ᠣᠶᠢᠷ᠎ᠠ ᠳᠤ᠂ ᠲᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠠᠯᠪᠠᠨ ᠲᠢᠩᠬᠢᠮ ︽ᠳᠤᠮᠳᠠᠳᠤ ᠤᠯᠤᠰ ᠤᠨ ᠡᠪ ᠬᠠᠮᠲᠤ ᠨᠠᠮ ᠤᠨ | ᠬᠢᠷᠢ ᠲᠡᠩᠴᠡᠬᠦ ᠦᠭᠡᠢ ᠨᠠᠮ ᠤᠨ ᠭᠡᠰᠢᠭᠦᠨ ᠢ ᠵᠣᠬᠢᠶᠠᠨ ᠪᠠᠶᠢᠭᠤᠯᠤᠯᠲᠠ ᠠᠴᠠ ᠰᠢᠢᠳᠪᠦᠷᠢᠯᠡᠬᠦ ᠠᠷᠭ᠎ᠠ︾ ︵ᠳᠣᠷᠣᠭᠰᠢ ︽ᠠᠷᠭ᠎ᠠ︾ ᠭᠡᠵᠦ ᠳᠥᠭᠦᠮᠴᠢᠯᠡᠨ᠎ᠡ︶ ᠶᠢ | ᠳᠠᠷᠤᠮᠠᠯᠯᠠᠨ ᠲᠠᠷᠬᠠᠭᠠᠭᠰᠠᠨ ᠪᠥᠭᠡᠳ ᠮᠡᠳᠡᠭᠳᠡᠯ ᠪᠠᠭᠤᠯᠭᠠᠵᠤ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠨᠠᠷᠢᠨ ᠬᠢᠨᠠᠮᠠᠭᠠᠢ ᠵᠢᠷᠤᠮᠯᠠᠨ ᠬᠡᠷᠡᠭᠵᠢᠭᠦᠯᠬᠦ | ᠬᠡᠷᠡᠭᠲᠡᠢ ᠭᠡᠵᠦ ᠱᠠᠭᠠᠷᠳᠠᠪᠠ᠃ ︽ᠠᠷᠭ᠎ᠠ︾ ᠨᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ | ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠤᠯᠭᠠᠵᠤ᠂ ᠨᠠᠮ ᠤᠨ ᠳᠦᠷᠢᠮ ᠪᠠ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠨᠠᠮ ᠤᠨ ᠭᠡᠰᠢᠭᠦᠨ ᠤ ᠬᠥᠮᠦᠵᠢᠯ | ᠬᠠᠮᠢᠶᠠᠷᠤᠯᠲᠠ ᠶᠢᠨ ᠠᠵᠢᠯ ᠤᠨ ᠳᠦᠷᠢᠮ︾ ᠢᠶᠠᠷ ᠦᠨᠳᠦᠰᠦᠯᠡᠯ ᠪᠤᠯᠭᠠᠵᠤ᠂ ᠨᠠᠮ ᠤᠨ ᠭᠡᠰᠢᠭᠦᠨ ᠤ ᠪᠠᠷᠢᠮᠵᠢᠶ᠎ᠠ ᠶᠢ ᠪᠠᠷᠢᠮᠲᠠᠯᠠᠵᠤ᠂ ᠬᠥᠮᠦᠵᠢᠯ ᠬᠠᠮᠢᠶᠠᠷᠤᠯᠲᠠ | ᠬᠢᠨᠠᠯᠲᠠ ᠶᠢ ᠴᠢᠩᠭᠠᠳᠬᠠᠵᠤ᠂ ᠪᠤᠰᠤᠳᠴᠢ ᠲᠥᠪ ᠭᠤᠤᠯᠴᠢ᠂ ᠪᠣᠯᠭᠤᠮᠵᠢᠲᠠᠢ ᠯᠠᠪᠳᠠᠭᠤᠨ᠂ ᠳᠦᠷᠢᠮ ᠲᠣᠭᠲᠠᠭᠠᠯ ᠰᠠᠬᠢᠯᠭ᠎ᠠ ᠪᠠᠲᠤ ᠶᠢ ᠵᠢᠷᠤᠮᠯᠠᠬᠤ ᠶᠢ ᠪᠠᠷᠢᠮᠲᠠᠯᠠᠵᠤ᠂ | ᠬᠢᠷᠢ ᠲᠡᠩᠴᠡᠬᠦ ᠦᠭᠡᠢ ᠨᠠᠮ ᠤᠨ ᠭᠡᠰᠢᠭᠦᠨ ᠢ ᠵᠣᠬᠢᠶᠠᠨ ᠪᠠᠶᠢᠭᠤᠯᠤᠯᠲᠠ ᠠᠴᠠ ᠰᠢᠢᠳᠪᠦᠷᠢᠯᠡᠬᠦ ᠲᠤᠬᠠᠢ ᠲᠤᠰᠬᠠᠶᠢᠯᠠᠨ ᠲᠣᠭᠲᠠᠭᠠᠭᠰᠠᠨ ᠨᠠᠮ ᠤᠨ ᠳᠣᠲᠣᠭᠠᠳᠤ ᠶᠢᠨ | ᠬᠠᠤᠯᠢ ᠲᠣᠭᠲᠠᠭᠠᠯ ᠪᠣᠯᠣᠨ᠎ᠠ᠃ ︽ᠠᠷᠭ᠎ᠠ︾ ᠶᠢ ᠲᠣᠭᠲᠠᠭᠠᠵᠤ ᠬᠡᠷᠡᠭᠵᠢᠭᠦᠯᠦᠭᠰᠡᠨ ᠨᠢ ᠨᠠᠮ ᠢ ᠪᠦᠭᠦ ᠲᠠᠯ᠎ᠠ ᠪᠠᠷ ᠴᠢᠩᠭ᠎ᠠ ᠵᠠᠰᠠᠬᠤ ᠪᠠᠶᠢᠯᠳᠤᠬᠤ ᠪᠣᠳᠣᠯᠭ᠎ᠠ ᠶᠢᠨ | ᠴᠢᠭᠯᠡᠯᠲᠡ ᠶᠢ ᠲᠤᠭᠤᠰᠢᠯᠠᠭᠤᠯᠵᠤ᠂ ᠢᠲᠡᠭᠡᠯ ᠪᠢᠰᠢᠷᠡᠯ ᠨᠢ ᠪᠠᠲᠤ ᠴᠢᠩᠭ᠎ᠠ᠂ ᠤᠯᠤᠰ ᠲᠥᠷᠥ ᠶᠢᠨ ᠲᠠᠯ᠎ᠠ ᠪᠠᠷ ᠨᠠᠶᠢᠳᠠᠪᠤᠷᠢᠲᠠᠢ᠂ ᠪᠦᠲᠦᠴᠡ ᠨᠢ ᠵᠦᠢ ᠵᠣᠬᠢᠰᠲᠠᠢ᠂ | ᠬᠡᠪ ᠪᠣᠯᠪᠠᠰᠤᠷᠠᠯ ᠨᠢ ᠰᠢᠯᠢᠳᠡᠭ ᠰᠠᠶᠢᠨ᠂ ᠰᠠᠬᠢᠯᠭ᠎ᠠ ᠪᠠᠲᠤ ᠪᠠᠷ ᠴᠢᠩᠭ᠎ᠠ᠂ ᠦᠢᠯᠡᠳᠦᠯ ᠨᠢ ᠲᠣᠪᠤᠶᠢᠮ᠎ᠠ ᠨᠠᠮ ᠤᠨ ᠭᠡᠰᠢᠭᠦᠨ ᠤ ᠡᠩᠨᠡᠭᠡ ᠶᠢ ᠪᠠᠶᠢᠭᠤᠯᠵᠤ᠂ ᠨᠠᠮ ᠤᠨ | ᠠᠮᠢᠵᠢᠷᠠᠯ ᠤᠨ ᠬᠦᠴᠦᠨ ᠪᠠ ᠴᠤᠭ ᠵᠢᠪᠬᠤᠭ᠎ᠠ ᠶᠢ ᠲᠠᠰᠤᠷᠠᠯᠲᠠ ᠦᠭᠡᠢ ᠨᠡᠮᠡᠭᠳᠡᠭᠦᠯᠬᠦ ᠳᠤ ᠴᠢᠬᠤᠯᠠ ᠠᠴᠢ ᠬᠤᠯᠪᠣᠭᠳᠠᠯ ᠲᠠᠢ ᠶᠤᠮ᠃ ︽ᠠᠷᠭ᠎ᠠ︾ ᠨᠢ ᠨᠡᠶᠢᠲᠡ | 27 ᠵᠦᠢᠯ ᠪᠠᠶᠢᠵᠤ᠂ ᠭᠤᠣᠯᠳᠠᠭᠤ 4 ᠲᠠᠯ᠎ᠠ ᠶᠢᠨ ᠠᠭᠤᠯᠭ᠎ᠠ ᠶᠢ ᠪᠠᠭᠲᠠᠭᠠᠨ᠎ᠠ᠄ ᠨᠢᠭᠡ ᠳᠤ᠂ ᠵᠣᠬᠢᠶᠠᠨ ᠪᠠᠶᠢᠭᠤᠯᠤᠯᠲᠠ ᠠᠴᠠ ᠰᠢᠢᠳᠪᠦᠷᠢᠯᠡᠬᠦ ᠶᠡᠷᠦᠩᠬᠡᠢ | ᠱᠠᠭᠠᠷᠳᠠᠯᠭ᠎ᠠ᠂ ᠤᠬᠠᠭᠳᠠᠬᠤᠨ ᠪᠠ ᠠᠷᠭ᠎ᠠ ᠮᠠᠶ᠋ᠢᠭ᠂ ᠵᠠᠷᠴᠢᠮ ᠵᠡᠷᠭᠡ ᠳᠤ ᠲᠣᠭᠲᠠᠭᠠᠯ ᠭᠠᠷᠭᠠᠪᠠ︔ ᠬᠤᠶᠠᠷ ᠲᠤ᠂ ᠬᠤᠭᠤᠴᠠᠭ᠎ᠠ ᠲᠣᠭᠲᠠᠭᠠᠨ ᠵᠠᠯᠠᠷᠠᠭᠤᠯᠤᠭᠤᠯᠬᠤ᠂ | ᠢᠳᠬᠠᠵᠤ ᠨᠠᠮ ᠠᠴᠠ ᠭᠠᠷᠭᠠᠬᠤ ᠪᠠ ᠨᠡᠷ᠎ᠡ ᠶᠢ ᠨᠢ ᠬᠠᠰᠤᠬᠤ ᠳᠤ ᠲᠣᠬᠢᠷᠠᠬᠤ ᠪᠠᠶᠢᠳᠠᠯ ᠢ ᠲᠣᠭᠲᠠᠭᠠᠵᠤ᠂ ᠰᠢᠢᠳᠪᠦᠷᠢᠯᠡᠬᠦ ᠳᠡᠰ ᠳᠠᠷᠠᠭᠠᠯᠠᠯ ᠵᠢᠴᠢ ᠰᠡᠭᠦᠯᠴᠢ ᠶᠢᠨ | ᠵᠦᠢᠯᠡᠰ ᠢ ᠨᠠᠷᠢᠯᠢᠬᠵᠢᠭᠤᠯᠪᠠ︔ ᠭᠤᠷᠪᠠ ᠳᠤ᠂ ᠰᠢᠢᠳᠪᠦᠷᠢᠯᠡᠬᠦ ᠦᠭᠡᠢ ᠪᠠᠶᠢᠵᠤ ᠪᠤᠯᠬᠤ ᠪᠠᠶᠢᠳᠠᠯ᠂ ᠨᠡᠶᠢᠯᠡᠭᠦᠯᠦᠨ ᠰᠢᠢᠳᠪᠦᠷᠢᠯᠡᠬᠦ ᠵᠡᠷᠭᠡ ᠡᠵᠡᠮᠳᠡᠬᠦ ᠶᠣᠰᠣᠲᠠᠢ | ᠲᠦᠷᠦ ᠶᠢᠨ ᠪᠣᠳᠣᠯᠭ᠎ᠠ ᠶᠢᠨ ᠱᠠᠭᠠᠷᠳᠠᠯᠭ᠎ᠠ ᠳᠤ ᠲᠣᠭᠲᠠᠭᠠᠯ ᠭᠠᠷᠭᠠᠪᠠ︔ ᠳᠥᠷᠪᠡ ᠳᠤ᠂ ᠵᠣᠬᠢᠶᠠᠨ ᠪᠠᠶᠢᠭᠤᠯᠤᠯᠲᠠ ᠠᠴᠠ ᠰᠢᠢᠳᠪᠦᠷᠢᠯᠡᠬᠦ ᠠᠵᠢᠯ ᠤᠨ | ᠬᠠᠷᠢᠭᠤᠴᠠᠯᠭ᠎ᠠ᠂ ᠠᠵᠢᠯ ᠤᠨ ᠰᠠᠬᠢᠯᠭ᠎ᠠ ᠪᠠᠲᠤ ᠵᠡᠷᠭᠡ ᠶᠢ ᠲᠣᠭᠲᠠᠭᠠᠪᠠ᠃ ᠡᠯ᠎ᠡ ᠱᠠᠲᠤᠨ ᠤ ᠨᠠᠮ ᠤᠨ ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶ ᠬᠢᠷᠢ | ᠲᠡᠩᠴᠡᠬᠦ ᠦᠭᠡᠢ ᠨᠠᠮ ᠤᠨ ᠭᠡᠰᠢᠭᠦᠨ ᠢ ᠵᠣᠬᠢᠶᠠᠨ ᠪᠠᠶᠢᠭᠤᠯᠤᠯᠲᠠ ᠠᠴᠠ ᠰᠢᠢᠳᠪᠦᠷᠢᠯᠡᠬᠦ ᠶᠢ ᠨᠠᠮ ᠤᠨ ᠭᠡᠰᠢᠭᠦᠨ ᠤ ᠡᠩᠨᠡᠭᠡ ᠶᠢᠨ ᠪᠠᠶᠢᠭᠤᠯᠤᠯᠲᠠ ᠶᠢᠨ ᠨᠢᠭᠡ | ᠵᠦᠢᠯ ᠤᠨ ᠰᠠᠭᠤᠷᠢ ᠴᠢᠨᠠᠷᠲᠠᠢ ᠠᠵᠢᠯ ᠪᠣᠯᠭᠠᠨ ᠠᠳᠬᠤᠵᠤ᠂ ︽ᠠᠷᠭ᠎ᠠ︾ ᠶᠢ ᠲᠡᠷᠡ ᠶᠣᠰᠣᠭᠠᠷ ᠨᠢ ᠲᠤᠭᠤᠰᠢᠯᠠᠭᠤᠯᠤᠨ ᠬᠡᠷᠡᠭᠵᠢᠭᠦᠯᠬᠦ ᠬᠡᠷᠡᠭᠲᠡᠢ᠃ ᠰᠤᠷᠤᠯᠴᠠᠯᠭ᠎ᠠ | ᠪᠣᠯᠪᠠᠰᠤᠷᠠᠯ ᠢ ᠴᠢᠩᠭᠠᠳᠬᠠᠵᠤ᠂ ᠲᠤᠰᠬᠠᠢ ᠰᠡᠳᠦᠪ ᠢᠶᠠᠷ ᠰᠤᠷᠤᠯᠴᠠᠬᠤ᠂ ᠰᠣᠯᠢᠯᠴᠠᠵᠤ ᠰᠤᠳᠤᠯᠤᠨ ᠶᠠᠷᠢᠯᠴᠠᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠡᠯ᠎ᠡ | ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ᠂ ᠥᠷᠭᠡᠨ ᠣᠯᠠᠨ ᠨᠠᠮ ᠤᠨ ᠭᠡᠰᠢᠭᠦᠳ ᠲᠤ ︽ᠠᠷᠭ᠎ᠠ︾ ᠶᠢᠨ ᠵᠣᠷᠢᠭ ᠰᠠᠨᠠᠭ᠎ᠠ ᠶᠢ ᠣᠨᠣᠪᠴᠢᠲᠠᠶ ᠣᠶᠢᠯᠠᠭᠠᠭᠤᠯᠵᠤ᠂ | ︽ᠠᠷᠭ᠎ᠠ︾ ᠶᠢᠨ ᠠᠭᠤᠯᠭ᠎ᠠ ᠶᠢ ᠪᠦᠭᠦ ᠲᠠᠯ᠎ᠠ ᠪᠠᠷ ᠡᠵᠡᠮᠰᠢᠭᠦᠯᠵᠦ᠂ ︽ᠠᠷᠭ᠎ᠠ︾ ᠶᠢᠨ ᠲᠣᠭᠲᠠᠭᠠᠯ ᠢ ᠴᠢᠩᠭ᠎ᠠ ᠬᠡᠷᠡᠭᠵᠢᠭᠦᠯᠬᠦ ᠬᠡᠷᠡᠭᠲᠡᠢ᠃ ᠴᠢᠩᠭ᠎ᠠ ᠪᠠᠷᠢᠮᠵᠢᠶ᠎ᠠ | ᠪᠠ ᠪᠣᠳᠠᠲᠠᠢ ᠠᠷᠭ᠎ᠠ ᠬᠡᠮᠵᠢᠶ᠎ᠡ ᠶᠢ ᠪᠠᠷᠢᠮᠲᠠᠯᠠᠵᠤ᠂ ᠰᠤᠷᠭᠠᠨ ᠬᠥᠮᠥᠵᠢᠭᠦᠯᠬᠦ᠂ ᠣᠨᠳᠣᠣᠰᠢᠭᠤᠯᠤᠨ ᠳᠡᠭᠡᠭᠰᠢᠯᠡᠭᠦᠯᠭᠦ ᠳᠤ ᠰᠠᠭᠤᠷᠢᠯᠠᠨ᠂ ᠬᠢᠷᠢ ᠲᠡᠩᠴᠡᠬᠦ ᠦᠭᠡᠢ | ᠨᠠᠮ ᠤᠨ ᠭᠡᠰᠢᠭᠦᠨ ᠢ ᠵᠣᠬᠢᠶᠠᠨ ᠪᠠᠶᠢᠭᠤᠯᠤᠯᠲᠠ ᠠᠴᠠ ᠰᠢᠢᠳᠪᠦᠷᠢᠯᠡᠬᠦ ᠠᠵᠢᠯ ᠢ ᠴᠠᠭ ᠲᠤᠬᠠᠢ ᠳᠤᠨᠢ ᠲᠥᠪ ᠴᠢᠩᠭ᠎ᠠ ᠥᠷᠨᠢᠭᠦᠯᠬᠦ ᠬᠡᠷᠡᠭᠲᠡᠢ᠃ ᠲᠥᠷᠥ ᠶᠢᠨ | ᠪᠣᠳᠣᠯᠭ᠎ᠠ ᠶᠢᠨ ᠱᠠᠭᠠᠷᠳᠠᠯᠭ᠎ᠠ ᠶᠢ ᠡᠵᠡᠮᠳᠡᠨ᠂ ᠲᠠᠰ ᠳᠠᠷᠠᠭᠠᠯᠠᠯ ᠢ ᠴᠢᠩᠭ᠎ᠠ ᠭᠦᠢᠴᠡᠳᠬᠡᠵᠦ᠂ ᠠᠰᠠᠭᠤᠳᠠᠯ ᠢ ᠪᠦᠭᠦ ᠲᠠᠯ᠎ᠠ ᠪᠠᠷ ᠣᠨᠣᠪᠴᠢᠲᠠᠶ ᠪᠠᠶᠢᠴᠠᠭᠠᠨ | ᠬᠠᠷᠭᠤᠭᠤᠯᠵᠤ᠂ ᠪᠤᠰᠤᠳᠴᠢ ᠲᠥᠪ ᠭᠤᠤᠯᠴᠢ ᠪᠠᠷ ᠰᠢᠢᠳᠪᠦᠷᠢᠯᠡᠬᠦ ᠲᠣᠭᠲᠠᠭᠠᠯ ᠭᠠᠷᠭᠠᠬᠤ ᠬᠡᠷᠡᠭᠲᠡᠢ᠃ ᠳᠦᠷᠢᠮ ᠢ ᠰᠠᠶᠢᠲᠤᠷ ᠵᠣᠯᠭᠠᠭᠤᠯᠵᠤ᠂ ᠵᠣᠬᠢᠶᠠᠨ | ᠪᠠᠶᠢᠭᠤᠯᠤᠯᠲᠠ ᠠᠴᠠ ᠰᠢᠢᠳᠪᠦᠷᠢᠯᠡᠬᠦ ᠪᠣᠯᠣᠨ ᠨᠠᠮ ᠤᠨ ᠰᠠᠬᠢᠯᠭ᠎ᠠ ᠪᠠᠲᠤ ᠶᠢᠨ ᠰᠢᠢᠳᠬᠡᠯ ᠥᠭᠬᠦ ᠶᠢᠨ ᠬᠠᠷᠢᠴᠠᠭ᠎ᠠ ᠶᠢ ᠰᠠᠶᠢᠲᠤᠷ ᠰᠢᠢᠳᠪᠦᠷᠢᠯᠡᠬᠦ ᠬᠡᠷᠡᠭᠲᠡᠢ᠃ | ᠱᠠᠯᠠᠪᠳᠠᠭᠤᠯᠤᠨ ᠵᠢᠯᠤᠭᠤᠳᠬᠤ ᠪᠠᠨ ᠴᠢᠩᠭᠠᠳᠬᠠᠵᠤ᠂ ︽ᠠᠷᠭ᠎ᠠ︾ ᠶᠢᠨ ᠡᠯ᠎ᠡ ᠵᠦᠢᠯ ᠤᠨ ᠲᠣᠭᠲᠠᠭᠠᠯ ᠢ ᠪᠣᠳᠠᠲᠠᠢ ᠳᠤ ᠨᠠᠶᠢᠳᠠᠪᠤᠷᠢᠵᠢᠭᠤᠯᠬᠤᠶᠢ ᠪᠠᠲᠤᠯᠠᠬᠤ | ᠬᠡᠷᠡᠭᠲᠡᠢ᠃ ︵ᠰᠢᠨᠬᠤᠸᠠ ᠬᠤᠷᠢᠶ᠎ᠠ ᠶᠢᠨ ᠪᠡᠭᠡᠵᠢᠩ ᠤᠨ 8 ᠰᠠᠷ᠎ᠠ ᠶᠢᠨ 29 ᠤ ᠴᠠᠭᠢᠯᠭᠠᠨ ᠮᠡᠳᠡᠭᠡ︶ |