ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠯᠤᠰ ᠤᠨ ᠴᠢᠬᠤᠯᠠ ᠪᠦᠬᠦᠢ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ | ᠦᠢᠯᠡᠳᠪᠦᠷᠢᠯᠡᠯ ᠤᠨ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠳᠦᠷᠢᠮ ︵2023 ᠣᠨ ᠤ 7 ᠰᠠᠷ᠎ᠠ ᠶᠢᠨ 31 ᠤ ᠡᠳᠦᠷ ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠪᠠᠨ ᠳᠥᠷᠪᠡᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ | ᠬᠤᠷᠢᠶᠠᠨ ᠤ ᠲᠠᠪᠤᠳᠤᠭᠠᠷ ᠬᠤᠷᠠᠯ ᠠᠴᠠ ᠪᠠᠲᠤᠯᠠᠪᠠ︶ | ᠨᠢᠭᠡᠳᠦᠭᠡᠷ ᠪᠦᠯᠦᠭ ᠶᠡᠷᠦᠩᠬᠡᠢ ᠳᠦᠷᠢᠮ | ᠨᠢᠭᠡᠳᠦᠭᠡᠷ ᠵᠦᠢᠯ ᠤᠯᠤᠰ ᠤᠨ ᠴᠢᠬᠤᠯᠠ ᠪᠦᠬᠦᠢ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠦᠢᠯᠡᠳᠪᠦᠷᠢᠯᠡᠯ ᠤᠨ ᠰᠠᠭᠤᠷᠢᠨ ᠭᠠᠵᠠᠷ ᠢ ᠴᠢᠨᠠᠷ ᠰᠠᠶᠢᠲᠠᠢ | ᠪᠦᠲᠦᠭᠡᠨ ᠪᠠᠶᠢᠭᠤᠯᠵᠤ᠂ ᠠᠮᠤ ᠪᠤᠳᠠᠭ᠎ᠠ ᠪᠣᠯᠣᠨ ᠴᠢᠬᠤᠯᠠ ᠪᠦᠬᠦᠢ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠲᠣᠭᠲᠠᠭᠤᠨ ᠪᠥᠭᠡᠳ ᠠᠶᠤᠯ ᠦᠭᠡᠢ ᠬᠠᠩᠭᠠᠯᠭ᠎ᠠ ᠶᠢ | ᠠᠬᠢᠭᠤᠯᠬᠤ ᠶᠢᠨ ᠲᠤᠰᠠᠳᠠ᠂ ᠤᠯᠤᠰ ᠤᠨ ᠬᠤᠯᠪᠣᠭᠳᠠᠯ ᠪᠦᠬᠦᠢ ᠬᠠᠤᠯᠢ ᠴᠠᠭᠠᠵᠠ᠂ ᠬᠠᠤᠯᠢ ᠲᠣᠭᠲᠠᠭᠠᠯ ᠢ ᠦᠨᠳᠦᠰᠦᠯᠡᠨ᠂ ᠥᠪᠡᠷᠲᠡᠭᠡᠨ ᠵᠠᠰᠠᠬᠤ ᠣᠷᠣᠨ ᠤ ᠪᠣᠳᠠᠲᠤ | ᠪᠠᠶᠢᠳᠠᠯ ᠲᠠᠢ ᠤᠶᠠᠯᠳᠤᠭᠤᠯᠵᠤ᠂ ᠲᠤᠰ ᠳᠦᠷᠢᠮ ᠢ ᠲᠣᠭᠲᠠᠭᠠᠪᠠ᠃ | ᠬᠤᠶᠠᠳᠤᠭᠠᠷ ᠵᠦᠢᠯ ᠥᠪᠡᠷᠲᠡᠭᠡᠨ ᠵᠠᠰᠠᠬᠤ ᠣᠷᠣᠨ ᠤ ᠵᠠᠰᠠᠭ ᠵᠠᠬᠢᠷᠭᠠᠨ ᠤ ᠣᠷᠣᠨ ᠤ ᠳᠣᠲᠣᠷ᠎ᠠ ᠤᠯᠤᠰ ᠤᠨ ᠴᠢᠬᠤᠯᠠ ᠪᠦᠬᠦᠢ ᠲᠠᠷᠢᠶᠠᠯᠠᠩ ᠮᠠᠯ ᠤᠨ | ᠠᠰᠢᠭ ᠰᠢᠮ᠎ᠡ ᠶᠢᠨ ᠪᠦᠲᠦᠭᠡᠭᠳᠡᠬᠦᠨ ᠤ ᠦᠢᠯᠡᠳᠪᠦᠷᠢᠯᠡᠯ ᠤᠨ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠠᠵᠢᠯ ᠵᠢᠴᠢ ᠬᠠᠮᠢᠶ᠎ᠠ ᠪᠦᠬᠦᠢ | ᠠᠵᠢᠯᠯᠠᠭ᠎ᠠ ᠳᠤ ᠲᠤᠰ ᠳᠦᠷᠢᠮ ᠲᠣᠬᠢᠷᠠᠨ᠎ᠠ᠃ | ᠭᠤᠷᠪᠠᠳᠤᠭᠠᠷ ᠵᠦᠢᠯ ᠤᠯᠤᠰ ᠠᠴᠠ ᠴᠢᠬᠤᠯᠠ ᠪᠦᠬᠦᠢ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠦᠢᠯᠡᠳᠪᠦᠷᠢᠯᠡᠯ ᠤᠨ ᠰᠠᠭᠤᠷᠢᠨ | ᠭᠠᠵᠠᠷ ᠢ ᠪᠦᠲᠦᠭᠡᠨ ᠪᠠᠶᠢᠭᠤᠯᠬᠤ ᠳᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ | ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠤᠳᠤᠷᠢᠳᠤᠯᠭ᠎ᠠ ᠶᠢ ᠪᠠᠷᠢᠮᠲᠠᠯᠠᠨ᠂ ᠨᠠᠮ ᠤᠨ ᠲᠥᠪ ᠬᠤᠷᠢᠶ᠎ᠠ ᠶᠢᠨ ᠥᠪᠥᠷ | ᠮᠣᠩᠭᠤᠯ ᠳᠠᠬᠢ ᠪᠠᠶᠢᠯᠳᠤᠬᠤ ᠪᠣᠳᠣᠯᠭ᠎ᠠ ᠶᠢᠨ ᠪᠠᠶᠢᠷᠢ ᠲᠣᠭᠲᠠᠭᠠᠯᠲᠠ ᠶᠢ ᠪᠠᠲᠤ ᠡᠵᠡᠮᠳᠡᠵᠦ᠂ ᠰᠢᠨ᠎ᠡ ᠬᠥᠭᠵᠢᠯᠲᠡ ᠶᠢᠨ ᠣᠨᠣᠯᠵᠢᠬᠤᠨ ᠢ ᠪᠦᠷᠢᠨ ᠪᠦᠲᠦᠨ᠂ | ᠣᠨᠣᠪᠴᠢᠲᠠᠶ᠂ ᠪᠥᠬᠦ ᠲᠠᠯ᠎ᠠ ᠪᠠᠷ ᠲᠤᠤᠱᠯᠠᠭᠤᠯᠤᠨ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠬᠤ ᠪᠠᠷ | ᠭᠤᠣᠯ ᠰᠢᠵᠢᠮ ᠪᠣᠯᠭᠠᠵᠤ᠂ ᠠᠮᠢ ᠠᠬᠤᠢ ᠶᠢ ᠲᠡᠷᠢᠭᠦᠨ ᠳᠤ ᠲᠠᠯᠪᠢᠵᠤ᠂ ᠪᠣᠬᠢᠷᠲᠤᠯ ᠦᠭᠡᠢ ᠬᠥᠭᠵᠢᠯᠲᠡ ᠪᠠᠷ ᠤᠳᠤᠷᠢᠳᠤᠮᠵᠢ ᠪᠣᠯᠭᠠᠨ᠂ ᠲᠠᠷᠢᠶᠠᠯᠠᠩ ᠮᠠᠯ ᠠᠵᠤ ᠠᠬᠤᠢ᠂ | ᠮᠠᠯᠵᠢᠬᠤ ᠲᠠᠷᠢᠶᠠᠯᠠᠬᠤ ᠣᠷᠣᠨ ᠢ ᠤᠷᠢᠳᠠᠪᠠᠷ ᠬᠥᠭᠵᠢᠭᠦᠯᠬᠦ ᠶᠢ ᠪᠠᠷᠢᠮᠲᠠᠯᠠᠵᠤ᠂ ᠲᠠᠷᠢᠶᠠᠯᠠᠩ ᠮᠠᠯ ᠠᠵᠤ ᠠᠬᠤᠢ ᠶᠢᠨ ᠬᠦᠴᠦᠷᠬᠡᠭ ᠣᠷᠣᠨ ᠢ ᠲᠦᠷᠭᠡᠳᠬᠡᠨ | ᠪᠦᠲᠦᠭᠡᠨ ᠪᠠᠶᠢᠭᠤᠯᠵᠤ᠂ ᠲᠠᠷᠢᠶᠠᠯᠠᠩ ᠤᠨ ᠬᠦᠴᠦᠷᠬᠡᠭ ᠤᠯᠤᠰ ᠢ ᠪᠦᠲᠦᠭᠡᠨ ᠪᠠᠶᠢᠭᠤᠯᠬᠤ ᠳᠤ ᠬᠦᠴᠦᠨ ᠨᠡᠮᠡᠷᠢᠯᠡᠬᠦ ᠬᠡᠷᠡᠭᠲᠡᠢ᠃ | ᠳᠥᠷᠪᠡᠳᠦᠭᠡᠷ ᠵᠦᠢᠯ ᠤᠯᠤᠰ ᠤᠨ ᠴᠢᠬᠤᠯᠠ ᠪᠦᠬᠦᠢ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠦᠢᠯᠡᠳᠪᠦᠷᠢᠯᠡᠯ ᠤᠨ ᠰᠠᠭᠤᠷᠢᠨ | ᠭᠠᠵᠠᠷ ᠢ ᠪᠦᠲᠦᠭᠡᠨ ᠪᠠᠶᠢᠭᠤᠯᠬᠤ ᠳᠤ᠂ ᠲᠠᠷᠢᠶᠠᠨ ᠭᠠᠵᠠᠷ ᠤᠨ ᠠᠮᠤ ᠪᠤᠳᠠᠭᠠᠨ ᠤ ᠤᠨᠠᠯᠲᠠ ᠶᠢ ᠪᠠᠲᠤᠯᠠᠬᠤ᠂ ᠰᠢᠨᠵᠢᠯᠡᠬᠦ ᠤᠬᠠᠭᠠᠨᠴᠢ ᠪᠠᠷ ᠲᠠᠷᠢᠶᠠᠨ ᠭᠠᠵᠠᠷ ᠤᠨ ᠡᠬᠢ | ᠪᠠᠶᠠᠯᠢᠭ ᠢ ᠠᠰᠢᠭᠯᠠᠬᠤ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠵᠦ᠂ ᠲᠠᠷᠢᠶᠠᠯᠠᠩ ᠮᠠᠯ ᠠᠵᠤ ᠠᠬᠤᠢ ᠶᠢᠨ ᠬᠡᠯᠪᠡᠷᠢ ᠪᠠᠨ ᠬᠤᠪᠢᠷᠠᠭᠤᠯᠤᠨ ᠬᠥᠭᠵᠢᠬᠦ ᠶᠢ ᠠᠬᠢᠭᠤᠯᠤᠨ᠂ | ᠦᠢᠯᠡᠳᠪᠦᠷᠢᠯᠡᠯ ᠤᠨ ᠠᠷᠭ᠎ᠠ ᠮᠠᠶ᠋ᠢᠭ᠂ ᠡᠬᠢ ᠪᠠᠶᠠᠯᠢᠭ ᠢ ᠠᠰᠢᠭᠯᠠᠬᠤ ᠠᠷᠭ᠎ᠠ ᠮᠠᠶ᠋ᠢᠭ᠂ ᠡᠵᠡᠩᠨᠡᠯᠲᠡ ᠶᠢᠨ ᠠᠷᠭ᠎ᠠ ᠮᠠᠶ᠋ᠢᠭ᠂ ᠠᠵᠤ ᠦᠢᠯᠡᠰ ᠤᠨ ᠪᠦᠲᠦᠴᠡ ᠶᠢᠨ | ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠭᠦᠯᠬᠦ ᠶᠢ ᠠᠬᠢᠭᠤᠯᠵᠤ᠂ ᠤᠰᠤ ᠠᠷᠪᠢᠯᠠᠬᠤ ᠲᠠᠷᠢᠶᠠᠯᠠᠩ᠂ ᠠᠮᠢ ᠠᠬᠤᠢ ᠶᠢᠨ ᠲᠠᠷᠢᠶᠠᠯᠠᠩ ᠮᠠᠯ ᠠᠵᠤ ᠠᠬᠤᠢ ᠶᠢ ᠶᠡᠬᠡᠪᠡᠷ | ᠬᠥᠭᠵᠢᠭᠦᠯᠦᠨ᠂ ᠲᠠᠷᠢᠶᠠᠯᠠᠩ ᠮᠠᠯ ᠠᠵᠤ ᠠᠬᠤᠢ ᠶᠢᠨ ᠴᠢᠨᠠᠷ ᠰᠠᠶᠢᠲᠠᠢ ᠡᠬᠢ ᠪᠠᠶᠠᠯᠢᠭ ᠤᠨ ᠲᠤᠭ᠎ᠠ ᠬᠡᠮᠵᠢᠶ᠎ᠡ ᠶᠢ ᠨᠡᠮᠡᠭᠳᠡᠭᠦᠯᠵᠦ᠂ ᠪᠣᠬᠢᠷᠲᠤᠯ ᠦᠭᠡᠢ ᠲᠠᠷᠢᠶᠠᠯᠠᠩ | ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠭᠠᠷᠤᠯᠲᠠ ᠶᠢ ᠨᠡᠮᠡᠭᠳᠡᠭᠦᠯᠦᠨ᠂ ᠲᠠᠷᠢᠶᠠᠯᠠᠩ ᠮᠠᠯ ᠠᠵᠤ ᠠᠬᠤᠢ ᠶᠢᠨ ᠬᠥᠭᠵᠢᠯᠲᠡ ᠶᠢᠨ ᠶᠠᠰᠤ ᠴᠢᠨᠠᠷ ᠢ | ᠳᠡᠭᠡᠭᠰᠢᠯᠡᠭᠦᠯᠵᠦ᠂ ᠣᠳᠣᠬᠢᠴᠢᠯᠠᠭᠰᠠᠨ ᠲᠠᠷᠢᠶᠠᠯᠠᠩ ᠮᠠᠯ ᠠᠵᠤ ᠠᠬᠤᠢ ᠶᠢᠨ ᠬᠥᠭᠵᠢᠯᠲᠡ ᠶᠢᠨ ᠰᠢᠨ᠎ᠡ ᠪᠠᠶᠢᠷᠢᠰᠢᠯ ᠢ ᠪᠠᠶᠢᠭᠤᠯᠬᠤ ᠬᠡᠷᠡᠭᠲᠡᠢ᠃ | ᠲᠠᠪᠤᠳᠤᠭᠠᠷ ᠵᠦᠢᠯ ᠤᠯᠤᠰ ᠠᠴᠠ ᠴᠢᠬᠤᠯᠠ ᠪᠦᠬᠦᠢ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠦᠢᠯᠡᠳᠪᠦᠷᠢᠯᠡᠯ ᠤᠨ ᠰᠠᠭᠤᠷᠢᠨ | ᠭᠠᠵᠠᠷ ᠢ ᠪᠦᠲᠦᠭᠡᠨ ᠪᠠᠶᠢᠭᠤᠯᠬᠤ ᠳᠤ᠂ ᠲᠤᠬᠠᠢ ᠶᠢᠨ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠬᠤ᠂ ᠲᠥᠷᠥᠯ ᠬᠤᠪᠢᠶᠠᠨ ᠲᠥᠷᠥ ᠶᠢᠨ ᠪᠣᠳᠣᠯᠭ᠎ᠠ | ᠬᠡᠷᠡᠭᠵᠢᠭᠦᠯᠬᠦ᠂ ᠲᠠᠷᠢᠬᠤ ᠳᠤ ᠲᠣᠬᠢᠷᠠᠬᠤ ᠶᠢ ᠨᠢ ᠲᠠᠷᠢᠵᠤ᠂ ᠲᠡᠵᠢᠭᠡᠬᠦ ᠳᠤ ᠲᠣᠬᠢᠷᠠᠬᠤ ᠶᠢ ᠨᠢ ᠲᠡᠵᠢᠭᠡᠵᠦ᠂ ᠲᠤᠰ ᠭᠠᠵᠠᠷ ᠣᠷᠣᠨ ᠤ ᠲᠠᠷᠢᠶᠠᠯᠠᠩ ᠮᠠᠯ ᠠᠵᠤ | ᠠᠬᠤᠢ ᠶᠢᠨ ᠡᠬᠢ ᠪᠠᠶᠠᠯᠢᠭ ᠤᠨ ᠳᠠᠪᠠᠭᠤᠯᠢᠭ ᠲᠠᠭᠠᠨ ᠰᠠᠭᠤᠷᠢᠯᠠᠨ᠂ ᠪᠠᠶᠢᠷᠢᠰᠢᠭᠤᠯᠤᠯᠲᠠ ᠪᠠ ᠦᠢᠯᠡᠳᠪᠦᠷᠢᠯᠡᠯ ᠤᠨ ᠪᠦᠲᠦᠴᠡ ᠪᠠᠨ ᠰᠢᠯᠢᠳᠡᠭᠵᠢᠭᠦᠯᠬᠦ ᠬᠡᠷᠡᠭᠲᠡᠢ᠃ | ᠵᠢᠷᠭᠤᠳᠤᠭᠠᠷ ᠵᠦᠢᠯ ᠤᠯᠤᠰ ᠤᠨ ᠴᠢᠬᠤᠯᠠ ᠪᠦᠬᠦᠢ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠦᠢᠯᠡᠳᠪᠦᠷᠢᠯᠡᠯ ᠤᠨ ᠰᠠᠭᠤᠷᠢᠨ | ᠭᠠᠵᠠᠷ ᠢ ᠪᠦᠲᠦᠭᠡᠨ ᠪᠠᠶᠢᠭᠤᠯᠬᠤ ᠳᠤ᠂ ᠠᠮᠤ ᠪᠤᠳᠠᠭᠠᠨ ᠤ ᠠᠮᠤᠷ ᠲᠦᠪᠰᠢᠨ ᠳᠤ ᠨᠠᠮ ᠵᠠᠰᠠᠭ ᠠᠳᠠᠯᠢ ᠬᠠᠷᠢᠭᠤᠴᠠᠯᠭ᠎ᠠ ᠡᠭᠦᠷᠭᠡᠯᠡᠬᠦ ᠶᠢ ᠪᠠᠷᠢᠮᠲᠠᠯᠠᠵᠤ᠂ ᠨᠠᠮ ᠤᠨ | ᠬᠤᠷᠢᠶ᠎ᠠ ᠤᠳᠤᠷᠢᠳᠬᠤ᠂ ᠵᠠᠰᠠᠭ ᠤᠨ ᠣᠷᠳᠣᠨ ᠬᠠᠷᠢᠭᠤᠴᠠᠬᠤ᠂ ᠰᠠᠯᠠᠭ᠎ᠠ ᠮᠥᠴᠢᠷ ᠬᠠᠮᠵᠢᠯᠴᠠᠬᠤ᠂ ᠨᠡᠶᠢᠭᠡᠮ ᠢᠶᠠᠷ ᠢᠶᠠᠨ ᠣᠷᠣᠯᠴᠠᠬᠤ᠂ ᠵᠠᠬ᠎ᠠ ᠳᠡᠯᠭᠡᠭᠦᠷ ᠢᠶᠠᠷ | ᠤᠳᠤᠷᠢᠳᠤᠮᠵᠢ ᠪᠣᠯᠭᠠᠬᠤ ᠠᠵᠢᠯ ᠤᠨ ᠲᠣᠭᠲᠠᠴᠠ ᠶᠢ ᠬᠡᠷᠡᠭᠵᠢᠭᠦᠯᠬᠦ ᠬᠡᠷᠡᠭᠲᠡᠢ᠃ | ᠳᠣᠯᠣᠳᠤᠭᠠᠷ ᠵᠦᠢᠯ ᠥᠪᠡᠷᠲᠡᠭᠡᠨ ᠵᠠᠰᠠᠬᠤ ᠣᠷᠣᠨ ᠠᠴᠠ ᠤᠯᠤᠰ ᠤᠨ ᠴᠢᠬᠤᠯᠠ ᠪᠦᠬᠦᠢ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ | ᠦᠢᠯᠡᠳᠪᠦᠷᠢᠯᠡᠯ ᠤᠨ ᠰᠠᠭᠤᠷᠢᠨ ᠭᠠᠵᠠᠷ ᠢ ᠪᠦᠲᠦᠭᠡᠨ ᠪᠠᠶᠢᠭᠤᠯᠬᠤ ᠠᠵᠢᠯ ᠤᠨ ᠵᠣᠬᠢᠴᠠᠭᠤᠯᠬᠤ ᠲᠣᠭᠲᠠᠴᠠ ᠶᠢ ᠪᠠᠶᠢᠭᠤᠯᠵᠤ᠂ ᠠᠵᠢᠯ ᠤᠨ ᠵᠣᠬᠢᠴᠠᠭᠤᠯᠬᠤ | ᠪᠠᠶᠢᠭᠤᠯᠤᠮᠵᠢ ᠶᠢ ᠪᠠᠶᠢᠭᠤᠯᠤᠨ᠂ ᠨᠢᠭᠡᠳᠦᠯᠲᠡᠢ ᠲᠥᠯᠥᠪᠯᠡᠨ ᠵᠣᠬᠢᠴᠠᠭᠤᠯᠬᠤ᠂ ᠵᠢᠯᠣᠭᠤᠳᠤᠨ ᠠᠬᠢᠭᠤᠯᠬᠤ᠂ ᠰᠢᠮᠳᠠᠭᠤᠯᠤᠨ ᠨᠠᠶᠢᠳᠠᠪᠤᠷᠢᠵᠢᠭᠤᠯᠬᠤ ᠵᠡᠷᠭᠡ ᠡᠯ᠎ᠡ | ᠵᠦᠢᠯ ᠤᠨ ᠠᠵᠢᠯ ᠢ ᠬᠠᠷᠢᠭᠤᠴᠠᠵᠤ᠂ ᠠᠵᠢᠯ ᠤᠨ ᠳᠤᠮᠳᠠᠬᠢ ᠴᠢᠬᠤᠯᠠ ᠶᠡᠭᠡ ᠠᠰᠠᠭᠤᠳᠠᠯ ᠪᠠ ᠭᠤᠣᠯᠳᠠᠯᠭ᠎ᠠ ᠲᠠᠢ ᠵᠦᠢᠯᠡᠰ ᠢ ᠰᠤᠳᠤᠯᠤᠨ ᠰᠢᠢᠳᠪᠦᠷᠢᠯᠡᠨ᠎ᠡ᠃ | ᠨᠠᠢᠮᠠᠳᠤᠭᠠᠷ ᠵᠦᠢᠯ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠨᠤᠭᠤᠳ ᠲᠤᠰ ᠵᠠᠰᠠᠭ ᠵᠠᠬᠢᠷᠭᠠᠨ ᠤ ᠣᠷᠣᠨ ᠤ ᠪᠠᠨ ᠳᠣᠲᠣᠷᠠᠬᠢ ᠤᠯᠤᠰ ᠤᠨ | ᠴᠢᠬᠤᠯᠠ ᠪᠦᠬᠦᠢ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠦᠢᠯᠡᠳᠪᠦᠷᠢᠯᠡᠯ ᠤᠨ ᠰᠠᠭᠤᠷᠢᠨ ᠭᠠᠵᠠᠷ ᠪᠠᠶᠢᠭᠤᠯᠬᠤ ᠠᠵᠢᠯ ᠢ ᠬᠠᠷᠢᠭᠤᠴᠠᠬᠤ | ᠬᠡᠷᠡᠭᠲᠡᠢ᠃ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠲᠠᠷᠢᠶᠠᠯᠠᠩ ᠮᠠᠯ ᠠᠵᠤ ᠠᠬᠤᠢ ᠶᠢᠨ ᠵᠠᠰᠠᠭ ᠵᠠᠬᠢᠷᠭᠠᠨ ᠤ | ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠳ ᠤᠯᠤᠰ ᠤᠨ ᠴᠢᠬᠤᠯᠠ ᠪᠦᠬᠦᠢ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠦᠢᠯᠡᠳᠪᠦᠷᠢᠯᠡᠯ ᠤᠨ ᠰᠠᠭᠤᠷᠢᠨ | ᠭᠠᠵᠠᠷ ᠢ ᠪᠦᠲᠦᠭᠡᠨ ᠪᠠᠶᠢᠭᠤᠯᠬᠤ ᠵᠢᠯᠤᠭᠤᠳᠬᠤ ᠦᠢᠯᠡᠴᠢᠯᠡᠭᠡ ᠪᠣᠯᠣᠨ ᠬᠢᠨᠠᠯᠲᠠ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃ ᠬᠤᠰᠢᠭᠤ ᠰᠢᠶᠠᠨ ᠤ | ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠬᠥᠭᠵᠢᠭᠦᠯᠦᠯᠲᠡ ᠥᠭᠡᠷᠡᠴᠢᠯᠡᠯᠲᠡ᠂ ᠰᠢᠨᠵᠢᠯᠡᠬᠦ ᠤᠬᠠᠭᠠᠨ ᠮᠡᠷᠭᠡᠵᠢᠯ᠂ ᠠᠵᠤ ᠦᠢᠯᠡᠳᠪᠦᠷᠢ ᠪᠠ | ᠮᠡᠳᠡᠭᠡ ᠵᠠᠩᠭᠢᠵᠢᠯᠲᠠ᠂ ᠡᠳ᠋ ᠤᠨ ᠵᠠᠰᠠᠭ᠂ ᠪᠠᠶᠢᠭᠠᠯᠢ ᠶᠢᠨ ᠡᠬᠢ ᠪᠠᠶᠠᠯᠢᠭ᠂ ᠠᠮᠢ ᠠᠬᠤᠢ ᠶᠢᠨ ᠣᠷᠴᠢᠨ ᠲᠣᠭᠤᠷᠢᠨ᠂ ᠤᠰᠤᠨ ᠤ ᠵᠠᠰᠠᠭ ᠵᠠᠬᠢᠷᠭᠠᠨ᠂ ᠬᠤᠳᠠᠯᠳᠤᠭᠠᠨ ᠤ | ᠶᠠᠪᠤᠳᠠᠯ᠂ ᠡᠷᠡᠭᠦᠯ ᠬᠠᠮᠠᠭᠠᠯᠠᠯ ᠡᠷᠡᠭᠦᠯ ᠮᠡᠨᠳᠦ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ᠂ ᠣᠶ ᠰᠢᠭᠤᠢ ᠪᠠ ᠨᠤᠲᠤᠭ ᠪᠡᠯᠴᠢᠭᠡᠷ᠂ ᠮᠥᠩᠭᠦᠨ ᠭᠦᠢᠯᠭᠡᠭᠡᠨ ᠤ | ᠬᠠᠮᠢᠶᠠᠷᠤᠯᠲᠠ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠬᠠᠩᠭᠠᠨ ᠪᠣᠷᠣᠯᠠᠭᠤᠯᠬᠤ ᠬᠤᠷᠰᠢᠶ᠎ᠠ ᠵᠡᠷᠭᠡ ᠰᠠᠯᠠᠭ᠎ᠠ ᠮᠥᠴᠢᠷ ᠪᠣᠯᠣᠨ ᠨᠢᠭᠡᠴᠡ ᠨᠦᠭᠦᠳ | ᠲᠣᠰ ᠲᠣᠰ ᠤᠨ ᠡᠭᠦᠷᠭᠡ ᠬᠠᠷᠢᠭᠤᠴᠠᠯᠭ᠎ᠠ ᠶᠣᠰᠣᠭᠠᠷ᠂ ᠤᠯᠤᠰ ᠤᠨ ᠴᠢᠬᠤᠯᠠ ᠪᠦᠬᠦᠢ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ | ᠦᠢᠯᠡᠳᠪᠦᠷᠢᠯᠡᠯ ᠤᠨ ᠰᠠᠭᠤᠷᠢᠨ ᠭᠠᠵᠠᠷ ᠢ ᠪᠦᠲᠦᠭᠡᠨ ᠪᠠᠶᠢᠭᠤᠯᠬᠤ ᠬᠠᠮᠢᠶ᠎ᠠ ᠪᠦᠬᠦᠢ ᠠᠵᠢᠯ ᠢ ᠰᠠᠶᠢᠲᠤᠷ ᠬᠢᠬᠦ ᠬᠡᠷᠡᠭᠲᠡᠢ᠃ ᠭᠠᠴᠠᠭ᠎ᠠ ᠲᠣᠰᠬᠤᠨ ᠤ ᠠᠷᠠᠳ ᠤᠨ | ᠵᠥᠪᠯᠡᠯ᠂ ᠰᠠᠭᠤᠭᠠᠯᠢ ᠠᠷᠠᠳ ᠤᠨ ᠵᠥᠪᠯᠡᠯ ᠨᠢ ᠤᠯᠤᠰ ᠤᠨ ᠴᠢᠬᠤᠯᠠ ᠪᠦᠬᠦᠢ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠦᠢᠯᠡᠳᠪᠦᠷᠢᠯᠡᠯ ᠤᠨ | ᠰᠠᠭᠤᠷᠢᠨ ᠭᠠᠵᠠᠷ ᠢ ᠪᠦᠲᠦᠭᠡᠨ ᠪᠠᠶᠢᠭᠤᠯᠬᠤ ᠬᠠᠮᠢᠶ᠎ᠠ ᠪᠦᠬᠦᠢ ᠠᠵᠢᠯ ᠢ ᠬᠠᠤᠯᠢ ᠶᠣᠰᠣᠭᠠᠷ ᠬᠠᠮᠵᠢᠯᠴᠠᠨ ᠰᠠᠶᠢᠲᠤᠷ ᠬᠢᠬᠦ ᠬᠡᠷᠡᠭᠲᠡᠢ᠃ | ᠶᠢᠰᠦᠳᠦᠭᠡᠷ ᠵᠦᠢᠯ ᠤᠯᠤᠰ ᠠᠴᠠ ᠴᠢᠬᠤᠯᠠ ᠪᠦᠬᠦᠢ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠦᠢᠯᠡᠳᠪᠦᠷᠢᠯᠡᠯ ᠤᠨ ᠰᠠᠭᠤᠷᠢᠨ | ᠭᠠᠵᠠᠷ ᠢ ᠪᠦᠲᠦᠭᠡᠨ ᠪᠠᠶᠢᠭᠤᠯᠬᠤ ᠳᠤ᠂ ᠮᠠᠯᠴᠢᠨ ᠲᠠᠷᠢᠶᠠᠴᠢᠨ ᠤ ᠭᠤᠣᠯ ᠴᠣᠭᠴᠠ ᠶᠢᠨ ᠦᠢᠯᠡᠳᠦᠯ ᠢ ᠪᠠᠳᠠᠷᠠᠭᠤᠯᠵᠤ᠂ ᠮᠠᠯᠴᠢᠨ ᠲᠠᠷᠢᠶᠠᠴᠢᠨ ᠤ ᠬᠦᠰᠡᠯ ᠰᠠᠨᠠᠭ᠎ᠠ ᠶᠢ | ᠬᠦᠨᠳᠦᠳᠬᠡᠨ᠂ ᠮᠠᠯᠴᠢᠨ ᠲᠠᠷᠢᠶᠠᠴᠢᠨ ᠤ ᠢᠳᠡᠪᠬᠢᠵᠢᠯ᠂ ᠰᠠᠨᠠᠭᠠᠴᠢᠯᠠᠭᠠᠲᠤ ᠴᠢᠨᠠᠷ᠂ ᠪᠦᠲᠦᠭᠡᠯᠴᠢ ᠴᠢᠨᠠᠷ ᠢ ᠭᠦᠢᠴᠡᠳ ᠳᠠᠶᠢᠴᠢᠯᠠᠵᠤ᠂ ᠮᠠᠯᠴᠢᠨ ᠲᠠᠷᠢᠶᠠᠴᠢᠨ ᠤ | ᠦᠷᠭᠦᠯᠵᠢᠯᠡᠨ ᠲᠣᠭᠲᠠᠭᠤᠨ ᠢᠶᠠᠷ ᠣᠷᠣᠯᠭ᠎ᠠ ᠪᠠᠨ ᠨᠡᠮᠡᠭᠳᠡᠭᠦᠯᠬᠦ ᠶᠢ ᠠᠬᠢᠭᠤᠯᠤᠨ᠂ ᠮᠠᠯᠴᠢᠨ ᠲᠠᠷᠢᠶᠠᠴᠢᠨ ᠤ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠬᠤ | ᠬᠡᠷᠡᠭᠲᠡᠢ᠃ ᠠᠷᠠᠳ ᠤᠨ ᠪᠦᠯᠬᠦᠮ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ᠂ ᠨᠡᠶᠢᠭᠡᠮ ᠤᠨ ᠵᠣᠬᠢᠶᠠᠨ ᠪᠠᠶᠢᠭᠤᠯᠤᠯᠲᠠ ᠵᠡᠷᠭᠡ ᠨᠡᠶᠢᠭᠡᠮ ᠤᠨ ᠡᠯ᠎ᠡ ᠲᠠᠯ᠎ᠠ ᠶᠢᠨ | ᠬᠦᠴᠦᠨ ᠢ ᠵᠣᠷᠢᠭᠵᠢᠭᠤᠯᠤᠨ ᠳᠡᠮᠵᠢᠵᠦ ᠪᠠᠶᠢᠭᠠᠳ ᠤᠯᠤᠰ ᠤᠨ ᠴᠢᠬᠤᠯᠠ ᠪᠦᠬᠦᠢ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠦᠢᠯᠡᠳᠪᠦᠷᠢᠯᠡᠯ ᠤᠨ ᠰᠠᠭᠤᠷᠢᠨ | ᠭᠠᠵᠠᠷ ᠤᠨ ᠪᠦᠲᠦᠭᠡᠨ ᠪᠠᠶᠢᠭᠤᠯᠤᠯᠲᠠ ᠳᠤ ᠣᠷᠣᠯᠴᠠᠭᠤᠯᠬᠤ ᠬᠡᠷᠡᠭᠲᠡᠢ᠃ | ᠬᠤᠶᠠᠳᠤᠭᠠᠷ ᠪᠦᠯᠦᠭ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ | ᠠᠷᠪᠠᠳᠤᠭᠠᠷ ᠵᠦᠢᠯ ᠤᠯᠤᠰ ᠤᠨ ᠴᠢᠬᠤᠯᠠ ᠪᠦᠬᠦᠢ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠦᠢᠯᠡᠳᠪᠦᠷᠢᠯᠡᠯ ᠤᠨ ᠰᠠᠭᠤᠷᠢᠨ | ᠭᠠᠵᠠᠷ ᠢ ᠪᠦᠲᠦᠭᠡᠨ ᠪᠠᠶᠢᠭᠤᠯᠬᠤ ᠳᠤ᠂ ᠲᠠᠷᠢᠶᠠᠯᠠᠩ ᠮᠠᠯ ᠠᠵᠤ ᠠᠬᠤᠢ ᠶᠢᠨ ᠡᠬᠢ ᠪᠠᠶᠠᠯᠢᠭ ᠤᠨ ᠬᠠᠮᠠᠭᠠᠯᠠᠯᠲᠠ ᠠᠰᠢᠭᠯᠠᠯᠲᠠ ᠶᠢ ᠴᠢᠩᠭᠠᠷᠠᠭᠤᠯᠵᠤ᠂ ᠲᠠᠷᠢᠶᠠᠯᠠᠩ ᠮᠠᠯ | ᠠᠵᠤ ᠠᠬᠤᠢ ᠶᠢᠨ ᠰᠠᠭᠤᠷᠢ ᠲᠥᠬᠦᠭᠡᠷᠦᠮᠵᠢ ᠶᠢ ᠪᠠᠬᠢᠵᠢᠭᠦᠯᠦᠨ ᠰᠠᠶᠢᠵᠢᠷᠠᠭᠤᠯᠵᠤ᠂ ᠲᠠᠷᠢᠶᠠᠯᠠᠩ ᠮᠠᠯ ᠠᠵᠤ ᠠᠬᠤᠢ ᠶᠢᠨ ᠭᠠᠮᠰᠢᠭ ᠢ ᠰᠡᠷᠭᠡᠶᠢᠯᠡᠵᠦ ᠭᠠᠮᠰᠢᠭ ᠢ | ᠪᠠᠭᠠᠰᠬᠠᠬᠤ ᠰᠢᠰᠲ᠋ᠧᠮᠵᠢ ᠶᠢ ᠪᠦᠷᠢᠨ ᠪᠣᠯᠭᠠᠨ᠂ ᠦᠷᠭᠦᠯᠵᠢᠯᠡᠨ ᠬᠥᠭᠵᠢᠬᠦ ᠶᠢ ᠠᠬᠢᠭᠤᠯᠬᠤ ᠬᠡᠷᠡᠭᠲᠡᠢ᠃ | ᠠᠷᠪᠠᠨ ᠨᠢᠭᠡᠳᠦᠭᠡᠷ ᠵᠦᠢᠯ ᠤᠯᠤᠰ ᠤᠨ ᠴᠢᠬᠤᠯᠠ ᠪᠦᠬᠦᠢ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠦᠢᠯᠡᠳᠪᠦᠷᠢᠯᠡᠯ ᠤᠨ ᠰᠠᠭᠤᠷᠢᠨ | ᠭᠠᠵᠠᠷ ᠢ ᠪᠦᠲᠦᠭᠡᠨ ᠪᠠᠶᠢᠭᠤᠯᠬᠤ ᠳᠤ᠂ ᠭᠠᠵᠠᠷ ᠰᠢᠷᠣᠢ ᠶᠢᠨ ᠬᠡᠷᠡᠭᠯᠡᠯᠲᠡ ᠶᠢᠨ ᠬᠠᠮᠢᠶᠠᠷᠤᠯᠲᠠ ᠶᠢᠨ ᠳᠦᠷᠢᠮ ᠪᠠ ᠲᠠᠷᠢᠶᠠᠨ ᠭᠠᠵᠠᠷ ᠢ ᠡᠵᠡᠯᠡᠨ ᠬᠡᠷᠡᠭᠯᠡᠬᠦ ᠳᠤ | ᠲᠥᠯᠥᠪᠦᠷᠢ ᠥᠭᠬᠦ ᠳᠦᠷᠢᠮ ᠢ ᠨᠠᠶᠢᠳᠠᠪᠤᠷᠢᠵᠢᠭᠤᠯᠵᠤ᠂ ᠲᠠᠷᠢᠶᠠᠨ ᠭᠠᠵᠠᠷ ᠤᠨ ᠬᠠᠮᠠᠭᠠᠯᠠᠯᠲᠠ ᠶᠢᠨ ᠬᠤᠷᠢᠭ᠎ᠠ ᠱᠤᠭᠤᠮ ᠢ ᠴᠢᠩᠭ᠎ᠠ ᠰᠠᠬᠢᠵᠤ᠂ ᠲᠠᠷᠢᠶᠠᠯᠠᠩ ᠳᠤ ᠬᠡᠷᠡᠭᠯᠡᠬᠦ | ᠭᠠᠵᠠᠷ ᠢ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠪᠣᠯᠭᠠᠨ ᠬᠤᠪᠢᠷᠠᠭᠤᠯᠬᠤ ᠶᠢ ᠴᠢᠩᠭ᠎ᠠ ᠬᠢᠵᠠᠭᠠᠷᠯᠠᠵᠤ᠂ ᠲᠠᠷᠢᠶᠠᠨ ᠭᠠᠵᠠᠷ ᠢ ᠣᠶᠢᠲᠤ ᠭᠠᠵᠠᠷ᠂ ᠡᠪᠡᠰᠦᠲᠦ | ᠭᠠᠵᠠᠷ᠂ ᠴᠡᠴᠡᠷᠯᠢᠭ ᠵᠡᠷᠭᠡ ᠪᠤᠰᠤᠳ ᠲᠠᠷᠢᠶᠠᠯᠠᠩ ᠳᠤ ᠬᠡᠷᠡᠭᠯᠡᠬᠦ ᠭᠠᠵᠠᠷ ᠪᠣᠯᠭᠠᠨ ᠬᠤᠪᠢᠷᠠᠭᠤᠯᠬᠤ ᠶᠢ ᠴᠢᠩᠭ᠎ᠠ ᠬᠢᠵᠠᠭᠠᠷᠯᠠᠬᠤ ᠬᠡᠷᠡᠭᠲᠡᠢ᠃ | ᠠᠷᠪᠠᠨ ᠬᠤᠶᠠᠳᠤᠭᠠᠷ ᠵᠦᠢᠯ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠠᠷᠭ᠎ᠠ ᠬᠡᠮᠵᠢᠶ᠎ᠡ ᠠᠪᠴᠤ᠂ ᠭᠠᠵᠠᠷ ᠣᠷᠣᠨ ᠤ ᠪᠠᠶᠢᠳᠠᠯ ᠳᠠᠭᠠᠨ | ᠲᠣᠬᠢᠷᠠᠭᠤᠯᠤᠨ ᠡᠭᠡᠯᠵᠢᠯᠡᠨ ᠲᠡᠷᠢᠵᠦ ᠥᠨᠵᠢᠭᠦᠯᠦᠨ ᠲᠠᠷᠢᠬᠤ ᠶᠢ ᠬᠥᠲᠥᠯᠥᠨ ᠵᠢᠯᠤᠭᠤᠳᠴᠤ᠂ ᠬᠥᠷᠥᠰᠥ ᠰᠢᠷᠣᠢ ᠶᠢ ᠰᠠᠶᠢᠵᠢᠷᠠᠭᠤᠯᠤᠨ᠂ ᠲᠠᠷᠢᠶᠠᠨ ᠭᠠᠵᠠᠷ ᠤᠨ | ᠬᠦᠴᠦ ᠰᠢᠮ᠎ᠡ ᠶᠢ ᠳᠡᠭᠡᠭᠰᠢᠯᠡᠭᠦᠯᠵᠦ᠂ ᠤᠰᠤ ᠵᠠᠯᠠᠬᠤ ᠪᠠᠷᠢᠯᠭ᠎ᠠ ᠶᠢᠨ ᠲᠥᠬᠦᠭᠡᠷᠦᠮᠵᠢ ᠶᠢ ᠬᠠᠮᠠᠭᠠᠯᠠᠨ᠂ ᠭᠠᠵᠠᠷ ᠰᠢᠷᠣᠢ ᠶᠢᠨ ᠡᠯᠡᠰᠦᠵᠢᠬᠦ᠂ ᠬᠤᠵᠢᠷᠰᠢᠬᠤ᠂ ᠬᠥᠷᠥᠰᠥ | ᠰᠢᠷᠣᠢ ᠢᠳᠡᠭᠳᠡᠬᠦ ᠪᠠ ᠬᠥᠷᠥᠰᠥ ᠰᠢᠷᠣᠢ ᠶᠢᠨ ᠪᠣᠬᠢᠷᠲᠤᠬᠤ ᠶᠢ ᠰᠡᠷᠭᠡᠶᠢᠯᠡᠬᠦ ᠬᠡᠷᠡᠭᠲᠡᠢ᠃ | ᠠᠷᠪᠠᠨ ᠭᠤᠷᠪᠠᠳᠤᠭᠠᠷ ᠵᠦᠢᠯ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠲᠠᠷᠢᠶᠠᠯᠠᠩ ᠮᠠᠯ ᠠᠵᠤ ᠠᠬᠤᠢ ᠶᠢᠨ | ᠵᠠᠰᠠᠭ ᠵᠠᠬᠢᠷᠭᠠᠨ ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢ ᠠᠳᠠᠯᠢ ᠱᠠᠲᠤᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠲᠣᠰ ᠵᠠᠰᠠᠭ | ᠵᠠᠬᠢᠷᠭᠠᠨ ᠤ ᠣᠷᠣᠨ ᠤ ᠪᠠᠨ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠲᠥᠯᠦᠪᠵᠢᠭᠦᠯᠭᠡ ᠶᠢ ᠬᠠᠤᠯᠢ ᠶᠣᠰᠣᠭᠠᠷ ᠨᠠᠶᠢᠷᠠᠭᠤᠯᠤᠨ | ᠵᠣᠬᠢᠶᠠᠵᠤ᠂ ᠣᠷᠣᠨ ᠪᠦᠰᠡ᠂ ᠲᠥᠷᠥᠯ ᠬᠡᠯᠪᠡᠷᠢ ᠬᠤᠪᠢᠶᠠᠭᠰᠠᠨ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠪᠠᠷᠢᠮᠵᠢᠶ᠎ᠠ ᠵᠢᠴᠢ | ᠲᠣᠭᠲᠠᠭᠰᠠᠨ ᠨᠣᠷᠮ᠎ᠠ ᠶᠢ ᠲᠣᠭᠲᠠᠭᠠᠨ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠠᠭᠤᠯᠭ᠎ᠠ ᠶᠢ ᠲᠡᠭᠦᠯᠳᠡᠷᠵᠢᠭᠦᠯᠵᠦ᠂ | ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠪᠣᠯᠣᠨ ᠪᠠᠶᠢᠭᠤᠯᠤᠭᠰᠠᠨ ᠤ ᠳᠠᠷᠠᠭᠠᠬᠢ ᠬᠠᠮᠢᠶᠠᠷᠤᠯᠲᠠ ᠬᠠᠮᠠᠭᠠᠯᠠᠯᠲᠠ ᠶᠢ ᠨᠢᠭᠡᠳᠦᠯᠲᠡᠢ ᠵᠢᠷᠤᠮᠵᠢᠭᠤᠯᠤᠨ᠂ ᠡᠭᠦᠷᠢᠳᠡ ᠶᠢᠨ | ᠦᠨᠳᠦᠰᠦᠨ ᠲᠠᠷᠢᠶᠠᠨ ᠭᠠᠵᠠᠷ ᠢ ᠪᠦᠬᠦᠨ ᠢ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠪᠣᠯᠭᠠᠨ ᠠᠯᠬᠤᠮ ᠠᠯᠬᠤᠮ ᠢᠶᠠᠷ ᠪᠦᠲᠦᠭᠡᠨ ᠪᠠᠶᠢᠭᠤᠯᠬᠤ ᠬᠡᠷᠡᠭᠲᠡᠢ᠃ | ᠠᠷᠪᠠᠨ ᠳᠥᠷᠪᠡᠳᠦᠭᠡᠷ ᠵᠦᠢᠯ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠨᠢ ᠬᠠᠷ᠎ᠠ ᠬᠥᠷᠥᠰᠥᠲᠦ ᠲᠠᠷᠢᠶᠠᠨ | ᠭᠠᠵᠠᠷ ᠤᠨ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ ᠬᠠᠮᠠᠭᠠᠯᠠᠯᠲᠠ ᠶᠢᠨ ᠴᠢᠨᠠᠷᠲᠠᠢ ᠲᠠᠷᠢᠶᠠᠯᠠᠬᠤ᠂ ᠬᠠᠷ᠎ᠠ ᠬᠥᠷᠥᠰᠥᠲᠦ | ᠲᠠᠷᠢᠶᠠᠨ ᠭᠠᠵᠠᠷ ᠤᠨ ᠬᠠᠭᠠᠯᠪᠤᠷᠢᠯᠠᠬᠤ ᠳᠠᠪᠬᠤᠷᠭ᠎ᠠ ᠶᠢᠨ ᠵᠤᠵᠠᠭᠠᠨ ᠤ ᠬᠡᠮᠵᠢᠶ᠎ᠡ ᠪᠠ ᠣᠷᠭᠠᠨᠢᠭ ᠪᠣᠳᠠᠰ ᠤᠨ ᠠᠭᠤᠯᠤᠭᠳᠠᠴᠠ ᠶᠢ ᠳᠡᠭᠡᠭᠰᠢᠯᠡᠭᠦᠯᠬᠦ ᠵᠡᠷᠭᠡ ᠠᠷᠭ᠎ᠠ | ᠬᠡᠮᠵᠢᠶ᠎ᠡ ᠠᠪᠴᠤ᠂ ᠬᠠᠷ᠎ᠠ ᠬᠥᠷᠥᠰᠥᠲᠦ ᠲᠠᠷᠢᠶᠠᠨ ᠭᠠᠵᠠᠷ ᠤᠨ ᠦᠢᠯᠡᠳᠪᠦᠷᠢᠯᠡᠬᠦ ᠴᠢᠳᠠᠪᠤᠷᠢ ᠶᠢ ᠬᠠᠮᠠᠭᠠᠯᠠᠨ᠂ ᠬᠠᠷ᠎ᠠ ᠬᠥᠷᠥᠰᠥᠲᠦ ᠲᠠᠷᠢᠶᠠᠨ ᠭᠠᠵᠠᠷ ᠤᠨ ᠶᠡᠷᠦᠩᠬᠡᠢ | ᠬᠡᠮᠵᠢᠶ᠎ᠡ ᠶᠢ ᠪᠠᠭᠠᠰᠬᠠᠬᠤ ᠦᠭᠡᠢ ᠪᠠᠶᠢᠬᠤ᠂ ᠴᠢᠳᠠᠮᠵᠢ ᠶᠢ ᠮᠠᠭᠤᠳᠠᠭᠤᠯᠬᠤ ᠦᠭᠡᠢ ᠪᠠᠶᠢᠬᠤ᠂ ᠶᠠᠰᠤ ᠴᠢᠨᠠᠷ ᠢ ᠳᠡᠭᠡᠭᠰᠢᠯᠡᠭᠦᠯᠬᠦ᠂ ᠦᠢᠯᠡᠳᠪᠦᠷᠢᠯᠡᠬᠦ ᠴᠢᠳᠠᠪᠤᠷᠢ ᠶᠢ | ᠦᠷᠭᠦᠯᠵᠢᠯᠡᠭᠦᠯᠬᠦ ᠶᠢ ᠦᠨᠡᠨᠬᠦ ᠪᠠᠲᠤᠯᠠᠨ᠎ᠠ᠃ | ᠠᠷᠪᠠᠨ ᠲᠠᠪᠤᠳᠤᠭᠠᠷ ᠵᠦᠢᠯ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠨᠢ ᠬᠤᠵᠢᠷᠯᠢᠭ ᠭᠠᠵᠠᠷ ᠤᠨ ᠡᠬᠢ | ᠪᠠᠶᠠᠯᠢᠭ ᠤᠨ ᠪᠠᠶᠢᠴᠠᠭᠠᠯᠲᠠ ᠶᠢ ᠥᠷᠨᠢᠭᠦᠯᠵᠦ᠂ ᠬᠤᠵᠢᠷᠯᠢᠭ ᠭᠠᠵᠠᠷ ᠢ ᠶᠡᠷᠦᠩᠬᠡᠶᠢᠯᠡᠨ ᠠᠰᠢᠭᠯᠠᠬᠤ ᠲᠥᠯᠦᠪᠵᠢᠭᠦᠯᠭᠡ ᠶᠢ ᠵᠦᠢ ᠵᠣᠬᠢᠰᠲᠠᠢ ᠨᠠᠶᠢᠷᠠᠭᠤᠯᠤᠨ ᠵᠣᠬᠢᠶᠠᠵᠤ ᠂ | ᠬᠤᠵᠢᠷᠯᠢᠭ ᠭᠠᠵᠠᠷ ᠢ ᠥᠭᠡᠷᠡᠴᠢᠯᠡᠨ ᠰᠠᠶᠢᠵᠢᠷᠠᠭᠤᠯᠬᠤ ᠡᠷᠴᠢᠮ ᠢᠶᠠᠨ ᠴᠢᠩᠭᠠᠷᠠᠭᠤᠯᠤᠨ᠂ ᠬᠤᠵᠢᠷᠯᠢᠭ ᠭᠠᠵᠠᠷ ᠤᠨ ᠲᠠᠷᠢᠮᠠᠯ ᠤᠨ ᠲᠥᠷᠥᠯ ᠵᠦᠢᠯ ᠢ ᠨᠡᠭᠡᠭᠡᠨ | ᠬᠥᠭᠵᠢᠭᠦᠯᠵᠦ ᠳᠡᠯᠭᠡᠷᠡᠭᠦᠯᠬᠦ ᠪᠠᠨ ᠴᠢᠩᠭᠠᠳᠬᠠᠵᠤ᠂ ᠬᠤᠵᠢᠷᠯᠢᠭ ᠭᠠᠵᠠᠷ ᠢ ᠶᠡᠷᠦᠩᠬᠡᠶᠢᠯᠡᠨ ᠠᠰᠢᠭᠯᠠᠬᠤ ᠦᠷ᠎ᠡ ᠪᠦᠲᠦᠮᠵᠢ ᠶᠢ ᠳᠡᠭᠡᠭᠰᠢᠯᠡᠭᠦᠯᠬᠦ ᠬᠡᠷᠡᠭᠲᠡᠢ᠃ |