ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶ᠎ᠠ ᠶᠢᠨ ᠭᠤᠷᠪᠠᠳᠤᠭᠠᠷ ᠪᠥᠬᠦᠳᠡ ᠬᠤᠷᠠᠯ ᠠᠴᠠ ᠪᠠᠲᠤᠯᠠᠭᠰᠠᠨ ︽ᠥᠭᠡᠷᠡᠴᠢᠯᠡᠯᠲᠡ ᠶᠢ ᠤᠯᠠᠮ ᠨᠢᠭᠡ | ᠠᠯᠬᠤᠮ ᠪᠥᠬᠦ ᠲᠠᠯ᠎ᠠ ᠪᠠᠷ ᠭᠦᠨᠵᠡᠭᠡᠶᠢᠷᠡᠭᠦᠯᠵᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠲᠤᠬᠠᠢ ᠳᠤᠮᠳᠠᠳᠤ ᠤᠯᠤᠰ ᠤᠨ ᠡᠪ ᠬᠠᠮᠲᠤ | ᠨᠠᠮ ᠤᠨ ᠲᠥᠪ ᠬᠤᠷᠢᠶᠠᠨ ᠤ ᠲᠣᠭᠲᠠᠭᠠᠯ︾ ᠠᠴᠠ ᠬᠤᠲᠠ ᠬᠥᠳᠡᠭᠡ ᠶᠢ ᠠᠭᠤᠰᠤᠯᠴᠠᠭᠤᠯᠤᠨ ᠬᠥᠭᠵᠢᠭᠦᠯᠬᠦ ᠪᠠᠶᠢᠭᠤᠯᠤᠯ ᠲᠣᠭᠲᠠᠴᠠ ᠶᠢ ᠲᠡᠭᠦᠯᠳᠡᠷᠵᠢᠭᠦᠯᠬᠦ ᠲᠤᠬᠠᠢ | ᠴᠢᠬᠤᠯᠠ ᠪᠠᠶᠢᠷᠢᠯᠠᠭᠤᠯᠤᠯᠲᠠ ᠬᠢᠪᠡ᠃ ᠬᠤᠲᠠ ᠬᠥᠳᠡᠭᠡ ᠶᠢ ᠠᠭᠤᠰᠤᠯᠴᠠᠭᠤᠯᠤᠨ ᠬᠥᠭᠵᠢᠭᠦᠯᠬᠦ ᠪᠣᠯ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ | ᠵᠠᠶᠢᠯᠠᠰᠢ ᠦᠭᠡᠢ ᠱᠠᠭᠠᠷᠳᠠᠯᠭ᠎ᠠ ᠮᠥᠨ᠃ ᠡᠷᠬᠡᠪᠰᠢ ᠭᠤᠣᠯᠳᠠᠯᠭ᠎ᠠ ᠲᠠᠢ ᠡᠭᠦᠷᠭᠡ ᠶᠢ ᠡᠵᠡᠮᠳᠡᠵᠦ᠂ ᠪᠠᠶᠢᠭᠤᠯᠤᠮᠵᠢ ᠲᠣᠭᠲᠠᠴᠠ ᠶᠢᠨ ᠲᠠᠯ᠎ᠠ ᠠᠴᠠ ᠰᠢᠨ᠎ᠡ ᠬᠡᠯᠪᠡᠷᠢ ᠶᠢᠨ | ᠠᠵᠤ ᠦᠢᠯᠡᠳᠪᠦᠷᠢᠵᠢᠯᠲᠡ᠂ ᠰᠢᠨ᠎ᠡ ᠬᠡᠯᠪᠡᠷᠢ ᠶᠢᠨ ᠬᠤᠳᠠ ᠪᠠᠯᠭᠠᠰᠤᠵᠢᠯᠲᠠ ᠪᠣᠯᠣᠨ ᠬᠥᠳᠡᠭᠡ ᠲᠣᠰᠬᠤᠨ ᠢ ᠪᠦᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ | ᠨᠢᠭᠡᠳᠦᠯᠲᠡᠢ ᠲᠥᠯᠥᠪᠵᠢᠭᠦᠯᠵᠦ᠂ ᠬᠤᠳᠠ ᠬᠥᠳᠡᠭᠡ ᠶᠢᠨ ᠲᠥᠯᠦᠪᠵᠢᠭᠦᠯᠭᠡ᠂ ᠪᠦᠲᠦᠭᠡᠨ ᠪᠠᠶᠢᠭᠤᠯᠤᠯᠲᠠ᠂ ᠵᠠᠰᠠᠯᠲᠠ ᠶᠢᠨ ᠠᠭᠤᠰᠤᠯᠴᠠᠭᠤᠯᠬᠤ ᠶᠢ ᠪᠦᠬᠦ ᠲᠠᠯ᠎ᠠ ᠪᠠᠷ | ᠳᠡᠭᠡᠭᠰᠢᠯᠡᠭᠦᠯᠵᠦ᠂ ᠬᠤᠳᠠ ᠬᠥᠳᠡᠭᠡ ᠶᠢᠨ ᠴᠢᠬᠤᠯᠠ ᠡᠯᠧᠮᠧᠨ᠋ᠲ ᠤᠨ ᠡᠷᠬᠡ ᠲᠡᠭᠰᠢ ᠰᠣᠯᠢᠯᠴᠠᠭ᠎ᠠ᠂ ᠬᠤᠣᠰ ᠴᠢᠭᠯᠡᠯ ᠢᠶᠠᠷ ᠰᠢᠯᠵᠢᠬᠦ ᠶᠢ ᠠᠬᠢᠭᠤᠯᠵᠤ᠂ ᠬᠤᠳᠠ | ᠬᠥᠳᠡᠭᠡ ᠶᠢᠨ ᠵᠥᠷᠢᠶ᠎ᠡ ᠶᠢ ᠪᠠᠭᠠᠰᠬᠠᠵᠤ᠂ ᠬᠤᠳᠠ ᠬᠥᠳᠡᠭᠡ ᠶᠢᠨ ᠬᠠᠮᠲᠤ ᠪᠠᠷ ᠴᠡᠴᠡᠭᠯᠡᠨ ᠬᠥᠭᠵᠢᠬᠦ ᠶᠢ ᠠᠬᠢᠭᠤᠯᠬᠤ ᠬᠡᠷᠡᠭᠲᠡᠢ᠃ | ᠲᠠᠷᠢᠶᠠᠯᠠᠩ ᠠᠴᠠ ᠰᠢᠯᠵᠢᠭᠰᠡᠨ ᠬᠥᠮᠥᠨ ᠠᠮᠠ ᠶᠢ ᠬᠤᠲᠠ ᠶᠢᠨ ᠠᠷᠠᠳ ᠪᠣᠯᠭᠠᠬᠤ ᠶᠠᠪᠤᠳᠠᠯ ᠢ ᠲᠦᠷᠭᠡᠳᠬᠡᠬᠦ ᠬᠡᠷᠡᠭᠲᠠᠢ᠃ 2023 ᠣᠨ ᠤ ᠡᠴᠦᠰ | ᠪᠣᠯᠲᠠᠯ᠎ᠠ ᠮᠠᠨ ᠤ ᠤᠯᠤᠰ ᠤᠨ ᠪᠠᠶᠢᠩᠭᠤ ᠰᠠᠭᠤᠭ᠎ᠠ ᠬᠥᠮᠥᠨ ᠠᠮᠠ ᠶᠢᠨ ᠬᠤᠲᠠ ᠪᠠᠯᠭᠠᠰᠤᠵᠢᠯᠲᠠ ᠶᠢᠨ ᠨᠣᠷᠮ᠎ᠠ 66.16% ᠬᠦᠷᠴᠦ᠂ ᠡᠷᠦᠬᠡ ᠠᠮᠠ ᠶᠢᠨ | ᠬᠠᠷᠢᠶᠠᠨ ᠤ ᠬᠥᠮᠥᠨ ᠠᠮᠠ ᠶᠢᠨ ᠬᠤᠲᠠ ᠪᠠᠯᠭᠠᠰᠤᠵᠢᠯᠲᠠ ᠶᠢᠨ ᠨᠣᠷᠮ᠎ᠠ ᠨᠢ ᠪᠠᠶᠢᠩᠭᠤ ᠰᠠᠭᠤᠭ᠎ᠠ ᠬᠥᠮᠥᠨ ᠠᠮᠠ ᠶᠢᠨ ᠬᠤᠲᠠ ᠪᠠᠯᠭᠠᠰᠤᠵᠢᠯᠲᠠ ᠶᠢᠨ ᠨᠣᠷᠮ᠎ᠠ ᠠᠴᠠ | 18 ᠵᠠᠭᠤᠨ ᠤ ᠬᠤᠪᠢ ᠰᠢᠬᠠᠮ ᠳᠣᠣᠷ᠎ᠠ ᠪᠠᠶᠢᠵᠤ᠂ 2.5 ᠳ᠋ᠦᠩᠰᠢᠭᠤᠷ ᠭᠠᠷᠤᠢ ᠬᠥᠮᠥᠨ ᠳᠤ ᠬᠤᠯᠪᠣᠭᠳᠠᠵᠤ᠂ ᠡᠭᠦᠨ ᠳᠤ ᠵᠣᠩᠬᠢᠯᠠᠬᠤ ᠣᠯᠠᠨ ᠲᠣᠭᠠᠨ ᠤ | ᠬᠥᠮᠥᠨ ᠨᠢ ᠬᠥᠳᠡᠭᠡ ᠲᠣᠰᠬᠤᠨ ᠤ ᠨᠡᠭᠦᠳᠡᠯ ᠬᠥᠮᠥᠨ ᠠᠮᠠ ᠪᠣᠯᠣᠨ᠎ᠠ᠃ ᠣᠳᠣᠬᠠᠨ ᠤ ᠪᠠᠴᠢᠮ ᠡᠭᠦᠷᠭᠡ ᠪᠣᠯ ᠨᠥᠬᠦᠴᠡᠯ ᠳᠤ ᠨᠡᠶᠢᠴᠡᠬᠦ ᠲᠠᠷᠢᠶᠠᠯᠠᠩ ᠠᠴᠠ | ᠰᠢᠯᠵᠢᠭᠰᠡᠨ ᠬᠥᠮᠥᠨ ᠠᠮᠠ ᠶᠢ ᠬᠤᠲᠠ ᠳᠤ ᠡᠷᠦᠬᠡ ᠠᠮᠠ ᠣᠷᠣᠭᠤᠯᠤᠨ ᠰᠠᠭᠤᠷᠢᠰᠢᠭᠤᠯᠵᠤ᠂ ᠣᠯᠠᠨ ᠨᠡᠶᠢᠲᠡ ᠶᠢᠨ ᠦᠨᠳᠦᠰᠦᠨ ᠦᠢᠯᠡᠴᠢᠯᠡᠭᠡ ᠶᠢ ᠪᠠᠶᠢᠩᠭᠤ | ᠰᠠᠭᠤᠭ᠎ᠠ ᠬᠥᠮᠥᠨ ᠠᠮᠠ ᠳᠤ ᠨᠡᠶᠢᠳᠡᠮ ᠬᠠᠩᠭᠠᠬᠤ ᠶᠢ ᠪᠡᠶᠡᠯᠡᠭᠦᠯᠬᠦ ᠶᠠᠪᠤᠳᠠᠯ ᠪᠣᠯᠣᠨ᠎ᠠ᠃ ᠲᠠᠷᠢᠶᠠᠯᠠᠩ ᠠᠴᠠ ᠰᠢᠯᠵᠢᠭᠰᠡᠨ ᠬᠥᠮᠥᠨ ᠠᠮᠠ ᠶᠢ ᠬᠤᠲᠠ ᠶᠢᠨ ᠠᠷᠠᠳ | ᠪᠣᠯᠭᠠᠬᠤ ᠶᠠᠪᠤᠳᠠᠯ ᠢ ᠰᠢᠨ᠎ᠡ ᠮᠠᠶ᠋ᠢᠭ ᠤᠨ ᠬᠤᠲᠠ ᠪᠠᠯᠭᠠᠰᠤᠵᠢᠯᠲᠠ ᠶᠢᠨ ᠲᠡᠷᠢᠭᠦᠨ ᠴᠢᠬᠤᠯᠠ ᠡᠭᠦᠷᠭᠡ ᠪᠣᠯᠭᠠᠵᠤ᠂ ᠡᠷᠦᠬᠡ ᠠᠮᠠ ᠶᠢᠨ ᠳᠦᠷᠢᠮ ᠤᠨ | ᠥᠭᠡᠷᠡᠴᠢᠯᠡᠯᠲᠡ ᠶᠢ ᠤᠯᠠᠮ ᠨᠢᠭᠡ ᠠᠯᠬᠤᠮ ᠭᠦᠨᠵᠡᠭᠡᠶᠢᠷᠡᠭᠦᠯᠦᠨ᠂ ᠣᠨᠴᠠ ᠶᠡᠭᠡ ᠬᠤᠲᠠ ᠠᠴᠠ ᠭᠠᠳᠠᠨᠠᠬᠢ ᠡᠷᠦᠬᠡ ᠠᠮᠠ ᠣᠷᠣᠭᠤᠯᠬᠤ ᠬᠢᠵᠠᠭᠠᠷᠯᠠᠯ ᠢ ᠴᠢᠯᠦᠭᠡᠲᠡᠢ | ᠪᠣᠯᠭᠠᠵᠤ᠂ ᠬᠤᠲᠠ ᠪᠠᠯᠭᠠᠰᠤᠨ ᠳᠤ ᠲᠣᠭᠲᠠᠪᠤᠷᠢᠲᠠᠢ ᠠᠵᠢᠯ ᠣᠯᠣᠭᠰᠠᠨ ᠪᠠ ᠠᠮᠢᠳᠤᠷᠠᠵᠤ ᠪᠠᠶᠢᠭ᠎ᠠ ᠲᠠᠷᠢᠶᠠᠯᠠᠩ ᠠᠴᠠ ᠰᠢᠯᠵᠢᠭᠰᠡᠨ ᠬᠥᠮᠥᠨ ᠠᠮᠠ ᠶᠢᠨ ᠭᠡᠷ | ᠪᠦᠯᠢ ᠪᠠᠷ ᠢᠶᠠᠨ ᠬᠤᠲᠠ ᠣᠷᠣᠵᠤ ᠡᠷᠦᠬᠡ ᠠᠮᠠ ᠣᠷᠣᠬᠤ ᠶᠢ ᠠᠬᠢᠭᠤᠯᠬᠤ ᠶᠢᠨ ᠬᠠᠮᠲᠤ ᠬᠤᠲᠠ ᠪᠠᠯᠭᠠᠰᠤᠨ ᠤ ᠰᠠᠭᠤᠭᠠᠯᠢ ᠠᠷᠠᠳ ᠲᠠᠢ ᠠᠳᠠᠯᠢ ᠡᠷᠬᠡ ᠶᠢ ᠡᠳ᠋ᠯᠡᠵᠦ ᠂ | ᠠᠳᠠᠯᠢ ᠡᠭᠦᠷᠭᠡ ᠶᠢ ᠭᠦᠢᠴᠡᠳᠬᠡᠬᠦ ᠬᠡᠷᠡᠭᠲᠡᠢ᠃ ᠬᠤᠯᠪᠣᠭᠳᠠᠯ ᠪᠦᠬᠦᠢ ᠤᠯᠠᠨ ᠨᠡᠶᠢᠲᠡ ᠶᠢᠨ ᠦᠢᠯᠡᠴᠢᠯᠡᠭᠡ ᠶᠢᠨ ᠬᠥᠮᠥᠨ ᠢ ᠲᠠᠭᠠᠬᠤ ᠶᠢ ᠠᠬᠢᠭᠤᠯᠵᠤ᠂ | ᠦᠨᠳᠦᠰᠦᠨ ᠤᠯᠠᠨ ᠨᠡᠶᠢᠲᠡ ᠶᠢᠨ ᠦᠢᠯᠡᠴᠢᠯᠡᠭᠡ ᠶᠢ ᠪᠠᠶᠢᠩᠭᠤ ᠰᠠᠭᠤᠭ᠎ᠠ ᠭᠠᠵᠠᠷ ᠠᠴᠠ ᠬᠠᠩᠭᠠᠬᠤ᠂ ᠪᠦᠬᠦ ᠪᠠᠶᠢᠩᠭᠤ ᠰᠠᠭᠤᠭ᠎ᠠ ᠬᠥᠮᠥᠨ ᠠᠮᠠ ᠶᠢ ᠬᠠᠮᠤᠷᠬᠤ ᠶᠢ | ᠯᠠᠪᠳᠠᠭᠤᠨ ᠢᠶᠠᠷ ᠪᠡᠶᠡᠯᠡᠭᠦᠯᠦᠨ᠎ᠡ᠃ ᠲᠠᠷᠢᠶᠠᠯᠠᠩ ᠠᠴᠠ ᠰᠢᠯᠵᠢᠭᠰᠡᠨ ᠬᠥᠮᠥᠨ ᠠᠮᠠ ᠶᠢᠨ ᠬᠤᠲᠠ ᠪᠠᠯᠭᠠᠰᠤᠨ ᠳᠤ ᠲᠣᠭᠲᠠᠪᠤᠷᠢᠲᠠᠢ ᠠᠵᠢᠯ ᠣᠯᠬᠤ ᠶᠢ ᠠᠬᠢᠭᠤᠯᠵᠤ᠂ | ᠳᠠᠭᠠᠵᠤ ᠨᠡᠭᠦᠭᠰᠡᠨ ᠦᠷ᠎ᠡ ᠬᠡᠦᠬᠡᠳ ᠤᠨ ᠨᠡᠭᠦᠵᠦ ᠣᠴᠢᠭᠰᠠᠨ ᠭᠠᠵᠠᠷ ᠲᠠᠭᠠᠨ ᠰᠤᠷᠭᠠᠨ ᠬᠥᠮᠦᠵᠢᠯ ᠭᠥᠷᠳᠡᠬᠦ ᠡᠷᠬᠡ ᠶᠢ ᠪᠠᠲᠤᠯᠠᠵᠤ᠂ ᠲᠠᠷᠢᠶᠠᠯᠠᠩ ᠠᠴᠠ | ᠰᠢᠯᠵᠢᠭᠰᠡᠨ ᠬᠥᠮᠥᠨ ᠠᠮᠠ ᠶᠢᠨ ᠣᠯᠠᠨ ᠡᠰᠢᠵᠢᠭᠰᠡᠨ ᠣᠷᠣᠨ ᠰᠠᠭᠤᠴᠠ ᠶᠢᠨ ᠪᠠᠲᠤᠯᠠᠭ᠎ᠠ ᠶᠢᠨ ᠰᠢᠰᠲ᠋ᠧᠮ ᠢ ᠲᠡᠭᠦᠯᠳᠡᠷᠵᠢᠭᠦᠯᠵᠦ᠂ ᠠᠵᠢᠯ ᠣᠯᠣᠭᠰᠠᠨ ᠭᠠᠵᠠᠷ ᠲᠤ | ᠳᠠᠭᠠᠳᠬᠠᠯ ᠳᠤ ᠣᠷᠣᠬᠤ ᠡᠷᠦᠬᠡ ᠠᠮᠠ ᠶᠢᠨ ᠬᠢᠵᠠᠭᠠᠷᠯᠠᠯ ᠢ ᠪᠥᠬᠦ ᠲᠠᠯ᠎ᠠ ᠪᠠᠷ ᠬᠦᠴᠦᠨ ᠦᠭᠡᠢ ᠪᠣᠯᠭᠠᠨ᠎ᠠ᠃ ᠰᠢᠶᠠᠨ ᠤ ᠬᠤᠲᠠ ᠶᠢᠨ ᠶᠡᠷᠦᠩᠬᠡᠶᠢᠯᠡᠭᠰᠡᠨ ᠳᠠᠭᠠᠭᠠᠬᠤ | ᠴᠢᠳᠠᠪᠤᠷᠢ ᠶᠢ ᠴᠢᠩᠭᠠᠷᠠᠭᠤᠯᠵᠤ᠂ ᠰᠢᠶᠠᠨ ᠤ ᠬᠤᠲᠠ ᠶᠢᠨ ᠬᠥᠭᠵᠢᠯᠲᠡ ᠶᠢᠨ ᠶᠠᠰᠤ ᠴᠢᠨᠠᠷ ᠢ ᠳᠡᠭᠡᠭᠰᠢᠯᠡᠭᠦᠯᠦᠨ᠂ ᠲᠠᠷᠢᠶᠠᠯᠠᠩ ᠠᠴᠠ ᠰᠢᠯᠵᠢᠭᠰᠡᠨ ᠬᠥᠮᠥᠨ ᠠᠮᠠ ᠶᠢ | ᠣᠶᠢᠷ᠎ᠠ ᠬᠠᠪᠢ ᠳᠤᠨᠢ ᠬᠤᠲᠠ ᠪᠠᠯᠭᠠᠰᠤᠵᠢᠭᠤᠯᠤᠨᠠ᠃ | ᠲᠠᠷᠢᠶᠠᠯᠠᠩ ᠢ ᠬᠦᠴᠦᠷᠬᠡᠭᠵᠢᠭᠦᠯᠦᠨ ᠲᠠᠷᠢᠶᠠᠴᠢᠳ ᠲᠤ ᠠᠰᠢᠭ ᠬᠦᠷᠲᠡᠭᠡᠵᠦ ᠲᠠᠷᠢᠶᠠᠴᠢᠳ ᠢ ᠪᠠᠶᠠᠵᠢᠭᠤᠯᠬᠤ ᠶᠢ ᠳᠡᠮᠵᠢᠬᠦ ᠳᠦᠷᠢᠮ ᠢ ᠲᠡᠭᠦᠯᠳᠡᠷᠵᠢᠭᠦᠯᠬᠦ | ᠬᠡᠷᠡᠭᠲᠠᠢ᠃ ᠣᠳᠣᠬᠠᠨ ᠳᠤ ᠲᠠᠷᠢᠶᠠᠯᠠᠩ ᠤᠨ ᠰᠠᠭᠤᠷᠢ ᠪᠠᠰᠠ ᠨᠡᠯᠢᠶᠡᠳ ᠪᠠᠭᠤᠷᠠᠢ ᠪᠠᠶᠢᠵᠤ᠂ ᠬᠥᠳᠡᠭᠡ ᠲᠣᠰᠬᠤᠨ ᠤ ᠬᠥᠭᠵᠢᠯᠲᠡ ᠮᠥᠨ ᠬᠦ ᠬᠤᠴᠣᠷᠤᠩᠭᠤᠢ | ᠪᠠᠶᠢᠭ᠎ᠠ ᠪᠣᠯᠬᠤᠷ ᠡᠷᠬᠡᠪᠰᠢ ᠲᠠᠷᠢᠶᠠᠯᠠᠩ ᠢ ᠬᠦᠴᠦᠷᠬᠡᠭᠵᠢᠭᠦᠯᠦᠨ ᠲᠠᠷᠢᠶᠠᠴᠢᠳ ᠲᠤ ᠠᠰᠢᠭ ᠬᠦᠷᠲᠡᠭᠡᠨ ᠲᠠᠷᠢᠶᠠᠴᠢᠳ ᠢ ᠪᠠᠶᠠᠵᠢᠭᠤᠯᠬᠤ ᠲᠥᠷᠥ ᠶᠢᠨ ᠪᠣᠳᠣᠯᠭ᠎ᠠ ᠶᠢᠨ | ᠡᠷᠴᠢᠮ ᠢᠶᠠᠨ ᠦᠷᠭᠦᠯᠵᠢᠯᠡᠨ ᠨᠡᠮᠡᠭᠳᠡᠭᠦᠯᠵᠦ᠂ ᠲᠠᠷᠢᠶᠠᠯᠠᠩ ᠤᠨ ᠨᠥᠬᠦᠪᠦᠷᠢ ᠶᠢᠨ ᠲᠥᠷᠥ ᠶᠢᠨ ᠪᠣᠳᠣᠯᠭ᠎ᠠ ᠶᠢᠨ ᠰᠢᠰᠲ᠋ᠧᠮᠵᠢ ᠶᠢ ᠰᠢᠯᠢᠳᠡᠭᠵᠢᠭᠦᠯᠦᠨ᠂ ᠬᠥᠮᠥᠨ ᠤ | ᠬᠦᠴᠦᠨ ᠤ ᠣᠷᠣᠭᠤᠯᠤᠯᠲᠠ᠂ ᠪᠣᠳᠠᠰ ᠤᠨ ᠬᠦᠴᠦᠨ ᠤ ᠲᠣᠬᠢᠷᠠᠭᠤᠯᠤᠯᠲᠠ᠂ ᠡᠳ᠋ ᠤᠨ ᠬᠦᠴᠦᠨ ᠤ ᠪᠠᠲᠤᠯᠠᠭ᠎ᠠ ᠵᠡᠷᠭᠡ ᠶᠢ ᠲᠠᠷᠢᠶᠠᠯᠠᠩ ᠬᠥᠳᠡᠭᠡ ᠲᠣᠰᠬᠤᠨ ᠤ | ᠣᠳᠣᠬᠢᠴᠢᠯᠠᠯᠲᠠ ᠶᠢᠨ ᠬᠠᠷᠠᠯᠲᠠ ᠡᠭᠦᠷᠭᠡ ᠯᠦᠭᠡ ᠬᠠᠷᠢᠯᠴᠠᠨ ᠵᠣᠬᠢᠴᠠᠭᠤᠯᠬᠤ ᠶᠢ ᠦᠨᠡᠨ ᠬᠦ ᠪᠠᠲᠤᠯᠠᠵᠤ᠂ ᠬᠤᠲᠠ ᠬᠥᠳᠡᠭᠡ ᠶᠢᠨ ᠬᠥᠭᠵᠢᠯᠲᠡ ᠶᠢᠨ ᠵᠥᠷᠢᠶ᠎ᠡ ᠶᠢ | ᠪᠠᠭᠠᠰᠬᠠᠬᠤ ᠬᠡᠷᠡᠭᠲᠡᠢ᠃ ᠲᠠᠷᠢᠶᠠᠯᠠᠩ ᠬᠥᠳᠡᠭᠡ ᠲᠣᠰᠬᠤᠨ ᠢ ᠡᠩ ᠤᠨ ᠣᠯᠠᠨ ᠨᠡᠶᠢᠲᠡ ᠶᠢᠨ ᠲᠥᠰᠥᠪ ᠢ ᠤᠷᠢᠳ ᠢᠶᠠᠷ ᠪᠠᠲᠤᠯᠠᠬᠤ ᠶᠢ ᠪᠠᠷᠢᠮᠲᠠᠯᠠᠵᠤ᠂ ᠲᠥᠪ ᠤᠨ | ᠲᠥᠰᠥᠪ ᠤᠨ ᠳᠣᠲᠣᠷᠠᠬᠢ ᠪᠡᠯᠡ ᠣᠷᠣᠭᠤᠯᠤᠯᠲᠠ ᠶᠢ ᠲᠠᠷᠢᠶᠠᠯᠠᠩ ᠬᠥᠳᠡᠭᠡ ᠲᠣᠰᠬᠤᠨ ᠳᠠᠶᠢᠰᠢ ᠤᠯᠠᠮ ᠨᠢᠭᠡ ᠠᠯᠬᠤᠮ ᠬᠡᠯᠪᠠᠶᠢᠯᠭᠡᠵᠦ᠂ ᠣᠷᠣᠨ ᠨᠤᠲᠤᠭ ᠤᠨ | ᠵᠠᠰᠠᠭ ᠤᠨ ᠣᠷᠳᠣᠨ ᠤ ᠣᠷᠣᠭᠤᠯᠤᠯᠲᠠ ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠤᠨ᠎ᠠ᠃ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠡᠯᠡ | ᠣᠷᠣᠭᠤᠯᠤᠯᠲᠠ ᠪᠡᠯᠡ ᠲᠣᠬᠢᠷᠠᠭᠤᠯᠭ᠎ᠠ ᠶᠢᠨ ᠲᠣᠭᠲᠠᠴᠠ ᠶᠢᠨ ᠰᠢᠨ᠎ᠡ ᠶᠢ ᠡᠭᠦᠳᠴᠦ᠂ ᠦᠨ᠎ᠡ ᠬᠠᠩᠰᠢ᠂ ᠨᠥᠬᠦᠪᠦᠷᠢ᠂ ᠳᠠᠭᠠᠳᠬᠠᠯ ᠵᠡᠷᠭᠡ ᠲᠠᠯ᠎ᠠ ᠪᠠᠷ ᠲᠠᠷᠢᠶᠠᠯᠠᠩ ᠢ | ᠳᠡᠮᠵᠢᠬᠦ ᠬᠠᠮᠠᠭᠠᠯᠠᠯᠲᠠ ᠶᠢᠨ ᠲᠦᠷᠦ ᠶᠢᠨ ᠪᠣᠳᠣᠯᠭ᠎ᠠ ᠶᠢ ᠴᠢᠩᠭᠠᠳᠬᠠᠨ᠎ᠠ᠃ ᠤᠯᠠᠨ ᠨᠡᠶᠢᠲᠡ ᠶᠢᠨ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢᠨ | ᠭᠤᠣᠯᠳᠠᠯᠭ᠎ᠠ ᠶᠢ ᠬᠥᠳᠡᠭᠡ ᠲᠣᠰᠬᠤᠨ ᠳᠤ ᠲᠠᠯᠪᠢᠵᠤ᠂ ᠬᠤᠳᠠ ᠬᠥᠳᠡᠭᠡ ᠶᠢᠨ ᠰᠠᠭᠤᠷᠢ ᠲᠥᠬᠦᠭᠡᠷᠦᠮᠵᠢ ᠶᠢ ᠬᠠᠮᠲᠤ ᠪᠠᠷ ᠪᠠᠶᠢᠭᠤᠯᠵᠤ ᠬᠠᠮᠲᠤ ᠪᠠᠷ ᠡᠳ᠋ᠯᠡᠬᠦ᠂ | ᠬᠤᠯᠪᠣᠯᠳᠤᠨ ᠨᠡᠪᠲᠡᠷᠡᠯᠴᠡᠬᠦ ᠶᠢ ᠠᠬᠢᠭᠤᠯᠵᠤ᠂ ᠬᠥᠳᠡᠭᠡ ᠲᠣᠰᠬᠤᠨ ᠤ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢᠨ ᠲᠡᠰ ᠳᠡᠪᠰᠢᠬᠦ ᠶᠢ | ᠠᠬᠢᠭᠤᠯᠤᠨ᠎ᠠ᠃ ᠣᠯᠠᠨ ᠨᠡᠶᠢᠲᠡ ᠶᠢᠨ ᠦᠢᠯᠡᠴᠢᠯᠡᠭᠡ ᠶᠢ ᠬᠥᠳᠡᠭᠡ ᠪᠠᠭᠤᠯᠭᠠᠬᠤ ᠶᠢ ᠠᠬᠢᠭᠤᠯᠵᠤ᠂ ᠪᠥᠬᠦ ᠠᠷᠠᠳ ᠢ ᠬᠠᠮᠤᠷᠤᠭᠰᠠᠨ᠂ ᠨᠡᠶᠢᠳᠡᠮ ᠠᠰᠢᠭ ᠬᠦᠷᠲᠡᠭᠡᠵᠦ | ᠬᠠᠮᠲᠤ ᠪᠠᠷ ᠡᠳ᠋ᠯᠡᠭᠰᠡᠨ᠂ ᠬᠤᠲᠠ ᠬᠥᠳᠡᠭᠡ ᠶᠢ ᠨᠢᠭᠡ ᠴᠣᠭᠴᠠᠵᠢᠭᠤᠯᠤᠭᠰᠠᠨ ᠦᠨᠳᠦᠰᠦᠨ ᠣᠯᠠᠨ ᠨᠡᠶᠢᠲᠡ ᠶᠢᠨ ᠦᠢᠯᠡᠴᠢᠯᠡᠭᠡᠨ ᠤ ᠰᠢᠰᠲ᠋ᠧᠮᠵᠢ ᠶᠢ ᠠᠯᠬᠤᠮ | ᠠᠯᠬᠤᠮ ᠢᠶᠠᠷ ᠪᠠᠶᠢᠭᠤᠯᠤᠨ ᠪᠦᠷᠢᠨᠰᠢᠭᠦᠯᠦᠨ᠎ᠡ᠃ ᠠᠮᠤ ᠪᠤᠳᠠᠭ᠎ᠠ ᠲᠠᠷᠢᠬᠤ ᠲᠠᠷᠢᠶᠠᠴᠢᠳ ᠤᠨ ᠠᠰᠢᠭ ᠣᠷᠣᠯᠭ᠎ᠠ ᠶᠢ ᠪᠠᠲᠤᠯᠠᠬᠤ ᠲᠣᠭᠲᠠᠴᠠ ᠶᠢ ᠲᠡᠭᠦᠯᠳᠡᠷᠵᠢᠭᠦᠯᠵᠦ᠂ | ᠠᠮᠤ ᠪᠤᠳᠠᠭᠠᠨ ᠤ ᠠᠮᠤᠷ ᠲᠦᠪᠰᠢᠨ ᠪᠠ ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠵᠦ ᠬᠠᠮᠲᠤ ᠪᠠᠷ ᠠᠰᠢᠭ ᠬᠦᠷᠲᠡᠬᠦ ᠶᠢ ᠪᠡᠶᠡᠯᠡᠭᠦᠯᠬᠦ ᠬᠡᠷᠡᠭᠲᠡᠢ᠃ ᠠᠮᠤ ᠪᠤᠳᠠᠭ᠎ᠠ | ᠵᠡᠷᠭᠡ ᠴᠢᠬᠤᠯᠠ ᠲᠠᠷᠢᠶᠠᠯᠠᠩ ᠤᠨ ᠪᠦᠲᠦᠭᠡᠭᠳᠡᠬᠦᠨ ᠤ ᠦᠨ᠎ᠡ ᠬᠠᠩᠰᠢ ᠶᠢ ᠵᠦᠢ ᠵᠣᠬᠢᠰᠲᠠᠢ ᠲᠦᠪᠰᠢᠨ ᠳᠤ ᠪᠠᠶᠢᠯᠭᠠᠬᠤ ᠶᠢ ᠠᠬᠢᠭᠤᠯᠵᠤ᠂ ᠠᠮᠤ ᠪᠤᠳᠠᠭ᠎ᠠ ᠳᠠᠷᠢᠬᠤ | ᠲᠠᠷᠢᠶᠠᠴᠢᠳ ᠢ ᠠᠰᠢᠭ ᠣᠷᠣᠯᠭ᠎ᠠ ᠲᠠᠢ ᠪᠣᠯᠭᠠᠵᠤ᠂ ᠠᠮᠤ ᠪᠤᠳᠠᠭᠠᠨ ᠤ ᠦᠢᠯᠡᠳᠪᠦᠷᠢᠯᠡᠯ ᠢ ᠰᠡᠳᠬᠢᠯ ᠠᠮᠤᠷ ᠪᠠᠲᠤᠯᠠᠵᠤ ᠴᠢᠳᠠᠨ᠎ᠠ᠃ ᠠᠮᠤ ᠪᠤᠳᠠᠭᠠᠨ ᠤ | ᠦᠢᠯᠡᠳᠪᠦᠷᠢᠯᠡᠯ ᠪᠣᠷᠤᠯᠠᠭᠤᠯᠭ᠎ᠠ ᠶᠢᠨ ᠣᠷᠣᠨ ᠤ ᠮᠤᠵᠢ ᠶᠢᠨ ᠬᠤᠭᠤᠷᠣᠨᠳᠣᠬᠢ ᠠᠰᠢᠭ ᠲᠤᠰᠠ ᠶᠢᠨ ᠨᠥᠬᠦᠪᠦᠷᠢ ᠶᠢᠨ ᠲᠣᠭᠲᠠᠴᠠ ᠶᠢ ᠨᠢᠭᠡᠳᠦᠯᠲᠡᠢ ᠲᠥᠯᠥᠪᠯᠡᠨ | ᠪᠠᠶᠢᠭᠤᠯᠵᠤ᠂ ᠠᠰᠢᠭ ᠲᠤᠰᠠ ᠶᠢᠨ ᠨᠥᠬᠦᠪᠦᠷᠢ ᠶᠢᠨ ᠠᠷᠭ᠎ᠠ ᠶᠢᠨ ᠰᠢᠨ᠎ᠡ ᠶᠢ ᠡᠭᠦᠳᠴᠦ᠂ ᠨᠥᠬᠦᠪᠦᠷᠢᠯᠡᠬᠦ ᠠᠷᠭ᠎ᠠ ᠵᠠᠮ ᠢ ᠥᠷᠭᠡᠵᠢᠭᠦᠯᠦᠨ᠂ ᠨᠥᠬᠦᠪᠦᠷᠢᠯᠡᠬᠦ | ᠡᠷᠴᠢᠮ ᠢᠶᠠᠨ ᠨᠡᠮᠡᠭᠳᠡᠭᠦᠯᠵᠦ᠂ ᠭᠤᠣᠯ ᠭᠠᠷᠤᠯᠲᠠ ᠶᠢᠨ ᠣᠷᠣᠨ ᠤ ᠵᠠᠰᠠᠭ ᠤᠨ ᠣᠷᠳᠣᠨ ᠪᠣᠯᠣᠨ ᠥᠷᠭᠡᠨ ᠣᠯᠠᠨ ᠲᠠᠷᠢᠶᠠᠴᠢᠳ ᠲᠤ ᠠᠮᠤ ᠪᠤᠳᠠᠭ᠎ᠠ ᠲᠠᠷᠢᠬᠤ ᠳᠤ | ᠨᠡᠩ ᠢᠯᠡᠭᠦᠦ ᠪᠣᠳᠠᠲᠤ ᠠᠰᠢᠭ ᠬᠦᠷᠲᠡᠭᠡᠵᠦ᠂ ᠭᠤᠣᠯ ᠭᠠᠷᠤᠯᠲᠠ ᠶᠢᠨ ᠣᠷᠣᠨ ᠤ ᠠᠮᠤ ᠪᠤᠳᠠᠭᠠᠨ ᠤ ᠦᠢᠯᠡᠳᠪᠦᠷᠢᠯᠡᠯ ᠢ ᠰᠠᠶᠢᠲᠤᠷ ᠠᠳᠬᠤᠬᠤ ᠢᠳᠡᠪᠬᠢᠵᠢᠯ ᠢ | ᠤᠯᠠᠮ ᠨᠢᠭᠡ ᠠᠯᠬᠤᠮ ᠬᠥᠭᠵᠢᠭᠡᠬᠦ ᠬᠡᠷᠡᠭᠲᠡᠢ᠃ | ᠠᠷᠭ᠎ᠠ ᠪᠦᠬᠦᠨ ᠢ ᠰᠦᠪᠡᠭᠴᠢᠯᠡᠵᠦ ᠪᠠᠶᠢᠭᠠᠳ ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠦᠨ ᠴᠢᠨᠡᠭᠡᠯᠢᠭᠵᠢᠬᠦ ᠠᠷᠭ᠎ᠠ ᠵᠠᠮ ᠢ ᠥᠷᠭᠡᠳᠬᠡᠬᠦ ᠬᠡᠷᠡᠭᠲᠠᠢ᠃ | ᠶᠡᠷᠦᠩᠬᠡᠢ ᠱᠦᠵᠢ ᠰᠢ ᠶᠢᠨ ᠫᠢᠩ᠂ ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠬᠦ ᠶᠢ ︽ᠬᠥᠳᠡᠭᠡ ᠠᠵᠤ ᠠᠬᠤᠢ ᠬᠥᠳᠡᠭᠡ ᠲᠣᠰᠬᠤᠨ ᠲᠠᠷᠢᠶᠠᠴᠢᠨ︾ ᠤ | ᠠᠵᠢᠯ ᠤᠨ ᠭᠤᠣᠯ ᠡᠭᠦᠷᠭᠡ ᠪᠣᠯᠭᠠᠬᠤ ᠶᠢ ᠪᠠᠷᠢᠮᠲᠠᠯᠠᠵᠤ᠂ ᠠᠷᠭ᠎ᠠ ᠪᠦᠬᠦᠨ ᠢ ᠰᠦᠪᠡᠭᠴᠢᠯᠡᠵᠦ ᠪᠠᠶᠢᠭᠠᠳ ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠦᠨ ᠪᠠᠶᠠᠵᠢᠬᠤ | ᠠᠷᠭ᠎ᠠ ᠵᠠᠮ ᠢ ᠥᠷᠭᠡᠳᠬᠡᠬᠦ ᠬᠡᠷᠡᠭᠲᠡᠢ ᠭᠡᠵᠦ ᠵᠢᠭᠠᠵᠤ ᠭᠠᠷᠭᠠᠪᠠ᠃ ᠬᠤᠳᠠ ᠬᠥᠳᠡᠭᠡ ᠶᠢᠨ ᠵᠥᠷᠢᠶ᠎ᠡ ᠶᠢ ᠪᠠᠭᠠᠰᠬᠠᠵᠤ᠂ ᠲᠠᠷᠢᠶᠠᠯᠠᠩ ᠬᠥᠳᠡᠭᠡ ᠲᠣᠰᠬᠤᠨ ᠤ | ᠣᠳᠣᠬᠢᠴᠢᠯᠠᠯᠲᠠ ᠶᠢᠨ ᠠᠯᠬᠤᠴᠠ ᠶᠢ ᠲᠦᠷᠭᠡᠳᠬᠡᠬᠦ ᠳᠤ ᠲᠠᠷᠢᠶᠠᠴᠢᠳ ᠤᠨ ᠣᠷᠣᠯᠭ᠎ᠠ ᠶᠢ ᠦᠨᠳᠦᠰᠦᠨ ᠠᠴᠠ ᠨᠢ ᠨᠡᠮᠡᠭᠳᠡᠭᠦᠯᠵᠦ᠂ ᠬᠤᠳᠠ ᠬᠥᠳᠡᠭᠡ ᠶᠢᠨ | ᠰᠠᠭᠤᠭᠠᠯᠢ ᠠᠷᠠᠳ ᠤᠨ ᠣᠷᠣᠯᠭ᠎ᠠ ᠶᠢᠨ ᠵᠥᠷᠢᠶ᠎ᠡ ᠶᠢ ᠪᠠᠭᠠᠰᠬᠠᠬᠤ ᠬᠡᠷᠡᠭᠲᠡᠢ᠃ ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠬᠦ ᠠᠵᠢᠯᠯᠠᠭ᠎ᠠ ᠶᠢ ᠬᠡᠷᠡᠭᠵᠢᠭᠦᠯᠵᠦ᠂ | ᠬᠥᠳᠡᠭᠡ ᠲᠣᠰᠬᠤᠨ ᠤ ᠠᠷᠠᠳ ᠢ ᠪᠠᠶᠠᠵᠢᠭᠤᠯᠬᠤ ᠠᠵᠤ ᠦᠢᠯᠡᠰ ᠢ ᠦᠷᠭᠦᠯᠵᠢᠯᠡᠨ ᠪᠤᠵᠠᠭᠠᠶᠢᠷᠠᠭᠤᠯᠵᠤ᠂ ᠲᠠᠷᠢᠶᠠᠴᠢᠨ ᠡᠷᠦᠬᠡ ᠶᠢᠨ ᠣᠨᠴᠠᠯᠢᠭᠲᠤ ᠳᠠᠷᠢᠵᠤ ᠲᠡᠵᠢᠭᠡᠬᠦ ᠂ | ᠭᠠᠷ ᠦᠢᠯᠡᠳᠬᠡᠯ ᠤᠨ ᠭᠠᠵᠠᠷ᠂ ᠣᠶ ᠶᠢᠨ ᠳᠤᠲᠤᠷᠠᠬᠢ ᠠᠵᠤ ᠠᠬᠤᠢ ᠶᠢ ᠬᠥᠭᠵᠢᠭᠦᠯᠬᠦ ᠶᠢ ᠳᠡᠮᠵᠢᠨ᠎ᠡ᠃ ᠠᠵᠤ ᠦᠢᠯᠡᠰ ᠤᠨ ᠬᠥᠭᠵᠢᠯᠲᠡ ᠶᠢ ᠲᠠᠷᠢᠶᠠᠯᠠᠩ ᠳᠤ | ᠬᠤᠯᠪᠣᠭᠳᠠᠭᠤᠯᠤᠨ ᠲᠠᠷᠢᠶᠠᠯᠠᠩ ᠢ ᠳᠠᠶᠢᠴᠢᠯᠠᠬᠤ ᠶᠢ ᠴᠢᠩᠭᠠᠳᠬᠠᠵᠤ᠂ ᠰᠢᠨ᠎ᠡ ᠬᠡᠯᠪᠡᠷᠢ ᠶᠢᠨ ᠲᠠᠷᠢᠶᠠᠯᠠᠩ ᠤᠨ ᠡᠵᠡᠩᠨᠡᠯᠲᠡ ᠶᠢᠨ ᠪᠡᠶᠡᠴᠢ ᠴᠣᠭᠴᠠ ᠪᠠ | ᠲᠠᠷᠢᠶᠠᠯᠠᠩ ᠳᠤ ᠬᠤᠯᠪᠣᠭᠳᠠᠬᠤ ᠠᠵᠤ ᠠᠬᠤᠶᠢᠯᠠᠯ ᠢ ᠲᠡᠳᠬᠦᠨ ᠳᠡᠮᠵᠢᠬᠦ ᠲᠦᠷᠦ ᠶᠢᠨ ᠪᠣᠳᠣᠯᠭ᠎ᠠ ᠶᠢ ᠲᠠᠷᠢᠶᠠᠴᠢᠨ ᠡᠷᠦᠭᠡ ᠶᠢ ᠲᠠᠶᠢᠴᠢᠯᠠᠨ ᠣᠷᠣᠯᠭ᠎ᠠ ᠶᠢ ᠨᠢ | ᠨᠡᠮᠡᠭᠳᠡᠭᠦᠯᠬᠦ ᠲᠠᠢ ᠬᠤᠯᠪᠣᠭᠳᠠᠭᠤᠯᠬᠤ ᠲᠣᠭᠲᠠᠴᠠ ᠶᠢ ᠲᠡᠭᠦᠯᠳᠡᠷᠵᠢᠭᠦᠯᠦᠨ᠎ᠡ᠃ ᠬᠥᠯᠥᠰᠦᠨ ᠠᠵᠢᠯᠴᠢᠨ ᠤ ᠠᠵᠢᠯ ᠣᠯᠭᠤᠯᠲᠠ ᠶᠢ ᠢᠳᠡᠪᠬᠢᠲᠡᠢ | ᠲᠣᠭᠲᠠᠪᠤᠷᠢᠵᠢᠭᠤᠯᠵᠤ᠂ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠬᠤ ᠡᠯ᠎ᠡ ᠵᠦᠢᠯ ᠤᠨ ᠲᠦᠷᠦ ᠶᠢᠨ ᠪᠣᠳᠣᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠴᠢᠩᠭᠠᠳᠬᠠᠵᠤ᠂ | ᠳᠤᠮᠳᠠ ᠪᠠᠭ᠎ᠠ ᠵᠢᠵᠢᠭ ᠠᠵᠤ ᠠᠬᠤᠶᠢᠯᠠᠯ ᠤᠨ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠬᠤ ᠲᠠᠯ᠎ᠠ ᠪᠠᠷ ᠬᠡᠯᠪᠠᠶᠢᠯᠭᠡᠬᠦ ᠡᠷᠴᠢᠮ ᠢᠶᠠᠨ ᠴᠢᠩᠭᠠᠷᠠᠭᠤᠯᠤᠨ᠎ᠠ᠃ | ᠬᠥᠯᠥᠰᠦᠨ ᠠᠵᠢᠯᠴᠢᠨ ᠵᠡᠷᠭᠡ ᠭᠤᠣᠯᠳᠠᠯᠭ᠎ᠠ ᠲᠠᠢ ᠬᠥᠮᠥᠰ ᠤᠨ ᠠᠵᠢᠯ ᠣᠯᠭᠤᠯᠲᠠ ᠶᠢ ᠳᠡᠮᠵᠢᠬᠦ ᠰᠢᠰᠲ᠋ᠧᠮᠵᠢ ᠶᠢ ᠲᠡᠭᠦᠯᠳᠡᠷᠵᠢᠭᠦᠯᠵᠦ᠂ ᠠᠵᠢᠯ ᠮᠡᠷᠭᠡᠵᠢᠯ ᠤᠨ | ᠳᠡᠭᠡᠳᠦ ᠰᠤᠷᠭᠠᠭᠤᠯᠢ ᠶᠢᠨ ᠲᠠᠷᠢᠶᠠᠯᠠᠩ ᠠᠴᠠ ᠰᠢᠯᠵᠢᠭᠰᠡᠨ ᠬᠥᠮᠥᠨ ᠠᠮᠠ ᠳᠤ ᠬᠠᠨᠳᠤᠭᠤᠯᠤᠨ ᠰᠣᠷᠣᠭᠴᠢ ᠡᠯᠰᠡᠬᠦ ᠬᠡᠪᠴᠢᠶ᠎ᠡ ᠶᠢ ᠲᠣᠭᠲᠠᠪᠤᠷᠢᠵᠢᠭᠤᠯᠵᠤ᠂ ᠣᠶᠤᠨᠴᠢ | ᠦᠢᠯᠡᠳᠬᠡᠯ ᠵᠡᠷᠭᠡ ᠰᠢᠨ᠎ᠡ ᠪᠠᠷ ᠪᠣᠶ ᠪᠣᠯᠤᠭᠰᠠᠨ ᠠᠵᠤ ᠦᠢᠯᠡᠰ ᠪᠠ ᠭᠡᠷ ᠤᠨ ᠶᠠᠪᠤᠳᠠᠯ ᠤᠨ ᠦᠢᠯᠡᠴᠢᠯᠡᠭᠡ ᠵᠡᠷᠭᠡ ᠠᠵᠢᠯᠴᠢᠨ ᠳᠤᠲᠠᠭᠳᠠᠵᠤ ᠪᠠᠶᠢᠭ᠎ᠠ ᠠᠵᠢᠯ | ᠲᠥᠷᠥᠯ ᠤᠨ ᠬᠡᠷᠡᠭᠴᠡᠭᠡ ᠱᠠᠭᠠᠷᠳᠠᠯᠭ᠎ᠠ ᠪᠠᠷ ᠬᠥᠲᠥᠯᠥᠮᠵᠢ ᠪᠣᠯᠭᠠᠵᠤ᠂ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠦᠢᠯᠡᠳᠪᠦᠷᠢᠯᠡᠯ ᠵᠢᠭᠠᠨ ᠰᠤᠷᠭᠠᠯᠲᠠ ᠶᠢ | ᠠᠭᠤᠰᠤᠯᠴᠠᠭᠤᠯᠤᠨ ᠴᠢᠳᠠᠪᠤᠷᠢ ᠶᠢ ᠨᠢ ᠳᠡᠭᠡᠭᠰᠢᠯᠡᠭᠦᠯᠬᠦ ᠠᠵᠢᠯᠯᠠᠭ᠎ᠠ ᠶᠢ ᠬᠡᠷᠡᠭᠵᠢᠭᠦᠯᠦᠨ᠎ᠡ᠃ ᠠᠮᠢᠳᠤᠯᠢᠭ ᠢᠶᠠᠷ ᠠᠵᠢᠯ ᠣᠯᠣᠭᠰᠠᠳ ᠤᠨ ᠡᠷᠬᠡ ᠠᠰᠢᠭ ᠢ ᠪᠠᠲᠤᠯᠠᠬᠤ | ᠳᠦᠷᠢᠮ ᠢ ᠲᠦᠷᠭᠡᠪᠴᠢᠯᠡᠨ ᠲᠡᠭᠦᠯᠳᠡᠷᠵᠢᠭᠦᠯᠵᠦ᠂ ᠨᠠᠰᠤ ᠬᠡᠲᠦᠷᠡᠭᠰᠡᠨ ᠬᠥᠯᠥᠰᠦᠨ ᠠᠵᠢᠯᠴᠢᠨ ᠤ ᠠᠵᠢᠯ ᠣᠯᠬᠤ ᠡᠷᠬᠡ ᠠᠰᠢᠭ ᠢ ᠰᠠᠶᠢᠲᠤᠷ ᠬᠠᠮᠠᠭᠠᠯᠠᠨ᠎ᠠ᠃ | ᠣᠷᠣᠨ ᠪᠦᠰᠡ ᠠᠯᠤᠰᠯᠠᠭᠰᠠᠨ ᠮᠡᠳᠡᠭᠡ ᠵᠠᠩᠭᠢ ᠶᠢ ᠬᠠᠮᠲᠤ ᠪᠠᠷ ᠡᠳ᠋ᠯᠡᠬᠦ ᠪᠠ ᠵᠣᠬᠢᠶᠠᠨ ᠪᠠᠶᠢᠭᠤᠯᠤᠯᠲᠠ ᠲᠠᠢ ᠬᠥᠳᠡᠯᠮᠦᠷᠢ ᠦᠢᠯᠡᠴᠢᠯᠡᠭᠡᠨ ᠢ ᠭᠠᠳᠠᠭᠰᠢ ᠭᠠᠷᠭᠠᠬᠤ | ᠲᠣᠭᠲᠠᠴᠠ ᠶᠢ ᠪᠦᠷᠢᠨᠰᠢᠭᠦᠯᠵᠦ᠂ ᠬᠥᠳᠡᠯᠮᠦᠷᠢ ᠦᠢᠯᠡᠴᠢᠯᠡᠭᠡᠨ ᠤ ᠲᠦᠷᠦᠯ ᠲᠡᠮᠳᠡᠭ ᠢ ᠪᠤᠶᠢᠵᠢᠭᠤᠯᠤᠨ ᠪᠤᠵᠠᠭᠠᠶᠢᠷᠠᠭᠤᠯᠤᠨ᠎ᠠ᠃ ᠨᠤᠲᠤᠭ ᠲᠠᠭᠠᠨ ᠪᠤᠴᠠᠵᠤ | ᠨᠤᠲᠤᠭ ᠲᠠᠭᠠᠨ ᠣᠷᠣᠵᠤ ᠠᠳᠠᠯ ᠦᠢᠯᠡᠰ ᠴᠣᠭᠴᠠᠯᠠᠬᠤ ᠬᠦᠷᠢᠶᠡᠯᠡᠩ᠂ ᠬᠥᠳᠡᠭᠡ ᠲᠣᠰᠬᠤᠨ ᠤ ᠠᠳᠠᠯ ᠦᠢᠯᠡᠰ ᠴᠣᠭᠴᠠᠯᠠᠬᠤ ᠶᠢ ᠨᠡᠪᠴᠢᠭᠦᠯᠬᠦ ᠪᠣᠳᠠᠲᠠᠢ | ᠪᠣᠯᠪᠠᠰᠤᠷᠠᠭᠤᠯᠤᠯ ᠤᠨ ᠰᠠᠭᠤᠷᠢᠨ ᠭᠠᠵᠠᠷ ᠵᠡᠷᠭᠡ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ ᠵᠠᠰᠠᠭ ᠤᠨ ᠣᠷᠳᠣᠨ ᠤ ᠪᠡᠯᠡ ᠣᠷᠣᠭᠤᠯᠤᠯᠲᠠ ᠶᠢᠨ | ᠭᠤᠣᠯᠳᠠᠯᠭ᠎ᠠ ᠲᠠᠢ ᠢᠨᠵᠧᠨᠧᠷᠢᠩ ᠪᠠ ᠲᠠᠷᠢᠶᠠᠯᠠᠩ ᠬᠥᠳᠡᠭᠡ ᠲᠣᠰᠬᠤᠨ ᠤ ᠰᠠᠭᠤᠷᠢ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠳᠤ ᠠᠵᠢᠯ | ᠣᠯᠭᠤᠬᠤ ᠪᠠᠷ ᠲᠡᠳᠬᠦᠮᠵᠢ ᠣᠷᠣᠯᠠᠭᠤᠯᠬᠤ ᠶᠢ ᠳᠡᠯᠭᠡᠷᠡᠭᠦᠯᠵᠦ᠂ ᠬᠥᠳᠡᠯᠮᠦᠷᠢ ᠦᠢᠯᠡᠴᠢᠯᠡᠭᠡᠨ ᠤ ᠬᠥᠯᠥᠰᠦ ᠣᠯᠭᠤᠮᠵᠢ ᠣᠯᠭᠤᠬᠤ ᠬᠠᠷᠢᠴᠠᠯ ᠢ ᠵᠣᠬᠢᠰᠲᠠᠢ | ᠳᠡᠭᠡᠭᠰᠢᠯᠡᠭᠦᠯᠦᠨ᠎ᠡ᠃ ᠲᠦᠷᠢᠶᠡᠰᠦᠯᠡᠭᠦᠯᠬᠦ᠂ ᠬᠤᠷᠰᠢᠵᠤ ᠨᠡᠭᠡᠭᠡᠬᠦ᠂ ᠬᠤᠪᠢ ᠣᠷᠣᠭᠤᠯᠵᠤ ᠡᠵᠡᠩᠨᠡᠬᠦ ᠵᠡᠷᠭᠡ ᠠᠷᠭ᠎ᠠ ᠪᠠᠷ ᠬᠥᠳᠡᠭᠡ ᠲᠣᠰᠬᠤᠨ ᠤ ᠡᠬᠢ ᠪᠠᠶᠠᠯᠢᠭ ᠤᠨ | ᠬᠥᠷᠥᠩᠭᠡ ᠶᠢ ᠠᠮᠢᠳᠤᠯᠢᠭᠵᠢᠭᠤᠯᠤᠨ ᠠᠰᠢᠭᠯᠠᠵᠤ᠂ ᠲᠠᠷᠢᠶᠠᠴᠢᠳ ᠤᠨ ᠬᠥᠷᠥᠩᠭᠡ ᠶᠢᠨ ᠴᠢᠨᠠᠷᠲᠠᠢ ᠣᠷᠣᠯᠭ᠎ᠠ ᠶᠢ ᠨᠡᠮᠡᠭᠳᠡᠭᠦᠯᠬᠦ ᠶᠢ ᠢᠳᠡᠪᠬᠢᠲᠡᠢ ᠪᠠᠷ ᠬᠥᠲᠥᠯᠥᠨ | ᠵᠢᠯᠣᠭᠤᠳᠤᠨ᠎ᠠ᠃ | ᠬᠥᠳᠡᠭᠡ ᠲᠣᠰᠬᠤᠨ ᠤ ᠬᠥᠮᠥᠨ ᠠᠮᠠ ᠶᠢ ᠬᠠᠮᠤᠷᠤᠭᠰᠠᠨ ᠪᠠᠶᠢᠩᠭᠤᠵᠢᠭᠰᠠᠨ ᠲᠠᠬᠢᠨ ᠶᠠᠳᠠᠭᠤᠷᠠᠬᠤ ᠪᠠ ᠶᠠᠳᠠᠭᠤᠷᠠᠬᠤ ᠶᠢ ᠰᠡᠷᠭᠡᠶᠢᠯᠡᠬᠦ ᠲᠣᠭᠲᠠᠴᠠ ᠶᠢ | ᠦᠷᠭᠦᠯᠵᠢᠯᠡᠨ ᠲᠡᠭᠦᠯᠳᠡᠷᠵᠢᠭᠦᠯᠬᠦ ᠬᠡᠷᠡᠭᠲᠠᠢ᠃ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ | ᠨᠠᠮ ᠤᠨ ᠲᠥᠪ ᠬᠤᠷᠢᠶ᠎ᠠ ᠠᠴᠠ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠶᠢ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ ᠬᠤᠷᠢᠭ᠎ᠠ | ᠱᠤᠭᠤᠮ ᠤᠨ ᠡᠭᠦᠷᠭᠡ ᠪᠠ ᠪᠡᠯᠭᠡ ᠲᠡᠮᠳᠡᠭ ᠤᠨ ᠴᠢᠨᠠᠷᠲᠠᠢ ᠢᠨᠵᠧᠨᠧᠷᠢᠩ ᠪᠣᠯᠭᠠᠵᠤ᠂ ᠰᠦᠷ ᠳᠠᠯᠠᠶᠢᠴᠠᠲᠠᠢ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ | ᠠᠷᠠᠳ ᠤᠨ ᠲᠠᠶᠢᠨ ᠢ ᠵᠣᠬᠢᠶᠠᠨ ᠪᠠᠶᠢᠭᠤᠯᠤᠨ ᠥᠷᠨᠢᠭᠦᠯᠪᠡ᠃ 2020 ᠣᠨ ᠤ ᠰᠡᠭᠦᠯᠴᠢ ᠪᠣᠯᠬᠤ ᠳᠤ᠂ ᠣᠷᠣᠨ ᠪᠦᠰᠡ ᠶᠢᠨ ᠴᠢᠨᠠᠷᠲᠠᠢ ᠪᠦᠬᠦᠯᠢ ᠴᠣᠭᠴᠠ ᠶᠢᠨ | ᠶᠠᠳᠠᠭᠤ ᠬᠦᠴᠢᠷᠳᠡᠯ ᠢ ᠰᠶᠢᠳᠪᠦᠷᠢᠯᠡᠵᠦ᠂ ᠳᠤᠮᠳᠠᠳᠤ ᠶᠢᠨ ᠦᠨᠳᠦᠰᠦᠲᠡᠨ ᠢ ᠬᠡᠳᠦᠨ ᠮᠢᠩᠭᠠᠨ ᠵᠢᠯ ᠭᠠᠴᠢᠭᠳᠠᠭᠤᠯᠵᠤ ᠪᠠᠶᠢᠭᠰᠠᠨ ᠬᠠᠷᠢᠴᠠᠯᠠᠰᠢᠭᠦᠢ ᠶᠠᠳᠠᠭᠤ | ᠬᠦᠴᠢᠷᠳᠡᠯ ᠤᠨ ᠠᠰᠠᠭᠤᠳᠠᠯ ᠢ ᠲᠡᠦᠬᠡᠲᠦ ᠴᠢᠨᠠᠷᠲᠠᠢ ᠪᠠᠷ ᠰᠶᠢᠳᠪᠦᠷᠢᠯᠡᠨ᠎ᠡ᠃ ᠶᠠᠳᠠᠭᠤ ᠠᠴᠠ ᠠᠩᠭᠢᠵᠢᠷᠠᠭᠤᠯᠬᠤ ᠬᠠᠷᠠᠯᠲᠠ ᠶᠢ ᠪᠡᠶᠡᠯᠡᠭᠦᠯᠬᠦ ᠳᠤ ᠬᠢᠯᠪᠡᠷ ᠪᠢᠰᠢ᠂ | ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠨᠢ ᠴᠦ ᠬᠢᠯᠪᠡᠷ ᠶᠠᠪᠤᠳᠠᠯ ᠪᠢᠰᠢ ᠶᠤᠮ᠃ ᠡᠷᠬᠡᠪᠰᠢ | ᠣᠳᠣᠬᠠᠨ ᠤ ᠪᠠᠶᠢᠳᠠᠯ ᠳᠤ ᠰᠠᠭᠤᠷᠢᠯᠠᠨ᠂ ᠠᠯᠤᠰ ᠬᠡᠳᠦ ᠶᠢ ᠪᠣᠳᠣᠯᠬᠢᠯᠠᠵᠤ᠂ ᠬᠥᠳᠡᠭᠡ ᠲᠣᠰᠬᠤᠨ ᠤ ᠬᠥᠮᠥᠨ ᠠᠮᠠ ᠶᠢ ᠬᠠᠮᠤᠷᠤᠭᠰᠠᠨ ᠲᠠᠬᠢᠨ ᠶᠠᠳᠠᠭᠤᠷᠠᠬᠤ ᠪᠠ | ᠶᠠᠳᠠᠭᠤᠷᠠᠬᠤ ᠶᠢ ᠰᠡᠷᠭᠡᠶᠢᠯᠡᠬᠦ ᠪᠠᠶᠢᠩᠭᠤᠵᠢᠭᠰᠠᠨ ᠲᠣᠭᠲᠠᠴᠠ ᠶᠢ ᠲᠡᠭᠦᠯᠳᠡᠷᠵᠢᠭᠦᠯᠵᠦ᠂ ᠶᠠᠳᠠᠭᠤ ᠠᠴᠠ ᠠᠩᠭᠢᠵᠢᠷᠠᠭᠤᠯᠬᠤ ᠰᠠᠭᠤᠷᠢ ᠶᠢ ᠨᠡᠩ ᠪᠠᠲᠤ ᠪᠠᠬᠢ᠂ ᠦᠷ᠎ᠡ | ᠪᠦᠲᠦᠮᠵᠢ ᠶᠢ ᠨᠡᠩ ᠦᠷᠭᠦᠯᠵᠢᠯᠡᠬᠦ ᠴᠢᠨᠠᠷᠲᠠᠢ ᠪᠣᠯᠭᠠᠵᠤ᠂ ᠲᠠᠬᠢᠨ ᠶᠠᠳᠠᠭᠤᠷᠠᠬᠤ ᠶᠢ ᠰᠡᠷᠭᠡᠶᠢᠯᠡᠬᠦ ᠬᠠᠰᠢᠯᠭ᠎ᠠ ᠶᠢ ᠪᠠᠲᠤ ᠴᠣᠭᠴᠠᠯᠠᠬᠤ ᠬᠡᠷᠡᠭᠲᠡᠢ᠃ ᠬᠥᠳᠡᠯᠦᠩᠭᠦᠢ | ᠬᠢᠨᠠᠨ ᠰᠢᠨᠵᠢᠬᠦ ᠲᠣᠭᠲᠠᠴᠠ ᠶᠢ ᠪᠦᠷᠢᠨᠰᠢᠭᠦᠯᠵᠦ᠂ ᠳᠠᠬᠢᠨ ᠶᠠᠳᠠᠭᠤᠷᠠᠬᠤ ᠶᠢ ᠰᠡᠷᠭᠡᠶᠢᠯᠡᠨ ᠬᠤᠷᠢᠭᠯᠠᠬᠤ ᠬᠠᠪᠰᠤᠷᠤᠨ ᠲᠡᠳᠬᠦᠬᠦ ᠲᠥᠷᠥ ᠶᠢᠨ ᠪᠣᠳᠣᠯᠭ᠎ᠠ ᠪᠠ | ᠬᠥᠳᠡᠭᠡ ᠲᠣᠰᠬᠤᠨ ᠤ ᠣᠷᠣᠯᠭ᠎ᠠ ᠪᠠᠭᠠᠲᠠᠢ ᠬᠥᠮᠥᠨ ᠠᠮᠠ ᠶᠢ ᠪᠠᠶᠢᠩᠭᠤᠵᠢᠭᠤᠯᠤᠨ ᠬᠠᠪᠰᠤᠷᠤᠨ ᠲᠡᠳᠬᠦᠬᠦ ᠲᠥᠷᠥ ᠶᠢᠨ ᠪᠣᠳᠣᠯᠭ᠎ᠠ ᠶᠢᠨ ᠵᠣᠯᠭᠠᠭᠤᠯᠬᠤ ᠶᠢ | ᠠᠬᠢᠭᠤᠯᠤᠨ᠂ ᠨᠥᠬᠦᠴᠡᠯ ᠳᠤ ᠨᠡᠶᠢᠴᠡᠬᠦ ᠡᠲᠡᠭᠡᠳ ᠢ ᠪᠦᠬᠦᠨ ᠢ ᠪᠠᠶᠢᠩᠭᠤᠵᠢᠭᠤᠯᠤᠨ ᠬᠠᠪᠰᠤᠷᠤᠨ ᠲᠡᠳᠬᠦᠬᠦ ᠬᠦᠷᠢᠶ᠎ᠡ ᠬᠡᠪᠴᠢᠶ᠎ᠡ ᠳᠤ ᠣᠷᠣᠭᠤᠯᠤᠨ᠎ᠠ᠃ ᠬᠥᠳᠡᠭᠡ | ᠲᠣᠰᠬᠤᠨ ᠤ ᠣᠷᠣᠯᠭ᠎ᠠ ᠪᠠᠭᠠᠲᠠᠢ ᠣᠯᠠᠨ ᠲᠦᠮᠡᠨ ᠤ ᠳᠣᠲᠣᠭᠠᠳᠤ ᠶᠢᠨ ᠬᠥᠭᠵᠢᠯᠲᠡ ᠶᠢᠨ ᠬᠥᠳᠡᠯᠭᠡᠬᠦ ᠬᠦᠴᠦᠨ ᠢ ᠬᠦᠴᠦᠯᠡᠨ ᠬᠥᠭᠵᠢᠭᠡᠵᠦ᠂ ᠲᠠᠰ ᠲᠥᠷᠥᠯ | ᠬᠤᠪᠢᠶᠠᠨ ᠬᠠᠪᠰᠤᠷᠤᠨ ᠲᠡᠳᠬᠦᠬᠦ ᠶᠢ ᠬᠡᠷᠡᠭᠵᠢᠭᠦᠯᠵᠦ᠂ ᠲᠥᠷᠥ ᠶᠢᠨ ᠪᠣᠳᠣᠯᠭ᠎ᠠ ᠶᠢ ᠣᠨᠣᠴᠠᠲᠠᠢ ᠬᠡᠷᠡᠭᠵᠢᠭᠦᠯᠵᠦ᠂ ᠬᠠᠪᠰᠤᠷᠤᠨ ᠲᠡᠳᠬᠦᠬᠦ ᠦᠷ᠎ᠡ ᠪᠦᠲᠦᠮᠵᠢ ᠶᠢ | ᠳᠡᠭᠡᠭᠰᠢᠯᠡᠭᠦᠯᠦᠨ᠎ᠡ᠃ ᠬᠥᠳᠡᠯᠮᠦᠷᠢᠯᠡᠬᠦ ᠴᠢᠳᠠᠪᠤᠷᠢ ᠲᠠᠢ ᠬᠢᠨᠠᠨ ᠬᠡᠮᠵᠢᠭᠳᠡᠬᠦ ᠡᠲᠡᠭᠡᠳ ᠲᠤ᠂ ᠦᠨᠳᠦᠰᠦᠨ ᠠᠮᠢᠳᠤᠷᠠᠯ ᠢ ᠪᠠᠲᠤᠯᠠᠭᠰᠠᠨ ᠰᠠᠭᠤᠷᠢᠨ ᠳᠡᠭᠡᠷ᠎ᠡ᠂ ᠡᠷᠴᠢ | ᠵᠣᠷᠢᠭ ᠢ ᠲᠡᠳᠬᠦᠬᠦ ᠤᠶᠤᠨ ᠢ ᠲᠡᠳᠬᠦᠬᠦ ᠶᠢ ᠤᠶᠠᠯᠳᠤᠭᠤᠯᠵᠤ᠂ ᠲᠡᠳᠡᠨ ᠢ ᠬᠠᠪᠰᠤᠷᠤᠨ ︽ᠴᠢᠰᠤ ᠪᠦᠲᠦᠭᠡᠬᠦ︾ ᠴᠢᠳᠠᠪᠤᠷᠢ ᠶᠢ ᠨᠢ ᠨᠡᠮᠡᠭᠳᠡᠭᠦᠯᠬᠦ ᠬᠡᠷᠡᠭᠲᠡᠢ᠃ | ᠬᠥᠭᠵᠢᠭᠡᠳᠦᠢ ᠭᠠᠵᠠᠷ ᠣᠷᠣᠨ ᠢ ᠬᠠᠪᠰᠤᠷᠤᠨ ᠲᠡᠳᠬᠦᠬᠦ ᠪᠠᠶᠢᠩᠭᠤᠵᠢᠭᠰᠠᠨ ᠲᠣᠭᠲᠠᠴᠠ ᠶᠢ ᠪᠠᠶᠢᠭᠤᠯᠵᠤ᠂ ᠣᠯᠠᠨ ᠨᠡᠶᠢᠲᠡ ᠶᠢᠨ ᠦᠢᠯᠡᠴᠢᠯᠡᠭᠡᠨ ᠤ ᠳᠤᠲᠠᠭᠤᠳᠠᠯ ᠢ | ᠨᠥᠬᠦᠪᠦᠷᠢᠯᠡᠵᠦ᠂ ᠣᠨᠴᠠᠯᠢᠭᠲᠤ ᠠᠵᠤ ᠦᠢᠯᠡᠰ ᠢ ᠬᠥᠭᠵᠢᠭᠦᠯᠦᠨ ᠪᠤᠵᠠᠭᠠᠶᠢᠷᠠᠭᠤᠯᠤᠨ᠎ᠠ᠃ | ᠬᠤᠲᠠ ᠬᠥᠳᠡᠭᠡ ᠶᠢᠨ ᠭᠠᠵᠠᠷ ᠰᠢᠷᠣᠢ ᠶᠢᠨ ᠡᠬᠢ ᠪᠠᠶᠠᠯᠢᠭ ᠤᠨ ᠲᠣᠬᠢᠷᠠᠭᠤᠯᠤᠯᠲᠠ ᠶᠢ ᠨᠢᠭᠡᠳᠦᠯᠲᠡᠢ ᠲᠥᠯᠥᠪᠯᠡᠬᠦ ᠬᠡᠷᠡᠭᠲᠠᠢ᠃ ᠭᠠᠵᠠᠷ ᠰᠢᠷᠣᠢ ᠪᠣᠯ ᠬᠤᠪᠣᠷ | ᠴᠤᠬᠠᠭ ᠡᠬᠢ ᠪᠠᠶᠠᠯᠢᠭ ᠪᠣᠯᠬᠤᠷ ᠡᠷᠬᠡᠪᠰᠢ ᠥᠨᠳᠥᠷ ᠪᠦᠲᠦᠮᠵᠢᠲᠡᠶ ᠪᠠᠷ ᠲᠣᠬᠢᠷᠠᠭᠤᠯᠤᠨ᠂ ᠡᠷᠴᠢᠮᠵᠢᠭᠦᠯᠦᠨ ᠠᠰᠢᠭᠯᠠᠵᠤ᠂ ᠢᠮᠠᠬᠤ ᠭᠠᠵᠠᠷ ᠰᠢᠷᠣᠢ ᠨᠢᠭᠡᠪᠦᠷᠢ ᠳᠤ | ᠬᠠᠮᠤᠭ ᠤᠨ ᠶᠡᠭᠡ ᠦᠷ᠎ᠡ ᠠᠰᠢᠭ ᠢ ᠨᠢ ᠪᠠᠳᠠᠷᠠᠭᠤᠯᠬᠤ ᠬᠡᠷᠡᠭᠲᠡᠢ᠃ ᠤᠯᠤᠰ ᠤᠨ ᠬᠤᠷᠸ᠎ᠠ ᠲᠥᠷᠥ ᠶᠢᠨ ᠪᠣᠳᠣᠯᠭ᠎ᠠ ᠪᠣᠯᠣᠨ ᠣᠷᠣᠨ ᠪᠦᠰᠡ ᠶᠢᠨ ᠬᠥᠭᠵᠢᠯᠲᠡ | ᠯᠦᠭᠡ ᠪᠦᠲᠦᠮᠵᠢᠲᠡᠶ ᠵᠣᠯᠭᠠᠯᠴᠠᠭᠰᠠᠨ ᠭᠠᠵᠠᠷ ᠰᠢᠷᠣᠢ ᠶᠢᠨ ᠬᠠᠮᠢᠶᠠᠷᠤᠯᠲᠠ ᠶᠢᠨ ᠳᠦᠷᠢᠮ ᠢ ᠪᠦᠷᠢᠨᠰᠢᠭᠦᠯᠵᠦ᠂ ᠭᠤᠣᠯᠯᠠᠬᠤ ᠠᠵᠤ ᠦᠢᠯᠡᠰ᠂ ᠴᠢᠬᠤᠯᠠ ᠶᠡᠭᠡ | ᠲᠥᠷᠥᠯ ᠵᠦᠢᠯ ᠳᠤ ᠭᠠᠵᠠᠷ ᠰᠢᠷᠣᠢ ᠶᠢ ᠵᠦᠢ ᠵᠣᠬᠢᠰᠲᠠᠢ ᠬᠡᠷᠡᠭᠯᠡᠬᠦ ᠶᠢ ᠡᠩ ᠲᠡᠷᠢᠭᠦᠨ ᠳᠤ ᠪᠠᠲᠤᠯᠠᠨ᠎ᠠ᠃ ᠬᠤᠳᠠ ᠬᠥᠳᠡᠭᠡ ᠶᠢᠨ ᠨᠢᠭᠡᠳᠦᠯᠲᠡᠢ ᠪᠦᠲᠦᠭᠡᠨ | ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠵᠠᠬ᠎ᠠ ᠳᠡᠯᠭᠡᠭᠦᠷ ᠢ ᠪᠦᠷᠢᠨᠰᠢᠭᠦᠯᠵᠦ᠂ ᠪᠦᠬᠦ ᠤᠯᠤᠰ ᠤᠨ ᠴᠢᠨᠠᠷᠲᠠᠢ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ | ᠭᠦᠢᠴᠡᠳᠬᠡᠯ ᠲᠤᠭ᠎ᠠ ᠪᠠ ᠲᠠᠷᠢᠶᠠᠨ ᠭᠠᠵᠠᠷ ᠢ ᠨᠥᠬᠦᠪᠦᠷᠢᠯᠡᠬᠦ ᠭᠦᠢᠴᠡᠳᠬᠡᠯ ᠲᠤᠭ᠎ᠠ ᠶᠢ ᠣᠷᠣᠨ ᠪᠦᠰᠡ ᠠᠯᠤᠰᠯᠠᠨ ᠠᠷᠠᠯᠵᠢᠶᠠᠯᠠᠬᠤ ᠲᠣᠭᠲᠠᠴᠠ ᠶᠢ ᠰᠦᠪᠡᠭᠴᠢᠯᠡᠨ | ᠪᠠᠶᠢᠭᠤᠯᠵᠤ᠂ ᠮᠤᠵᠢ ᠶᠢᠨ ᠱᠠᠲᠤᠨ ᠠᠴᠠ ᠳᠣᠷᠣᠭᠰᠢᠬᠢ ᠬᠤᠳᠠ ᠪᠠᠯᠭᠠᠰᠤᠨ ᠤ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠨᠡᠮᠡᠭᠳᠡᠬᠦ ᠬᠡᠪᠴᠢᠶ᠎ᠡ ᠶᠢ | ᠲᠠᠷᠢᠶᠠᠯᠠᠩ ᠠᠴᠠ ᠰᠢᠯᠵᠢᠭᠰᠡᠨ ᠬᠥᠮᠥᠨ ᠠᠮᠠ ᠶᠢ ᠰᠢᠩᠭᠡᠬᠡᠨ ᠠᠪᠴᠤ ᠡᠷᠦᠬᠡ ᠠᠮᠠ ᠣᠷᠣᠭᠤᠯᠬᠤ ᠲᠤᠭ᠎ᠠ ᠬᠡᠮᠵᠢᠶ᠎ᠡ ᠯᠦᠭᠡ ᠬᠤᠯᠪᠣᠭᠳᠠᠭᠤᠯᠬᠤ ᠲᠣᠭᠲᠠᠴᠠ ᠶᠢ | ᠪᠠᠶᠢᠭᠤᠯᠤᠨ ᠪᠦᠷᠢᠨᠰᠢᠭᠦᠯᠦᠨ᠎ᠡ᠃ ᠦᠯᠡᠳᠡᠭᠡᠯ ᠭᠠᠵᠠᠷ ᠰᠢᠷᠣᠢ ᠪᠣᠯᠣᠨ ᠦᠷ᠎ᠡ ᠠᠰᠢᠭ ᠢᠶᠠᠷ ᠳᠣᠣᠷ᠎ᠠ ᠬᠡᠷᠡᠭᠯᠡᠬᠦ ᠭᠠᠵᠠᠷ ᠢ ᠠᠮᠢᠳᠤᠯᠢᠭᠵᠢᠭᠤᠯᠵᠤ᠂ ᠡᠯ᠎ᠡ ᠲᠥᠷᠥᠯ ᠤᠨ | ᠠᠵᠤ ᠦᠢᠯᠡᠰ ᠤᠨ ᠬᠦᠷᠢᠶᠡᠯᠡᠩ ᠲᠣᠭᠤᠷᠢᠭ ᠤᠨ ᠬᠡᠷᠡᠭᠯᠡᠬᠦ ᠭᠠᠵᠠᠷ ᠤᠨ ᠲᠤᠰᠬᠠᠢ ᠵᠦᠢᠯ ᠤᠨ ᠴᠡᠭᠴᠡᠯᠡᠨ ᠵᠠᠰᠠᠯᠲᠠ ᠶᠢ ᠥᠷᠨᠢᠭᠦᠯᠦᠨ᠎ᠡ᠃ ᠪᠦᠲᠦᠭᠡᠨ | ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠬᠤᠶᠠᠳᠤᠭᠠᠷ ᠳᠡᠰ ᠤᠨ ᠵᠠᠬ᠎ᠠ ᠳᠡᠯᠭᠡᠭᠦᠷ ᠢ ᠲᠦᠷᠭᠡᠳᠬᠡᠨ ᠬᠥᠭᠵᠢᠭᠦᠯᠵᠦ᠂ ᠭᠠᠵᠠᠷ ᠰᠢᠷᠣᠢ ᠶᠢ ᠬᠤᠯᠢᠯᠳᠤᠭᠤᠯᠤᠨ | ᠨᠡᠭᠡᠭᠡᠨ ᠠᠰᠢᠭᠯᠠᠬᠤ ᠶᠢ ᠲᠦᠯᠬᠢᠨ ᠠᠬᠢᠭᠤᠯᠤᠨ᠎ᠠ᠃ ᠬᠥᠳᠡᠭᠡ ᠲᠣᠰᠬᠤᠨ ᠤ ᠬᠠᠮᠲᠤ ᠶᠢᠨ ᠡᠵᠡᠩᠨᠡᠯᠲᠡ ᠶᠢᠨ ᠴᠢᠨᠠᠷᠲᠠᠢ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ | ᠭᠠᠵᠠᠷ ᠰᠢᠷᠣᠢ ᠶᠢ ᠵᠠᠬ᠎ᠠ ᠳᠡᠯᠭᠡᠭᠦᠷ ᠲᠤ ᠣᠷᠣᠭᠤᠯᠬᠤ ᠥᠭᠡᠷᠡᠴᠢᠯᠡᠯᠲᠡ ᠶᠢ ᠯᠠᠪᠳᠠᠭᠤᠨ ᠡᠮᠬᠢ ᠵᠢᠷᠤᠮ ᠲᠠᠢ ᠪᠠᠷ ᠠᠬᠢᠭᠤᠯᠵᠤ᠂ ᠭᠠᠵᠠᠷ ᠰᠢᠷᠣᠢ ᠶᠢᠨ ᠦᠷᠲᠡᠭ | ᠨᠡᠮᠡᠭᠳᠡᠯ ᠤᠨ ᠠᠰᠢᠭ ᠣᠷᠣᠯᠭ᠎ᠠ ᠶᠢᠨ ᠬᠤᠪᠢᠶᠠᠷᠢᠯᠠᠯᠲᠠ ᠶᠢᠨ ᠲᠣᠭᠲᠠᠴᠠ ᠶᠢ ᠲᠡᠭᠦᠯᠳᠡᠷᠵᠢᠭᠦᠯᠦᠨ᠎ᠡ᠃ | ᠬᠤᠲᠠ ᠳᠤ ᠡᠷᠦᠬᠡ ᠠᠮᠠ ᠣᠷᠣᠭᠰᠠᠨ ᠲᠠᠷᠢᠶᠠᠴᠢᠨ ᠤ ᠬᠥᠳᠡᠭᠡ ᠲᠣᠰᠬᠤᠨ ᠤ ᠡᠷᠬᠡ ᠠᠰᠢᠭ ᠢ ᠬᠠᠮᠠᠭᠠᠯᠠᠬᠤ ᠬᠡᠷᠡᠭᠲᠠᠢ᠃ ᠭᠠᠵᠠᠷ ᠰᠢᠷᠣᠢ ᠪᠣᠯ ᠥᠷᠭᠡᠨ | ᠤᠯᠠᠨ ᠲᠠᠷᠢᠶᠠᠴᠢᠳ ᠤᠨ ︽ᠠᠮᠢ ᠭᠤᠣᠯ︾ ᠮᠥᠨ᠂ ᠬᠥᠳᠡᠭᠡ ᠲᠣᠰᠬᠤᠨ ᠤ ᠭᠠᠵᠠᠷ ᠰᠢᠷᠣᠢ ᠶᠢᠨ ᠳᠠᠭᠠᠭᠠᠴᠢᠯᠠᠯᠲᠠ ᠨᠢ ᠲᠠᠷᠢᠶᠠᠴᠢᠳ ᠤᠨ ᠲᠤᠰ ᠪᠡᠶ᠎ᠡ ᠶᠢᠨ | ᠠᠰᠢᠭ ᠲᠤᠰᠠ ᠳᠤ ᠬᠤᠯᠪᠣᠭᠳᠠᠵᠤ᠂ ᠨᠡᠶᠢᠭᠡᠮ ᠤᠨ ᠲᠣᠭᠲᠠᠭᠤᠨ ᠪᠠᠶᠢᠳᠠᠯ ᠳᠤ ᠬᠤᠯᠪᠣᠭᠳᠠᠵᠤ ᠪᠠᠶᠢᠳᠠᠭ᠃ ᠳᠠᠭᠠᠭᠠᠴᠢᠯᠠᠭᠰᠠᠨ ᠭᠠᠵᠠᠷ ᠤᠨ ᠥᠮᠴᠢᠯᠡᠬᠦ ᠡᠷᠬᠡ᠂ | ᠳᠠᠭᠠᠭᠠᠴᠢᠯᠠᠬᠤ ᠡᠷᠬᠡ᠂ ᠡᠵᠡᠩᠨᠡᠬᠦ ᠡᠷᠬᠡ ᠶᠢ ᠰᠠᠯᠭᠠᠬᠤ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠬᠡᠷᠡᠭᠲᠡᠢ᠃ ᠲᠠᠷᠢᠶᠠᠴᠢᠳ ᠤᠨ ᠭᠠᠵᠠᠷ ᠰᠢᠷᠣᠢ ᠶᠢᠨ | ᠳᠠᠭᠠᠭᠠᠴᠢᠯᠠᠯᠲᠠ ᠶᠢᠨ ᠡᠷᠬᠡ ᠪᠠᠨ ᠦᠯᠡᠳᠡᠭᠡᠬᠦ᠂ ᠭᠠᠵᠠᠷ ᠰᠢᠷᠣᠢ ᠶᠢᠨ ᠡᠵᠡᠩᠨᠡᠯᠲᠡ ᠶᠢᠨ ᠡᠷᠬᠡ ᠪᠠᠨ ᠡᠷᠭᠢᠯᠲᠡ ᠳᠤ ᠣᠷᠣᠭᠤᠯᠬᠤ ᠬᠦᠰᠡᠯ ᠰᠠᠨᠠᠭ᠎ᠠ ᠳᠤ | ᠨᠡᠶᠢᠴᠡᠭᠦᠯᠦᠨ᠂ ᠲᠠᠷᠢᠶᠠᠴᠢᠳ ᠤᠨ ᠡᠷᠬᠡ ᠠᠰᠢᠭ ᠢ ᠬᠠᠮᠠᠭᠠᠯᠠᠵᠤ᠂ ᠰᠣᠩᠭᠤᠬᠤ ᠡᠷᠬᠡ ᠪᠠᠨ ᠲᠠᠷᠢᠶᠠᠴᠢᠳ ᠲᠤ ᠲᠤᠰᠢᠶᠠᠵᠤ᠂ ᠲᠠᠷᠢᠶᠠᠴᠢᠳ ᠠᠴᠠ ᠰᠣᠩᠭᠤᠬᠤ ᠠᠴᠠ | ᠪᠢᠰᠢ ᠲᠠᠷᠢᠶᠠᠴᠢᠳ ᠢ ᠣᠷᠣᠯᠠᠵᠤ ᠰᠣᠩᠭᠤᠬᠤ ᠦᠭᠡᠢ᠃ ᠬᠤᠲᠠ ᠳᠤ ᠡᠷᠦᠬᠡ ᠠᠮᠠ ᠪᠠᠨ ᠣᠷᠣᠭᠤᠯᠤᠭᠰᠠᠨ ᠲᠠᠷᠢᠶᠠᠴᠢᠳ ᠤᠨ ᠬᠠᠤᠯᠢ ᠶᠣᠰᠣᠨ ᠤ ᠭᠠᠵᠠᠷ | ᠰᠢᠷᠣᠢ ᠶᠢᠨ ᠡᠷᠬᠡ ᠠᠰᠢᠭ ᠢ ᠪᠠᠲᠤᠯᠠᠵᠤ᠂ ᠬᠤᠲᠠ ᠳᠤ ᠡᠷᠦᠬᠡ ᠠᠮᠠ ᠪᠠᠨ ᠣᠷᠣᠭᠤᠯᠤᠭᠰᠠᠨ ᠲᠠᠷᠢᠶᠠᠴᠢᠳ ᠤᠨ ᠭᠠᠵᠠᠷ ᠰᠢᠷᠣᠢ ᠳᠠᠭᠠᠭᠠᠴᠢᠯᠠᠬᠤ ᠡᠷᠬᠡ᠂ ᠣᠷᠣᠨ | ᠰᠠᠭᠤᠴᠠ ᠶᠢᠨ ᠰᠠᠭᠤᠷᠢ ᠭᠠᠵᠠᠷ ᠢ ᠬᠡᠷᠡᠭᠯᠡᠬᠦ ᠡᠷᠬᠡ᠂ ᠬᠠᠮᠲᠤ ᠶᠢᠨ ᠠᠰᠢᠭ ᠣᠷᠣᠯᠭ᠎ᠠ ᠶᠢ ᠬᠤᠪᠢᠶᠠᠷᠢᠯᠠᠬᠤ ᠡᠷᠬᠡ ᠶᠢ ᠬᠠᠤᠯᠢ ᠶᠣᠰᠣᠭᠠᠷ ᠬᠠᠮᠠᠭᠠᠯᠠᠵᠤ᠂ ᠰᠠᠶᠢᠨ | ᠳᠤᠷ᠎ᠠ ᠠᠴᠠ ᠪᠠᠨ ᠲᠥᠯᠥᠪᠦᠷᠢ ᠲᠠᠢ ᠪᠠᠷ ᠤᠬᠤᠷᠢᠨ ᠭᠠᠷᠬᠤ ᠠᠷᠭ᠎ᠠ ᠶᠢ ᠰᠦᠪᠡᠭᠴᠢᠯᠡᠨ ᠪᠠᠶᠢᠭᠤᠯᠬᠤ ᠬᠡᠷᠡᠭᠲᠠᠢ᠃ | ︵ᠵᠤᠬᠢᠶᠠᠭᠴᠢ ᠶᠢᠨ ᠬᠠᠶ᠋ᠢᠭ᠄ ᠪᠡᠭᠡᠵᠢᠩ ᠬᠤᠲᠠ ᠶᠢᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ | ᠵᠢᠷᠤᠮ ᠤᠨ ᠦᠵᠡᠯ ᠰᠠᠨᠠᠭᠠᠨ ᠤ ᠰᠤᠳᠤᠯᠭᠠᠨ ᠤ ᠲᠥᠪ︶ | |