ᠮᠤᠨᠳᠠᠭ ᠶᠡᠭᠡ ᠪᠥᠭᠡᠳ ᠨᠠᠷᠢᠨ ᠪᠤᠳᠤᠯᠢᠶᠠᠨᠲᠠᠢ ᠨᠡᠶᠢᠭᠡᠮ ᠤᠨ ᠪᠦᠲᠦᠴᠡ ᠳᠤ᠂ ᠦᠨᠳᠦᠰᠦᠨ ᠱᠠᠲᠤᠨ ᠤ ᠵᠠᠰᠠᠯᠲᠠ ᠨᠢ ᠨᠡᠶᠢᠭᠡᠮ ᠤᠨ ᠲᠣᠭᠲᠠᠭᠤᠨ | ᠪᠠᠶᠢᠳᠠᠯ ᠢ ᠬᠠᠮᠠᠭᠠᠯᠠᠬᠤ᠂ ᠡᠶ᠎ᠡ ᠵᠣᠬᠢᠴᠠᠯ ᠲᠠᠢ ᠬᠥᠭᠵᠢᠯᠲᠡ ᠶᠢ ᠠᠬᠢᠭᠤᠯᠬᠤ ᠶᠢᠨ ᠴᠢᠬᠤᠯᠠ ᠰᠠᠭᠤᠷᠢ ᠪᠤᠯᠬᠤ ᠶᠤᠮ᠃ ᠲᠡᠷᠡ ᠨᠢ ᠤᠯᠤᠰ ᠤᠨ ᠲᠦᠷᠦ ᠶᠢᠨ | ᠪᠤᠳᠤᠯᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠳᠤ ᠬᠤᠯᠪᠣᠭᠳᠠᠬᠤ ᠪᠠᠷ ᠪᠠᠷᠠᠬᠤ ᠦᠭᠡᠢ᠂ ᠨᠡᠩ ᠴᠤ ᠡᠭᠡᠯ ᠠᠷᠠᠳ ᠨᠢᠭᠡ ᠪᠦᠷᠢ ᠶᠢᠨ ᠡᠳᠦᠷ ᠲᠤᠳᠤᠮ ᠤᠨ | ᠠᠮᠢᠳᠤᠷᠠᠯ ᠢ ᠰᠢᠭᠤᠳ ᠨᠥᠯᠥᠭᠡᠯᠡᠵᠦ ᠪᠠᠶᠢᠳᠠᠭ᠃ ᠡᠨᠡ ᠨᠢ ᠦᠵᠡᠬᠦ ᠳᠤ ᠡᠭᠡᠯ ᠵᠢᠷ ᠤᠨ ᠪᠣᠯᠪᠠᠴᠤ ᠦᠨᠡᠨᠳᠡᠭᠡᠨ ᠲᠦᠢᠯ ᠤᠨ ᠴᠢᠬᠤᠯᠠ ᠠᠵᠢᠯ ᠪᠤᠯᠤᠨ᠎ᠠ᠃ | ᠦᠨᠳᠦᠰᠦᠨ ᠱᠠᠲᠤᠨ ᠤ ᠵᠠᠰᠠᠯᠲᠠ ᠨᠢ ᠮᠡᠷᠭᠡᠯᠡᠨ ᠰᠠᠭᠤᠵᠦ ᠮᠡᠳᠡᠮᠡᠬᠡᠶᠢᠷᠡᠨ ᠶᠠᠷᠢᠬᠤ ᠶᠠᠪᠤᠳᠠᠯ ᠪᠢᠰᠢ᠂ ᠪᠠᠰᠠ ᠴᠤ ᠪᠡᠶᠡᠯᠡᠭᠳᠡᠰᠢ ᠦᠭᠡᠢ ᠬᠦᠰᠡᠯᠡᠩ ᠤᠨ | ᠵᠢᠷᠤᠭ ᠲᠥᠯᠥᠪᠯᠡᠭᠡ ᠪᠢᠰᠢ᠂ ᠬᠠᠷᠢᠨ ᠮᠠᠨ ᠤ ᠡᠳᠦᠷ ᠲᠤᠳᠤᠮ ᠤᠨ ᠠᠮᠢᠳᠤᠷᠠᠯ ᠳᠠᠬᠢ ᠪᠠᠭ᠎ᠠ ᠶᠠᠪᠤᠳᠠᠯ ᠢ ᠨᠠᠷᠢᠯᠢᠭ ᠬᠢᠬᠦ ᠳᠡᠭᠡᠷ᠎ᠡ ᠢᠯᠡᠷᠡᠵᠦ ᠪᠠᠶᠢᠳᠠᠭ᠃ ᠨᠡᠶᠢᠭᠡᠮ | ᠲᠣᠭᠤᠷᠢᠭ ᠤᠨ ᠴᠡᠪᠡᠷ ᠴᠡᠮᠴᠡᠭᠡᠷ ᠤᠷᠴᠢᠨ ᠲᠤᠭᠤᠷᠢᠨ ᠠᠴᠠ ᠬᠥᠷᠰᠢ ᠵᠡᠷᠭᠡᠯᠡᠳᠡᠭᠡ ᠶᠢᠨ ᠬᠤᠭᠤᠷᠣᠨᠳᠣᠬᠢ ᠡᠶ᠎ᠡ ᠡᠪᠲᠡᠶ ᠪᠠᠷ ᠬᠠᠮᠲᠤ ᠣᠷᠣᠰᠢᠨ ᠠᠮᠢᠳᠤᠷᠠᠬᠤ ᠳᠤ | ᠬᠦᠷᠲᠡᠯ᠎ᠡ᠂ ᠨᠠᠰᠤᠲᠠᠶᠢᠴᠤᠳ ᠤᠨ ᠤᠶᠤᠨ ᠰᠠᠨᠠᠭᠠᠨ ᠤ ᠲᠠᠶᠢᠳᠬᠤᠷᠠᠭᠤᠯᠤᠯ ᠠᠴᠠ ᠵᠠᠯᠠᠭᠤᠴᠤᠳ ᠪᠠᠭᠠᠴᠤᠳ ᠤᠨ ᠡᠷᠡᠭᠦᠯ ᠰᠠᠷᠠᠭᠤᠯ ᠦᠰᠦᠨ ᠪᠤᠶᠢᠵᠢᠯᠲᠠ ᠳᠤ | ᠬᠦᠷᠲᠡᠯ᠎ᠡ᠂ ᠨᠠᠷᠢᠨ ᠵᠦᠢᠯᠡᠰ ᠨᠢᠭᠡ ᠪᠦᠷᠢ ᠨᠢ ᠴᠥᠮ ᠦᠨᠳᠦᠰᠦᠨ ᠱᠠᠲᠤᠨ ᠤ ᠬᠥᠮᠦᠰ ᠤᠨ ᠤᠶᠤᠨ ᠤᠬᠠᠭᠠᠨ ᠪᠣᠯᠤᠨ ᠡᠷᠳᠡᠮ ᠴᠢᠳᠠᠪᠤᠷᠢ ᠶᠢ ᠰᠢᠯᠭᠠᠵᠤ ᠪᠠᠶᠢᠳᠠᠭ ᠃ | ᠡᠳᠡᠭᠡᠷ ᠦᠵᠡᠬᠦ ᠳᠤ ᠠᠷᠰᠠᠷ ᠵᠢᠵᠢᠭ ᠰᠠᠵᠢᠭ ᠶᠠᠪᠤᠳᠠᠯ ᠨᠢ ᠦᠨᠡᠨ ᠳᠡᠭᠡᠨ ᠲᠦᠭ ᠲᠦᠮᠡᠨ ᠠᠶᠢᠯ ᠡᠷᠦᠬᠡ ᠶᠢᠨ ᠠᠵᠠ ᠵᠢᠷᠭᠠᠯ ᠲᠠᠢ ᠬᠤᠯᠪᠣᠭᠳᠠᠵᠤ᠂ ᠨᠡᠶᠢᠭᠡᠮ ᠤᠨ | ᠡᠶ᠎ᠡ ᠵᠣᠬᠢᠴᠠᠯ ᠪᠠ ᠲᠣᠭᠲᠠᠭᠤᠨ ᠪᠠᠶᠢᠳᠠᠯ ᠤᠨ ᠶᠡᠭᠡ ᠳᠠᠯ᠎ᠠ ᠲᠠᠢ ᠰᠢᠭᠤᠳ ᠬᠤᠯᠪᠣᠭᠳᠠᠵᠤ ᠪᠠᠶᠢᠳᠠᠭ᠃ | ᠦᠨᠳᠦᠰᠦᠨ ᠱᠠᠲᠤᠨ ᠤ ᠵᠠᠰᠠᠯᠲᠠ ᠨᠢ ᠦᠨᠳᠦᠰᠦᠨ ᠱᠠᠲᠦᠨ ᠤ ᠨᠠᠮ ᠤᠨ ᠬᠡᠰᠢᠬᠦᠨ ᠺᠠᠳ᠋ᠷᠴᠤᠳ ᠤᠨ ᠭᠢᠷᠠᠬᠠᠢ ᠠᠵᠢᠭᠯᠠᠬᠤ ᠴᠢᠳᠠᠪᠤᠷᠢ ᠪᠠ ᠯᠠᠪᠳᠠᠭᠤᠨ | ᠪᠠᠲᠤᠲᠠᠢ ᠬᠡᠷᠡᠭᠵᠢᠭᠦᠯᠬᠦ ᠴᠢᠳᠠᠪᠤᠷᠢ ᠲᠠᠢ ᠪᠠᠶᠢᠬᠤ ᠶᠢ ᠱᠠᠭᠠᠷᠳᠠᠨ᠎ᠠ᠃ ᠲᠡᠳᠡ ᠤᠯᠠᠨ ᠲᠦᠮᠡᠨ ᠤ ᠳᠤᠮᠳᠠ ᠭᠦᠨᠵᠡᠭᠡᠶᠢᠷᠡᠵᠦ᠂ ᠤᠯᠠᠨ ᠲᠦᠮᠡᠨ ᠤ ᠦᠨᠡᠨ ᠪᠣᠳᠠᠲᠠᠢ | ᠬᠡᠷᠡᠭᠴᠡᠭᠡ ᠪᠠ ᠰᠡᠳᠭᠢᠯ ᠤᠨ ᠲᠠᠭᠤᠨ ᠢ ᠣᠶᠢᠯᠠᠭᠠᠬᠤ ᠶᠢᠨ ᠤᠯᠠᠮ ᠠᠴᠠ ᠪᠣᠳᠠᠲᠤ ᠪᠠᠶᠢᠳᠠᠯ ᠳᠤ ᠨᠡᠩ ᠤᠢᠢᠷᠠᠳᠤᠭᠰᠠᠨ᠂ ᠨᠡᠩ ᠬᠥᠮᠦᠡᠯᠢᠭ ᠲᠦᠷᠦ ᠶᠢᠨ ᠪᠤᠳᠤᠯᠭ᠎ᠠ | ᠠᠷᠭ᠎ᠠ ᠬᠡᠮᠵᠢᠶ᠎ᠡ ᠶᠢ ᠲᠣᠭᠲᠠᠭᠠᠬᠤ ᠴᠢᠬᠤᠯᠠᠲᠠᠢ ᠶᠤᠮ᠃ ᠡᠭᠦᠨ ᠤ ᠬᠠᠮᠲᠤ᠂ ᠲᠡᠳᠡ ᠪᠠᠰᠠ ᠳᠡᠭᠡᠳᠦ ᠬᠡᠮᠵᠢᠶᠡᠨ ᠤ ᠬᠠᠷᠢᠭᠤᠴᠠᠯᠭᠠᠲᠤ ᠰᠡᠳᠭᠢᠯᠭᠡ ᠲᠠᠢ ᠪᠠᠶᠢᠵᠤ᠂ | ᠠᠵᠢᠯ ᠨᠢᠭᠡ ᠪᠦᠷᠢ ᠳᠤ ᠴᠥᠮ ᠨᠠᠷᠢᠨ ᠬᠢᠨᠠᠮᠠᠭᠠᠢ ᠬᠠᠷᠢᠭᠤᠴᠠᠵᠤ᠂ ᠲᠦᠷᠦ ᠶᠢᠨ ᠪᠤᠳᠤᠯᠭ᠎ᠠ ᠨᠢᠭᠡ ᠪᠦᠷᠢ ᠶᠢ ᠴᠥᠮ ᠪᠣᠳᠠᠲᠠᠢ ᠭᠠᠵᠠᠷ ᠲᠤᠨᠢ | ᠨᠠᠶᠢᠳᠠᠪᠤᠷᠢᠵᠢᠭᠤᠯᠬᠤ ᠶᠢ ᠦᠨᠡᠨ ᠬᠦ ᠪᠠᠲᠤᠯᠠᠵᠤ᠂ ᠠᠷᠠᠳ ᠤᠯᠠᠨ ᠳᠤ ᠦᠨᠡᠨ ᠬᠦ ᠠᠰᠢᠭ ᠬᠦᠷᠲᠡᠭᠡᠬᠦ ᠵᠤᠬᠢᠰᠲᠠᠢ᠃ | ᠭᠡᠲᠡᠯ᠎ᠡ ᠨᠠᠷᠢᠨ ᠵᠦᠢᠯᠡᠰ ᠤᠨ ᠵᠠᠰᠠᠯᠲᠠ ᠨᠢ ᠲᠡᠶᠢᠮᠦ ᠬᠢᠯᠪᠠᠷ ᠶᠠᠪᠤᠳᠠᠯ ᠪᠢᠰᠢ ᠶᠤᠮ᠃ ᠲᠡᠷᠡ ᠨᠢ ᠦᠨᠳᠦᠰᠦᠨ ᠱᠠᠲᠤᠨ ᠤ ᠨᠠᠮ ᠤᠨ ᠬᠡᠰᠢᠬᠦᠨ | ᠺᠠᠳ᠋ᠷᠴᠤᠳ ᠤᠨ ᠡᠯᠪᠡᠭ ᠪᠠᠶᠠᠯᠢᠭ ᠲᠤᠷᠰᠢᠯᠭ᠎ᠠ ᠪᠠ ᠭᠦᠨ ᠵᠤᠵᠠᠭᠠᠨ ᠣᠯᠠᠨ ᠲᠦᠮᠡᠨ ᠤ ᠰᠠᠭᠤᠷᠢ ᠲᠠᠢ ᠪᠠᠶᠢᠬᠤ ᠶᠢ ᠱᠠᠭᠠᠷᠳᠠᠵᠤ᠂ ᠲᠡᠳᠡᠨ ᠤ ᠰᠢᠨ᠎ᠡ ᠶᠢ ᠡᠭᠦᠳᠬᠦ | ᠰᠡᠳᠭᠢᠬᠦᠢ ᠪᠠ ᠠᠰᠠᠭᠤᠳᠠᠯ ᠢ ᠰᠢᠢᠳᠪᠦᠷᠢᠯᠡᠬᠦ ᠴᠢᠳᠠᠪᠤᠷᠢ ᠲᠠᠢ ᠪᠠᠶᠢᠬᠤ ᠶᠢ ᠱᠠᠭᠠᠷᠳᠠᠳᠠᠭ᠃ ᠨᠠᠷᠢᠨ ᠪᠤᠳᠤᠯᠢᠶᠠᠨᠲᠠᠢ ᠪᠥᠭᠡᠳ ᠬᠤᠪᠢᠷᠠᠯᠲᠠ ᠶᠡᠬᠡᠲᠡᠢ ᠦᠨᠳᠦᠰᠦᠨ | ᠱᠠᠲᠤᠨ ᠤ ᠪᠠᠶᠢᠳᠠᠯ ᠤᠨ ᠡᠮᠦᠨ᠎ᠡ᠂ ᠲᠡᠳᠡ ᠠᠮᠢᠳᠤᠯᠢᠭ ᠢᠶᠠᠷ ᠠᠷᠭᠠᠴᠠᠭᠠᠬᠤ ᠶᠢ ᠰᠤᠷᠴᠤ᠂ ᠤᠯᠠᠨ ᠲᠦᠮᠡᠨ ᠤ ᠳᠤᠮᠳᠠ ᠠᠴᠠ ᠤᠶᠤᠨ ᠤᠬᠠᠭᠠᠨ ᠪᠠ ᠬᠦᠴᠦᠨ | ᠴᠢᠳᠠᠯ ᠰᠢᠩᠭᠡᠭᠡᠨ ᠠᠪᠬᠤ ᠳᠠᠭᠠᠨ ᠴᠢᠳᠠᠮᠠᠭᠠᠢ ᠪᠠᠶᠢᠵᠤ᠂ ᠦᠨᠳᠦᠰᠦᠨ ᠱᠠᠲᠤᠨ ᠤ ᠵᠠᠰᠠᠯᠲᠠ ᠶᠢᠨ ᠠᠵᠢᠯ ᠤᠨ ᠲᠠᠰᠤᠷᠠᠯᠳᠠ ᠦᠭᠡᠢ ᠲᠠᠪᠰᠢᠬᠤ ᠶᠢ ᠬᠠᠮᠲᠤ ᠪᠠᠷ | ᠠᠬᠢᠭᠤᠯᠬᠤ ᠶᠢ ᠱᠠᠭᠠᠷᠳᠠᠵᠦ ᠪᠠᠶᠢᠳᠠᠭ᠃ | ᠡᠭᠦᠨ ᠠᠴᠠ ᠭᠠᠳᠠᠨ᠎ᠠ᠂ ᠦᠨᠳᠦᠰᠦᠨ ᠱᠠᠲᠦᠨ ᠤ ᠵᠠᠰᠠᠯᠲᠠ ᠨᠢ ᠪᠠᠰᠠ ᠨᠡᠶᠢᠭᠡᠮ ᠤᠨ ᠡᠯ᠎ᠡ ᠡᠲᠡᠭᠡᠳ ᠤᠨ ᠬᠠᠮᠲᠤ ᠶᠢᠨ ᠤᠷᠤᠯᠴᠠᠯᠭ᠎ᠠ ᠪᠠ ᠳᠡᠮᠵᠢᠯᠭᠡ ᠶᠢ | ᠬᠡᠷᠡᠭᠰᠡᠨ᠎ᠡ᠃ ᠵᠠᠰᠠᠭ ᠤᠨ ᠣᠷᠳᠣᠨ᠂ ᠠᠵᠤ ᠠᠬᠤᠶᠢᠯᠠᠯ᠂ ᠨᠡᠶᠢᠭᠡᠮ ᠤᠨ ᠵᠣᠬᠢᠶᠠᠨ ᠪᠠᠶᠢᠭᠤᠯᠤᠯᠲᠠ ᠵᠢᠴᠢ ᠠᠷᠠᠳ ᠢᠷᠭᠡᠨ ᠨᠢᠭᠡ ᠪᠦᠷᠢ ᠴᠥᠮ ᠦᠨᠳᠦᠰᠦᠨ | ᠱᠠᠲᠤᠨ ᠤ ᠵᠠᠰᠠᠯᠲᠠ ᠶᠢᠨ ᠣᠷᠣᠯᠴᠠᠭᠴᠢ ᠪᠠ ᠠᠬᠢᠭᠤᠯᠤᠬᠴᠢ ᠪᠤᠯᠬᠤ ᠶᠤᠰᠤᠳᠠᠢ᠃ ᠭᠠᠭᠴᠠ ᠬᠦ ᠤᠯᠠᠨ ᠢᠶᠠᠷ ᠢᠶᠠᠨ ᠰᠡᠳᠭᠢᠯ ᠨᠢᠭᠡᠳᠦᠨ ᠬᠦᠴᠦ ᠪᠠᠨ | ᠬᠠᠮᠲᠤᠳᠬᠠᠵᠤ᠂ ᠦᠨᠳᠦᠰᠦᠨ ᠱᠠᠲᠤᠨ ᠤ ᠵᠠᠰᠠᠯᠲᠠ ᠶᠢᠨ ᠨᠠᠷᠢᠨ ᠵᠦᠢᠯᠡᠰ ᠨᠢᠭᠡ ᠪᠦᠷᠢ ᠶᠢ ᠬᠠᠮᠲᠤ ᠪᠠᠷ ᠠᠩᠬᠠᠷᠪᠠᠯ ᠰᠠᠶ᠋ᠢ ᠨᠡᠩ ᠡᠶ᠎ᠡ ᠵᠣᠬᠢᠴᠠᠯ ᠲᠠᠢ᠂ | ᠲᠣᠭᠲᠠᠭᠤᠨ᠂ ᠴᠡᠴᠡᠭᠯᠡᠨ ᠬᠥᠭᠵᠢᠭᠰᠡᠨ ᠨᠡᠶᠢᠭᠡᠮ ᠢ ᠬᠠᠮᠲᠤ ᠪᠠᠷ ᠪᠠᠶᠢᠭᠤᠯᠵᠤ ᠴᠢᠳᠠᠨ᠎ᠠ᠃ | ᠦᠨᠳᠦᠰᠦᠨ ᠱᠠᠲᠤᠨ ᠤ ᠵᠠᠰᠠᠯᠲᠠ ᠪᠣᠯ ᠨᠢᠭᠡᠨ ᠤᠷᠳᠤ ᠬᠤᠭᠤᠴᠠᠭᠠᠨ ᠤ ᠪᠥᠭᠡᠳ ᠪᠡᠷᠬᠡ ᠬᠠᠲᠠᠭᠤᠵᠢᠯᠲᠠᠢ ᠡᠭᠦᠷᠭᠡ ᠮᠥᠨ ᠪᠣᠯᠬᠤᠷ ᠪᠢᠳᠡᠨ ᠤ ᠬᠥᠮᠦᠨ | ᠨᠢᠭᠡ ᠪᠦᠷᠢ ᠶᠢᠨ ᠬᠠᠮᠲᠤ ᠶᠢᠨ ᠴᠢᠷᠮᠠᠶᠢᠯᠭ᠎ᠠ ᠳᠤ ᠲᠦᠰᠢᠭᠯᠡᠨ᠎ᠡ᠃ ᠪᠠᠭ᠎ᠠ ᠶᠠᠪᠤᠳᠠᠯ ᠳᠡᠭᠡᠷ᠎ᠡ ᠢᠯᠡᠬᠦᠭᠡᠨ ᠬᠦᠴᠦ ᠲᠠᠯᠪᠢᠪᠡᠯ ᠰᠠᠶ᠋ᠢ ᠦᠨᠳᠦᠰᠦᠨ ᠱᠠᠲᠤᠨ ᠤ | ᠵᠠᠰᠠᠯᠲᠠ ᠶᠢᠨ ᠦᠨᠡᠨ ᠬᠠᠭᠤᠳᠠᠰᠤ ᠶᠢ ᠣᠯᠵᠤ ᠬᠠᠷᠠᠨ ᠪᠤᠳᠠᠳᠦ ᠦᠷ᠎ᠡ ᠪᠦᠳᠦᠮᠵᠢ ᠤᠯᠵᠦ ᠴᠢᠳᠠᠨ᠎ᠠ︔ ᠨᠠᠷᠢᠨ ᠵᠦᠢᠯᠡᠰ ᠨᠢᠭᠡ ᠪᠦᠷᠢ ᠠᠴᠠ ᠵᠠᠰᠠᠭ ᠤᠨ | ᠣᠷᠳᠣᠨ ᠤ ᠬᠠᠶᠢᠷ᠎ᠠ ᠬᠠᠯᠠᠮᠵᠢ ᠶᠢ ᠮᠡᠳᠡᠷᠡᠭᠦᠯᠪᠡᠯ ᠰᠠᠶ᠋ᠢ ᠠᠷᠠᠳ ᠤᠯᠠᠨ ᠤ ᠢᠲᠡᠭᠡᠯ ᠪᠠ ᠳᠡᠮᠵᠢᠯᠭᠡ ᠶᠢ ᠣᠯᠵᠤ ᠴᠢᠳᠠᠨ᠎ᠠ᠃ ᠦᠷᠭᠡᠨ ᠤᠯᠠᠨ ᠨᠠᠮ ᠤᠨ ᠭᠡᠰᠢᠬᠦᠨ | ᠺᠠᠳ᠋ᠷ ᠤᠯᠠᠨ ᠲᠦᠮᠡᠨ ᠭᠠᠷ ᠬᠤᠯᠪᠣᠨ ᠰᠡᠳᠭᠢᠯ ᠨᠢᠭᠡᠳᠦᠨ ᠬᠠᠮᠲᠤ ᠪᠠᠷ ᠴᠢᠷᠮᠠᠶᠢᠪᠠᠯ ᠦᠨᠳᠦᠰᠦᠨ ᠱᠠᠲᠤᠨ ᠤ ᠵᠠᠰᠠᠯᠲᠠ ᠶᠢᠨ ᠠᠵᠢᠯ ᠢ ᠲᠠᠰᠤᠷᠠᠯᠲᠠ ᠥᠬᠡᠶ | ᠠᠬᠢᠭᠤᠯᠵᠤ᠂ ᠨᠠᠩ ᠰᠠᠶᠢᠨ ᠰᠠᠶᠢᠬᠠᠨ ᠨᠡᠶᠢᠭᠡᠮ ᠢ ᠪᠠᠶᠢᠭᠤᠯᠵᠦ ᠴᠢᠳᠠᠬᠤ ᠨᠢ ᠯᠠᠪᠳᠠᠢ᠃ |