︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠯᠤᠰ ᠤᠨ ᠴᠢᠬᠤᠯᠠ ᠪᠦᠬᠦᠢ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠦᠢᠯᠡᠳᠪᠦᠷᠢᠯᠡᠯ ᠤᠨ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠳᠦᠷᠢᠮ︾ 2
ᠨᠡᠶᠢᠲᠡᠯᠡᠭᠰᠡᠨ ᠴᠠᠭ᠄
2025/1/7
       ᠠᠷᠪᠠᠨ ᠵᠢᠷᠭᠤᠳᠤᠭᠠᠷ ᠵᠦᠢᠯ ᠤᠯᠤᠰ ᠤᠨ ᠴᠢᠬᠤᠯᠠ ᠪᠦᠬᠦᠢ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠦᠢᠯᠡᠳᠪᠦᠷᠢᠯᠡᠯ ᠤᠨ ᠰᠠᠭᠤᠷᠢᠨ ᠭᠠᠵᠠᠷ ᠢ ᠪᠦᠲᠦᠭᠡᠨ ᠪᠠᠶᠢᠭᠤᠯᠬᠤ ᠳᠤ ᠦᠨᠳᠦᠰᠦᠨ ᠨᠤᠲᠤᠭ ᠪᠡᠯᠴᠢᠭᠡᠷ ᠤᠨ ᠬᠠᠮᠠᠭᠠᠯᠠᠯᠲᠠ᠂ ᠮᠠᠯ ᠪᠡᠯᠴᠢᠭᠡᠷ ᠤᠨ ᠲᠡᠩᠴᠡᠭᠦᠷᠢ᠂ ᠪᠡᠯᠴᠢᠭᠡᠷᠯᠡᠭᠦᠯᠬᠦ ᠶᠢ ᠴᠠᠭᠠᠵᠠᠯᠠᠬᠤ ᠰᠡᠯᠭᠦᠨ ᠮᠠᠯᠵᠢᠬᠤ ᠳᠦᠷᠢᠮ ᠢ ᠨᠠᠶᠢᠳᠠᠪᠤᠷᠢᠵᠢᠭᠤᠯᠬᠤ ᠬᠡᠷᠡᠭᠲᠡᠢ᠃ ᠨᠤᠲᠤᠭ ᠪᠡᠯᠴᠢᠭᠡᠷ ᠢ ᠲᠣᠭᠤᠷᠢᠭ ᠬᠤᠪᠢᠶᠠᠨ ᠬᠡᠷᠡᠭᠯᠡᠬᠦ ᠶᠢ ᠬᠠᠮᠢᠶᠠᠷᠤᠨ ᠡᠵᠡᠮᠳᠡᠬᠦ ᠶᠢ ᠴᠢᠩᠭ᠎ᠠ ᠬᠡᠷᠡᠭᠵᠢᠭᠦᠯᠵᠦ᠂ ᠨᠤᠲᠤᠭ ᠪᠡᠯᠴᠢᠭᠡᠷ ᠢ ᠲᠠᠲᠠᠪᠤᠷᠢᠯᠠᠨ ᠡᠵᠡᠯᠡᠵᠦ ᠬᠡᠷᠡᠭᠯᠡᠬᠦ ᠶᠢ ᠬᠢᠨᠠᠨ ᠬᠠᠷᠭᠤᠭᠤᠯᠵᠤ ᠬᠢᠨᠠᠨ ᠵᠥᠪᠰᠢᠶᠡᠷᠡᠬᠦ ᠵᠡᠷᠭᠡ ᠳᠦᠷᠢᠮ ᠢ ᠨᠠᠶᠢᠳᠠᠪᠤᠷᠢᠵᠢᠭᠤᠯᠤᠨ᠎ᠠ᠃              ᠠᠷᠪᠠᠨ ᠳᠣᠯᠣᠳᠤᠭᠠᠷ ᠵᠦᠢᠯ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠨᠤᠭᠤᠳ ᠣᠯᠠᠨ ᠲᠠᠯᠠᠲᠤ᠂ ᠥᠨᠳᠥᠷ ᠦᠷ᠎ᠡ ᠠᠰᠢᠭᠲᠤ ᠪᠡᠯᠡᠳᠬᠡᠮᠵᠢ ᠲᠥᠬᠦᠭᠡᠷᠦᠮᠵᠢ ᠲᠠᠢ ᠲᠠᠷᠢᠶᠠᠯᠠᠩ ᠮᠠᠯ ᠠᠵᠤ ᠠᠬᠤᠢ ᠶᠢᠨ ᠬᠥᠭᠵᠢᠯᠲᠡ ᠶᠢᠨ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠲᠤᠬᠠᠢ ᠶᠢᠨ ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠤᠨ ᠮᠡᠳᠡᠭᠡ ᠵᠠᠩᠭᠢᠵᠢᠯᠲᠠ᠂ ᠪᠠᠷᠢᠮᠵᠢᠶᠠᠵᠢᠭᠤᠯᠤᠯᠲᠠ᠂ ᠣᠶᠤᠨᠴᠢᠯᠠᠭᠰᠠᠨ ᠪᠡᠯᠡᠳᠬᠡᠮᠵᠢ ᠲᠥᠬᠦᠭᠡᠷᠦᠮᠵᠢ ᠲᠠᠢ ᠲᠠᠷᠢᠶᠠᠯᠠᠩ ᠪᠠ ᠣᠲᠣ ᠦᠶ᠎ᠡ ᠶᠢᠨ ᠪᠡᠯᠡᠳᠬᠡᠮᠵᠢ ᠲᠥᠬᠦᠭᠡᠷᠦᠮᠵᠢ ᠲᠠᠢ ᠮᠠᠯ ᠠᠵᠤ ᠠᠬᠤᠢ ᠶᠢ ᠬᠥᠭᠵᠢᠭᠦᠯᠵᠦ᠂ ᠲᠠᠷᠢᠶᠠᠯᠠᠩ ᠮᠠᠯ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ᠃              ᠠᠷᠪᠠᠨ ᠨᠠᠢᠮᠠᠳᠤᠭᠠᠷ ᠵᠦᠢᠯ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠨᠤᠭᠤᠳ ᠲᠠᠷᠢᠶᠠᠯᠠᠩ ᠮᠠᠯ ᠠᠵᠤ ᠠᠬᠤᠢ ᠤᠰᠤᠨ ᠠᠰᠢᠭᠯᠠᠯᠲᠠ ᠶᠢᠨ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠪᠣᠯᠣᠨ ᠬᠠᠮᠢᠶᠠᠷᠤᠯᠲᠠ ᠬᠠᠮᠠᠭᠠᠯᠠᠯᠲᠠ ᠪᠠ ᠥᠨᠳᠥᠷ ᠦᠷ᠎ᠡ ᠪᠦᠲᠦᠮᠵᠢᠲᠡᠶ ᠤᠰᠤ ᠠᠷᠪᠢᠯᠠᠬᠤ ᠤᠰᠤᠯᠠᠯᠲᠠ ᠶᠢᠨ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ ᠤᠰᠤ ᠨᠡᠪᠴᠢᠵᠦ ᠭᠤᠭᠤᠵᠢᠬᠤ ᠶᠢ ᠪᠠᠭᠠᠰᠬᠠᠵᠤ᠂ ᠤᠰᠤ ᠠᠷᠪᠢᠯᠠᠬᠤ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠶᠢ ᠳᠡᠯᠭᠡᠷᠡᠭᠦᠯᠦᠨ᠂ ᠲᠠᠷᠢᠶᠠᠯᠠᠩ ᠮᠠᠯ ᠠᠵᠤ ᠠᠬᠤᠢ ᠶᠢᠨ ᠤᠰᠤ ᠬᠡᠷᠡᠭᠯᠡᠬᠦ ᠦᠷ᠎ᠡ ᠪᠦᠲᠦᠮᠵᠢ ᠶᠢ ᠳᠡᠭᠡᠭᠰᠢᠯᠡᠭᠦᠯᠬᠦ ᠬᠡᠷᠡᠭᠲᠡᠢ᠃              ᠠᠷᠪᠠ ᠶᠢᠰᠦᠳᠦᠭᠡᠷ ᠵᠦᠢᠯ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠨᠤᠭᠤᠳ ᠲᠤᠬᠠᠢ ᠶᠢᠨ ᠭᠠᠵᠠᠷ ᠤᠨ ᠳᠠᠪᠠᠭᠤᠯᠢᠭ ᠣᠨᠴᠠᠯᠢᠭᠲᠤ ᠠᠵᠤ ᠦᠢᠯᠡᠰ ᠤᠨ ᠬᠥᠭᠵᠢᠯᠲᠡ ᠶᠢᠨ ᠬᠡᠷᠡᠭᠴᠡᠭᠡ ᠪᠠᠨ ᠦᠨᠳᠦᠰᠦᠯᠡᠨ᠂ ᠰᠢᠨ᠎ᠡ ᠰᠣᠷᠭᠤᠭ ᠪᠠᠶᠢᠯᠭᠠᠬᠤ ᠦᠢᠯᠡᠳᠪᠦᠷᠢᠯᠡᠯ ᠤᠨ ᠬᠡᠯᠬᠢᠶᠡᠲᠦ ᠪᠠᠷᠠᠭᠠᠨ ᠤ ᠭᠦᠢᠯᠭᠡᠭᠡᠨ ᠤ ᠰᠠᠭᠤᠷᠢᠨ ᠭᠠᠵᠠᠷ ᠪᠠ ᠰᠢᠰᠲ᠋ᠧᠮᠵᠢ ᠶᠢᠨ ᠪᠠᠶᠢᠭᠤᠯᠤᠯᠲᠠ ᠶᠢ ᠠᠬᠢᠭᠤᠯᠵᠤ᠂ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠭᠠᠷᠤᠯᠲᠠ ᠶᠢᠨ ᠣᠷᠣᠨ ᠤ ᠰᠢᠨ᠎ᠡ ᠰᠣᠷᠭᠤᠭ ᠪᠠᠶᠢᠯᠭᠠᠬᠤ ᠦᠢᠯᠡᠳᠪᠦᠷᠢᠯᠡᠯ ᠤᠨ ᠬᠡᠯᠬᠢᠶᠡᠲᠦ ᠪᠠᠷᠠᠭᠠᠨ ᠤ ᠭᠦᠢᠯᠭᠡᠭᠡᠨ ᠤ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠨ᠂ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠰᠢᠨ᠎ᠡ ᠰᠣᠷᠭᠤᠭ ᠪᠠᠶᠢᠯᠭᠠᠬᠤ ᠦᠢᠯᠡᠳᠪᠦᠷᠢᠯᠡᠯ ᠤᠨ ᠬᠡᠯᠬᠢᠶᠡᠲᠦ ᠰᠠᠭᠤᠷᠢ ᠲᠥᠬᠦᠭᠡᠷᠦᠮᠵᠢ ᠶᠢ ᠬᠡᠷᠡᠭᠯᠡᠬᠦ ᠪᠠ ᠥᠭᠡᠷᠡᠴᠢᠯᠡᠨ ᠰᠠᠶᠢᠵᠢᠷᠠᠭᠤᠯᠬᠤ ᠶᠢ ᠳᠡᠮᠵᠢᠵᠦ᠂ ᠰᠢᠨ᠎ᠡ ᠰᠣᠷᠭᠤᠭ ᠪᠠᠶᠢᠯᠭᠠᠬᠤ ᠦᠢᠯᠡᠳᠪᠦᠷᠢᠯᠡᠯ ᠤᠨ ᠬᠡᠯᠬᠢᠶᠡᠲᠦ ᠪᠠᠷᠠᠭᠠᠨ ᠤ ᠭᠦᠢᠯᠭᠡᠭᠡᠨ ᠤ ᠦᠢᠯᠡᠴᠢᠯᠡᠭᠡᠨ ᠤ ᠲᠣᠣᠷ ᠰᠦᠯᠵᠢᠶ᠎ᠡ ᠶᠢ ᠳᠤᠮᠳᠠ ᠵᠢᠵᠢᠭ ᠬᠤᠲᠠ ᠪᠠᠯᠭᠠᠰᠤ ᠪᠠ ᠨᠥᠬᠦᠴᠡᠯ ᠪᠦᠷᠢᠯᠳᠦᠭᠦᠯᠦᠭᠰᠡᠨ ᠮᠠᠯᠵᠢᠬᠤ ᠲᠠᠷᠢᠶᠠᠯᠠᠬᠤ ᠣᠷᠣᠨ ᠳᠠᠰᠢ ᠥᠷᠭᠡᠳᠬᠡᠬᠦ ᠶᠢ ᠠᠬᠢᠭᠤᠯᠬᠤ ᠬᠡᠷᠡᠭᠲᠡᠢ᠃              ᠬᠤᠷᠢᠳᠤᠭᠠᠷ ᠵᠦᠢᠯ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠵᠢᠴᠢ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠲᠠᠷᠢᠶᠠᠯᠠᠩ ᠮᠠᠯ ᠠᠵᠤ ᠠᠬᠤᠢ ᠶᠢᠨ ᠭᠠᠢ ᠭᠠᠮᠰᠢᠭ ᠢ ᠰᠡᠷᠭᠡᠶᠢᠯᠡᠬᠦ ᠰᠢᠰᠲ᠋ᠧᠮᠵᠢ ᠶᠢᠨ ᠪᠠᠶᠢᠭᠤᠯᠤᠯᠲᠠ ᠶᠢ ᠴᠢᠩᠭᠠᠳᠬᠠᠵᠤ᠂ ᠣᠷᠣᠨ ᠪᠦᠰᠡ ᠬᠤᠪᠢᠶᠠᠭᠰᠠᠨ᠂ ᠲᠠᠷᠢᠮᠠᠯ ᠤᠨ ᠲᠦᠷᠦᠯ ᠠᠩᠭᠢᠯᠠᠯ ᠬᠤᠪᠢᠶᠠᠭᠰᠠᠨ᠂ ᠭᠠᠮᠰᠢᠭ ᠤᠨ ᠲᠦᠷᠦᠯ ᠬᠤᠪᠢᠶᠠᠭᠰᠠᠨ ᠲᠠᠷᠢᠶᠠᠯᠠᠩ ᠮᠠᠯ ᠠᠵᠤ ᠠᠬᠤᠢ ᠶᠢᠨ ᠴᠠᠭ ᠠᠭᠤᠷ ᠤᠨ ᠭᠠᠮᠰᠢᠭ ᠤᠨ ᠲᠦᠭᠰᠢᠭᠦᠷᠢ ᠶᠢ ᠤᠷᠢᠳᠴᠢᠯᠠᠨ ᠰᠡᠷᠡᠮᠵᠢᠯᠡᠭᠦᠯᠬᠦ ᠠᠵᠢᠯ ᠢ ᠥᠷᠨᠢᠭᠦᠯᠵᠦ᠂ ᠲᠡᠵᠢᠭᠡᠯ ᠡᠪᠡᠰᠦ ᠪᠣᠷᠳᠤᠭ᠎ᠠ ᠨᠥᠭᠡᠴᠡᠯᠡᠬᠦ ᠶᠢ ᠴᠢᠩᠭᠠᠳᠬᠠᠨ᠂ ᠠᠮᠢᠳᠤ ᠪᠣᠳᠠᠰ ᠤᠨ ᠭᠠᠢ ᠭᠠᠮᠰᠢᠭ ᠢ ᠬᠢᠨᠠᠨ ᠬᠡᠮᠵᠢᠵᠦ ᠤᠷᠢᠳᠴᠢᠯᠠᠨ ᠮᠡᠳᠡᠭᠡᠯᠡᠬᠦ ᠴᠢᠳᠠᠪᠤᠷᠢ ᠶᠢ ᠳᠡᠭᠡᠭᠰᠢᠯᠡᠭᠦᠯᠵᠦ᠂ ᠠᠮᠢᠲᠠᠨ ᠤ ᠬᠢᠵᠢᠭ ᠡᠪᠡᠳᠴᠢᠨ ᠢ ᠪᠠᠶᠢᠩᠭᠤᠵᠢᠭᠤᠯᠤᠨ ᠰᠡᠷᠭᠡᠶᠢᠯᠡᠨ ᠡᠵᠡᠮᠳᠡᠬᠦ ᠪᠠ ᠬᠥᠮᠥᠨ ᠮᠠᠯ ᠳᠤ ᠪᠦᠷ ᠲᠤᠰᠳᠠᠭ ᠭᠤᠣᠯᠳᠠᠯᠭ᠎ᠠ ᠲᠠᠢ ᠡᠪᠡᠳᠴᠢᠨ ᠤ ᠡᠬᠢ ᠡᠭᠦᠰᠦᠯ ᠢ ᠰᠡᠷᠭᠡᠶᠢᠯᠡᠨ ᠡᠵᠡᠮᠳᠡᠬᠦ ᠶᠢ ᠴᠢᠩᠭᠠᠷᠠᠭᠤᠯᠤᠨ᠂ ᠲᠠᠷᠢᠶᠠᠯᠠᠩ ᠮᠠᠯ ᠠᠵᠤ ᠠᠬᠤᠢ ᠶᠢᠨ ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠴᠢᠳᠠᠪᠤᠷᠢ ᠶᠢ ᠳᠡᠭᠡᠭᠰᠢᠯᠡᠭᠦᠯᠬᠦ ᠬᠡᠷᠡᠭᠲᠡᠢ᠃              ᠭᠤᠷᠪᠠᠳᠤᠭᠠᠷ ᠪᠦᠯᠦᠭ ᠦᠢᠯᠡᠳᠪᠦᠷᠢᠯᠡᠯ ᠤᠨ ᠴᠢᠳᠠᠪᠤᠷᠢ ᠶᠢᠨ ᠪᠠᠶᠢᠭᠤᠯᠤᠯᠲᠠ              ᠬᠤᠷᠢᠨ ᠨᠢᠭᠡᠳᠦᠭᠡᠷ ᠵᠦᠢᠯ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠠᠮᠤ ᠪᠤᠳᠠᠭᠠᠨ ᠤ ᠦᠢᠯᠡᠳᠪᠦᠷᠢᠯᠡᠯ ᠤᠨ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠵᠤ᠂ ᠮᠢᠬᠠᠨ ᠤ ᠲᠥᠷᠥᠯ ᠤᠨ ᠪᠠᠲᠤᠯᠠᠭᠠᠲᠤ ᠬᠠᠩᠭᠠᠯᠭ᠎ᠠ ᠶᠢ ᠳᠡᠭᠡᠭᠰᠢᠯᠡᠭᠦᠯᠵᠦ᠂ ᠰᠦ ᠶᠢᠨ ᠦᠢᠯᠡᠰ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠵᠤ᠂ ᠲᠡᠵᠢᠭᠡᠯ ᠡᠪᠡᠰᠦᠨ ᠤ ᠰᠠᠭᠤᠷᠢᠨ ᠤ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ ᠴᠢᠬᠤᠯᠠ ᠪᠦᠬᠦᠢ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠬᠠᠩᠭᠠᠯᠭ᠎ᠠ ᠪᠠᠲᠤᠯᠠᠭ᠎ᠠ ᠶᠢᠨ ᠰᠢᠰᠲ᠋ᠧᠮ ᠢ ᠴᠢᠨᠠᠷ ᠰᠠᠶᠢᠲᠠᠢ ᠪᠠᠶᠢᠭᠤᠯᠬᠤ ᠬᠡᠷᠡᠭᠲᠡᠢ᠃              ᠬᠤᠷᠢᠨ ᠬᠤᠶᠠᠳᠤᠭᠠᠷ ᠵᠦᠢᠯ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠨᠤᠭᠤᠳ ᠤᠯᠤᠰ ᠠᠷᠠᠳ ᠤᠨ ᠠᠵᠤ ᠠᠬᠤᠢ ᠪᠣᠯᠣᠨ ᠨᠡᠶᠢᠭᠡᠮ ᠤᠨ ᠬᠥᠭᠵᠢᠯᠲᠡ ᠶᠢᠨ ᠳᠤᠮᠳᠠ ᠣᠷᠳᠣ ᠬᠤᠭᠤᠴᠠᠭᠠᠨ ᠤ ᠲᠥᠯᠦᠪᠵᠢᠭᠦᠯᠭᠡ᠂ ᠤᠯᠤᠰ ᠤᠨ ᠭᠠᠵᠠᠷ ᠰᠢᠷᠣᠢ ᠶᠢᠨ ᠣᠷᠣᠨ ᠵᠠᠢ ᠶᠢᠨ ᠲᠥᠯᠦᠪᠵᠢᠭᠦᠯᠭᠡ ᠵᠡᠷᠭᠡ ᠶᠢ ᠦᠨᠳᠦᠰᠦᠯᠡᠨ᠂ ᠣᠷᠣᠨ ᠪᠦᠰᠡ ᠶᠢᠨ ᠳᠠᠪᠠᠭᠤᠯᠢᠭ ᠲᠠᠢ ᠤᠶᠠᠯᠳᠤᠭᠤᠯᠵᠤ᠂ ᠠᠵᠤ ᠠᠬᠤᠢ ᠶᠢᠨ ᠪᠦᠲᠦᠴᠡ ᠶᠢ ᠲᠣᠬᠢᠷᠠᠭᠤᠯᠤᠨ᠂ ᠣᠷᠣᠨ ᠪᠦᠰᠡ ᠶᠢᠨ ᠪᠠᠶᠢᠷᠢᠰᠢᠭᠤᠯᠤᠯ ᠢ ᠰᠢᠯᠢᠳᠡᠭᠵᠢᠭᠦᠯᠵᠦ᠂ ᠲᠠᠷᠢᠶᠠᠯᠠᠩ ᠮᠠᠯ ᠠᠵᠤ ᠠᠬᠤᠢ ᠶᠢᠨ ᠬᠥᠭᠵᠢᠯᠲᠡ ᠶᠢᠨ ᠲᠥᠯᠦᠪᠵᠢᠭᠦᠯᠭᠡ ᠶᠢ ᠲᠣᠭᠲᠠᠭᠠᠬᠤ ᠬᠡᠷᠡᠭᠲᠡᠢ᠃              ᠬᠤᠷᠢᠨ ᠭᠤᠷᠪᠠᠳᠤᠭᠠᠷ ᠵᠦᠢᠯ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠨᠤᠭᠤᠳ ᠪᠦᠲᠦᠴᠡ ᠨᠢ ᠵᠦᠢ ᠵᠣᠬᠢᠰᠲᠠᠢ ᠲᠠᠷᠢᠶᠠᠯᠠᠩ ᠮᠠᠯ ᠠᠵᠤ ᠠᠬᠤᠢ ᠶᠢᠨ ᠪᠠᠷᠢᠮᠵᠢᠶᠠᠲᠤ ᠰᠢᠰᠲ᠋ᠧᠮᠵᠢ ᠶᠢ ᠪᠠᠶᠢᠭᠤᠯᠵᠤ᠂ ᠲᠠᠷᠢᠶᠠᠯᠠᠩ ᠮᠠᠯ ᠠᠵᠤ ᠠᠬᠤᠢ ᠶᠢᠨ ᠪᠠᠷᠢᠮᠵᠢᠶᠠᠵᠢᠭᠤᠯᠤᠭᠰᠠᠨ ᠦᠢᠯᠡᠳᠪᠦᠷᠢᠯᠡᠯ ᠤᠨ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠤᠨ᠂ ᠪᠣᠬᠢᠷᠲᠤᠯ ᠦᠭᠡᠢ ᠥᠨᠳᠥᠷ ᠦᠷ᠎ᠡ ᠪᠦᠲᠦᠮᠵᠢᠲᠡᠶ ᠦᠢᠯᠡᠳᠪᠦᠷᠢᠯᠡᠯ ᠤᠨ ᠮᠡᠷᠭᠡᠵᠢᠯ ᠤᠨ ᠪᠠᠷᠢᠮᠵᠢᠶ᠎ᠠ ᠶᠢ ᠳᠡᠯᠭᠡᠷᠡᠭᠦᠯᠵᠦ᠂ ᠳᠠᠪᠠᠭᠤᠯᠢᠭ ᠣᠨᠴᠠᠯᠢᠭᠲᠤ ᠠᠵᠤ ᠦᠢᠯᠡᠰ ᠤᠨ ᠦᠢᠯᠡᠳᠪᠦᠷᠢᠯᠡᠯ ᠤᠨ ᠪᠠᠷᠢᠮᠵᠢᠶᠠᠵᠢᠭᠤᠯᠤᠯᠲᠠ ᠶᠢ ᠠᠬᠢᠭᠤᠯᠤᠨ᠂ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠶᠠᠰᠤ ᠴᠢᠨᠠᠷ ᠪᠣᠯᠣᠨ ᠳᠠᠷᠢᠵᠤ ᠲᠡᠵᠢᠭᠡᠬᠦ ᠦᠷ᠎ᠡ ᠠᠰᠢᠭ ᠢ ᠳᠡᠭᠡᠭᠰᠢᠯᠡᠭᠦᠯᠬᠦ ᠬᠡᠷᠡᠭᠲᠡᠢ᠃              ᠬᠤᠷᠢᠨ ᠳᠥᠷᠪᠡᠳᠦᠭᠡᠷ ᠵᠦᠢᠯ ᠤᠯᠤᠰ ᠤᠨ ᠴᠢᠬᠤᠯᠠ ᠪᠦᠬᠦᠢ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠦᠢᠯᠡᠳᠪᠦᠷᠢᠯᠡᠯ ᠤᠨ ᠰᠠᠭᠤᠷᠢᠨ ᠭᠠᠵᠠᠷ ᠢ ᠪᠦᠲᠦᠭᠡᠨ ᠪᠠᠶᠢᠭᠤᠯᠬᠤ ᠳᠤ ᠤᠯᠠᠨ ᠡᠰᠢᠵᠢᠭᠰᠡᠨ ᠢᠳᠡᠭᠡᠨ ᠤ ᠦᠵᠡᠯᠲᠡ ᠶᠢ ᠪᠣᠶ ᠪᠣᠯᠭᠠᠵᠤ᠂ ᠠᠮᠤ ᠪᠤᠳᠠᠭ᠎ᠠ ᠠᠵᠤ ᠠᠬᠤᠢ ᠶᠢᠨ ᠲᠠᠷᠢᠮᠠᠯ ᠲᠡᠵᠢᠭᠡᠯ ᠪᠣᠷᠳᠤᠭ᠎ᠠ ᠶᠢ ᠨᠢᠭᠡᠳᠦᠯᠲᠡᠢ ᠲᠥᠯᠥᠪᠯᠡᠬᠦ᠂ ᠲᠠᠷᠢᠶᠠᠯᠠᠩ ᠣᠶ ᠰᠢᠭᠤᠢ ᠮᠠᠯ ᠠᠵᠤ ᠠᠬᠤᠢ ᠶᠢ ᠤᠶᠠᠯᠳᠤᠭᠤᠯᠬᠤ᠂ ᠠᠮᠢᠲᠠᠨ ᠤᠷᠭᠤᠮᠠᠯ ᠤᠨ ᠮᠢᠺᠷᠣᠪ ᠢ ᠵᠡᠷᠭᠡ ᠳᠤᠨᠢ ᠬᠥᠭᠵᠢᠭᠦᠯᠬᠦ ᠠᠮᠤ ᠪᠤᠳᠠᠭ᠎ᠠ ᠲᠣᠰᠣ ᠰᠢᠬᠢᠷ᠂ ᠮᠢᠬ᠎ᠠ ᠥᠨᠳᠡᠭᠡ ᠰᠦ᠂ ᠵᠢᠮᠢᠰ ᠨᠣᠭᠤᠭ᠎ᠠ ᠵᠢᠭᠠᠰᠤ᠂ ᠮᠥᠭᠦ ᠶᠢᠨ ᠰᠦᠶ᠎ᠡ ᠵᠡᠷᠭᠡ ᠣᠯᠠᠨ ᠡᠰᠢᠵᠢᠭᠰᠡᠨ ᠢᠳᠡᠭᠡᠨ ᠬᠠᠩᠭᠠᠬᠤ ᠰᠢᠰᠲ᠋ᠧᠮᠵᠢ ᠶᠢ ᠪᠠᠶᠢᠭᠤᠯᠬᠤ ᠬᠡᠷᠡᠭᠲᠡᠢ᠃              ᠬᠤᠷᠢᠨ ᠲᠠᠪᠤᠳᠤᠭᠠᠷ ᠵᠦᠢᠯ ᠥᠪᠡᠷᠲᠡᠭᠡᠨ ᠵᠠᠰᠠᠬᠤ ᠣᠷᠣᠨ ᠠᠴᠠ ᠲᠠᠷᠢᠶᠠᠴᠢᠳ ᠤᠨ ᠲᠠᠷᠢᠶᠠᠯᠠᠩ ᠤᠨ ᠠᠰᠢᠭ ᠣᠯᠵᠠᠪᠤᠷᠢ ᠶᠢ ᠪᠠᠲᠤᠯᠠᠬᠤ ᠲᠣᠭᠲᠠᠴᠠ ᠶᠢ ᠪᠦᠷᠢᠨᠰᠢᠭᠦᠯᠵᠦ᠂ ᠡᠯ᠎ᠡ ᠲᠥᠷᠥᠯ ᠤᠨ ᠱᠠᠩᠨᠠᠬᠤ᠂ ᠨᠥᠬᠦᠪᠦᠷᠢ ᠥᠭᠬᠦ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠨ᠂ ᠣᠷᠣᠨ ᠨᠤᠲᠤᠭ ᠤᠨ ᠲᠠᠷᠢᠶᠠᠯᠠᠩ ᠢ ᠴᠢᠬᠤᠯᠠᠴᠢᠯᠠᠵᠤ᠂ ᠲᠠᠷᠢᠶᠠᠴᠢᠳ ᠤᠨ ᠠᠮᠤ ᠪᠤᠳᠠᠭ᠎ᠠ ᠲᠠᠷᠢᠬᠤ ᠢᠳᠡᠪᠬᠢᠵᠢᠯ ᠢ ᠳᠠᠶᠢᠴᠢᠯᠠᠬᠤ ᠬᠡᠷᠡᠭᠲᠡᠢ︔ ᠠᠮᠤ ᠪᠤᠳᠠᠭᠠᠨ ᠤ ᠦᠢᠯᠡᠳᠪᠦᠷᠢᠯᠡᠯ ᠤᠨ ᠴᠢᠳᠠᠪᠤᠷᠢ ᠶᠢ ᠳᠡᠭᠡᠭᠰᠢᠯᠡᠭᠦᠯᠬᠦ ᠠᠵᠢᠯᠯᠠᠭ᠎ᠠ ᠶᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠠᠮᠤ ᠪᠤᠳᠠᠭ᠎ᠠ ᠲᠠᠷᠢᠬᠤ ᠲᠠᠯᠠᠪᠠᠢ ᠶᠢ ᠪᠠᠲᠤᠯᠠᠵᠤ᠂ ᠠᠮᠤ ᠪᠤᠳᠠᠭᠠᠨ ᠤ ᠲᠠᠯᠠᠪᠠᠢ ᠨᠢᠭᠡᠴᠢ ᠶᠢᠨ ᠤᠨᠠᠯᠲᠠ ᠶᠢᠨ ᠲᠦᠪᠰᠢᠨ ᠢ ᠳᠡᠭᠡᠭᠰᠢᠯᠡᠭᠦᠯᠵᠦ᠂ ᠰᠢᠷ᠎ᠠ ᠪᠤᠷᠴᠠᠭ ᠵᠡᠷᠭᠡ ᠲᠣᠰᠣᠯᠢᠭ ᠲᠠᠷᠢᠮᠠᠯ ᠤᠨ ᠦᠢᠯᠡᠳᠪᠦᠷᠢᠯᠡᠯ ᠤᠨ ᠴᠢᠳᠠᠪᠤᠷᠢ ᠶᠢ ᠳᠡᠭᠡᠭᠰᠢᠯᠡᠭᠦᠯᠦᠨ᠎ᠡ᠃              ᠬᠤᠷᠢᠨ ᠵᠢᠷᠭᠤᠳᠤᠭᠠᠷ ᠵᠦᠢᠯ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠲᠠᠷᠢᠶᠠᠯᠠᠩ ᠮᠠᠯ ᠠᠵᠤ ᠠᠬᠤᠢ ᠶᠢᠨ ᠵᠠᠰᠠᠭ ᠵᠠᠬᠢᠷᠭᠠᠨ ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠳ ᠲᠠᠷᠢᠶᠠᠯᠠᠩ ᠮᠠᠯ ᠠᠵᠤ ᠠᠬᠤᠢ ᠶᠢᠨ ᠬᠥᠭᠵᠢᠯᠲᠡ ᠶᠢᠨ ᠲᠥᠯᠦᠪᠵᠢᠭᠦᠯᠭᠡ ᠶᠢ ᠦᠨᠳᠦᠰᠦᠯᠡᠨ᠂ ᠣᠷᠣᠨ ᠪᠦᠰᠡ ᠶᠢᠨ ᠡᠬᠢ ᠪᠠᠶᠠᠯᠢᠭ ᠯᠤᠭ᠎ᠠ ᠬᠠᠷᠢᠯᠴᠠᠨ ᠵᠣᠬᠢᠴᠠᠯᠳᠤᠭᠰᠠᠨ ᠮᠠᠯ ᠠᠵᠤ ᠠᠬᠤᠢ ᠶᠢᠨ ᠠᠵᠤ ᠦᠢᠯᠡᠰ ᠤᠨ ᠪᠦᠲᠦᠴᠡ ᠶᠢ ᠵᠢᠯᠣᠭᠤᠳᠤᠨ ᠪᠠᠶᠢᠭᠤᠯᠵᠤ᠂ ᠮᠠᠯ ᠤᠨᠤᠭ᠎ᠠ ᠲᠡᠵᠢᠭᠡᠪᠦᠷᠢ ᠵᠢᠭᠦᠷᠲᠡᠨ ᠢ ᠲᠡᠵᠢᠭᠡᠨ ᠦᠷᠡᠵᠢᠭᠦᠯᠬᠦ ᠲᠥᠷᠥᠯ ᠵᠦᠢᠯ᠂ ᠬᠦᠷᠢᠶ᠎ᠡ ᠬᠡᠪᠴᠢᠶ᠎ᠡ ᠶᠢ ᠰᠢᠨᠵᠢᠯᠡᠬᠦ ᠤᠬᠠᠭᠠᠨᠴᠢ ᠪᠠᠷ ᠲᠣᠭᠲᠠᠭᠠᠨ᠂ ᠬᠠᠰᠢᠶᠠᠯᠠᠨ ᠠᠷᠠᠴᠢᠯᠠᠵᠤ ᠲᠡᠵᠢᠭᠡᠬᠦ ᠶᠢ ᠶᠡᠬᠡᠪᠡᠷ ᠬᠥᠭᠵᠢᠭᠦᠯᠵᠦ᠂ ᠬᠡᠪᠴᠢᠶᠡᠵᠢᠭᠦᠯᠦᠨ ᠬᠠᠰᠢᠶᠠᠯᠠᠨ ᠲᠡᠵᠢᠭᠡᠬᠦ᠂ ᠲᠡᠵᠢᠭᠡᠯ ᠡᠪᠡᠰᠦ ᠪᠣᠷᠳᠤᠭ᠎ᠠ ᠬᠤᠷᠢᠶᠠᠨ ᠬᠠᠳᠠᠭᠠᠯᠠᠵᠤ ᠡᠳ᠋ᠰᠢᠭᠦᠯᠬᠦ᠂ ᠪᠠᠷᠢᠮᠵᠢᠶᠠᠵᠢᠭᠤᠯᠤᠨ ᠲᠡᠵᠢᠭᠡᠬᠦ ᠵᠡᠷᠭᠡ ᠮᠧᠬᠠᠨᠢᠭᠵᠢᠭᠰᠠᠨ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠂ ᠮᠠᠯ ᠤᠨᠤᠭ᠎ᠠ ᠲᠡᠵᠢᠭᠡᠪᠦᠷᠢ ᠵᠢᠭᠦᠷᠲᠡᠨ ᠤ ᠪᠦᠲᠦᠭᠡᠭᠳᠡᠬᠦᠨ ᠤ ᠪᠠᠲᠤᠯᠠᠭ᠎ᠠ ᠬᠠᠩᠭᠠᠯᠭ᠎ᠠ ᠶᠢᠨ ᠴᠢᠳᠠᠪᠤᠷᠢ ᠶᠢ ᠨᠡᠮᠡᠭᠳᠡᠭᠦᠯᠬᠦ ᠬᠡᠷᠡᠭᠲᠡᠢ᠃              ᠬᠤᠷᠢᠨ ᠳᠣᠯᠣᠳᠤᠭᠠᠷ ᠵᠦᠢᠯ ᠥᠪᠡᠷᠲᠡᠭᠡᠨ ᠵᠠᠰᠠᠬᠤ ᠣᠷᠣᠨ ᠠᠴᠠ ᠠᠯᠠᠰᠢᠨ ᠦᠬᠡᠷ᠂ ᠠᠯᠠᠰᠢᠨ ᠬᠤᠨᠢ ᠶᠢ ᠪᠣᠷᠣᠯᠠᠭᠤᠯᠬᠤ ᠲᠣᠮᠣ ᠰᠢᠶᠠᠨ ᠢ ᠱᠠᠩᠨᠠᠨ ᠬᠥᠬᠢᠭᠦᠯᠬᠦ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠵᠤ᠂ ᠠᠯᠠᠰᠢᠨ ᠦᠬᠡᠷ ᠤᠨ ᠰᠦᠷᠦᠭ ᠢ ᠥᠷᠭᠡᠳᠬᠡᠨ ᠬᠡᠮᠵᠢᠶ᠎ᠡ ᠶᠢ ᠨᠡᠮᠡᠭᠳᠡᠭᠦᠯᠬᠦ ᠶᠢ ᠠᠬᠢᠭᠤᠯᠤᠨ᠂ ᠰᠠᠭᠤᠷᠢ ᠡᠬᠡ ᠮᠠᠯ ᠢ ᠠᠷᠠᠴᠢᠯᠠᠨ ᠲᠡᠵᠢᠭᠡᠬᠦ ᠬᠡᠪᠴᠢᠶ᠎ᠡ ᠶᠢ ᠥᠷᠭᠡᠳᠬᠡᠵᠦ᠂ ᠰᠠᠶᠢᠨ ᠡᠭᠦᠯᠳᠡᠷ ᠤᠨ ᠢᠴᠡᠭᠡᠯ ᠦᠷ᠎ᠡ ᠪᠠᠷ ᠬᠡᠭᠡᠯᠲᠦᠭᠦᠯᠬᠦ᠂ ᠬᠦᠪᠦᠷᠡᠯ ᠢ ᠰᠢᠯᠵᠢᠭᠦᠯᠦᠨ ᠰᠠᠭᠤᠯᠭᠠᠬᠤ ᠳᠤ ᠬᠡᠷᠡᠭᠯᠡᠬᠦ ᠶᠢ ᠳᠡᠯᠭᠡᠷᠡᠭᠦᠯᠦᠨ᠎ᠡ︔ ᠠᠯᠠᠰᠢᠨ ᠬᠤᠨᠢᠨ ᠤ ᠬᠡᠪᠴᠢᠶ᠎ᠡ ᠶᠢ ᠲᠣᠭᠲᠠᠭᠤᠨ ᠪᠠᠶᠢᠯᠭᠠᠵᠤ᠂ ᠡᠭᠦᠯᠳᠡᠷ ᠰᠣᠩᠭᠤᠨ ᠪᠣᠶᠢᠵᠢᠭᠤᠯᠬᠤ ᠶᠢ ᠴᠢᠩᠭᠠᠳᠬᠠᠨ᠂ ᠪᠣᠳᠠᠭᠠᠯᠢ ᠪᠡᠶ᠎ᠡ ᠶᠢᠨ ᠭᠠᠷᠤᠯᠲᠠ ᠪᠠ ᠦᠷᠡᠵᠢᠯᠲᠡ ᠶᠢᠨ ᠨᠣᠷᠮ᠎ᠠ ᠶᠢ ᠳᠡᠭᠡᠭᠰᠢᠯᠡᠭᠦᠯᠦᠨ᠎ᠡ᠃ ᠠᠯᠠᠰᠢᠨ ᠦᠬᠡᠷ᠂ ᠠᠯᠠᠰᠢᠨ ᠬᠤᠨᠢ ᠲᠡᠵᠢᠭᠡᠨ ᠦᠷᠡᠵᠢᠭᠦᠯᠬᠦ ᠶᠢ ᠪᠠᠷᠢᠮᠵᠢᠶᠠᠵᠢᠭᠤᠯᠬᠤ᠂ ᠬᠡᠪᠴᠢᠶᠡᠵᠢᠭᠦᠯᠬᠦ᠂ ᠣᠳᠣᠬᠢᠴᠢᠯᠠᠬᠤ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃              ᠬᠤᠷᠢᠨ ᠨᠠᠢᠮᠠᠳᠤᠭᠠᠷ ᠵᠦᠢᠯ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠨᠤᠭᠤᠳ ᠭᠠᠭ᠋ᠠᠢ ᠮᠢᠬᠠᠨ ᠤ ᠦᠢᠯᠡᠳᠪᠦᠷᠢᠯᠡᠯ ᠤᠨ ᠤᠷᠲᠤ ᠬᠤᠭᠤᠴᠠᠭᠠᠨ ᠤ ᠳᠡᠮᠵᠢᠯᠭᠡ ᠶᠢᠨ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠵᠤ᠂ ᠭᠠᠭ᠋ᠠᠢ ᠮᠢᠬᠠᠨ ᠤ ᠦᠢᠯᠡᠳᠪᠦᠷᠢᠯᠡᠯ ᠤᠨ ᠴᠢᠳᠠᠪᠤᠷᠢ ᠶᠢ ᠲᠣᠬᠢᠷᠠᠭᠤᠯᠤᠨ ᠡᠵᠡᠮᠳᠡᠵᠦ ᠳᠠᠶᠢᠴᠢᠯᠠᠬᠤ ᠲᠣᠭᠲᠠᠴᠠ ᠶᠢ ᠪᠠᠶᠢᠭᠤᠯᠤᠨ᠂ ᠦᠷᠡᠵᠢᠯ ᠤᠨ ᠭᠠᠭ᠋ᠠᠢ ᠶᠢᠨ ᠬᠡᠮᠵᠢᠶ᠎ᠡ᠂ ᠬᠡᠪᠴᠢᠶᠡᠲᠦ ᠲᠡᠵᠢᠭᠡᠨ ᠦᠷᠡᠵᠢᠭᠦᠯᠬᠦ ᠲᠠᠯᠠᠪᠠᠶ ᠶᠢᠨ ᠲᠤᠭ᠎ᠠ ᠬᠡᠮᠵᠢᠶ᠎ᠡ ᠶᠢ ᠲᠣᠭᠲᠠᠭᠤᠨ ᠪᠠᠶᠢᠯᠭᠠᠵᠤ᠂ ᠭᠠᠭ᠋ᠠᠢ ᠶᠢᠨ ᠮᠢᠬᠠᠨ ᠤ ᠬᠠᠩᠭᠠᠯᠭ᠎ᠠ ᠶᠢ ᠪᠠᠲᠤᠯᠠᠬᠤ ᠬᠡᠷᠡᠭᠲᠡᠢ᠃              ᠬᠤᠷᠢ ᠶᠢᠰᠦᠳᠦᠭᠡᠷ ᠵᠦᠢᠯ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠨᠤᠭᠤᠳ ᠡᠬᠢ ᠪᠠᠶᠠᠯᠢᠭ ᠤᠨ ᠨᠥᠬᠦᠴᠡᠯ ᠪᠣᠯᠣᠨ ᠵᠠᠬ᠎ᠠ ᠳᠡᠯᠭᠡᠭᠦᠷ ᠤᠨ ᠬᠡᠷᠡᠭᠴᠡᠭᠡ ᠱᠠᠭᠠᠷᠳᠠᠯᠭ᠎ᠠ ᠪᠠᠨ ᠦᠨᠳᠦᠰᠦᠯᠡᠨ᠂ ᠰᠢᠨᠵᠢᠯᠡᠬᠦ ᠤᠬᠠᠭᠠᠨᠴᠢ ᠪᠠᠷ ᠪᠠᠶᠢᠷᠢᠯᠠᠭᠤᠯᠵᠤ᠂ ᠲᠤᠬᠠᠢ ᠶᠢᠨ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠤᠨ ᠰᠦ ᠶᠢᠨ ᠠᠵᠤ ᠦᠢᠯᠡᠰ ᠢ ᠬᠥᠭᠵᠢᠭᠦᠯᠵᠦ᠂ ᠣᠷᠣᠨ ᠨᠤᠲᠤᠭ ᠤᠨ ᠣᠨᠴᠠᠯᠢᠭ ᠪᠦᠬᠦᠢ ᠴᠠᠭᠠᠨ ᠢᠳᠡᠭᠡᠨ ᠤ ᠬᠥᠭᠵᠢᠯᠲᠡ ᠶᠢ ᠲᠦᠯᠬᠢᠨ ᠠᠬᠢᠭᠤᠯᠵᠤ᠂ ᠰᠦ ᠶᠢᠨ ᠢᠷᠡᠯᠲᠡ᠂ ᠡᠭᠦᠯᠳᠡᠷ ᠤᠨ ᠢᠷᠡᠯᠲᠡ᠂ ᠡᠪᠡᠰᠦᠨ ᠤ ᠢᠷᠡᠯᠲᠡ ᠶᠢᠨ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠨ᠂ ᠬᠡᠪᠴᠢᠶᠡᠵᠢᠭᠰᠡᠨ᠂ ᠪᠠᠷᠢᠮᠵᠢᠶᠠᠵᠢᠭᠰᠠᠨ ᠲᠡᠵᠢᠭᠡᠨ ᠦᠷᠡᠵᠢᠭᠦᠯᠬᠦ ᠶᠢ ᠳᠡᠮᠵᠢᠵᠦ᠂ ᠰᠠᠶᠢᠨ ᠡᠭᠦᠯᠳᠡᠷ ᠢ ᠦᠷᠡᠵᠢᠭᠦᠯᠦᠨ ᠪᠣᠶᠢᠵᠢᠭᠤᠯᠬᠤ ᠶᠢ ᠴᠢᠩᠭᠠᠷᠠᠭᠤᠯᠤᠨ᠂ ᠲᠡᠵᠢᠭᠡᠯ ᠡᠪᠡᠰᠦ ᠶᠢᠨ ᠬᠠᠩᠭᠠᠯᠭ᠎ᠠ ᠶᠢ ᠪᠠᠲᠤᠯᠠᠵᠤ᠂ ᠲᠡᠵᠢᠭᠡᠨ ᠦᠷᠡᠵᠢᠭᠦᠯᠬᠦ ᠥᠪᠡᠷ ᠤᠨ ᠥᠷᠲᠡᠭ ᠢ ᠪᠠᠭᠤᠷᠠᠭᠤᠯᠤᠨ᠂ ᠲᠠᠯᠠᠪᠠᠶ ᠨᠢᠭᠡᠴᠢ ᠶᠢᠨ ᠤᠨᠠᠯᠲᠠ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠬᠦ ᠬᠡᠷᠡᠭᠲᠡᠢ᠃ ᠲᠦᠭᠦᠬᠡᠢ ᠰᠦ ᠶᠢᠨ ᠦᠨ᠎ᠡ ᠬᠠᠩᠰᠢ ᠶᠢ ᠵᠣᠬᠢᠴᠠᠭᠤᠯᠬᠤ ᠲᠣᠭᠲᠠᠴᠠ ᠶᠢ ᠪᠦᠷᠢᠨᠰᠢᠭᠦᠯᠵᠦ᠂ ᠰᠠᠭᠠᠯᠢᠴᠢᠳ ᠵᠡᠷᠭᠡ ᠡᠯ᠎ᠡ ᠭᠤᠣᠯ ᠴᠣᠭᠴᠠ ᠶᠢᠨ ᠠᠰᠢᠭ ᠲᠤᠰᠠ ᠶᠢ ᠪᠠᠲᠤᠯᠠᠨ᠂ ᠰᠦ ᠶᠢᠨ ᠢᠷᠡᠯᠲᠡ ᠶᠢᠨ ᠰᠠᠭᠤᠷᠢ ᠶᠢ ᠲᠣᠭᠲᠠᠪᠤᠷᠢᠵᠢᠭᠤᠯᠵᠤ᠂ ᠰᠦ ᠶᠢᠨ ᠦᠢᠯᠡᠰ ᠤᠨ ᠬᠥᠭᠵᠢᠨ ᠮᠠᠨᠳᠤᠬᠤ ᠶᠢ ᠠᠬᠢᠭᠤᠯᠤᠨ᠎ᠠ᠃              ᠭᠤᠴᠢᠳᠤᠭᠠᠷ ᠵᠦᠢᠯ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠨᠤᠭᠤᠳ ᠨᠣᠯᠤᠤᠷ ᠤᠨ ᠠᠵᠤ ᠦᠢᠯᠡᠰ ᠤᠨ ᠬᠥᠭᠵᠢᠯᠲᠡ ᠶᠢ ᠵᠣᠷᠢᠭᠵᠢᠭᠤᠯᠤᠨ ᠳᠡᠮᠵᠢᠵᠦ᠂ ᠨᠣᠯᠤᠤᠷ ᠤᠨ ᠢᠮᠠᠭᠠᠨ ᠤ ᠴᠢᠨᠠᠷ ᠢ ᠳᠡᠭᠡᠭᠰᠢᠯᠡᠭᠦᠯᠬᠦ ᠢᠨᠵᠧᠨᠧᠷᠢᠩ ᠢ ᠬᠡᠷᠡᠭᠵᠢᠭᠦᠯᠦᠨ᠂ ᠴᠢᠨᠠᠷ ᠰᠠᠶᠢᠲᠠᠢ ᠪᠥᠭᠡᠳ ᠰᠢᠯᠢᠳᠡᠭ ᠦᠨ᠎ᠡ ᠶᠢᠨ ᠲᠣᠭᠲᠠᠴᠠ ᠶᠢ ᠪᠦᠷᠢᠨᠰᠢᠭᠦᠯᠵᠦ᠂ ᠮᠡᠷᠭᠡᠵᠢᠯ ᠤᠨ ᠥᠭᠡᠷᠡᠴᠢᠯᠡᠯᠲᠡ ᠬᠢᠬᠦ ᠪᠠ ᠰᠢᠨ᠎ᠡ ᠶᠢ ᠡᠭᠦᠳᠬᠦ ᠶᠢ ᠵᠣᠷᠢᠭᠵᠢᠭᠤᠯᠤᠨ᠂ ᠨᠣᠯᠤᠤᠷ ᠤᠨ ᠠᠵᠤ ᠦᠢᠯᠡᠰ ᠤᠨ ᠲᠥᠪᠯᠡᠷᠡᠯ ᠤᠨ ᠬᠡᠮᠵᠢᠶ᠎ᠡ ᠪᠠ ᠨᠡᠷᠡᠲᠦ ᠲᠥᠷᠥᠯ ᠲᠡᠮᠳᠡᠭᠲᠦ ᠶᠢᠨ ᠳᠡᠯᠡᠬᠡᠢ ᠳᠠᠬᠢ ᠨᠥᠯᠥᠭᠡᠯᠡᠬᠦ ᠬᠦᠴᠦᠨ ᠢ ᠳᠡᠭᠡᠭᠰᠢᠯᠡᠭᠦᠯᠦᠨ᠎ᠡ᠃              ᠭᠤᠴᠢᠨ ᠨᠢᠭᠡᠳᠦᠭᠡᠷ ᠵᠦᠢᠯ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠨᠤᠭᠤᠳ ᠡᠯ᠎ᠡ ᠲᠥᠷᠥᠯ ᠤᠨ ᠭᠠᠵᠠᠷ ᠰᠢᠷᠣᠢ ᠶᠢᠨ ᠡᠬᠢ ᠪᠠᠶᠠᠯᠢᠭ ᠢ ᠨᠢᠭᠡᠳᠦᠯᠲᠡᠢ ᠲᠥᠯᠥᠪᠯᠡᠨ᠂ ᠲᠠᠷᠢᠮᠠᠯ ᠲᠡᠵᠢᠭᠡᠯ ᠡᠪᠡᠰᠦᠨ ᠤ ᠰᠠᠭᠤᠷᠢᠨ ᠭᠠᠵᠠᠷ᠂ ᠡᠪᠡᠰᠦᠨ ᠦᠷ᠎ᠡ ᠦᠷᠡᠵᠢᠭᠦᠯᠦᠨ ᠪᠣᠶᠢᠵᠢᠭᠤᠯᠬᠤ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠥᠷᠨᠢᠭᠦᠯᠵᠦ᠂ ᠬᠥᠬᠡ ᠳᠠᠷᠤᠰᠢ ᠶᠢᠨ ᠡᠷᠳᠡᠨᠢ ᠰᠢᠰᠢ᠂ ᠴᠠᠷᠭᠠᠰᠤ᠂ ᠲᠡᠵᠢᠭᠡᠯ ᠪᠣᠷᠳᠣᠭᠠᠨ ᠳᠤ ᠬᠡᠷᠡᠭᠯᠡᠬᠦ ᠨᠣᠬᠠᠢ ᠶᠢᠨ ᠬᠤᠰᠢᠭᠤ᠂ ᠬᠢᠶᠠᠭ ᠵᠡᠷᠭᠡ ᠲᠡᠵᠢᠭᠡᠯ ᠡᠪᠡᠰᠦ ᠵᠢᠴᠢ ᠡᠪᠡᠰᠦᠨ ᠦᠷ᠎ᠡ ᠶᠢᠨ ᠦᠢᠯᠡᠳᠪᠦᠷᠢᠯᠡᠯ ᠢ ᠲᠤᠬᠠᠢ ᠶᠢᠨ ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠤᠨ ᠬᠥᠭᠵᠢᠭᠦᠯᠵᠦ᠂ ᠲᠡᠵᠢᠭᠡᠯ ᠡᠪᠡᠰᠦ ᠪᠣᠷᠳᠤᠭ᠎ᠠ ᠶᠢᠨ ᠬᠠᠩᠭᠠᠯᠭ᠎ᠠ ᠶᠢ ᠪᠠᠲᠤᠯᠠᠬᠤ ᠴᠢᠳᠠᠪᠤᠷᠢ ᠪᠠᠨ ᠳᠡᠭᠡᠭᠰᠢᠯᠡᠭᠦᠯᠬᠦ ᠬᠡᠷᠡᠭᠲᠡᠢ᠃ 
ᠢᠷᠡᠯᠲᠡ᠄ ᠥᠪᠥᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ ᠤᠢ ᠰᠢᠭᠤᠢ ᠪᠠ ᠨᠤᠲᠤᠭ ᠪᠡᠯᠴᠢᠭᠡᠷ ᠤᠨ ᠲᠤᠪᠴᠢᠶ᠎ᠠ