ᠠᠷᠭᠠᠢ ᠬᠠᠷᠪᠤᠬᠤ ᠨᠠᠭᠠᠳᠤᠮ
ᠨᠡᠶᠢᠲᠡᠯᠡᠭᠰᠡᠨ ᠴᠠᠭ᠄
2025/1/8
       ᠠᠷᠭᠠᠢ ᠬᠠᠷᠪᠤᠬᠤ ᠨᠠᠭᠠᠳᠤᠮ ᠪᠣᠯ ᠮᠣᠩᠭᠤᠯᠴᠤᠳ ᠤᠨ ᠤᠯᠠᠮᠵᠢᠯᠠᠯᠲᠤ ᠮᠥᠰᠥᠨ ᠳᠡᠭᠡᠷᠡᠬᠢ ᠪᠡᠶ᠎ᠡ ᠲᠠᠮᠢᠷ ᠤᠨ ᠬᠥᠳᠡᠯᠭᠡᠭᠡᠨ ᠶᠤᠮ᠃ ᠤᠯᠠᠭᠠᠨᠬᠠᠳᠠ ᠬᠤᠲᠠ ᠶᠢᠨ ᠠᠷᠤ ᠬᠤᠷᠴᠢᠨ ᠬᠤᠰᠢᠭᠤ ᠶᠢᠨ ᠤᠤᠯ ᠤᠨ ᠪᠠᠶᠠᠨᠪᠤᠯᠠᠭ ᠰᠤᠮᠤ ᠶᠢᠨ ᠠᠮᠠᠰᠠᠷ᠂ ᠪᠣᠷᠣᠬᠤᠲᠠ ᠪᠣᠯᠣᠨ ᠴᠠᠭᠠᠬᠤᠪᠤᠭ᠎ᠠ ᠵᠡᠷᠭᠡ ᠭᠠᠴᠠᠭ᠎ᠠ ᠳᠤ ᠣᠳᠣ ᠪᠣᠯᠲᠠᠯ᠎ᠠ ᠤᠯᠠᠮᠵᠢᠯᠠᠭᠳᠠᠵᠤ ᠪᠣᠢ᠃           ᠮᠣᠩᠭᠤᠯᠴᠤᠳ ᠦᠬᠡᠷ᠂ ᠲᠡᠮᠡᠭᠡ ᠵᠡᠷᠭᠡ ᠪᠤᠳᠠ ᠮᠠᠯ ᠪᠣᠯᠣᠨ ᠪᠤᠭᠤ ᠵᠡᠷᠭᠡ ᠲᠣᠷᠤᠭ ᠠᠩ ᠤᠨ ᠱᠠᠭ᠎ᠠ ᠶᠢ ᠵᠠᠰᠠᠵᠤ ᠶᠠᠩᠵᠤᠯᠠᠭᠠᠳ ᠠᠷᠭᠠᠢ ᠭᠡᠳᠡᠭ᠃ ᠡᠳᠡᠭᠡᠷ ᠱᠠᠭ᠎ᠠ ᠶᠢ ᠬᠠᠷᠪᠤᠨ ᠨᠠᠭᠠᠳᠬᠤ ᠠᠷᠭᠠᠢ ᠪᠣᠯᠭᠠᠨ ᠵᠠᠰᠠᠬᠤ ᠳᠤ᠂ ᠳᠡᠭᠡᠷᠡᠬᠢ ᠰᠢᠷᠪᠦᠰᠦ ᠰᠢᠨᠳᠠᠰᠤ ᠲᠣᠰᠣ ᠪᠤᠷᠲᠠᠭ ᠶᠢ ᠨᠢ ᠴᠡᠪᠡᠷᠯᠡᠨ ᠬᠠᠶᠠᠵᠤ᠂ ᠪᠦᠭᠡ ᠪᠣᠯᠣᠨ ᠴᠡᠭᠡ ᠲᠠᠯ᠎ᠠ ᠶᠢ ᠨᠢ ᠬᠠᠪᠲᠠᠭᠠᠶᠢᠯᠠᠨ ᠴᠠᠪᠴᠢᠨ᠎ᠠ᠃ ᠪᠠᠷᠤᠭ ᠤᠤᠯ ᠱᠠᠭ᠎ᠠ ᠶᠢᠨ ᠬᠠᠭᠠᠰ ᠢᠯᠡᠭᠦᠦ ᠶᠢ ᠦᠯᠡᠳᠡᠭᠡᠵᠦ᠂ ᠪᠦᠭᠡ ᠲᠠᠯ᠎ᠠ ᠶᠢᠨ ᠭᠤᠣᠯ ᠳᠤᠮᠳᠠ ᠨᠢ ᠨᠦᠬᠡᠯᠡᠵᠦ᠂ ᠴᠠᠭᠠᠨ ᠲᠤᠭᠤᠯᠭ᠎ᠠ ᠴᠢᠳᠬᠤᠨ ᠣᠷᠣᠭᠤᠯᠳᠠᠭ᠃ ᠡᠨᠡ ᠨᠢ ᠠᠷᠭᠠᠢ ᠶᠢᠨ ᠬᠦᠨᠳᠦᠴᠡ ᠶᠢ ᠨᠡᠮᠡᠭᠳᠡᠭᠦᠯᠬᠦ ᠦᠢᠯᠡᠳᠦᠯ ᠲᠠᠢ᠃ ᠬᠠᠷᠢᠨ ᠣᠨᠴᠠ ᠵᠠᠷᠢᠮ ᠰᠠᠶᠢᠨ ᠱᠠᠭ᠎ᠠ ᠨᠢ ᠲᠣᠭᠤᠯᠭ᠎ᠠ ᠦᠭᠡᠢ ᠪᠠᠷ ᠴᠦ ᠠᠷᠭᠠᠢ ᠪᠣᠯᠭᠠᠨ ᠬᠠᠷᠪᠤᠵᠤ ᠪᠣᠯᠳᠠᠭ᠃           ᠠᠷᠭᠠᠢ ᠶᠢ ᠮᠥᠰᠥᠨ ᠳᠡᠭᠡᠷ᠎ᠡ ᠬᠠᠷᠪᠤᠬᠤ ᠳᠤ᠂ ᠪᠦᠭᠡ ᠲᠠᠯ᠎ᠠ ᠶᠢ ᠨᠢ ᠳᠡᠭᠡᠭᠰᠢ ᠬᠠᠷᠠᠭᠤᠯᠤᠨ ᠪᠠᠷᠢᠵᠤ᠂ ᠡᠷᠡᠬᠡᠢ ᠪᠣᠯᠣᠨ ᠳᠣᠯᠢᠶᠠᠪᠤᠷ ᠬᠤᠷᠤᠭᠤ ᠶᠢᠨ ᠨᠢᠲᠡᠷᠡᠬᠦ ᠬᠦᠴᠦ ᠪᠠᠷ ᠬᠤᠯᠠ ᠵᠦᠭ ᠡᠷᠭᠢᠯᠳᠦᠭᠦᠯᠦᠨ ᠶᠠᠪᠤᠭᠤᠯᠤᠨ᠎ᠠ᠃ ᠲᠡᠭᠦᠨ ᠢᠶᠠᠷ ᠬᠠᠷᠠᠯᠲᠠ ᠪᠣᠯᠭᠠᠵᠤ᠂ ᠪᠤᠰᠤᠳ ᠠᠷᠭᠠᠢ ᠪᠠᠷ ᠣᠨᠢᠯᠠᠨ ᠬᠠᠷᠪᠤᠵᠤ᠂ ᠣᠨᠣᠭᠠᠭᠰᠠᠨ ᠪᠣᠯ ᠳᠡᠶᠢᠯᠦᠭᠰᠡᠨ ᠳᠤ ᠣᠷᠣᠨ᠎ᠠ᠃ ᠡᠶᠢᠮᠦ ᠠᠴᠠ᠂ ᠡᠨᠡᠬᠦ ᠨᠠᠭᠠᠳᠤᠮ ᠢ ᠬᠤᠶᠠᠷ ᠬᠥᠮᠥᠨ ᠴᠦ ᠨᠠᠭᠠᠳᠴᠤ ᠪᠣᠯᠬᠤ ᠪᠥᠭᠡᠳ ᠣᠷᠤᠯᠴᠠᠬᠤ ᠬᠥᠮᠥᠨ ᠣᠯᠠᠨ ᠪᠣᠯ ᠨᠡᠩ ᠬᠥᠭᠵᠢᠶᠡᠨ ᠲᠠᠢ ᠪᠣᠯᠳᠠᠭ᠃ ᠭᠡᠪᠡᠴᠦ᠂ ᠭᠤᠷᠪᠠ ᠲᠠᠪᠤᠨ ᠬᠥᠮᠥᠨ ᠨᠢᠭᠡ ᠨᠠᠭᠠᠳᠤᠮ ᠪᠣᠯᠪᠠᠯ ᠬᠠᠮᠤᠭ ᠲᠣᠬᠢᠷᠠᠮᠵᠢᠲᠠᠢ᠃ ᠲᠤᠰ ᠨᠠᠭᠠᠳᠤᠮ ᠤᠨ ᠱᠦᠭᠦᠯᠴᠡᠭᠡᠨ ᠳᠤ ᠬᠤᠨᠢ ᠢᠮᠠᠭᠠᠨ ᠱᠠᠭ᠎ᠠ ᠲᠠᠯᠪᠢᠨ᠎ᠠ᠃           ᠡᠷᠲᠡ ᠳᠡᠭᠡᠳᠦ ᠶᠢᠨ ᠠᠷᠤ ᠬᠤᠷᠴᠢᠨ ᠪᠣᠯ ᠬᠤᠷᠴᠢᠨ ᠠᠶᠢᠮᠠᠭ ᠤᠨ ᠨᠢᠭᠡ ᠰᠠᠯᠠᠭ᠎ᠠ ᠨᠢ ᠪᠠᠶᠢᠵᠤ᠂ ᠬᠠᠪᠤᠲᠤ ᠬᠠᠰᠠᠷ ᠪᠣᠯᠣᠨ ᠲᠡᠭᠦᠨ ᠤ ᠦᠷ᠎ᠡ ᠬᠤᠶᠢᠴᠢᠰ ᠤᠨ ᠬᠠᠷᠢᠶᠠᠲᠤ ᠢᠷᠭᠡᠨ ᠶᠤᠮ᠃ ᠠᠵᠢᠯᠴᠢ ᠪᠣᠷᠣᠭᠵᠢᠭᠤᠨ ᠪᠥᠭᠡᠳ ᠡᠷᠡᠯᠬᠡᠭ ᠪᠠᠭᠠᠲᠤᠷᠯᠢᠭ ᠠᠷᠤ ᠬᠤᠷᠴᠢᠨ ᠤ ᠠᠷᠠᠳ ᠲᠦᠮᠡᠨ᠂ ᠦᠶ᠎ᠡ ᠶᠢᠨ ᠦᠶ᠎ᠡ ᠳᠡᠭᠡᠨ ᠮᠠᠯᠵᠢᠬᠤ ᠦᠢᠯᠡᠳᠪᠦᠷᠢᠯᠡᠯ ᠡᠷᠬᠢᠯᠡᠵᠦ᠂ ᠭᠡᠷᠡᠯ ᠰᠠᠴᠤᠷᠠᠩᠭᠤᠢ ᠨᠡᠭᠦᠳᠡᠯ ᠰᠣᠶᠣᠯ ᠤᠨ ᠪᠣᠯᠪᠠᠰᠤᠨ ᠢ ᠪᠦᠲᠦᠭᠡᠵᠦ᠂ ᠡᠷᠲᠡᠨ ᠤ ᠮᠣᠩᠭᠤᠯ ᠤᠯᠠᠮᠵᠢᠯᠠᠯ ᠢᠶᠠᠨ ᠴᠦ ᠵᠠᠯᠭᠠᠮᠵᠢᠯᠠᠨ ᠢᠷᠡᠵᠡᠢ᠃ ᠡᠭᠦᠨ ᠤ ᠨᠢᠭᠡ ᠵᠢᠱᠢᠶ᠎ᠡ ᠨᠢ ᠠᠷᠭᠠᠢ ᠬᠠᠷᠪᠤᠬᠤ ᠨᠠᠭᠠᠳᠤᠮ ᠪᠣᠯᠣᠨ᠎ᠠ᠃ ᠡᠭᠦᠨ ᠤ ᠲᠤᠬᠠᠢ᠂ ︽ᠮᠣᠩᠭᠤᠯ ᠤᠨ ᠨᠢᠭᠤᠴᠠ ᠲᠣᠪᠴᠢᠶᠠᠨ︾ ᠪᠣᠯᠣᠨ ︽ ᠮᠠᠨᠳᠤᠬᠠᠢ ᠰᠡᠴᠡᠨ︾ ᠵᠡᠷᠭᠡ ᠲᠡᠦᠬᠡ ᠶᠢᠨ ᠨᠣᠮ ᠵᠣᠬᠢᠶᠠᠯ ᠳᠤ ᠪᠦᠷ ᠲᠡᠮᠳᠡᠭᠯᠡᠯ ᠪᠣᠢ᠃           ᠠᠷᠭᠠᠢ ᠬᠠᠷᠪᠤᠬᠤ ᠨᠠᠭᠠᠳᠤᠮ ᠨᠢ ᠱᠠᠭ᠎ᠠ ᠨᠢᠰᠠᠯᠬᠤ ᠨᠠᠭᠠᠳᠤᠮ ᠠᠴᠠ ᠡᠭᠦᠰᠦᠯ ᠲᠠᠢ᠃ ᠪᠤᠭ ᠮᠠᠯ ᠤᠨ ᠱᠠᠭ᠎ᠠ ᠵᠢᠭᠠᠬᠠᠨ ᠪᠣᠯᠬᠤᠷ᠂ ᠬᠥᠮᠥᠰ ᠲᠡᠭᠦᠨ ᠢ ᠨᠢᠰᠠᠯᠠᠨ ᠨᠠᠭᠠᠳᠴᠤ ᠪᠣᠯᠳᠠᠭ᠃ ᠬᠠᠷᠢᠨ ᠦᠬᠡᠷ ᠤᠨ ᠱᠠᠭ᠎ᠠ ᠮᠡᠲᠦ ᠠᠷᠭᠠᠢ ᠶᠢ ᠨᠢᠰᠠᠯᠠᠭᠠᠳ ᠶᠠᠪᠤᠭᠤᠯᠵᠤ ᠳᠡᠶᠢᠯᠬᠦ ᠦᠭᠡᠢ᠃ ᠡᠶᠢᠮᠦ ᠠᠴᠠ᠂ ᠲᠡᠳᠡᠨ ᠢ ᠮᠥᠰᠥᠨ ᠳᠡᠭᠡᠷ᠎ᠡ ᠭᠤᠯᠭᠤᠭᠤᠯᠵᠤ᠂ ᠨᠢᠭᠡ ᠶᠢ ᠨᠢ ᠨᠦᠭᠦᠭᠡ ᠪᠠᠷ ᠨᠢ ᠬᠠᠷᠪᠤᠨ ᠣᠨᠣᠭᠠᠬᠤ ᠨᠠᠭᠠᠳᠤᠮ ᠪᠣᠢ ᠪᠣᠯᠵᠠᠢ᠃           ᠠᠷᠭᠠᠢ ᠬᠠᠷᠪᠤᠬᠤ ᠳᠤ᠂ ᠨᠠᠭᠠᠳᠤᠮ ᠳᠤ ᠣᠷᠣᠯᠴᠠᠭᠴᠢ ᠠᠴᠠ ᠬᠠᠷᠠᠯᠲᠠ ᠶᠢᠨ ᠠᠷᠭᠠᠢ ᠶᠢ ᠦᠵᠡᠵᠦ᠂ ᠤᠷᠤᠭᠰᠢ ᠪᠠᠨ ᠬᠡᠳᠦᠨ ᠠᠯᠬᠤᠮ ᠭᠦᠶᠦᠵᠦ᠂ ᠭᠠᠷ ᠲᠠᠬᠢ ᠠᠷᠭᠠᠢ ᠪᠠᠷ ᠢᠶᠠᠨ ᠬᠠᠷᠠᠯᠲᠠ ᠪᠠᠨ ᠣᠨᠢᠯᠠᠵᠤ᠂ ᠡᠷᠡᠬᠡᠢ ᠬᠤᠷᠤᠭᠤ ᠪᠠᠷ ᠢᠶᠠᠨ ᠨᠢᠲᠡᠷᠡᠨ ᠶᠠᠪᠤᠭᠤᠯᠳᠠᠭ᠃ ᠡᠨᠡ ᠦᠶ᠎ᠡ ᠳᠤ᠂ ᠬᠥᠮᠥᠨ ᠤ ᠪᠡᠶ᠎ᠡ ᠶᠢᠨ ᠲᠡᠩᠴᠡᠭᠦᠷᠢ᠂ ᠠᠯᠬᠤᠮ ᠭᠦᠶᠦᠳᠡᠯ᠂ ᠮᠠᠭᠠᠳᠯᠠᠬᠤ ᠴᠢᠳᠠᠪᠤᠷᠢ᠂ ᠨᠢᠳᠦ ᠪᠣᠯᠣᠨ ᠭᠠᠷ ᠤᠨ ᠳᠡᠮ ᠪᠠ ᠬᠦᠴᠦ ᠵᠡᠷᠭᠡ ᠨᠢ ᠪᠦᠷ ᠤᠶᠠᠯᠳᠤᠭᠰᠠᠨ ᠪᠠᠶᠢᠬᠤ ᠬᠡᠷᠡᠭᠲᠡᠢ᠃ ᠡᠶᠢᠮᠦ ᠠᠴᠠ᠂ ᠠᠷᠭᠠᠢ ᠨᠠᠭᠠᠳᠤᠮ ᠢ ᠮᠥᠰᠥᠨ ᠳᠡᠭᠡᠷᠡᠬᠢ ᠲᠠᠮᠢᠷ ᠤᠨ ᠬᠥᠳᠡᠯᠭᠡᠭᠡᠨ ᠭᠡᠵᠦ᠂ ᠡᠭᠦᠨ ᠳᠤ ᠣᠷᠤᠯᠴᠠᠬᠤ ᠬᠥᠮᠥᠰ ᠢ ᠠᠷᠭᠠᠶᠢᠴᠢᠨ ᠭᠡᠳᠡᠭ᠃           ᠠᠷᠭᠠᠢ ᠨᠠᠭᠠᠳᠤᠮ ᠳᠤ᠂ ᠬᠠᠮᠤᠭ ᠲᠡᠷᠢᠭᠦᠨ ᠤ ᠬᠥᠮᠥᠨ ᠥᠪᠡᠷ ᠤᠨ ᠨᠢᠭᠡ ᠠᠷᠭᠠᠢ ᠪᠠᠨ ᠬᠠᠷᠪᠤᠨ ᠶᠠᠪᠤᠭᠤᠯᠵᠤ᠂ ᠣᠨᠳᠣᠣ ᠨᠢᠭᠡ ᠠᠷᠭᠠᠢ ᠪᠠᠷ ᠲᠡᠭᠦᠨ ᠢᠶᠠᠨ ᠬᠠᠷᠪᠤᠳᠠᠭ᠃ ᠬᠡᠷᠪᠡ ᠣᠨᠣᠭᠠᠬᠤ ᠳᠤ ᠬᠦᠷᠪᠡᠯ᠂ ᠡᠨᠡ ᠨᠢᠭᠡ ᠤᠳᠠᠭ᠎ᠠ ᠶᠢᠨ ᠨᠠᠭᠠᠳᠤᠮ ᠳᠠᠭᠤᠰᠴᠤ᠂ ᠪᠤᠰᠤᠳ ᠬᠥᠮᠥᠨ ᠤ ᠱᠠᠭ᠎ᠠ ᠪᠦᠷ ᠲᠡᠭᠦᠨ ᠤ ᠪᠣᠯᠣᠨ᠎ᠠ᠃ ᠲᠡᠷᠢᠭᠦᠨ ᠤ ᠬᠥᠮᠥᠨ ᠬᠡᠷᠪᠡ ᠣᠨᠣᠭᠠᠭᠰᠠᠨ ᠦᠭᠡᠢ ᠪᠣᠯ᠂ ᠳᠠᠷᠠᠭ᠎ᠠ ᠶᠢᠨ ᠬᠥᠮᠥᠰ ᠬᠥᠮᠥᠨ ᠪᠦᠷᠢ ᠬᠤᠶᠠᠷ ᠤᠳᠠᠭ᠎ᠠ ᠬᠠᠷᠪᠤᠬᠤ ᠡᠷᠬᠡ ᠲᠠᠢ᠃ ᠣᠨᠣᠭᠠᠭᠰᠠᠨ ᠪᠣᠯ ᠮᠥᠨ ᠪᠦᠭᠦᠳᠡ ᠱᠠᠭ᠎ᠠ ᠶᠢ ᠠᠪᠤᠨ᠎ᠠ᠃ ᠬᠡᠷᠪᠡ ᠬᠠᠷᠠᠯᠲᠠ ᠶᠢᠨ ᠠᠷᠭᠠᠢ ᠶᠢ ᠬᠡᠨ ᠴᠦ ᠣᠨᠣᠭᠠᠭᠰᠠᠨ ᠦᠭᠡᠢ ᠪᠣᠯ᠂ ᠮᠥᠨ ᠲᠡᠷᠢᠭᠦᠨ ᠤ ᠬᠥᠮᠥᠨ ᠬᠠᠷᠠᠯᠲᠠ ᠶᠢᠨ ᠠᠷᠭᠠᠢ ᠪᠠᠨ ᠪᠤᠴᠠᠨ ᠬᠠᠷᠪᠤᠵᠤ᠂ ᠨᠠᠭᠠᠳᠤᠮ ᠤᠨ ᠱᠦᠭᠦᠯᠴᠡᠭᠡ ᠳᠤ ᠲᠠᠯᠪᠢᠭᠰᠠᠨ ᠱᠠᠭ᠎ᠠ ᠨᠤᠭᠤᠳ ᠤᠨ ᠬᠠᠪᠢ ᠳᠤ ᠵᠣᠭᠰᠣᠭᠠᠳᠠᠭ᠃ ᠳᠠᠬᠢᠨ ᠨᠦᠭᠦᠭᠡ ᠠᠷᠭᠠᠢ ᠪᠠᠷ ᠲᠡᠭᠦᠨ ᠢᠶᠠᠨ ᠬᠠᠷᠪᠤᠵᠤ᠂ ᠪᠤᠰᠤᠳ ᠬᠥᠮᠥᠨ ᠬᠠᠷᠪᠤᠬᠤ ᠨᠢ ᠲᠦᠷᠦᠭᠦᠨ ᠤ ᠲᠠᠢ ᠠᠳᠠᠯᠢ᠃ ᠬᠡᠷᠪᠡ ᠬᠡᠨ ᠴᠦ ᠡᠨᠡᠬᠦ ᠠᠷᠭᠠᠢ ᠶᠢ ᠣᠨᠣᠭᠠᠭᠰᠠᠨ ᠦᠭᠡᠢ ᠪᠣᠯ᠂ ᠲᠡᠷᠢᠭᠦᠨ ᠤ ᠬᠥᠮᠥᠨ ᠲᠡᠭᠦᠨ ᠢᠶᠠᠷ ᠢᠶᠠᠨ ᠱᠦᠭᠦᠯᠴᠡᠭᠡ ᠶᠢᠨ ᠱᠠᠭ᠎ᠠ ᠶᠢ ᠬᠠᠷᠪᠤᠵᠤ᠂ ᠠᠷᠭᠠᠢ ᠲᠠᠢ ᠨᠢ ᠠᠳᠠᠯᠢ ᠲᠠᠯ᠎ᠠ ᠭᠠᠷᠤᠭᠰᠠᠨ ᠱᠠᠭ᠎ᠠ ᠶᠢ ᠠᠪᠳᠠᠭ᠃ ᠡᠳᠡᠭᠡᠷ ᠪᠣᠯ ᠬᠠᠮᠤᠭ ᠲᠡᠷᠢᠭᠦᠨ ᠳᠤ ᠬᠠᠷᠪᠤᠬᠤ ᠬᠥᠮᠥᠨ ᠤ ᠠᠰᠢᠭ ᠲᠠᠢ ᠵᠦᠢᠯ ᠶᠤᠮ᠃           ᠠᠷᠭᠠᠢ ᠬᠠᠷᠪᠤᠬᠤ ᠳᠡᠰ ᠳᠠᠷᠠᠭ᠎ᠠ ᠶᠢ ᠲᠣᠭᠲᠠᠭᠠᠬᠤ ᠳᠤ᠂ ᠬᠥᠮᠥᠨ ᠪᠦᠷᠢ ᠶᠢᠨ ᠨᠢᠭᠡ ᠠᠷᠭᠠᠢ ᠶᠢ ᠨᠡᠶᠢᠯᠡᠭᠦᠯᠦᠨ ᠪᠠᠷᠢᠵᠤ᠂ ᠵᠣᠬᠢᠬᠤ ᠥᠨᠳᠥᠷ ᠳᠡᠭᠡᠷ᠎ᠡ ᠠᠴᠠ ᠮᠥᠰᠥᠨ ᠳᠡᠭᠡᠷ᠎ᠡ ᠬᠠᠶᠠᠵᠤ᠂ ᠭᠠᠷᠤᠭᠰᠠᠨ ᠲᠠᠯ᠎ᠠ ᠪᠠᠷ ᠨᠢ ᠦᠨᠳᠦᠰᠦ ᠪᠠᠷᠢᠮᠲᠠ ᠪᠣᠯᠭᠠᠳᠠᠭ᠃ ᠡᠭᠦᠨ ᠳᠤ᠂ ᠣᠯᠠᠨ ᠵᠦᠢᠯ ᠤᠨ ᠠᠷᠭ᠎ᠠ ᠪᠠᠶᠢᠵᠤ᠂ ᠣᠯᠠᠨ ᠢᠶᠠᠷ ᠢᠶᠠᠨ ᠬᠡᠯᠡᠯᠴᠡᠨ ᠪᠠᠶᠢᠵᠤ ᠲᠣᠭᠲᠠᠭᠠᠳᠠᠭ᠃ ᠶᠡᠷᠦᠳᠡ ᠪᠠᠨ᠂ ᠱᠠᠭ᠎ᠠ ᠶᠢᠨ ᠪᠦᠭᠡ᠂ ᠴᠡᠭᠡ᠂ ᠮᠣᠷᠢ᠂ ᠲᠡᠮᠡᠭᠡ ᠵᠡᠷᠭᠡ ᠲᠠᠯ᠎ᠠ ᠪᠠᠷ ᠳᠡᠰ ᠳᠠᠷᠠᠭᠠᠯᠠᠯ ᠪᠣᠯᠭᠠᠳᠠᠭ᠃ ᠭᠡᠪᠡᠴᠦ᠂ ᠨᠢᠭᠡ ᠤᠳᠠᠭ᠎ᠠ ᠶᠢᠨ ᠬᠠᠶᠠᠳᠠᠯ ᠳᠤ ᠠᠳᠠᠯᠢ ᠲᠠᠯ᠎ᠠ ᠨᠢ ᠣᠯᠠᠨ ᠭᠠᠷᠴᠤ᠂ ᠣᠨᠴᠠᠭᠠᠢ ᠨᠢᠭᠡ ᠯᠡ ᠲᠠᠯ᠎ᠠ ᠪᠠᠶᠢᠪᠠᠯ᠂ ᠲᠡᠷᠡ ᠨᠢ ᠬᠠᠮᠤᠭ ᠲᠡᠷᠢᠭᠦᠨ ᠤ ᠠᠷᠭᠠᠢ ᠪᠣᠯᠳᠠᠭ᠃ ᠢᠩᠭᠢᠵᠦ ᠬᠡᠳᠦ ᠤᠳᠠᠭ᠎ᠠ ᠬᠠᠶᠠᠵᠤ᠂ ᠪᠦᠬᠦ ᠳᠡᠰ ᠳᠠᠷᠠᠭᠠᠯᠠᠯ ᠢᠶᠠᠨ ᠭᠠᠷᠭᠠᠳᠠᠭ᠃           ᠠᠷᠤ ᠬᠤᠷᠴᠢᠨ ᠳᠤ᠂ ᠨᠡᠯᠢᠶᠡᠳ ᠶᠡᠭᠡ ᠬᠡᠪᠴᠢᠶ᠎ᠡ ᠶᠢᠨ ᠠᠷᠭᠠᠢ ᠬᠠᠷᠪᠤᠬᠤ ᠮᠥᠷᠥᠶᠢᠴᠡᠭᠡᠨ ᠨᠢ ᠨᠠᠶᠢᠷ ᠨᠠᠭᠠᠳᠤᠮ ᠰᠢᠭ᠋ ᠶᠠᠪᠤᠭᠳᠠᠵᠤ᠂ ᠰᠠᠶᠢᠨ ᠠᠷᠭᠠᠶᠢᠴᠢᠨ  ᠨᠢ ᠣᠯᠠᠨ ᠤ ᠳᠤᠮᠳᠠ ᠪᠠᠨ ᠣᠳᠣ ᠪᠣᠯᠵᠤ ᠭᠢᠯᠠᠷᠠᠳᠠᠭ᠃ ᠮᠥᠷᠥᠶᠢᠴᠡᠭᠡᠨ ᠤ ᠳᠠᠷᠠᠭ᠎ᠠ᠂ ᠨᠠᠭᠠᠳᠤᠮ ᠡᠷᠬᠢᠯᠡᠭᠴᠢ ᠠᠴᠠ ᠮᠥᠰᠥᠨ ᠲᠠᠯᠠᠪᠠᠢ ᠶᠢᠨ ᠣᠶᠢᠷᠠᠯᠴᠠᠭ᠎ᠠ ᠮᠢᠬ᠎ᠠ ᠱᠥᠯᠥ ᠲᠠᠢ ᠪᠤᠳᠠᠭ᠎ᠠ ᠴᠢᠨᠠᠵᠤ᠂ ᠠᠷᠭᠠᠶᠢᠴᠢᠳ ᠢ ᠳᠠᠶᠢᠯᠠᠳᠠᠭ᠃ ᠡᠨᠡ ᠨᠢ ᠵᠠᠷᠢᠮ ᠲᠠᠯ᠎ᠠ ᠪᠠᠷ ᠢᠶᠠᠨ ᠠᠷᠤ ᠬᠤᠷᠴᠢᠨ ᠤ ᠪᠤᠰᠤᠳ ᠨᠠᠶᠢᠷ ᠨᠠᠭᠠᠳᠤᠮ ᠲᠠᠢ ᠠᠳᠠᠯᠢ ᠪᠠᠶᠢᠳᠠᠭ᠃           ᠠᠷᠤ ᠬᠤᠷᠴᠢᠨ ᠤ ᠵᠠᠷᠢᠮ ᠬᠥᠮᠥᠰ ᠤᠨ ᠦᠵᠡᠬᠦ ᠪᠠᠷ᠂ ᠠᠷᠭᠠᠢ ᠬᠠᠷᠪᠤᠬᠤ ᠳᠤ ᠡᠷᠡᠬᠡᠢ ᠪᠠᠷ ᠨᠢᠲᠡᠷᠡᠬᠦ ᠪᠣᠯᠣᠨ ᠡᠷᠡᠬᠡᠢ ᠬᠤᠷᠤᠭᠤ ᠪᠠᠷ ᠨᠤᠮᠤ ᠶᠢᠨ ᠬᠥᠪᠴᠢ ᠶᠢ ᠲᠠᠲᠠᠬᠤ ᠶᠣᠰᠣ ᠨᠢ ᠠᠳᠠᠯᠢ᠃ ᠡᠶᠢᠮᠦ ᠠᠴᠠ᠂ ᠠᠷᠭᠠᠢ ᠨᠠᠭᠠᠳᠤᠮ ᠨᠢ ᠬᠠᠷᠪᠤᠵᠤ ᠨᠠᠮᠨᠠᠬᠤ ᠶᠢᠨ ᠦᠨᠳᠦᠰᠦᠨ ᠪᠣᠯᠪᠠᠰᠤᠷᠠᠯ ᠤᠨ ᠨᠢᠭᠡ ᠠᠭᠤᠯᠭ᠎ᠠ ᠭᠡᠳᠡᠭ᠃ ᠴᠢᠩᠭᠢᠰ ᠬᠠᠭᠠᠨ ᠤ ᠦᠶ᠎ᠡ ᠳᠤ᠂ ᠳᠡᠭᠦᠦ ᠬᠠᠰᠠᠷ ᠨᠢ ᠨᠤᠮᠤ ᠰᠤᠮᠤ ᠬᠠᠷᠪᠤᠬᠤ ᠪᠠᠷ ᠢᠶᠠᠨ ᠨᠡᠷ᠎ᠡ ᠠᠯᠳᠠᠷᠰᠢᠵᠤ᠂ ︽ᠬᠠᠪᠤᠲᠤ︾  ᠶᠢᠨ ᠴᠣᠯᠠ ᠣᠯᠵᠠᠢ᠃ ᠲᠡᠭᠦᠨ ᠤ ᠵᠠᠬᠢᠷᠤᠭᠰᠠᠨ ᠬᠤᠷᠴᠢᠨ ᠠᠶᠢᠮᠠᠭ ᠴᠦ ᠴᠢᠩᠭᠢᠰ ᠬᠠᠭᠠᠨ ᠢ ᠬᠠᠮᠠᠭᠠᠯᠠᠬᠤ ᠨᠤᠮᠤ ᠰᠤᠮᠤ ᠶᠢᠨ ᠴᠡᠷᠢᠭ ᠪᠠᠶᠢᠭᠰᠠᠨ ᠶᠤᠮ᠃           ᠠᠷᠤ ᠬᠤᠷᠴᠢᠨ ᠬᠥᠮᠥᠰ ᠳᠡᠭᠡᠳᠦ ᠶᠢᠨ ᠦᠶ᠎ᠡ ᠶᠢᠨ ᠮᠡᠷᠭᠡᠨ ᠬᠠᠷᠪᠤᠭᠠᠴᠢ ᠶᠢᠨ ᠤᠯᠠᠮᠵᠢᠯᠠᠯ ᠢᠶᠠᠨ ᠪᠠᠳᠠᠷᠠᠭᠤᠯᠵᠤ᠂ ᠠᠷᠭᠠᠢ ᠬᠠᠷᠪᠤᠬᠤ ᠨᠠᠭᠠᠳᠤᠮ ᠢ ᠴᠦ ᠵᠠᠯᠭᠠᠮᠵᠢᠯᠠᠨ ᠢᠷᠡᠵᠡᠢ᠃ ᠡᠨᠡᠬᠦ ᠨᠠᠭᠠᠳᠤᠮ ᠨᠢ ᠬᠤᠷᠴᠠ ᠰᠢᠷᠦᠭᠦᠨ ᠥᠷᠢᠰᠦᠯᠳᠦᠭᠡᠨ ᠲᠠᠢ ᠮᠥᠷᠲᠡᠭᠡᠨ ᠤᠷᠮ᠎ᠠ ᠰᠣᠨᠢᠷᠬᠠᠯ ᠬᠦᠷ ᠬᠥᠭᠵᠢᠶᠡᠨ ᠲᠠᠢ ᠪᠠᠶᠢᠵᠤ᠂ ᠢᠯᠡ ᠲᠣᠳᠣ ᠮᠣᠩᠭᠤᠯ ᠣᠨᠴᠠᠯᠢᠭ ᠪᠣᠯᠣᠨ ᠨᠤᠲᠤᠭ ᠣᠷᠣᠨ ᠤ ᠲᠥᠷᠬᠦ ᠪᠠᠶᠢᠳᠠᠯ ᠲᠠᠢ᠃ ᠲᠡᠭᠦᠨ ᠤ ᠳᠣᠲᠣᠷ᠎ᠠ᠂ ᠤᠭᠰᠠᠭᠠᠲᠠᠨ ᠤ ᠤᠬᠠᠭᠠᠨ᠂ ᠪᠡᠶ᠎ᠡ ᠲᠠᠮᠢᠷ ᠤᠨ ᠤᠬᠠᠭᠠᠨ ᠪᠣᠯᠣᠨ ᠮᠣᠩᠭᠤᠯ ᠰᠣᠶᠣᠯ ᠤᠨ ᠤᠬᠠᠭᠠᠨ ᠵᠡᠷᠭᠡ ᠣᠯᠠᠨ ᠠᠭᠤᠯᠭ᠎ᠠ ᠪᠠᠶᠢᠳᠠᠭ᠃            2007 ᠣᠨ ᠤ 6 ᠰᠠᠷ᠎ᠠ ᠳᠤ᠂ ︽ᠠᠷᠭᠠᠢ ᠬᠠᠷᠪᠤᠬᠤ ᠨᠠᠭᠠᠳᠤᠮ︾ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠩᠬᠠᠳᠤᠭᠠᠷ ᠪᠦᠯᠦᠭ ᠪᠣᠳᠠᠰ ᠤᠨ ᠪᠤᠰᠤ ᠰᠣᠶᠣᠯ ᠤᠨ ᠥᠪ ᠤᠨ ᠲᠦᠷᠦᠯ ᠵᠦᠢᠯ ᠤᠨ ᠨᠡᠷᠡᠰ ᠲᠤ ᠣᠷᠣᠭᠰᠠᠨ ᠶᠤᠮ᠃ 2009 ᠣᠨ ᠤ 8 ᠰᠠᠷ᠎ᠠ ᠳᠤ᠂ ᠲᠤᠰ ᠨᠠᠭᠠᠳᠤᠮ ᠳᠠᠬᠢᠨ ᠤᠯᠠᠭᠠᠨᠬᠠᠳᠠ ᠬᠤᠲᠠ ᠶᠢᠨ ᠨᠢᠭᠡᠳᠦᠭᠡᠷ ᠪᠦᠯᠦᠭ ᠪᠣᠳᠠᠰ ᠤᠨ ᠪᠤᠰᠤ ᠰᠣᠶᠣᠯ ᠤᠨ ᠥᠪ ᠤᠨ ᠲᠦᠷᠦᠯ ᠵᠦᠢᠯ ᠤᠨ ᠨᠡᠷᠡᠰ ᠲᠤ ᠣᠷᠣᠭᠰᠠᠨ ᠪᠠᠶᠢᠨ᠎ᠠ᠃ ︵ ᠪᠠᠭᠠᠪᠣᠯᠣᠳ︶
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠡᠶ᠎ᠡ ᠶᠢᠨ ᠲᠠᠮᠢᠷ ᠤᠨ ᠲᠣᠪᠴᠢᠶ᠎ᠠ