1 ᠳ᠋ᠦ᠋ᠭᠡᠷ ᠰᠠᠷ᠎ᠠ ᠶᠢᠨ 2 ᠤᠨ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ | ᠠᠷᠠᠳ ᠤᠨ ᠵᠠᠰᠠᠭ ᠤᠨ ᠣᠷᠳᠣᠨ ᠤ ᠲᠡᠷᠢᠭᠦᠯᠡᠭᠴᠢ ᠸᠠᠩ ᠯᠢ ᠰᠢᠶᠠ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠳᠤ ᠬᠦᠷᠴᠦ᠂ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠠᠷᠪᠠᠨ ᠨᠢᠭᠡᠳᠦᠭᠡᠷ ᠬᠤᠭᠤᠴᠠᠭᠠᠨ ᠤ ᠶᠢᠰᠦᠳᠦᠭᠡᠷ ᠪᠦᠭᠦᠳᠡ ᠬᠤᠷᠠᠯ ᠪᠣᠯᠣᠨ ᠪᠦᠭᠦ ᠣᠷᠣᠨ ᠤ ᠰᠤᠷᠭᠠᠨ | ᠬᠥᠮᠦᠵᠢᠯ ᠤᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠨᠠᠶᠢᠳᠠᠪᠤᠷᠢᠵᠢᠭᠤᠯᠵᠤ ᠪᠠᠶᠢᠭ᠎ᠠ᠂ ᠤᠯᠤᠰ ᠤᠨ ᠨᠢᠭᠡᠳᠦᠯᠲᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ | ᠳᠡᠯᠭᠡᠷᠡᠭᠦᠯᠦᠨ ᠬᠡᠷᠡᠭᠯᠡᠵᠦ ᠪᠠᠶᠢᠭ᠎ᠠ ᠠᠵᠢᠯ ᠤᠨ ᠲᠤᠬᠠᠢ ᠪᠠᠶᠢᠴᠠᠭᠠᠨ ᠰᠤᠳᠤᠯᠤᠯᠲᠠ ᠬᠢᠭᠰᠡᠨ ᠪᠥᠭᠡᠳ ᠰᠠᠭᠤᠳᠠᠯ ᠤᠨ ᠬᠤᠷᠠᠯ ᠢ ᠡᠷᠭᠢᠯᠡᠨ ᠬᠤᠷᠠᠯᠳᠤᠭᠤᠯᠪᠠ᠃ | | | | ᠸᠠᠩ ᠯᠢ ᠰᠢᠶᠠ᠂ ᠤᠯᠤᠰ ᠤᠨ ᠨᠡᠶᠢᠳᠡᠮ ᠬᠡᠷᠡᠭᠯᠡᠬᠦ ᠦᠭᠡ ᠭᠡᠯᠡ ᠦᠰᠦᠭ ᠪᠢᠴᠢᠭ ᠤᠨ ᠬᠡᠷᠡᠭᠯᠡᠭᠡᠨ ᠤ ᠴᠢᠳᠠᠪᠤᠷᠢ ᠶᠢ ᠳᠡᠭᠡᠭᠰᠢᠯᠡᠭᠦᠯᠭᠦ ᠲᠦᠷᠦᠯ ᠵᠦᠢᠯ ᠤᠨ | ᠲᠠᠪᠴᠠᠩ ᠤᠨ ᠴᠢᠳᠠᠮᠵᠢ ᠶᠢᠨ ᠦᠵᠡᠭᠦᠯᠭᠡ ᠶᠢ ᠦᠵᠡᠵᠦ᠂ ᠣᠶᠤᠨᠲᠤ ᠰᠤᠷᠭᠠᠨ ᠬᠥᠮᠦᠵᠢᠯ ᠤᠨ ᠲᠠᠪᠴᠠᠩ ᠤᠨ ᠠᠵᠢᠯᠯᠠᠭᠠᠨ ᠤ ᠪᠠᠶᠢᠳᠠᠯ ᠢ ᠨᠠᠷᠢᠨ ᠣᠶᠢᠯᠠᠭᠠᠵᠤ᠂ | ᠸᠢᠳᠢᠤ᠋ ᠪᠠᠷ ᠰᠦᠯᠵᠢᠶᠡᠨ ᠤ ᠵᠢᠭᠠᠨ ᠰᠤᠳᠤᠯᠬᠤ ᠲᠠᠰᠤᠭ ᠤᠨ ᠰᠦᠯᠵᠢᠶᠡᠨ ᠳᠡᠭᠡᠷᠡᠬᠢ ᠬᠠᠮᠲᠤ ᠪᠠᠷ ᠬᠢᠴᠢᠶᠡᠯ ᠪᠡᠯᠡᠳᠬᠡᠵᠦ ᠪᠠᠶᠢᠭ᠎ᠠ ᠪᠠᠶᠢᠳᠠᠯ ᠢ ᠪᠠᠶᠢᠴᠠᠭᠠᠨ ᠦᠵᠡᠪᠡ᠃ | ᠲᠠᠪᠴᠠᠩ ᠤᠨ ᠡᠬᠢ ᠪᠠᠶᠠᠯᠢᠭ ᠤᠨ ᠠᠰᠢᠭᠯᠠᠯᠲᠠ ᠶᠢᠨ ᠨᠤᠷᠮ᠎ᠠ ᠥᠨᠳᠥᠷ ᠪᠠᠶᠢᠬᠤ ᠡᠰᠡᠬᠦ︖ ᠪᠠᠭᠰᠢ ᠶᠢᠨ ᠵᠢᠭᠠᠨ ᠰᠤᠷᠭᠠᠯᠲᠠ ᠶᠢᠨ ᠴᠢᠳᠠᠪᠤᠷᠢ ᠪᠠ | ᠰᠤᠷᠤᠬᠴᠢᠳ ᠤᠨ ᠬᠢᠷᠢ ᠪᠦᠲᠦᠮᠵᠢ ᠶᠢ ᠳᠡᠭᠡᠭᠰᠢᠯᠡᠭᠦᠯᠭᠦ ᠳᠤ ᠦᠵᠡᠭᠦᠯᠭᠦ ᠦᠢᠯᠡᠳᠦᠯ ᠨᠢ ᠶᠡᠭᠡ ᠡᠰᠡᠬᠦ︖ ᠵᠢᠱᠢᠭᠰᠡᠨ ᠦᠷ᠎ᠡ ᠳ᠋ᠦᠩ ᠳᠤ ᠭᠦᠷᠦᠭᠰᠡᠨ ᠡᠰᠡᠬᠦ︖ | ᠲᠡᠷᠡ ᠨᠠᠷᠢᠨ ᠬᠢᠨᠠᠮᠠᠭᠠᠢ ᠯᠠᠪᠯᠠᠨ ᠠᠰᠠᠭᠤᠵᠤ᠂ ᠰᠤᠷᠭᠠᠨ ᠬᠥᠮᠦᠵᠢᠯ ᠤᠨ ᠰᠠᠯᠠᠭ᠎ᠠ ᠮᠥᠴᠢᠷ ᠤᠨ ᠬᠢᠨ ᠳᠤ ᠠᠰᠠᠭᠤᠳᠠᠯ ᠢᠶᠠᠷ ᠤᠳᠤᠷᠢᠳᠤᠮᠵᠢ ᠪᠤᠯᠭᠠᠬᠤ᠂ ᠦᠷ᠎ᠡ | ᠳ᠋ᠦᠩ ᠢᠶᠠᠷ ᠤᠳᠤᠷᠢᠳᠤᠮᠵᠢ ᠪᠤᠯᠭᠠᠬᠤ ᠶᠢ ᠪᠠᠷᠢᠮᠲᠠᠯᠠᠵᠤ᠂ ᠲᠠᠪᠴᠠᠩ ᠢ ᠳᠠᠭᠢᠨ ᠳᠠᠪᠲᠠᠨ ᠲᠡᠰ ᠳᠡᠪᠰᠢᠭᠦᠯᠬᠦ ᠶᠢ ᠰᠠᠶᠢᠲᠤᠷ ᠠᠳᠬᠤᠵᠤ᠂ ᠲᠠᠪᠴᠠᠩ ᠤᠨ ᠡᠬᠢ | ᠪᠠᠶᠠᠯᠢᠭ ᠢ ᠤᠯᠠᠮ ᠨᠢᠭᠡ ᠠᠯᠬᠤᠮ ᠰᠠᠶᠢᠲᠤᠷ ᠬᠡᠷᠡᠭᠯᠡᠵᠦ᠂ ᠪᠠᠭᠰᠢ ᠶᠢᠨ ᠴᠢᠳᠠᠪᠤᠷᠢ ᠶᠢ ᠳᠡᠭᠡᠭᠰᠢᠯᠡᠭᠦᠯᠭᠦ᠂ ᠰᠤᠷᠤᠬᠴᠢᠳ ᠤᠨ ᠬᠢᠷᠢ ᠪᠦᠲᠦᠮᠵᠢ ᠶᠢ ᠨᠢ | ᠳᠡᠭᠡᠭᠰᠢᠯᠡᠭᠦᠯᠭᠦ ᠳᠤ ᠬᠠᠪᠰᠤᠷᠬᠤ ᠬᠡᠷᠡᠭᠲᠡᠢ ᠭᠡᠵᠦ ᠵᠠᠬᠢᠪᠠ᠃ | | | | ᠰᠠᠭᠤᠳᠠᠯ ᠤᠨ ᠬᠤᠷᠠᠯ ᠳᠡᠭᠡᠷ᠎ᠡ᠂ ᠸᠠᠩ ᠯᠢ ᠰᠢᠶᠠ᠂ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠤᠯᠤᠰ ᠤᠨ ᠨᠢᠭᠡᠳᠦᠯᠲᠡᠢ | ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠳᠡᠯᠭᠡᠷᠡᠭᠦᠯᠦᠨ ᠬᠡᠷᠡᠭᠯᠡᠬᠦ ᠠᠵᠢᠯ ᠤᠨ ᠲᠤᠬᠠᠢ ᠪᠠᠶᠢᠷᠢᠯᠠᠭᠤᠯᠤᠯᠲᠠ ᠬᠢᠵᠡᠢ᠃ ᠲᠡᠷᠡ ᠬᠡᠯᠡᠬᠦ ᠳᠤ ᠪᠠᠨ᠂ ᠤᠯᠤᠰ ᠤᠨ | ᠨᠢᠭᠡᠳᠦᠯᠲᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠳᠡᠯᠭᠡᠷᠡᠭᠦᠯᠦᠨ ᠬᠡᠷᠡᠭᠯᠡᠬᠦ ᠪᠣᠯ ᠨᠠᠮ ᠤᠨ ᠲᠥᠪ ᠬᠤᠷᠢᠶ᠎ᠠ ᠠᠴᠠ ᠭᠠᠷᠭᠠᠭᠰᠠᠨ ᠴᠢᠬᠤᠯᠠ ᠶᠡᠭᠡ ᠰᠢᠢᠳᠪᠦᠷᠢᠲᠦ | ᠪᠣᠳᠣᠯᠭ᠎ᠠ ᠪᠠᠶᠢᠷᠢᠯᠠᠭᠤᠯᠤᠯᠲᠠ ᠪᠣᠯᠣᠨ᠎ᠠ᠂ ︽ᠤᠯᠤᠰ ᠤᠨ ᠶᠡᠭᠡ ᠶᠠᠪᠤᠳᠠᠯ︾ ᠤᠨ ᠥᠨᠳᠥᠷᠴᠡ ᠠᠴᠠ ᠡᠨᠡ ᠬᠦ ᠠᠵᠢᠯ ᠢ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ | ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠭᠡᠬᠦ ᠪᠦᠬᠦ ᠠᠵᠢᠯ ᠤᠨ ᠭᠤᠣᠯ ᠰᠢᠵᠢᠮ ᠤᠨ ᠰᠠᠭᠤᠷᠢ ᠢᠨᠵᠧᠨᠧᠷᠢᠩ ᠪᠤᠯᠭᠠᠵᠤ᠂ ᠵᠢᠱᠢᠶᠡᠴᠢ ᠥᠪᠡᠷᠲᠡᠭᠡᠨ ᠵᠠᠰᠠᠬᠤ | ᠣᠷᠣᠨ ᠢ ᠪᠦᠭᠦ ᠲᠠᠯ᠎ᠠ ᠪᠠᠷ ᠪᠦᠲᠦᠭᠡᠨ ᠪᠠᠶᠢᠭᠤᠯᠬᠤ ᠶᠢᠨ ᠴᠢᠬᠤᠯᠠ ᠠᠵᠢᠯ ᠤᠨ ᠠᠭᠤᠯᠭ᠎ᠠ ᠶᠢᠨ ᠨᠢᠭᠡ ᠪᠤᠯᠭᠠᠵᠤ᠂ ︽ᠠᠯᠢᠪᠠ ᠪᠦᠭᠦᠨ ᠬᠡᠦᠬᠡᠳ ᠤᠨ ᠲᠥᠯᠥᠭᠡ︾ | ᠪᠠᠶᠢᠬᠤ ᠬᠠᠷᠠᠭᠠᠰᠤ ᠠᠴᠠ ᠡᠭᠦᠰᠴᠦ᠂ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠬᠤ ᠬᠡᠷᠡᠭᠲᠡᠢ ᠭᠡᠪᠡ᠃ ᠲᠡᠷᠡ ᠬᠡᠯᠡᠬᠦ ᠳᠤ ᠪᠠᠨ᠂ ᠤᠯᠤᠰ ᠤᠨ ᠨᠢᠭᠡᠳᠦᠯᠲᠡᠢ | ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠳᠡᠯᠭᠡᠷᠡᠭᠦᠯᠦᠨ ᠬᠡᠷᠡᠭᠯᠡᠬᠦ ᠳᠤ ︽ᠨᠢᠭᠡ ᠯᠡ ᠤᠳᠠᠭ᠎ᠠ ᠳᠡᠯᠭᠡᠷᠡᠭᠦᠯᠦᠭᠡᠳ ᠯᠡ ᠪᠣᠯᠴᠢᠬᠠᠬᠤ ᠪᠢᠰᠢ︾ ᠂ ᠡᠷᠬᠡᠪᠰᠢ ᠵᠢᠭᠠᠨ | ᠰᠤᠷᠭᠠᠯᠲᠠ ᠶᠢᠨ ᠶᠠᠰᠤ ᠴᠢᠨᠠᠷ ᠢ ᠳᠡᠭᠡᠭᠰᠢᠯᠡᠭᠦᠯᠵᠦ᠂ ᠪᠠᠭᠰᠢ ᠶᠢᠨ ᠴᠢᠳᠠᠪᠤᠷᠢ ᠶᠢ ᠳᠡᠭᠡᠭᠰᠢᠯᠡᠭᠦᠯᠭᠦ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ ᠪᠠᠭᠰᠢ ᠶᠢᠨ | ᠡᠩᠨᠡᠭᠡᠨ ᠤ ᠪᠦᠲᠦᠴᠡ ᠶᠢ ᠤᠯᠠᠮ ᠨᠢᠭᠡ ᠠᠯᠬᠤᠮ ᠰᠢᠯᠢᠳᠡᠭᠵᠢᠭᠦᠯᠵᠦ᠂ 2 ᠳ᠋ᠤᠭᠠᠷ ᠰᠠᠷ᠎ᠠ ᠠᠴᠠ ᠡᠮᠦᠨ᠎ᠡ ᠡᠯ᠎ᠡ ᠬᠢᠴᠢᠶᠡᠯ ᠲᠦᠷᠦᠯ ᠤᠨ ᠪᠠᠭᠰᠢ ᠶᠢ ᠣᠷᠣᠨ ᠪᠠᠶᠢᠷᠢ | ᠳᠤᠨᠢ ᠰᠠᠶᠢᠲᠤᠷ ᠲᠣᠬᠢᠷᠠᠭᠤᠯᠬᠤ ᠪᠠᠷ ᠴᠢᠷᠮᠠᠶᠢᠬᠤ ᠬᠡᠷᠡᠭᠲᠡᠢ᠃ ᠰᠣᠷᠢᠯᠲᠠ ᠰᠢᠯᠭᠠᠯᠲᠠ ᠪᠠᠷ ᠳᠠᠮᠵᠢᠨ ᠪᠣᠳᠠᠲᠤ ᠪᠠᠶᠢᠯᠳᠤᠭᠠᠨ ᠳᠤ ᠣᠷᠤᠯᠴᠠᠵᠤ ᠳᠡᠶᠢᠯᠬᠦᠶᠢᠴᠡ | ᠰᠣᠷᠢᠯᠲᠠ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠬᠤᠪᠢ ᠳᠡᠭᠡᠭᠰᠢᠯᠡᠭᠦᠯᠭᠦ ᠠᠷᠭ᠎ᠠ ᠬᠡᠮᠵᠢᠶ᠎ᠡ ᠶᠢ ᠠᠩᠭᠢ᠂ ᠰᠢᠨᠵᠢᠯᠡᠭᠡᠨ ᠤ ᠰᠠᠯᠠᠭ᠎ᠠ᠂ ᠰᠤᠷᠤᠬᠴᠢᠳ ᠲᠤ | ᠭᠦᠷᠲᠡᠯ᠎ᠡ ᠨᠠᠷᠢᠯᠢᠭᠵᠢᠭᠤᠯᠵᠤ᠂ ᠰᠤᠷᠭᠠᠭᠤᠯᠢ᠂ ᠭᠡᠷ ᠤᠨ ᠠᠬᠠᠮᠠᠳ᠂ ᠰᠤᠷᠤᠬᠴᠢᠳ ᠤᠨ ᠬᠠᠮᠵᠢᠯᠴᠠᠨ ᠬᠥᠳᠡᠯᠦᠯᠴᠡᠬᠦ ᠶᠢ ᠴᠢᠩᠭᠠᠳᠬᠠᠵᠤ᠂ ᠠᠷᠭ᠎ᠠ ᠪᠦᠭᠦᠨ ᠢ | ᠰᠦᠪᠡᠭᠴᠢᠯᠡᠵᠦ ᠪᠠᠶᠢᠭᠠᠳ ᠰᠤᠷᠤᠬᠴᠢᠳ ᠤᠨ ᠰᠤᠷᠤᠯᠭ᠎ᠠ ᠶᠢᠨ ᠬᠢᠷᠢ ᠪᠦᠲᠦᠮᠵᠢ ᠶᠢ ᠳᠡᠭᠡᠭᠰᠢᠯᠡᠭᠦᠯᠵᠦ᠂ ᠶᠠᠮᠠᠷᠪᠠ ᠨᠢᠭᠡ ᠬᠡᠦᠬᠡᠳ ᠢ ᠴᠦ ᠡᠩᠨᠡᠭᠡ ᠠᠴᠠ ᠨᠢ | ᠬᠤᠴᠣᠷᠤᠭᠤᠯᠵᠤ ᠪᠤᠯᠬᠤ ᠦᠭᠡᠢ᠃ ᠰᠤᠷᠭᠠᠨ ᠬᠥᠮᠦᠵᠢᠯ ᠤᠨ ᠠᠵᠢᠯ ᠤᠨ ᠤᠳᠤᠷᠢᠳᠬᠤ ᠳᠤᠭᠤᠶᠢᠯᠠᠩ ᠤᠨ ᠬᠢᠨ ᠡᠯ᠎ᠡ ᠵᠦᠢᠯ ᠤᠨ ᠠᠵᠢᠯ ᠢ ᠲᠤᠭᠤᠰᠢᠲᠠᠢ | ᠠᠳᠬᠤᠵᠤ᠂ ᠲᠤᠭᠤᠰᠢᠲᠠᠢ ᠨᠠᠶᠢᠳᠠᠪᠤᠷᠢᠵᠢᠭᠤᠯᠵᠤ᠂ ᠡᠯ᠎ᠡ ᠠᠶᠢᠮᠠᠭ ᠬᠤᠲᠠ ᠶᠢᠨ ᠬᠢᠨ ᠬᠠᠷᠠᠯᠲᠠ ᠪᠠᠨ ᠴᠢᠩᠭ᠎ᠠ ᠠᠩᠬᠠᠷᠴᠤ᠂ ᠬᠠᠷᠢᠭᠤᠴᠠᠯᠭ᠎ᠠ ᠪᠠᠨ ᠪᠣᠳᠠᠲᠠᠶᠢᠵᠢᠭᠤᠯᠤᠨ᠂ | ᠠᠷᠭ᠎ᠠ ᠬᠡᠮᠵᠢᠶ᠎ᠡ ᠪᠠᠨ ᠨᠠᠷᠢᠯᠢᠭᠵᠢᠭᠤᠯᠵᠤ᠂ ᠰᠤᠷᠭᠠᠨ ᠬᠥᠮᠦᠵᠢᠯ ᠤᠨ ᠲᠢᠩᠬᠢᠮ ᠱᠠᠯᠠᠪᠳᠠᠭᠤᠯᠬᠤ ᠬᠠᠪᠰᠤᠷᠬᠤ ᠶᠢ ᠤᠶᠠᠯᠳᠤᠭᠤᠯᠵᠤ᠂ ᠡᠯ᠎ᠡ ᠭᠠᠵᠠᠷ ᠤᠨ | ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠬᠤ ᠶᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ | ᠱᠢ ᠭᠤᠸᠠᠩ ᠬᠤᠢ᠂ ᠪᠦᠦ ᠰᠢᠶᠠᠨ ᠬᠤᠸᠠ ᠨᠠᠷ ᠲᠤᠰ ᠠᠵᠢᠯᠯᠠᠭ᠎ᠠ ᠳᠤ ᠣᠷᠣᠯᠴᠠᠵᠠᠢ᠃ |