ᠨᠥᠭᠡᠴᠡᠯᠡᠬᠦ ᠮᠡᠳᠡᠭᠡ ᠵᠠᠩᠭᠢ  ᠶᠢᠨ ᠬᠠᠮᠢᠶᠠᠷᠤᠯᠲᠠ ᠶᠢᠨ ᠰᠢᠰᠲ᠋ᠧᠮ ᠪᠠ ᠪᠠᠴᠢᠮ ᠪᠠᠶᠢᠳᠠᠯ ᠢ ᠠᠷᠭᠠᠴᠠᠭᠠᠵᠤ ᠭᠠᠮᠰᠢᠭ ᠠᠴᠠ ᠠᠪᠤᠷᠠᠬᠤ ᠡᠳ᠋ ᠪᠣᠳᠠᠰ ᠢ ᠰᠢᠯᠵᠢᠭᠦᠯᠦᠨ ᠥᠭᠬᠦ ᠣᠶᠤᠨᠴᠢ ᠲᠠᠪᠴᠠᠩ ᠢ ᠪᠠᠶᠢᠭᠤᠯᠤᠨ᠂ ᠪᠦᠭᠦ ᠲᠠᠯ᠎ᠠ ᠶᠢᠨ ᠠᠮᠤᠷ ᠲᠦᠪᠰᠢᠨ ᠤ ᠰᠡᠷᠭᠡᠶᠢᠯᠡᠯᠲᠡ ᠶᠢᠨ ᠰᠢᠰᠲ᠋ᠧᠮ᠂ 1 ᠴᠠᠭᠢᠯᠭᠠᠨ ᠭᠦᠳᠡᠯᠭᠡᠭᠦᠷᠲᠦ ᠠᠵᠢᠯᠯᠠᠭᠤᠯᠬᠤ ᠲᠥᠬᠦᠭᠡᠷᠦᠮᠵᠢ ᠵᠢᠴᠢ 1840 ᠣᠶᠤᠨᠴᠢ ᠢᠯᠭᠠᠨ ᠲᠠᠨᠢᠬᠤ᠂ ᠣᠷᠣᠨ ᠪᠠᠶᠢᠷᠢ ᠶᠢ ᠲᠣᠭᠲᠠᠭᠠᠬᠤ᠂ ᠮᠥᠷᠳᠡᠬᠦ᠂ ᠬᠢᠨᠠᠨ ᠬᠠᠮᠢᠶᠠᠷᠬᠤ ᠲᠥᠬᠦᠭᠡᠷᠦᠮᠵᠢ ᠵᠡᠷᠭᠡ ᠡᠳ᠋ ᠪᠣᠳᠠᠰ ᠢ ᠨᠥᠭᠡᠴᠡᠯᠡᠵᠦ᠂ ᠪᠠᠴᠢᠮ ᠪᠠᠶᠢᠳᠠᠯ ᠢ ᠠᠷᠭᠠᠴᠠᠭᠠᠵᠤ ᠭᠠᠮᠰᠢᠭ ᠠᠴᠠ ᠠᠪᠤᠷᠠᠬᠤ ᠨᠥᠭᠡᠴᠡᠯᠡᠬᠦ ᠡᠳ᠋ ᠪᠣᠳᠠᠰ ᠤᠨ ᠲᠣᠭᠠᠴᠢᠯᠠᠭᠰᠠᠨ ᠬᠠᠮᠢᠶᠠᠷᠤᠯᠲᠠ ᠶᠢ ᠪᠡᠶᠡᠯᠡᠭᠦᠯᠵᠡᠢ᠃ 
ᠢᠷᠡᠯᠲᠡ᠄ ᠳᠤᠮᠳᠠᠳᠤ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡ ᠶᠢᠨ ᠰᠦᠯᠵᠢᠶ᠎ᠡ