ᠣᠶᠢᠷ᠎ᠠ ᠳᠤ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ︽ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠴᠠᠭᠳᠠᠭᠠᠨ ᠤ ᠶᠠᠪᠤᠳᠠᠯ ᠤᠨ ᠲᠤᠰᠠᠯᠠᠬᠤ ᠠᠵᠢᠯᠲᠠᠨ ᠤ ᠳᠦᠷᠢᠮ︾ ︵ᠳᠣᠷᠣᠭᠰᠢ | ᠰᠢᠨ᠎ᠡ ᠪᠠᠷ ᠵᠠᠰᠠᠪᠤᠷᠢ ᠣᠷᠣᠭᠤᠯᠤᠭᠰᠠᠨ ︽ᠳᠦᠷᠢᠮ︾ ᠭᠡᠵᠦ ᠳᠥᠭᠦᠮᠴᠢᠯᠡᠨ᠎ᠡ︶ ᠳᠤ ᠵᠠᠰᠠᠪᠤᠷᠢ ᠣᠷᠣᠭᠤᠯᠵᠤ᠂ ᠲᠤᠰ ︽ᠳᠦᠷᠢᠮ︾ ᠢ 2024 ᠣᠨ ᠤ 9 | ᠰᠠᠷ᠎ᠠ ᠶᠢᠨ 1 ᠠᠴᠠ ᠡᠬᠢᠯᠡᠨ ᠬᠡᠷᠡᠭᠵᠢᠭᠦᠯᠦᠨ᠎ᠡ᠃ ᠰᠢᠨ᠎ᠡ ᠪᠠᠷ ᠵᠠᠰᠠᠪᠤᠷᠢ ᠣᠷᠣᠭᠤᠯᠤᠭᠰᠠᠨ ︽ᠳᠦᠷᠢᠮ︾ ᠳᠤ ᠨᠡᠶᠢᠳᠡ 7 ᠪᠦᠯᠦᠭ᠂ 47 ᠵᠦᠢᠯ ᠲᠠᠢ᠃ | 2021 ᠣᠨ ᠤ ᠤᠤᠯ ᠤᠨ ︽ᠳᠦᠷᠢᠮ︾ ᠲᠠᠢ ᠠᠳᠠᠯᠢᠳᠬᠠᠪᠠᠯ᠂ 6 ᠵᠦᠢᠯ ᠰᠢᠨ᠎ᠡ ᠪᠠᠷ ᠨᠡᠮᠡᠭᠳᠡᠨ᠂ 20 ᠵᠦᠢᠯ ᠳᠤ ᠵᠠᠰᠠᠪᠤᠷᠢ ᠣᠷᠣᠭᠤᠯᠵᠤ᠂ 1 ᠵᠦᠢᠯ ᠢ | ᠬᠠᠰᠤᠵᠠᠢ᠃ ᠭᠢᠯᠠᠰ ᠴᠡᠭ ᠨᠢ ᠭᠤᠣᠯᠳᠠᠭᠤ 5 ᠲᠠᠯ᠎ᠠ ᠪᠠᠷ ᠢᠯᠡᠷᠡᠵᠦ ᠪᠠᠶᠢᠨ᠎ᠠ᠃ ᠵᠠᠰᠠᠭ ᠤᠨ ᠣᠷᠳᠣᠨ ᠤ ᠬᠠᠷᠢᠭᠤᠴᠠᠯᠭ᠎ᠠ ᠶᠢ ᠤᠯᠠᠮ ᠴᠢᠨᠠᠭᠰᠢᠳᠠ | ᠪᠣᠳᠠᠲᠠᠶᠢᠵᠢᠭᠤᠯᠤᠨ ᠴᠢᠩᠭᠠᠳᠬᠠᠪᠠ᠃ ᠰᠢᠨ᠎ᠡ ᠪᠠᠷ ᠵᠠᠰᠠᠪᠤᠷᠢ ᠣᠷᠣᠭᠤᠯᠤᠭᠰᠠᠨ ︽ᠳᠦᠷᠢᠮ︾ ᠤᠨ ᠳᠥᠷᠪᠡᠳᠦᠭᠡᠷ ᠵᠦᠢᠯ ᠳᠤ ︽ᠲᠤᠰᠠᠯᠠᠬᠤ ᠴᠠᠭᠳᠠᠭ᠎ᠠ ᠶᠢᠨ | ᠬᠠᠮᠢᠶᠠᠷᠤᠯᠲᠠ ᠶᠢᠨ ᠠᠵᠢᠯ ᠳᠤ ᠳᠤᠮᠳᠠᠳᠤ ᠤᠯᠤᠰ ᠤᠨ ᠡᠪ ᠬᠠᠮᠲᠤ ᠨᠠᠮ ᠤᠨ ᠤᠳᠤᠷᠢᠳᠤᠯᠭ᠎ᠠ ᠶᠢ ᠪᠠᠷᠢᠮᠲᠠᠯᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ | ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠠᠵᠢᠯ ᠤᠨ ᠭᠤᠣᠯ ᠰᠢᠵᠢᠮ ᠪᠤᠯᠭᠠᠵᠤ᠂ ᠵᠢᠷᠤᠮᠵᠢᠯ ᠲᠠᠢ ᠬᠠᠮᠢᠶᠠᠷᠬᠤ᠂ ᠡᠷᠬᠡ ᠬᠠᠷᠢᠭᠤᠴᠠᠯᠭ᠎ᠠ ᠲᠣᠳᠣᠷᠬᠠᠢ᠂ | ᠴᠢᠩᠭ᠎ᠠ ᠬᠢᠨᠠᠯᠲᠠ ᠲᠠᠯᠪᠢᠬᠤ᠂ ᠵᠣᠬᠢᠰᠲᠠᠢ ᠪᠠᠲᠤᠯᠠᠬᠤ ᠵᠠᠷᠴᠢᠮ ᠢ ᠵᠢᠷᠤᠮᠯᠠᠬᠤ ᠬᠡᠷᠡᠭᠲᠡᠢ︾ ᠭᠡᠵᠦ ᠲᠣᠭᠲᠠᠭᠠᠵᠠᠢ᠃ ᠬᠥᠮᠥᠨ ᠬᠡᠷᠡᠭᠯᠡᠬᠦ ᠲᠤᠭ᠎ᠠ ᠬᠡᠮᠵᠢᠶ᠎ᠡ ᠶᠢ ᠲᠡᠰ | ᠳᠡᠪᠰᠢᠭᠦᠯᠦᠨ ᠬᠠᠮᠢᠶᠠᠷᠴᠠᠢ᠃ ᠲᠤᠰᠠᠯᠠᠬᠤ ᠴᠠᠭᠳᠠᠭ᠎ᠠ ᠶᠢᠨ ᠡᠩᠨᠡᠭᠡᠨ ᠳᠤ ᠣᠷᠣᠬᠤ ᠪᠠᠷᠢᠮᠵᠢᠶ᠎ᠠ ᠶᠢ ᠥᠨᠳᠥᠷ ᠪᠣᠯᠭᠠᠵᠠᠢ᠃ ᠰᠢᠨ᠎ᠡ ᠪᠠᠷ ᠵᠠᠰᠠᠪᠤᠷᠢ ᠣᠷᠣᠭᠤᠯᠤᠭᠰᠠᠨ | ︽ᠳᠦᠷᠢᠮ︾ ᠳᠤ ︽ᠲᠤᠰᠠᠯᠠᠬᠤ ᠴᠠᠭᠳᠠᠭ᠎ᠠ ᠪᠤᠯᠬᠤ ᠳᠤ ᠵᠠᠪᠠᠯ ᠰᠢᠯᠭᠠᠭᠤᠯᠬᠤ ᠠᠷᠭ᠎ᠠ ᠶᠢ ᠠᠪᠴᠤ᠂ ᠠᠵᠢᠯᠲᠠᠨ ᠡᠯᠰᠡᠬᠦ ᠪᠠᠷᠢᠮᠵᠢᠶ᠎ᠠ ᠪᠣᠯᠣᠨ ᠵᠢᠷᠤᠮ ᠢ | ᠨᠢᠭᠡᠳᠦᠯᠵᠢᠭᠦᠯᠦᠨ᠂ ᠰᠣᠩᠭᠤᠨ ᠠᠪᠴᠤ ᠬᠡᠷᠡᠭᠯᠡᠬᠦ ᠶᠢ ᠴᠢᠩᠭᠠᠳᠬᠠᠨ᠂ ᠨᠡᠶᠢᠭᠡᠮ ᠤᠨ ᠬᠢᠨᠠᠯᠲᠠ ᠶᠢ ᠬᠦᠯᠢᠶᠡᠨ᠎ᠡ︾ ᠭᠡᠵᠦ ᠨᠡᠮᠡᠨ ᠲᠣᠭᠲᠠᠭᠠᠵᠠᠢ᠃ ᠲᠤᠰᠠᠯᠠᠬᠤ | ᠴᠠᠭᠳᠠᠭ᠎ᠠ ᠶᠢᠨ ᠴᠠᠯᠢᠩ ᠬᠥᠯᠥᠰᠦ ᠪᠠ ᠣᠯᠭᠤᠮᠵᠢ ᠬᠦᠷᠲᠡᠭᠡᠮᠵᠢ ᠶᠢ ᠨᠡᠩ ᠪᠠᠲᠤᠯᠠᠭ᠎ᠠ ᠲᠠᠢ ᠪᠣᠯᠭᠠᠵᠠᠢ᠃ ᠰᠢᠨ᠎ᠡ ᠪᠠᠷ ᠵᠠᠰᠠᠪᠤᠷᠢ ᠣᠷᠣᠭᠤᠯᠤᠭᠰᠠᠨ ︽ᠳᠦᠷᠢᠮ︾ | ᠳᠤ ︽ᠠᠶᠢᠮᠠᠭ ᠤᠨ ᠵᠠᠬᠢᠷᠭ᠎ᠠ᠂ ᠬᠠᠷᠢᠶᠠᠲᠤ ᠣᠷᠣᠨ ᠲᠣᠬᠢᠷᠠᠭᠤᠯᠤᠭᠰᠠᠨ ᠬᠤᠳᠠ ᠪᠣᠯᠣᠨ ᠬᠤᠰᠢᠭᠤ ᠰᠢᠶᠠᠨ ᠤ ᠲᠡᠰ ᠤᠨ ᠠᠷᠠᠳ ᠤᠨ ᠵᠠᠰᠠᠭ ᠤᠨ ᠣᠷᠳᠣᠨ | ᠲᠤᠰᠠᠯᠠᠬᠤ ᠴᠠᠭᠳᠠᠭ᠎ᠠ ᠶᠢᠨ ᠴᠠᠯᠢᠩ ᠬᠥᠯᠥᠰᠦ ᠪᠠ ᠣᠯᠭᠤᠮᠵᠢ ᠬᠦᠷᠲᠡᠭᠡᠮᠵᠢ ᠶᠢᠨ ᠳᠦᠷᠢᠮ ᠶᠣᠰᠣᠭᠠᠷ ᠲᠤᠰ ᠭᠠᠵᠠᠷ ᠣᠷᠣᠨ ᠤ ᠳᠡᠭᠡᠷ᠎ᠡ ᠵᠢᠯ ᠤᠨ ᠠᠵᠢᠯ ᠤᠨ | ᠪᠠᠶᠢᠷᠢᠨ ᠳᠤ ᠪᠠᠶᠢᠭ᠎ᠠ ᠠᠵᠢᠯᠲᠠᠨ ᠤ ᠳᠤᠮᠳᠠᠴᠢ ᠴᠠᠯᠢᠩ ᠤᠨ ᠲᠦᠪᠰᠢᠨ ᠢᠶᠠᠷ ᠯᠠᠪᠯᠠᠯᠳᠠ ᠪᠤᠯᠭᠠᠵᠦ᠂ ᠲᠤᠰ ᠭᠠᠵᠠᠷ ᠣᠷᠣᠨ ᠤ ᠲᠤᠰᠠᠯᠠᠬᠤ ᠴᠠᠭᠳᠠᠭ᠎ᠠ ᠶᠢᠨ ᠴᠠᠯᠢᠩ | ᠬᠥᠯᠥᠰᠦ ᠶᠢᠨ ᠪᠣᠳᠠᠲᠠᠢ ᠪᠠᠷᠢᠮᠵᠢᠶ᠎ᠠ ᠶᠢ ᠬᠢᠨᠠᠨ ᠲᠣᠭᠲᠠᠭᠠᠵᠤ᠂ ᠡᠭᠦᠨ ᠤ ᠬᠠᠮᠲᠤ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠪᠠᠶᠢᠳᠠᠯ᠂ ᠡᠳ᠋ ᠤᠨ ᠵᠠᠰᠠᠭ ᠤᠨ | ᠨᠡᠮᠡᠭᠳᠡᠯ ᠤᠨ ᠪᠠᠶᠢᠳᠠᠯ ᠵᠡᠷᠭᠡ ᠪᠠᠶᠢᠳᠠᠯ ᠢ ᠦᠨᠳᠦᠰᠦᠯᠡᠨ᠂ ᠬᠥᠳᠡᠯᠦᠩᠭᠦᠢ ᠪᠠᠷ ᠲᠣᠬᠢᠷᠠᠭᠤᠯᠬᠤ ᠲᠣᠭᠲᠠᠴᠠ ᠶᠢ ᠪᠠᠶᠢᠭᠤᠯᠪᠠᠯ ᠵᠣᠬᠢᠨ᠎ᠠ︾ ᠭᠡᠵᠦ ᠲᠣᠭᠲᠠᠭᠠᠵᠠᠢ᠃ | ᠲᠤᠰᠠᠯᠠᠬᠤ ᠴᠠᠭᠳᠠᠭ᠎ᠠ ᠶᠢᠨ ᠲᠤᠰᠢᠶᠠᠯ ᠢᠶᠠᠨ ᠭᠦᠢᠴᠡᠳᠬᠡᠬᠦ ᠶᠢ ᠴᠢᠩᠭ᠎ᠠ ᠵᠢᠷᠤᠮᠵᠢᠭᠤᠯᠵᠠᠢ᠃ ᠪᠣᠳᠠᠲᠤ ᠪᠠᠶᠢᠳᠠᠯ ᠳᠤ ᠵᠣᠬᠢᠴᠠᠭᠤᠯᠬᠤ ᠶᠢᠨ ᠲᠥᠯᠥᠭᠡ᠂ ᠠᠷᠪᠠᠨ | ᠵᠢᠷᠭᠤᠳᠤᠭᠠᠷ ᠵᠦᠢᠯ ᠳᠤ ᠨᠢᠭᠡ ᠵᠦᠢᠯ ᠤᠨ ᠲᠤᠰᠠᠯᠠᠬᠤ ᠴᠠᠭᠳᠠᠭ᠎ᠠ ᠶᠢᠨ ᠲᠤᠰᠢᠶᠠᠯ ᠬᠠᠷᠢᠭᠤᠴᠠᠯᠭ᠎ᠠ ᠶᠢ ᠨᠡᠮᠡᠨ ᠣᠷᠣᠭᠤᠯᠵᠠᠢ᠄ ︽ᠲᠤᠰᠠᠯᠠᠬᠤ ᠴᠠᠭᠳᠠᠭ᠎ᠠ ᠲᠤᠰᠢᠶᠠᠯ | ᠬᠠᠷᠢᠭᠤᠴᠠᠯᠭ᠎ᠠ ᠪᠠᠨ ᠭᠦᠢᠴᠡᠳᠬᠡᠬᠦ ᠬᠤᠭᠤᠴᠠᠭᠠᠨ ᠳᠤ ᠲᠣᠭᠲᠠᠭᠠᠯ ᠶᠣᠰᠣᠭᠠᠷ ᠴᠠᠭᠳᠠᠭᠠᠨ ᠳᠤ ᠬᠡᠷᠡᠭᠯᠡᠬᠦ ᠮᠠᠰᠢᠨ ᠲᠡᠷᠭᠡ ᠵᠡᠷᠭᠡ ᠴᠠᠭᠳᠠᠭᠠᠨ ᠳᠤ ᠬᠡᠷᠡᠭᠯᠡᠬᠦ ᠵᠠᠮ | ᠬᠠᠷᠢᠯᠴᠠᠭᠠᠨ ᠤ ᠪᠠᠭᠠᠵᠢ ᠶᠢ ᠵᠢᠯᠤᠭᠤᠳᠴᠤ᠂ ᠴᠠᠭᠳᠠᠭᠠᠨ ᠳᠤ ᠬᠡᠷᠡᠭᠯᠡᠬᠦ ᠮᠠᠰᠢᠨ ᠬᠥᠮᠥᠨ᠂ ᠵᠢᠯᠣᠭᠤᠴᠢ ᠦᠭᠡᠢ ᠨᠢᠰᠬᠡᠯ ᠵᠡᠷᠭᠡ ᠴᠠᠭᠳᠠᠭᠠᠨ ᠳᠤ ᠬᠡᠷᠡᠭᠯᠡᠬᠦ ᠣᠶᠤᠨᠴᠢ | ᠲᠥᠬᠦᠭᠡᠷᠦᠮᠵᠢ ᠶᠢ ᠬᠠᠤᠯᠢ ᠶᠣᠰᠣᠭᠠᠷ ᠡᠵᠡᠮᠳᠡᠵᠦ ᠪᠣᠯᠣᠨ᠎ᠠ︾᠃ ᠰᠢᠨ᠎ᠡ ᠪᠠᠷ ᠵᠠᠰᠠᠪᠤᠷᠢ ᠣᠷᠣᠭᠤᠯᠤᠭᠰᠠᠨ ︽ᠳᠦᠷᠢᠮ︾ ᠤᠨ ᠠᠴᠢ ᠬᠤᠯᠪᠣᠭᠳᠠᠯ ᠪᠣᠯᠣᠨ | ᠨᠥᠯᠥᠭᠡ ᠲᠤᠰᠬᠠᠯ᠄ ᠲᠤᠰᠠᠯᠠᠬᠤ ᠴᠠᠭᠳᠠᠭ᠎ᠠ ᠶᠢᠨ ᠡᠩᠨᠡᠭᠡᠨ ᠤ ᠬᠠᠮᠢᠶᠠᠷᠤᠯᠲᠠ ᠶᠢᠨ ᠦᠷ᠎ᠡ ᠪᠦᠳᠦᠮᠵᠢ ᠪᠠ ᠡᠭᠦᠷᠭᠡ ᠴᠢᠳᠠᠪᠬᠢ ᠶᠢ ᠲᠡᠭᠡᠭᠰᠢᠯᠡᠭᠦᠯᠦᠨ᠎ᠡ︔ ᠲᠤᠰᠠᠯᠠᠬᠤ | ᠴᠠᠭᠳᠠᠭ᠎ᠠ ᠶᠢᠨ ᠬᠠᠤᠯᠢ ᠶᠣᠰᠣᠨ ᠤ ᠡᠷᠬᠡ ᠠᠰᠢᠭ ᠢ ᠨᠡᠩ ᠰᠠᠶᠢᠲᠤᠷ ᠪᠠᠳᠤᠯᠠᠨ᠎ᠠ︔ ᠲᠤᠰᠠᠯᠠᠬᠤ ᠴᠠᠭᠳᠠᠭ᠎ᠠ ᠶᠢᠨ ᠡᠩᠨᠡᠭᠡᠨ ᠤ ᠲᠣᠭᠲᠠᠭᠤᠨ ᠪᠠᠶᠢᠳᠠᠯ ᠢ | ᠠᠬᠢᠭᠤᠯᠤᠨ᠎ᠠ᠃ | |