ᠮᠠᠯᠵᠢᠬᠤ ᠲᠠᠷᠢᠶᠠᠯᠠᠬᠤ ᠡᠷᠦᠬᠡ ᠶᠢᠨ ᠡᠵᠡᠩᠨᠡᠯᠲᠡ ᠶᠢᠨ ᠠᠶᠤᠯ ᠲᠦᠭᠰᠢᠭᠦᠷᠢ ᠶᠢ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠲᠣᠭᠲᠠᠴᠠ ᠶᠢ ᠲᠦᠷᠭᠡᠪᠴᠢᠯᠡᠨ ᠪᠠᠶᠢᠭᠤᠯᠣᠶ᠎ᠠ
ᠨᠡᠶᠢᠲᠡᠯᠡᠭᠰᠡᠨ ᠴᠠᠭ᠄
2025/2/13
       ᠥᠪᠥᠷ ᠮᠣᠩᠭᠤᠯ ᠤᠨ ᠮᠠᠯᠵᠢᠬᠤ ᠲᠠᠷᠢᠶᠠᠯᠠᠬᠤ ᠣᠷᠣᠨ ᠤ ᠴᠢᠨᠠᠷ ᠰᠠᠶᠢᠲᠠᠢ ᠬᠥᠭᠵᠢᠯᠲᠡ ᠪᠣᠯ ᠣᠶᠢᠷ᠎ᠠ ᠶᠢᠨ ᠵᠢᠯ ᠳᠤ ᠥᠪᠡᠷᠲᠡᠭᠡᠨ ᠵᠠᠰᠠᠬᠤ ᠣᠷᠣᠨ ᠠᠴᠠ ᠭᠤᠣᠯᠳᠠᠯᠭ᠎ᠠ ᠲᠠᠢ ᠠᠬᠢᠭᠤᠯᠵᠣ ᠪᠠᠶᠢᠭ᠎ᠠ ᠪᠠᠶᠢᠯᠳᠤᠬᠤ ᠪᠣᠳᠣᠯᠭ᠎ᠠ ᠶᠢᠨ ᠡᠭᠦᠷᠭᠡ ᠪᠣᠯᠤᠨ᠎ᠠ᠃ ᠡᠭᠦᠨ ᠤ ᠵᠣᠷᠢᠯᠭ᠎ᠠ ᠨᠢ ᠠᠯᠢ ᠣᠯᠠᠨ ᠠᠷᠭ᠎ᠠ ᠬᠡᠮᠵᠢᠶ᠎ᠡ ᠪᠠᠷ ᠳᠠᠮᠵᠢᠭᠤᠯᠤᠨ ᠲᠠᠷᠢᠶᠠᠯᠠᠩ ᠮᠠᠯ ᠠᠵᠤ ᠠᠬᠤᠢ ᠶᠢᠨ ᠣᠳᠣᠬᠢᠴᠢᠯᠠᠯᠲᠠ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠡᠶᠡᠯᠡᠭᠦᠯᠬᠦ ᠶᠢᠨ ᠤᠯᠠᠮ᠎ᠠ ᠴᠠ ᠮᠠᠯᠴᠢᠨ ᠲᠠᠷᠢᠶᠠᠴᠢᠨ ᠤ ᠠᠮᠢᠳᠤᠷᠠᠯ ᠤᠨ ᠲᠦᠪᠰᠢᠨ ᠪᠠ ᠣᠷᠣᠯᠭ᠎ᠠ ᠶᠢᠨ ᠨᠡᠮᠡᠭᠳᠡᠯ ᠢ ᠳᠡᠭᠡᠭᠰᠢᠯᠡᠭᠦᠯᠬᠦ ᠶᠢᠨ ᠲᠦᠯᠦᠭᠡ ᠶᠣᠮ᠃ ᠥᠪᠡᠷᠲᠡᠭᠡᠨ ᠵᠠᠰᠠᠬᠤ ᠣᠷᠣᠨ ᠠᠴᠠ ︽ᠠᠷᠪᠠᠨ ᠳᠥᠷᠪᠡᠳᠦᠭᠡᠷ ᠲᠠᠪᠤᠨ ᠵᠢᠯ︾ ᠤᠨ ᠬᠤᠭᠤᠴᠠᠭᠠᠨ ᠳᠤ ᠲᠣᠳᠣᠷᠬᠠᠢ ᠬᠥᠭᠵᠢᠯᠲᠡ ᠶᠢᠨ ᠲᠥᠯᠥᠪᠵᠢᠭᠦᠯᠭᠡ ᠲᠣᠭᠲᠠᠭᠠᠨ᠂ ᠠᠮᠢ ᠠᠬᠤᠢ ᠶᠢ ᠣᠷᠢᠳ ᠢᠶᠠᠷ ᠪᠣᠳᠣᠯᠬᠢᠯᠠᠨ᠂ ᠪᠣᠬᠢᠷᠲᠤᠯ ᠦᠭᠡᠢ ᠬᠥᠭᠵᠢᠯᠲᠡ ᠪᠠᠷ ᠤᠳᠤᠷᠢᠳᠤᠮᠵᠢ ᠪᠣᠯᠭᠠᠵᠤ᠂ ᠲᠠᠷᠢᠶᠠᠯᠠᠩ ᠮᠠᠯ ᠠᠵᠤ ᠠᠬᠤᠢ ᠪᠣᠯᠤᠨ ᠲᠠᠷᠢᠶᠠᠯᠠᠬᠤ ᠮᠠᠯᠵᠢᠬᠤ ᠣᠷᠣᠨ ᠤ ᠣᠳᠣᠬᠢᠴᠢᠯᠠᠯᠲᠠ ᠶᠢᠨ ᠠᠬᠢᠴᠠ ᠶᠢ ᠠᠬᠢᠭᠤᠯᠬᠤ ᠶᠢ ᠴᠢᠬᠤᠯᠠᠴᠢᠯᠠᠪᠠ᠃ ᠪᠣᠳᠠᠲᠠᠢ ᠪᠠᠷ ᠬᠡᠯᠡᠪᠡᠯ᠂ ᠥᠪᠥᠷ ᠮᠣᠩᠭᠤᠯ ᠲᠠᠷᠢᠶᠠᠯᠠᠩ ᠮᠠᠯ ᠠᠵᠤ ᠠᠬᠤᠢ ᠶᠢᠨ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠪᠠᠷ ᠳᠠᠮᠵᠢᠭᠤᠯᠣᠨ᠂ ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠶᠢ ᠴᠢᠩᠭᠠᠳᠬᠠᠵᠤ᠂ ᠰᠢᠯᠢᠳᠡᠭ ᠡᠭᠦᠯᠲᠡᠷ ᠪᠤᠶᠢᠵᠢᠭᠤᠯᠬᠤ᠂ ᠶᠠᠰᠤ ᠴᠢᠨᠠᠷ ᠢ ᠳᠡᠭᠡᠭᠰᠢᠯᠡᠭᠦᠯᠬᠦ᠂ ᠨᠡᠷᠡᠲᠦ ᠲᠡᠮᠳᠡᠭᠲᠦ ᠶᠢ ᠪᠣᠢ ᠪᠣᠯᠭᠠᠬᠤ ᠪᠠ ᠪᠠᠷᠢᠮᠵᠢᠶᠠᠵᠢᠭᠤᠯᠤᠨ ᠦᠢᠯᠡᠳᠪᠦᠷᠢᠯᠡᠬᠦ ᠶᠢ ᠠᠬᠢᠭᠤᠯᠵᠤ᠂ ᠲᠠᠷᠢᠶᠠᠯᠠᠩ ᠮᠠᠯ ᠠᠵᠤ ᠠᠬᠤᠢ ᠶᠢᠨ ᠶᠠᠰᠤ ᠴᠢᠨᠠᠷ ᠦᠷ᠎ᠡ ᠠᠰᠢᠭ ᠪᠣᠯᠤᠨ ᠥᠷᠢᠰᠦᠯᠳᠦᠬᠦ ᠬᠦᠴᠦᠨ ᠢ ᠪᠦᠬᠦ ᠲᠠᠯ᠎ᠠ ᠪᠠᠷ ᠳᠡᠭᠡᠭᠰᠢᠯᠡᠭᠦᠯᠬᠦ ᠪᠣᠯᠣᠨ᠎ᠠ᠃             ᠦᠪᠦᠷ ᠮᠣᠩᠭᠤᠯ ᠲᠠᠷᠢᠶᠠᠯᠠᠩ ᠮᠠᠯ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠶᠠᠪᠤᠴᠠ ᠳᠤ ᠠᠯᠢ ᠣᠯᠠᠨ ᠲᠥᠷᠥ ᠶᠢᠨ ᠪᠣᠳᠣᠯᠭ᠎ᠠ ᠶᠢ ᠬᠡᠷᠡᠭᠵᠢᠭᠦᠯᠵᠦ᠂ ᠲᠠᠷᠢᠶᠠᠯᠠᠩ ᠮᠠᠯ ᠠᠵᠤ ᠠᠬᠤᠢ ᠶᠢᠨ ᠶᠡᠷᠦᠩᠬᠡᠶᠢᠯᠡᠭᠰᠡᠨ ᠪᠣᠳᠠᠲᠤ ᠬᠦᠴᠦᠨ ᠪᠣᠯᠤᠨ ᠠᠵᠤ ᠠᠬᠤᠶᠢᠯᠠᠯ ᠤᠨ ᠬᠢᠷᠢ ᠬᠡᠮᠵᠢᠶ᠎ᠡ ᠶᠢ ᠳᠡᠭᠡᠭᠰᠢᠯᠡᠭᠦᠯᠪᠡ᠃ ᠡᠳᠡᠭᠡᠷ ᠲᠥᠷᠥ ᠶᠢᠨ ᠪᠣᠳᠣᠯᠭ᠎ᠠ ᠳᠤ ᠠᠵᠤ ᠠᠬᠤᠢ ᠶᠢᠨ ᠪᠦᠲᠦᠴᠡ ᠶᠢ ᠰᠢᠯᠢᠳᠡᠭᠵᠢᠭᠦᠯᠬᠦ᠂ ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠤᠨ ᠲᠤᠯᠭᠠᠭᠤᠷᠢᠯᠠᠯ ᠢ ᠴᠢᠩᠭᠠᠷᠠᠭᠤᠯᠬᠤ᠂ ᠦᠷᠭᠦᠯᠵᠢᠯᠡᠬᠦ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠵᠡᠷᠭᠡ ᠶᠢ ᠪᠠᠭᠲᠠᠭᠠᠵᠠᠢ᠃ ᠣᠳᠣᠬᠠᠨ ᠳᠤ᠂ ᠬᠡᠳᠦ᠋ᠪᠡᠷ ᠵᠣᠬᠢᠬᠤ ᠬᠡᠮᠵᠢᠶᠡᠨ ᠤ ᠦᠷ᠎ᠡ ᠪᠦᠲᠦᠮᠵᠢ ᠣᠯᠤᠭᠰᠠᠨ ᠪᠣᠯᠪᠠᠴᠤ᠂ ᠥᠪᠥᠷ ᠮᠣᠩᠭᠤᠯ ᠤᠨ ᠡᠬᠢ ᠪᠠᠶᠠᠯᠢᠭ ᠤᠨ ᠬᠠᠳᠠᠭᠠᠯᠠᠮᠵᠢ ᠶᠢᠨ ᠬᠡᠮᠵᠢᠶ᠎ᠡ ᠬᠢᠭᠡᠳ ᠤᠯᠤᠰ ᠤᠨ ᠴᠢᠬᠤᠯᠠ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠦᠢᠯᠡᠳᠪᠦᠷᠢᠯᠡᠯ ᠤᠨ ᠰᠠᠭᠤᠷᠢᠨ ᠢ ᠪᠦᠲᠦᠭᠡᠨ ᠪᠠᠶᠢᠭᠤᠯᠬᠤ ᠱᠠᠭᠠᠷᠳᠠᠯᠭ᠎ᠠ ᠲᠠᠢ ᠬᠠᠷᠢᠴᠠᠭᠤᠯᠪᠠᠯ᠂ ᠲᠠᠷᠢᠶᠠᠯᠠᠩ ᠮᠠᠯ ᠠᠵᠤ ᠠᠬᠤᠢ ᠶᠢᠨ ᠬᠥᠭᠵᠢᠯᠲᠡ ᠶᠢᠨ ᠶᠠᠰᠤ ᠴᠢᠨᠠᠷ ᠢ ᠮᠥᠨ ᠬᠦ ᠤᠯᠠᠮ ᠨᠢᠭᠡ ᠠᠯᠬᠤᠮ ᠳᠡᠭᠡᠭᠰᠢᠯᠡᠭᠦᠯᠬᠦ ᠴᠢᠬᠤᠯᠠ ᠲᠠᠢ ᠪᠠᠶᠢᠨ᠎ᠠ᠃ ᠲᠠᠷᠢᠶᠠᠯᠠᠬᠤ ᠮᠠᠯᠵᠢᠬᠤ ᠡᠷᠦᠬᠡ ᠶᠢᠨ ᠡᠵᠡᠩᠨᠡᠯᠲᠡ ᠶᠢᠨ ᠣᠷᠴᠢᠨ ᠲᠣᠭᠤᠷᠢᠨ ᠤ ᠶᠡᠷᠦᠩᠬᠡᠶᠢᠯᠡᠭᠰᠡᠨ ᠣᠨᠣᠰᠢᠯᠠᠯᠳᠠ ᠬᠢᠭᠡᠳ ᠵᠢᠷᠤᠭ ᠲᠥᠯᠥᠪᠯᠡᠭᠡ ᠶᠢᠨ ᠲᠤᠬᠠᠢ             ᠡᠨᠡ ᠨᠢ ᠲᠠᠷᠢᠶᠠᠯᠠᠬᠤ ᠮᠠᠯᠵᠢᠬᠤ ᠡᠷᠦᠬᠡ ᠶᠢᠨ ᠡᠵᠡᠩᠨᠡᠯᠲᠡ ᠶᠢᠨ ᠲᠦᠭᠰᠢᠭᠦᠷᠢ ᠶᠢ ᠬᠢᠨᠠᠨ ᠬᠡᠮᠵᠢᠬᠦ ᠭᠦᠢᠴᠡᠳᠬᠡᠬᠦ ᠲᠤᠭ᠎ᠠ ᠶᠢᠨ ᠰᠢᠰᠲ᠋ᠧᠮ ᠢ ᠪᠠᠶᠢᠭᠤᠯᠬᠤ ᠶᠢᠨ ᠣᠨᠣᠯ ᠤᠨ ᠦᠨᠳᠦᠰᠦᠯᠡᠯ ᠤᠨ ᠨᠢᠭᠡ ᠪᠣᠯᠤᠨ᠎ᠠ᠃ ᠪᠣᠳᠠᠲᠠᠢ ᠪᠠᠷ ᠬᠡᠯᠡᠪᠡᠯ ᠲᠠᠷᠢᠶᠠᠯᠠᠬᠤ ᠮᠠᠯᠵᠢᠬᠤ ᠡᠷᠦᠬᠡ ᠶᠢᠨ ᠡᠵᠡᠩᠨᠡᠯᠲᠡ ᠶᠢᠨ ᠣᠷᠴᠢᠨ ᠲᠣᠭᠤᠷᠢᠨ᠂ ᠵᠠᠬ᠎ᠠ ᠳᠡᠯᠭᠡᠭᠦᠷ ᠤᠨ ᠬᠡᠷᠡᠭᠴᠡᠭᠡ ᠱᠠᠭᠠᠷᠳᠠᠯᠭ᠎ᠠ᠂ ᠡᠬᠢ ᠪᠠᠶᠠᠯᠢᠭ ᠢ ᠠᠰᠢᠭᠯᠠᠬᠤ ᠵᠢᠴᠢ ᠦᠢᠯᠡᠳᠪᠦᠷᠢᠯᠡᠯ ᠤᠨ ᠰᠶᠢᠳᠪᠦᠷᠢᠲᠦ ᠪᠣᠳᠣᠯᠭ᠎ᠠ ᠲᠣᠭᠲᠠᠭᠠᠬᠤ ᠶᠢᠨ ᠶᠡᠷᠦᠩᠬᠡᠶᠢᠯᠡᠭᠰᠡᠨ ᠵᠠᠳᠠᠯᠤᠯᠲᠠ ᠪᠠᠭᠲᠠᠨ᠎ᠠ᠃             ᠨᠢᠭᠡ ᠳᠤ᠂ ᠲᠠᠷᠢᠶᠠᠯᠠᠬᠤ ᠮᠠᠯᠵᠢᠬᠤ ᠡᠷᠦᠬᠡ ᠶᠢᠨ ᠡᠵᠡᠩᠨᠡᠯᠲᠡ ᠶᠢᠨ ᠣᠷᠴᠢᠨ ᠲᠣᠭᠤᠷᠢᠨ ᠬᠢᠭᠡᠳ ᠡᠵᠡᠩᠨᠡᠯᠲᠡ ᠶᠢᠨ ᠣᠶᠢᠯᠠᠭᠠᠭᠳᠠᠬᠤᠨ ᠢ ᠰᠤᠳᠤᠯᠤᠨ ᠮᠠᠭᠠᠳᠯᠠᠬᠤ ᠬᠡᠷᠡᠭᠲᠡᠢ᠃ ᠲᠠᠷᠢᠶᠠᠯᠠᠬᠤ ᠮᠠᠯᠵᠢᠬᠤ ᠡᠷᠦᠬᠡ ᠶᠢᠨ ᠡᠵᠡᠩᠨᠡᠯᠲᠡ ᠶᠢᠨ ᠣᠷᠴᠢᠨ ᠲᠣᠭᠤᠷᠢᠨ ᠳᠤ ᠪᠠᠶᠢᠭᠠᠯᠢ ᠶᠢᠨ ᠣᠷᠴᠢᠨ ᠲᠣᠭᠤᠷᠢᠨ᠂ ᠨᠡᠶᠢᠭᠡᠮ ᠠᠵᠤ ᠠᠬᠤᠢ ᠶᠢᠨ ᠣᠷᠴᠢᠨ ᠲᠣᠭᠤᠷᠢᠨ ᠪᠣᠯᠤᠨ ᠮᠡᠷᠭᠡᠵᠢᠯ ᠤᠨ ᠣᠷᠴᠢᠨ ᠲᠣᠭᠤᠷᠢᠨ ᠪᠠᠭᠲᠠᠨ᠎ᠠ᠃ ᠲᠠᠷᠢᠶᠠᠯᠠᠬᠤ ᠮᠠᠯᠵᠢᠬᠤ ᠡᠷᠦᠬᠡ ᠡᠳᠡᠭᠡᠷ ᠣᠷᠴᠢᠨ ᠲᠣᠭᠤᠷᠢᠨ ᠤ ᠬᠦᠴᠦᠨ ᠵᠦᠢᠯ ᠢ ᠦᠨᠳᠦᠰᠦᠯᠡᠨ ᠵᠣᠬᠢᠴᠠᠩᠭᠤᠢ ᠡᠵᠡᠩᠨᠡᠯᠲᠡ ᠶᠢᠨ ᠠᠷᠭ᠎ᠠ ᠪᠣᠳᠣᠯᠭ᠎ᠠ ᠪᠣᠯᠤᠨ ᠲᠥᠯᠥᠪᠯᠡᠭᠡ ᠲᠣᠭᠲᠠᠭᠠᠬᠤ ᠬᠡᠷᠡᠭᠲᠡᠢ᠃ ᠲᠠᠷᠢᠶᠠᠯᠠᠬᠤ ᠮᠠᠯᠵᠢᠬᠤ ᠡᠷᠦᠬᠡ ᠶᠢᠨ ᠡᠵᠡᠩᠨᠡᠯᠲᠡ ᠶᠢᠨ ᠦᠵᠡᠯ ᠤᠬᠠᠮᠰᠠᠷ ᠢ ᠵᠠᠬ᠎ᠠ ᠳᠡᠯᠭᠡᠭᠦᠷ ᠤᠨ ᠬᠡᠷᠡᠭᠴᠡᠭᠡ ᠪᠠᠷ ᠤᠳᠤᠷᠢᠳᠤᠮᠵᠢ ᠪᠣᠯᠭᠠᠵᠤ᠂ ᠦᠷ᠎ᠡ ᠠᠰᠢᠭ ᠪᠣᠯᠤᠨ ᠦᠷᠭᠦᠯᠵᠢᠯᠡᠨ ᠬᠥᠭᠵᠢᠭᠦᠯᠬᠦ ᠶᠢ ᠴᠢᠬᠤᠯᠠᠴᠢᠯᠠᠬᠤ ᠬᠡᠷᠡᠭᠲᠡᠢ᠃       ᠬᠤᠶᠠᠷ ᠲᠤ᠂ ᠲᠠᠷᠢᠶᠠᠯᠠᠬᠤ ᠮᠠᠯᠵᠢᠬᠤ ᠡᠷᠦᠬᠡ ᠶᠢᠨ ᠵᠠᠬ᠎ᠠ ᠳᠡᠯᠭᠡᠭᠦᠷ ᠢ ᠪᠠᠶᠢᠴᠠᠭᠠᠬᠤ ᠪᠠ ᠡᠵᠡᠩᠨᠡᠯᠲᠡ ᠶᠢ ᠲᠥᠰᠦᠭᠡᠯᠡᠬᠦ ᠴᠢᠳᠠᠪᠤᠷᠢ ᠶᠢ ᠰᠤᠳᠤᠯᠤᠨ ᠮᠠᠭᠠᠳᠯᠠᠬᠤ ᠬᠡᠷᠡᠭᠲᠡᠢ᠃ ᠵᠠᠬ᠎ᠠ ᠳᠡᠯᠭᠡᠭᠦᠷ ᠤᠨ ᠪᠠᠶᠢᠴᠠᠭᠠᠯᠲᠠ ᠪᠣᠯ ᠲᠠᠷᠢᠶᠠᠯᠠᠬᠤ ᠮᠠᠯᠵᠢᠬᠤ ᠡᠷᠦᠬᠡ ᠡᠵᠡᠩᠨᠡᠯᠲᠡ ᠶᠢᠨ ᠰᠶᠢᠳᠪᠦᠷᠢᠲᠦ ᠪᠣᠳᠣᠯᠭ᠎ᠠ ᠲᠣᠭᠲᠠᠭᠠᠬᠤ ᠶᠢᠨ ᠴᠢᠬᠤᠯᠠ ᠵᠠᠩᠭᠢᠯᠠᠭ᠎ᠠ ᠪᠠᠶᠢᠵᠤ᠂ ᠵᠠᠬ᠎ᠠ ᠳᠡᠯᠭᠡᠭᠦᠷ ᠢᠶᠠᠷ ᠳᠠᠮᠵᠢᠨ ᠬᠡᠷᠡᠭᠯᠡᠭᠴᠢᠳ ᠤᠨ ᠠᠵᠢᠯᠯᠠᠭ᠎ᠠ᠂ ᠵᠠᠬ᠎ᠠ ᠳᠡᠯᠭᠡᠭᠦᠷ ᠤᠨ ᠬᠡᠷᠡᠭᠴᠡᠭᠡ ᠱᠠᠭᠠᠷᠳᠠᠯᠭ᠎ᠠ ᠪᠣᠯᠤᠨ ᠥᠷᠢᠰᠦᠯᠳᠦᠬᠦ ᠡᠲᠡᠭᠡᠳ ᠤᠨ ᠪᠠᠶᠢᠳᠠᠯ ᠢ ᠪᠠᠶᠢᠴᠠᠭᠠᠨ ᠥᠢᠯᠠᠭᠠᠵᠣ ᠪᠣᠯᠣᠨ᠎ᠠ᠃ ᠡᠵᠡᠩᠨᠡᠯᠲᠡ ᠶᠢᠨ ᠲᠥᠰᠦᠭᠡᠯᠡᠯ ᠨᠢ ᠲᠠᠷᠢᠶᠠᠯᠠᠬᠤ ᠮᠠᠯᠵᠢᠬᠤ ᠡᠷᠦᠬᠡ ᠶᠢ ᠬᠠᠪᠰᠤᠷᠤᠨ ᠢᠷᠡᠭᠡᠳᠦᠢ ᠶᠢᠨ ᠵᠠᠬ᠎ᠠ ᠳᠡᠯᠭᠡᠭᠦᠷ ᠤᠨ ᠬᠠᠨᠳᠤᠰᠢ ᠶᠢ ᠦᠨᠡᠯᠡᠨ ᠵᠢᠱᠢᠭᠦᠯᠵᠦ᠂ ᠤᠷᠲᠤ ᠬᠤᠭᠤᠴᠠᠭᠠᠨ ᠤ ᠪᠠ ᠣᠬᠤᠷ ᠬᠤᠭᠤᠴᠠᠭᠠᠨ ᠤ ᠦᠢᠯᠡᠳᠪᠦᠷᠢᠯᠡᠯ ᠤᠨ ᠲᠥᠯᠥᠪᠯᠡᠭᠡ ᠲᠣᠭᠲᠠᠭᠠᠯᠭᠠᠬᠤ ᠪᠣᠯᠣᠨ᠎ᠠ᠃       ᠭᠤᠷᠪᠠ ᠳᠤ᠂ ᠲᠠᠷᠢᠶᠠᠯᠠᠬᠤ ᠮᠠᠯᠵᠢᠬᠤ ᠡᠷᠦᠬᠡ ᠶᠢᠨ ᠡᠵᠡᠩᠨᠡᠯᠲᠡ ᠶᠢᠨ ᠰᠶᠢᠳᠪᠦᠷᠢᠲᠦ ᠪᠣᠳᠣᠯᠭ᠎ᠠ ᠪᠠ ᠲᠥᠯᠥᠪᠯᠡᠭᠡ ᠶᠢ ᠰᠤᠳᠤᠯᠤᠨ ᠮᠠᠭᠠᠳᠯᠠᠬᠤ ᠬᠡᠷᠡᠭᠲᠡᠢ᠃ ᠲᠠᠷᠢᠶᠠᠯᠠᠬᠤ ᠮᠠᠯᠵᠢᠬᠤ ᠡᠷᠦᠬᠡ ᠡᠵᠡᠩᠨᠡᠯᠲᠡ ᠶᠢᠨ ᠰᠶᠢᠳᠪᠦᠷᠢᠲᠦ ᠪᠣᠳᠣᠯᠭ᠎ᠠ ᠲᠣᠭᠲᠠᠭᠠᠬᠤ ᠳᠤ ᠵᠠᠬ᠎ᠠ ᠳᠡᠯᠭᠡᠭᠦᠷ ᠤᠨ ᠬᠡᠷᠡᠭᠴᠡᠭᠡ ᠱᠠᠭᠠᠷᠳᠠᠯᠭ᠎ᠠ ᠪᠣᠯᠤᠨ ᠲᠤᠰ ᠪᠡᠶ᠎ᠡ ᠶᠢᠨ ᠨᠥᠬᠦᠴᠡᠯ ᠳᠡᠭᠡᠨ ᠰᠠᠭᠤᠷᠢᠯᠠᠨ᠂ ᠡᠬᠢ ᠪᠠᠶᠠᠯᠢᠭ ᠢᠶᠠᠨ ᠵᠦᠢ ᠵᠣᠬᠢᠰᠲᠠᠢ ᠠᠰᠢᠭᠯᠠᠵᠤ᠂ ᠡᠵᠡᠩᠨᠡᠯᠲᠡ ᠶᠢᠨ ᠬᠠᠷᠠᠯᠲᠠ ᠶᠢᠨ ᠪᠡᠶᠡᠯᠡᠭᠳᠡᠬᠦ ᠶᠢ ᠦᠨᠡᠨ ᠬᠦ ᠪᠠᠲᠤᠯᠠᠬᠤ ᠬᠡᠷᠡᠭᠲᠡᠢ᠃ ᠲᠠᠷᠢᠶᠠᠯᠠᠬᠤ ᠮᠠᠯᠵᠢᠬᠤ ᠡᠷᠦᠬᠡ ᠵᠠᠬ᠎ᠠ ᠳᠡᠯᠭᠡᠭᠦᠷ ᠤᠨ ᠬᠡᠷᠡᠭᠴᠡᠭᠡ ᠶᠢ ᠦᠨᠳᠦᠰᠦᠯᠡᠨ ᠤᠷᠲᠤ ᠬᠤᠭᠤᠴᠠᠭᠠᠨ ᠤ ᠲᠥᠯᠥᠪᠯᠡᠭᠡ ᠲᠣᠭᠲᠠᠭᠠᠬᠤ ᠶᠢᠨ ᠬᠠᠮᠲᠤ ᠣᠷᠴᠢᠨ ᠲᠣᠭᠤᠷᠢᠨ ᠢ ᠵᠠᠳᠠᠯᠬᠤ᠂ ᠠᠩᠬᠠᠨ ᠤ ᠲᠡᠮᠳᠡᠭᠯᠡᠯ ᠬᠢᠬᠦ ᠪᠠ ᠨᠣᠷᠮ᠎ᠠ ᠲᠣᠭᠲᠠᠭᠠᠬᠤ ᠵᠡᠷᠭᠡ ᠠᠵᠢᠯ ᠢ ᠰᠠᠶᠢᠲᠤᠷ ᠬᠢᠬᠦ ᠬᠡᠷᠡᠭᠲᠡᠢ᠃             ᠳᠥᠷᠪᠡ ᠳᠤ᠂ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠪᠠᠶᠢᠭᠠᠯᠢ ᠶᠢᠨ ᠰᠢᠨᠵᠢ ᠴᠢᠨᠠᠷ ᠪᠣᠯᠤᠨ ᠡᠵᠡᠩᠨᠡᠯᠲᠡ ᠶᠢᠨ ᠱᠠᠭᠠᠷᠳᠠᠯᠭ᠎ᠠ ᠶᠢ ᠰᠤᠳᠤᠯᠤᠨ ᠮᠠᠭᠠᠳᠯᠠᠬᠤ ᠬᠡᠷᠡᠭᠲᠡᠢ᠃ ᠵᠢᠱᠢᠶᠡᠯᠡᠪᠡᠯ ᠠᠮᠢᠳᠤ ᠰᠣᠷᠭᠤᠭ ᠮᠠᠯ ᠲᠠᠷᠢᠶᠠᠯᠠᠩ ᠤᠨ ᠪᠦᠲᠦᠭᠡᠭᠳᠡᠬᠦᠨ᠂ ᠰᠢᠨ᠎ᠡ ᠰᠣᠷᠭᠤᠭ ᠲᠠᠷᠢᠶᠠᠯᠠᠩ ᠤᠨ ᠪᠦᠲᠦᠭᠡᠭᠳᠡᠬᠦᠨ ᠵᠡᠷᠭᠡ ᠳᠤ ᠠᠳᠠᠯᠢ ᠪᠤᠰᠤ ᠡᠵᠡᠩᠨᠡᠯᠲᠡ ᠶᠢᠨ ᠠᠷᠭ᠎ᠠ ᠪᠣᠳᠣᠯᠭ᠎ᠠ ᠪᠠ ᠬᠠᠮᠢᠶᠠᠷᠤᠯᠲᠠ ᠶᠢᠨ ᠠᠷᠭ᠎ᠠ ᠶᠢ ᠱᠠᠭᠠᠷᠳᠠᠳᠠᠭ᠃ ᠣᠷᠭᠠᠨᠢᠭ ᠲᠠᠷᠢᠶᠠᠯᠠᠩ ᠮᠠᠯ ᠠᠵᠤ ᠠᠬᠤᠢ ᠶᠢᠨ ᠪᠦᠲᠦᠭᠡᠭᠳᠡᠬᠦᠨ ᠤ ᠡᠵᠡᠩᠨᠡᠯᠲᠡ ᠨᠢ ᠬᠠᠷᠢᠨ ᠣᠯᠠᠨ ᠨᠡᠶᠢᠲᠡ ᠳᠤ ᠬᠤᠣᠷ ᠦᠭᠡᠢ ᠪᠣᠯᠭᠠᠬᠤ ᠪᠠ ᠦᠢᠯᠡᠳᠪᠦᠷᠢᠯᠡᠯ ᠤᠨ ᠶᠠᠪᠤᠴᠠ ᠶᠢ ᠡᠵᠡᠮᠳᠡᠬᠦ ᠶᠢ ᠴᠢᠬᠤᠯᠠᠴᠢᠯᠠᠬᠤ ᠬᠡᠷᠡᠭᠲᠡᠢ᠃             ᠲᠠᠪᠤ ᠳᠤ᠂ ᠲᠠᠷᠢᠶᠠᠯᠠᠬᠤ ᠮᠠᠯᠵᠢᠬᠤ ᠡᠷᠦᠬᠡ ᠶᠢᠨ ᠡᠵᠡᠩᠨᠡᠯᠲᠡ ᠶᠢᠨ ᠵᠣᠬᠢᠶᠠᠨ ᠪᠠᠶᠢᠭᠤᠯᠣᠯᠴᠠᠬᠤ ᠬᠡᠮᠵᠢᠶ᠎ᠡ ᠶᠢ ᠰᠤᠳᠤᠯᠤᠨ ᠮᠠᠭᠠᠳᠯᠠᠬᠤ ᠬᠡᠷᠡᠭᠲᠡᠢ᠃ ᠲᠠᠷᠢᠶᠠᠯᠠᠬᠤ ᠮᠠᠯᠵᠢᠬᠤ ᠡᠷᠦᠬᠡ ᠶᠢᠨ ᠡᠵᠡᠩᠨᠡᠯᠲᠡ ᠶᠢ ᠵᠣᠬᠢᠶᠠᠨ ᠪᠠᠶᠢᠭᠤᠯᠣᠯᠴᠢᠯᠠᠭᠤᠯᠬᠤ ᠪᠣᠯ ᠲᠠᠷᠢᠶᠠᠯᠠᠩ ᠮᠠᠯ ᠠᠵᠤ ᠠᠬᠤᠢ ᠶᠢᠨ ᠦᠢᠯᠡᠳᠪᠦᠷᠢᠯᠡᠯ ᠤᠨ ᠦᠷ᠎ᠡ ᠪᠦᠲᠦᠮᠵᠢ ᠶᠢ ᠳᠡᠭᠡᠭᠰᠢᠯᠡᠭᠦᠯᠬᠦ ᠴᠢᠬᠤᠯᠠ ᠠᠷᠭ᠎ᠠ ᠵᠠᠮ ᠪᠣᠯᠤᠨ᠎ᠠ᠃ ᠲᠠᠷᠢᠶᠠᠯᠠᠬᠤ ᠮᠠᠯᠵᠢᠬᠤ ᠡᠷᠦᠬᠡ ᠬᠤᠯᠪᠣᠭᠠᠯᠠᠨ ᠬᠤᠷᠰᠢᠭᠰᠠᠨ ᠡᠵᠡᠩᠨᠡᠯᠲᠡ ᠬᠢᠬᠦ ᠪᠠᠷ ᠳᠠᠮᠵᠢᠭᠤᠯᠤᠨ᠂ ᠪᠠᠭ᠎ᠠ ᠬᠡᠪᠴᠢᠶᠡᠨ ᠤ ᠲᠠᠷᠠᠬᠠᠢ ᠡᠵᠡᠩᠨᠡᠯᠲᠡ ᠶᠢᠨ ᠪᠠᠭᠤᠷᠠᠢ ᠲᠠᠯ᠎ᠠ ᠪᠠᠨ ᠨᠥᠬᠦᠪᠥᠷᠢᠯᠡᠵᠦ᠂ ᠲᠤᠰᠬᠠᠶᠢᠵᠢᠭᠰᠠᠨ᠂ ᠬᠡᠪᠴᠢᠶᠡᠵᠢᠭᠰᠡᠨ ᠡᠵᠡᠩᠨᠡᠯᠲᠡ ᠶᠢ ᠪᠡᠶᠡᠯᠡᠭᠦᠯᠬᠦ ᠬᠡᠷᠡᠭᠲᠡᠢ᠃ ᠡᠨᠡ ᠬᠦ ᠵᠣᠬᠢᠶᠠᠨ ᠪᠠᠶᠢᠭᠤᠯᠤᠯᠴᠢᠯᠠᠯᠳᠠ ᠨᠢ ᠦᠢᠯᠡᠳᠪᠦᠷᠢᠯᠡᠯ ᠤᠨ ᠦᠷ᠎ᠡ ᠠᠰᠢᠭ ᠢ ᠳᠡᠭᠡᠭᠰᠢᠯᠡᠭᠦᠯᠬᠦ ᠳᠤ ᠠᠰᠢᠭᠳᠠᠢ ᠪᠠᠷ ᠪᠠᠷᠠᠬᠤ ᠦᠭᠡᠢ ᠪᠠᠰᠠ ᠲᠠᠷᠢᠶᠠᠯᠠᠬᠤ ᠮᠠᠯᠵᠢᠬᠤ ᠡᠷᠦᠬᠡ ᠶᠢᠨ ᠵᠠᠬ᠎ᠠ ᠳᠡᠯᠭᠡᠭᠦᠷ ᠲᠠᠬᠢ ᠥᠷᠢᠰᠦᠯᠳᠦᠬᠦ ᠬᠦᠴᠦᠨ ᠢ ᠨᠡᠮᠡᠭᠳᠡᠭᠦᠯᠵᠦ ᠴᠢᠳᠠᠨ᠎ᠠ᠃ ᠲᠠᠷᠢᠶᠠᠯᠠᠬᠤ ᠮᠠᠯᠵᠢᠬᠤ ᠡᠷᠦᠬᠡ ᠶᠢᠨ ᠵᠣᠬᠢᠶᠠᠨ ᠪᠠᠶᠢᠭᠤᠯᠣᠯᠴᠢᠯᠠᠭᠰᠠᠨ ᠬᠡᠮᠵᠢᠶ᠎ᠡ ᠪᠣᠯᠤᠨ ᠬᠠᠷᠢᠯᠴᠠᠨ ᠬᠤᠯᠪᠣᠭᠳᠠᠬᠤ ᠬᠡᠮᠵᠢᠶ᠎ᠡ ᠪᠣᠯ ᠡᠵᠡᠩᠨᠡᠯᠲᠡ ᠶᠢᠨ ᠲᠦᠭᠰᠢᠭᠦᠷᠢ ᠶᠢ ᠬᠡᠮᠵᠢᠬᠦ ᠴᠢᠬᠤᠯᠠ ᠭᠦᠢᠴᠡᠳᠬᠡᠬᠦ ᠲᠤᠭ᠎ᠠ ᠶᠢᠨ ᠨᠢᠭᠡ ᠪᠣᠯᠤᠨ᠎ᠠ᠃             ᠵᠢᠷᠭᠤᠭ᠎ᠠ ᠳᠤ᠂ ᠲᠠᠷᠢᠶᠠᠯᠠᠬᠤ ᠮᠠᠯᠵᠢᠬᠤ ᠡᠷᠦᠬᠡ ᠶᠢᠨ ᠡᠵᠡᠩᠨᠡᠯᠲᠡ ᠶᠢᠨ ᠭᠡᠷ᠎ᠡ ᠶᠢᠨ ᠲᠤᠭ᠎ᠠ ᠬᠢᠭᠡᠳ ᠠᠭᠤᠯᠭ᠎ᠠ ᠶᠢ ᠰᠤᠳᠤᠯᠤᠨ ᠮᠠᠭᠠᠳᠯᠠᠬᠤ ᠬᠡᠷᠡᠭᠲᠡᠢ᠃ ᠲᠠᠷᠢᠶᠠᠯᠠᠬᠤ ᠮᠠᠯᠵᠢᠬᠤ ᠡᠷᠦᠬᠡ ᠦᠢᠯᠡᠳᠪᠦᠷᠢᠯᠡᠯ ᠡᠵᠡᠩᠨᠡᠯᠲᠡ ᠶᠢᠨ ᠠᠵᠢᠯᠯᠠᠭ᠎ᠠ ᠬᠢᠬᠦ ᠳᠡᠭᠡᠨ ᠶᠡᠷᠦ ᠳᠡᠭᠡᠨ ᠭᠡᠷ᠎ᠡ ᠲᠣᠭᠲᠠᠵᠤ ᠡᠯ᠎ᠡ ᠲᠠᠯ᠎ᠠ ᠶᠢᠨ ᠡᠷᠬᠡ ᠪᠠ ᠡᠭᠦᠷᠭᠡ ᠪᠠᠨ ᠲᠣᠳᠣᠷᠬᠠᠶᠢᠯᠠᠬᠤ ᠬᠡᠷᠡᠭᠲᠡᠢ᠃ ᠭᠡᠷ᠎ᠡ ᠲᠣᠭᠲᠠᠭᠰᠠᠨ ᠲᠤᠭ᠎ᠠ ᠪᠣᠯᠤᠨ ᠠᠭᠤᠯᠭ᠎ᠠ ᠨᠢ ᠲᠠᠷᠢᠶᠠᠯᠠᠬᠤ ᠮᠠᠯᠵᠢᠬᠤ ᠡᠷᠦᠬᠡ ᠶᠢᠨ ᠡᠵᠡᠩᠨᠡᠯᠲᠡ ᠶᠢᠨ ᠣᠶᠢᠯᠠᠭᠠᠭᠳᠠᠬᠤᠨ ᠪᠣᠯᠤᠨ ᠡᠵᠡᠩᠨᠡᠯᠲᠡ ᠶᠢᠨ ᠲᠦᠭᠰᠢᠭᠦᠷᠢ ᠶᠢᠨ ᠰᠢᠯᠵᠢᠯᠲᠡ ᠳᠤ ᠰᠢᠭᠤᠳ ᠬᠠᠷᠢᠭᠤ ᠲᠤᠰᠬᠠᠯ ᠪᠤᠯᠤᠨ᠎ᠠ᠃             ᠳᠣᠯᠤᠭ᠎ᠠ ᠳᠤ᠂ ᠲᠠᠷᠢᠶᠠᠯᠠᠬᠤ ᠮᠠᠯᠵᠢᠬᠤ ᠡᠷᠦᠬᠡ ᠶᠢᠨ ᠡᠵᠡᠩᠨᠡᠯᠲᠡ ᠳᠤᠮᠳᠠᠬᠢ ᠮᠡᠷᠭᠡᠵᠢᠯ ᠤᠨ ᠬᠡᠷᠡᠭᠯᠡᠭᠡᠨ ᠤ ᠴᠢᠳᠠᠪᠤᠷᠢ ᠶᠢ ᠰᠤᠳᠤᠯᠤᠨ ᠮᠠᠭᠠᠳᠯᠠᠬᠤ ᠬᠡᠷᠡᠭᠲᠡᠢ ᠃ ᠣᠳᠣ ᠦᠶ᠎ᠡ ᠶᠢᠨ ᠬᠥᠳᠡᠭᠡ ᠠᠵᠤ ᠠᠬᠤᠢ ᠶᠢᠨ ᠮᠠᠰᠢᠨ ᠮᠤᠬᠠᠨᠢᠭ ᠢ ᠬᠡᠷᠡᠭᠯᠡᠬᠦ ᠶᠠᠪᠤᠳᠠᠯ ᠪᠣᠯ ᠬᠥᠳᠡᠭᠡ ᠠᠵᠤ ᠠᠬᠤᠢ ᠶᠢᠨ ᠦᠢᠯᠡᠳᠪᠦᠷᠢᠯᠡᠯ ᠤᠨ ᠦᠷ᠎ᠡ ᠪᠦᠲᠦᠭᠡᠯ ᠢ ᠳᠡᠭᠡᠭᠰᠢᠯᠡᠭᠦᠯᠬᠦ ᠶᠢᠨ ᠵᠠᠩᠭᠢᠯᠠᠭ᠎ᠠ ᠮᠥᠨ᠃ ᠲᠠᠷᠢᠶᠠᠯᠠᠬᠤ ᠮᠠᠯᠵᠢᠬᠤ ᠡᠷᠦᠬᠡ ᠣᠳᠣ ᠦᠶ᠎ᠡ ᠶᠢᠨ ᠲᠠᠷᠢᠶᠠᠯᠠᠩ ᠤᠨ ᠮᠡᠷᠭᠡᠵᠢᠯ ᠢ ᠢᠳᠡᠪᠬᠢᠲᠡᠢ ᠪᠠᠷ ᠬᠡᠷᠡᠭᠯᠡᠬᠦ ᠬᠡᠷᠡᠭᠲᠡᠢ᠂ ᠵᠢᠱᠢᠶᠡᠯᠡᠪᠡᠯ ᠨᠠᠷᠢᠯᠢᠭ ᠣᠨᠣᠪᠴᠢᠲᠠᠢ ᠲᠠᠷᠢᠶᠠᠯᠠᠩ᠂ ᠣᠶᠤᠨᠴᠢᠯᠠᠭᠰᠠᠨ ᠲᠠᠷᠢᠶᠠᠯᠠᠩ ᠵᠡᠷᠭᠡ ᠪᠠᠶᠢᠵᠤ᠂ ᠦᠢᠯᠡᠳᠪᠦᠷᠢᠯᠡᠯ ᠤᠨ ᠦᠷ᠎ᠡ ᠪᠦᠲᠦᠮᠵᠢ ᠪᠣᠯᠤᠨ ᠦᠢᠯᠡᠳᠬᠦᠨ ᠤ ᠶᠠᠰᠤ ᠴᠢᠨᠠᠷ ᠢ ᠳᠡᠭᠡᠭᠰᠢᠯᠡᠭᠦᠯᠬᠦ ᠬᠡᠷᠡᠭᠲᠡᠢ᠃             ᠨᠠᠢᠮᠠ ᠳᠤ᠂ ᠲᠠᠷᠢᠶᠠᠯᠠᠬᠤ ᠮᠠᠯᠵᠢᠬᠤ ᠡᠷᠦᠬᠡ ᠶᠢᠨ ᠡᠵᠡᠩᠨᠡᠯᠲᠡ ᠳ᠋ᠤᠮᠳᠠᠬᠢ ᠲᠦᠭᠰᠢᠭᠦᠷᠢ ᠶᠢ ᠡᠵᠡᠮᠳᠡᠬᠦ ᠴᠢᠳᠠᠪᠤᠷᠢ ᠶᠢ ᠰᠤᠳᠤᠯᠤᠨ ᠮᠠᠭᠠᠳᠯᠠᠬᠤ ᠬᠡᠷᠡᠭᠲᠡᠢ᠃ ᠲᠠᠷᠢᠶᠠᠯᠠᠬᠤ ᠮᠠᠯᠵᠢᠬᠤ ᠡᠷᠦᠬᠡ ᠦᠢᠯᠡᠳᠪᠦᠷᠢᠯᠡᠯ ᠡᠵᠡᠩᠨᠡᠯᠲᠡ ᠶᠢᠨ ᠶᠠᠪᠤᠴᠠ ᠳᠤ ᠵᠠᠬ᠎ᠠ ᠳᠡᠯᠭᠡᠭᠦᠷ ᠤᠨ ᠲᠦᠭᠰᠢᠭᠦᠷᠢ᠂ ᠪᠠᠶᠢᠭᠠᠯᠢ ᠶᠢᠨ ᠭᠠᠮᠰᠢᠭ ᠤᠨ ᠲᠦᠭᠰᠢᠭᠦᠷᠢ ᠵᠡᠷᠭᠡ ᠶᠢ ᠪᠠᠭᠲᠠᠭᠠᠭᠰᠠᠨ ᠣᠯᠠᠨ ᠵᠦᠢᠯ ᠤᠨ ᠲᠦᠭᠰᠢᠭᠦᠷᠢ ᠳᠤ ᠲᠤᠯᠭᠠᠷᠠᠵᠤ ᠪᠠᠶᠢᠳᠠᠭ᠃ ᠡᠶᠢᠮᠦ ᠠᠴᠠ᠂ ᠲᠠᠷᠢᠶᠠᠯᠠᠬᠤ ᠮᠠᠯᠵᠢᠬᠤ ᠡᠷᠦᠬᠡ ᠲᠦᠭᠰᠢᠭᠦᠷᠢ ᠶᠢ ᠰᠡᠷᠭᠡᠶᠢᠯᠡᠨ ᠬᠢᠵᠠᠭᠠᠷᠯᠠᠬᠤ ᠪᠦᠲᠦᠮᠵᠢᠲᠡᠢ ᠠᠷᠭ᠎ᠠ ᠬᠡᠮᠵᠢᠶ᠎ᠡ ᠲᠣᠭᠲᠠᠭᠠᠵᠤ᠂ ᠳᠠᠯᠳᠠ ᠬᠤᠬᠢᠷᠠᠯ ᠢᠶᠠᠨ ᠪᠠᠭᠠᠰᠬᠠᠬᠤ ᠬᠡᠷᠡᠭᠲᠡᠢ᠃             ᠶᠢᠰᠦ ᠳᠤ᠂ ᠮᠠᠯᠵᠢᠬᠤ ᠲᠠᠷᠢᠶᠠᠯᠠᠬᠤ ᠡᠷᠦᠬᠡ ᠶᠢᠨ ᠡᠵᠡᠩᠨᠡᠯᠲᠡ ᠶᠢᠨ ᠠᠵᠢᠯᠯᠠᠭ᠎ᠠ ᠳᠤᠮᠳᠠᠬᠢ ᠡᠵᠡᠩᠨᠡᠨ ᠪᠣᠷᠣᠯᠠᠭᠤᠯᠬᠤ ᠠᠷᠭ᠎ᠠ ᠪᠣᠳᠣᠯᠭ᠎ᠠ ᠵᠢᠴᠢ ᠴᠢᠳᠠᠪᠤᠷᠢ ᠶᠢ ᠰᠤᠳᠤᠯᠤᠨ ᠮᠠᠭᠠᠳᠯᠠᠬᠤ ᠬᠡᠷᠡᠭᠲᠡᠢ᠃ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢ ᠡᠵᠡᠩᠨᠡᠨ ᠪᠣᠷᠣᠯᠠᠭᠤᠯᠬᠤ ᠠᠷᠭ᠎ᠠ ᠪᠣᠳᠣᠯᠭ᠎ᠠ ᠪᠣᠯ ᠲᠠᠷᠢᠶᠠᠯᠠᠬᠤ ᠮᠠᠯᠵᠢᠬᠤ ᠡᠷᠦᠬᠡ ᠶᠢᠨ ᠣᠷᠣᠯᠭ᠎ᠠ ᠶᠢ ᠳᠡᠭᠡᠭᠰᠢᠯᠡᠭᠦᠯᠬᠦ ᠴᠢᠬᠤᠯᠠ ᠠᠷᠭ᠎ᠠ ᠪᠠᠷᠢᠯ ᠪᠣᠯᠤᠨ᠎ᠠ᠃ ᠮᠠᠯᠵᠢᠬᠤ ᠲᠠᠷᠢᠶᠠᠯᠠᠬᠤ ᠡᠷᠦᠬᠡ ᠨᠡᠷᠡᠲᠦ ᠲᠥᠷᠥᠯ ᠲᠡᠮᠳᠡᠭᠲᠦ ᠶᠢᠨ ᠪᠠᠶᠢᠭᠤᠯᠤᠯᠲᠠ᠂ ᠡᠯᠧᠺᠲᠷᠣᠨ ᠬᠤᠳᠠᠯᠳᠤᠭᠠᠨ ᠤ ᠶᠠᠪᠤᠳᠠᠯ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠪᠣᠷᠣᠯᠠᠭᠤᠯᠬᠤ ᠠᠷᠭ᠎ᠠ ᠵᠠᠮ ᠢᠶᠠᠨ ᠥᠷᠭᠡᠳᠬᠡᠵᠦ᠂ ᠦᠢᠯᠡᠳᠬᠦᠨ ᠤ ᠨᠡᠮᠡᠯᠲᠡ ᠥᠷᠲᠡᠭ ᠢᠶᠠᠨ ᠳᠡᠭᠡᠭᠰᠢᠯᠡᠭᠦᠯᠵᠦ ᠪᠣᠯᠤᠨ᠎ᠠ᠃             ᠠᠷᠪᠠ ᠳᠤ᠂ ᠲᠠᠷᠢᠶᠠᠯᠠᠬᠤ ᠮᠠᠯᠵᠢᠬᠤ ᠡᠷᠦᠬᠡ ᠶᠢᠨ ᠡᠵᠡᠩᠨᠡᠯᠲᠡ ᠶᠢᠨ ᠠᠵᠢᠯᠯᠠᠭ᠎ᠠ ᠳᠤᠮᠳᠠᠬᠢ ᠲᠥᠷᠥ ᠶᠢᠨ ᠪᠣᠳᠣᠯᠭ᠎ᠠ ᠶᠢᠨ ᠳᠡᠮᠵᠢᠯᠭᠡ ᠶᠢᠨ ᠡᠷᠴᠢᠮ ᠢ ᠰᠤᠳᠤᠯᠤᠨ ᠮᠠᠭᠠᠳᠯᠠᠬᠤ ᠬᠡᠷᠡᠭᠲᠡᠢ᠃ ᠵᠠᠰᠠᠭ ᠤᠨ ᠣᠷᠳᠣᠨ ᠤ ᠲᠠᠷᠢᠶᠠᠯᠠᠩ ᠮᠠᠯ ᠠᠵᠤ ᠠᠬᠤᠢ ᠶᠢ ᠳᠡᠮᠵᠢᠬᠦ ᠲᠥᠷᠥ ᠶᠢᠨ ᠪᠣᠳᠣᠯᠭ᠎ᠠ ᠨᠢ ᠲᠠᠷᠢᠶᠠᠯᠠᠬᠤ ᠮᠠᠯᠵᠢᠬᠤ ᠡᠷᠦᠬᠡ ᠶᠢᠨ ᠡᠵᠡᠩᠨᠡᠯᠲᠡ ᠳᠤ ᠴᠢᠬᠤᠯᠠ ᠨᠥᠯᠥᠭᠡ ᠦᠵᠡᠭᠦᠯᠵᠦ ᠪᠠᠶᠢᠳᠠᠭ᠃ ᠲᠠᠷᠢᠶᠠᠯᠠᠬᠤ ᠮᠠᠯᠵᠢᠬᠤ ᠡᠷᠦᠬᠡ ᠤᠯᠤᠰ ᠤᠨ ᠬᠠᠩᠭᠠᠭᠰᠠᠨ ᠲᠠᠷᠢᠶᠠᠯᠠᠩ ᠮᠠᠯ ᠠᠵᠤ ᠠᠬᠤᠢ ᠶᠢᠨ ᠨᠥᠬᠦᠪᠥᠷᠢ᠂ ᠭᠠᠶᠢᠯᠢ ᠰᠦᠢᠳᠬᠡᠯ ᠢ ᠬᠠᠰᠤᠵᠤ ᠬᠡᠯᠲᠦᠷᠢᠭᠦᠯᠬᠦ ᠵᠡᠷᠭᠡ ᠲᠥᠷᠥ ᠶᠢᠨ ᠪᠣᠳᠣᠯᠭ᠎ᠠ ᠶᠢ ᠭᠦᠢᠴᠡᠳ ᠠᠰᠢᠭᠯᠠᠨ᠂ ᠡᠵᠡᠩᠨᠡᠯᠲᠡ ᠶᠢᠨ ᠳᠠᠷᠤᠭᠠᠰᠤ ᠪᠠᠨ ᠬᠥᠩᠭᠡᠷᠡᠭᠦᠯᠬᠦ ᠶᠢᠨ ᠬᠠᠮᠲᠤ ᠠᠰᠢᠭ ᠣᠯᠬᠤ ᠴᠢᠳᠠᠪᠤᠷᠢ ᠪᠠᠨ ᠳᠡᠭᠡᠭᠰᠢᠯᠡᠭᠦᠯᠬᠦ ᠬᠡᠷᠡᠭᠲᠡᠢ᠃        ᠲᠠᠷᠢᠶᠠᠯᠠᠬᠤ ᠮᠠᠯᠵᠢᠬᠤ ᠡᠷᠦᠬᠡ ᠶᠢᠨ ᠡᠵᠡᠩᠨᠡᠯᠲᠡ ᠶᠢᠨ ᠲᠦᠭᠰᠢᠭᠦᠷᠢ ᠶᠢ ᠬᠢᠨᠠᠨ ᠬᠡᠮᠵᠢᠬᠦ ᠭᠦᠢᠴᠡᠳᠬᠡᠬᠦ ᠲᠤᠭ᠎ᠠ ᠶᠢᠨ ᠰᠢᠰᠲ᠋ᠧᠮ ᠤᠨ ᠲᠤᠬᠠᠢ             ᠮᠡᠷᠭᠡᠵᠢᠯ ᠤᠨ ᠠᠷᠭ᠎ᠠ ᠬᠢᠭᠡᠳ ᠣᠨᠣᠯ ᠤᠨ ᠠᠷᠭ᠎ᠠ ᠶᠢ ᠬᠡᠷᠬᠢᠨ ᠠᠰᠢᠭᠯᠠᠬᠤ ᠶᠢ ᠭᠤᠣᠯᠳᠠᠯᠭ᠎ᠠ ᠲᠠᠢ ᠰᠤᠳᠤᠯᠵᠤ᠂ ᠲᠠᠷᠢᠶᠠᠯᠠᠬᠤ ᠮᠠᠯᠵᠢᠬᠤ ᠡᠷᠦᠬᠡ ᠶᠢᠨ ᠡᠵᠡᠩᠨᠡᠯᠲᠡ ᠶᠢᠨ ᠲᠦᠭᠰᠢᠭᠦᠷᠢ ᠶᠢ ᠬᠢᠨᠠᠨ ᠬᠡᠮᠵᠢᠬᠦ ᠭᠦᠢᠴᠡᠳᠬᠡᠬᠦ ᠲᠤᠭ᠎ᠠ ᠶᠢᠨ ᠰᠢᠰᠲ᠋ᠧᠮ ᠢ ᠳᠠᠬᠢᠨ ᠴᠣᠭᠴᠠᠯᠠᠬᠤ ᠬᠡᠷᠡᠭᠲᠡᠢ᠃ ᠲᠠᠷᠢᠶᠠᠯᠠᠬᠤ ᠮᠠᠯᠵᠢᠬᠤ ᠡᠷᠦᠬᠡ ᠶᠢᠨ ᠦᠷᠭᠦᠯᠵᠢᠯᠡᠨ ᠡᠵᠡᠩᠨᠡᠬᠦ ᠶᠢ ᠨᠥᠯᠥᠭᠡᠯᠡᠬᠦ ︽ᠳᠣᠲᠣᠭᠠᠳᠤ ᠣᠷᠴᠢᠨ︾ ᠪᠣᠯᠤᠨ ︽ᠭᠠᠳᠠᠭᠠᠳᠤ ᠣᠷᠴᠢᠨ︾ ᠢ ᠪᠦᠬᠦ ᠲᠠᠯ᠎ᠠ ᠪᠠᠷ ᠡᠮᠬᠢᠯᠡᠵᠦ᠂ ᠰᠢᠶᠠᠩ ᠲᠣᠰᠬᠤᠨ ᠤ ᠣᠷᠣᠨ ᠵᠠᠢ ᠪᠠᠷ ᠲᠦᠰᠢᠭ ᠪᠣᠯᠭᠠᠭᠰᠠᠨ ᠲᠠᠷᠢᠶᠠᠯᠠᠬᠤ ᠮᠠᠯᠵᠢᠬᠤ ᠡᠷᠦᠬᠡ ᠶᠢᠨ ᠡᠵᠡᠩᠨᠡᠯᠲᠡ ᠶᠢᠨ ᠲᠦᠭᠰᠢᠭᠦᠷᠢ ᠶᠢ ᠦᠨᠡᠯᠡᠨ ᠵᠢᠱᠢᠬᠦ ᠭᠦᠢᠴᠡᠳᠬᠡᠬᠦ ᠲᠤᠭ᠎ᠠ ᠶᠢᠨ ᠰᠢᠰᠲ᠋ᠧᠮ ᠢ ᠪᠠᠶᠢᠭᠤᠯᠤᠨ᠎ᠠ᠃ ︽ᠳᠣᠲᠣᠭᠠᠳᠤ ᠣᠷᠴᠢᠨ︾ ᠳ᠋ᠤ᠋ ᠡᠬᠢ ᠪᠠᠶᠠᠯᠢᠭ ᠤᠨ ᠬᠡᠮᠵᠢᠶ᠎ᠡ ︵ᠮᠡᠷᠭᠡᠵᠢᠯ᠂ ᠴᠢᠳᠠᠪᠤᠷᠢᠲᠠᠨ᠂ ᠭᠠᠵᠠᠷ ᠰᠢᠷᠣᠢ᠂ ᠮᠡᠳᠡᠭᠡ ᠵᠠᠩᠭᠢ᠂ ᠬᠥᠷᠥᠩᠭᠡ︶᠂ ᠳᠣᠲᠣᠭᠠᠳᠤ ᠡᠵᠡᠩᠨᠡᠯᠲᠡ ᠶᠢᠨ ᠪᠦᠲᠦᠴᠡ ︵ᠡᠵᠡᠩᠨᠡᠯᠲᠡ ᠶᠢᠨ ᠠᠷᠭ᠎ᠠ ᠪᠣᠳᠣᠯᠭ᠎ᠠ ᠶᠢᠨ ᠲᠥᠯᠥᠪᠵᠢᠭᠦᠯᠭᠡ᠂ ᠡᠵᠡᠩᠨᠡᠯᠲᠡ ᠶᠢᠨ ᠬᠡᠯᠪᠡᠷᠢ᠂ ᠪᠡᠯᠡ ᠮᠥᠩᠭᠦ ᠶᠢᠨ ᠬᠤᠪᠢᠶᠠᠷᠢᠯᠠᠯᠲᠠ᠂ ᠲᠡᠵᠢᠭᠡᠯ ᠪᠣᠷᠳᠤᠭ᠎ᠠ ᠶᠢᠨ ᠬᠤᠪᠢᠷᠠᠭᠤᠯᠤᠯᠲᠠ︶᠂ ᠬᠥᠷᠥᠩᠭᠡ ᠶᠢᠨ ᠬᠤᠷᠠᠮᠳᠤᠭᠤᠯᠤᠯ ︵ᠪᠡᠯᠡ ᠨᠡᠶᠢᠯᠡᠭᠦᠯᠬᠦ᠂ ᠵᠢᠭᠡᠯᠡᠯᠭᠡ᠂ ᠳᠠᠭᠠᠳᠬᠠᠯ︶᠂ ᠡᠵᠡᠩᠨᠡᠯᠲᠡ ᠶᠢᠨ ᠲᠦᠭᠰᠢᠭᠦᠷᠢ ᠶᠢ ᠬᠠᠮᠲᠤ ᠪᠠᠷ ᠡᠭᠦᠷᠭᠡᠯᠡᠬᠦ ︵ᠪᠠᠶᠢᠭᠠᠯᠢ ᠪᠠ ᠵᠠᠬ᠎ᠠ ᠳᠡᠯᠭᠡᠭᠦᠷ ᠤᠨ ᠲᠦᠭᠰᠢᠭᠦᠷᠢ᠂ ᠳᠠᠭᠠᠳᠬᠠᠯ︶ ᠪᠠᠭᠲᠠᠨ᠎ᠠ᠃ ︽ ᠭᠠᠳᠠᠭᠠᠳᠤ ᠣᠷᠴᠢᠨ︾ ᠳ᠋ᠤ᠋ ᠡᠵᠡᠩᠨᠡᠨ ᠪᠣᠷᠣᠯᠠᠭᠤᠯᠬᠤ ᠠᠷᠭ᠎ᠠ ᠵᠠᠮ᠂ ᠣᠷᠣᠨ ᠭᠠᠵᠠᠷ ᠤᠨ ᠲᠥᠷᠥ ᠶᠢᠨ ᠪᠣᠳᠣᠯᠭ᠎ᠠ᠂ ᠨᠡᠶᠢᠭᠡᠮᠴᠢᠯᠡᠭᠰᠡᠨ ᠦᠢᠯᠡᠴᠢᠯᠡᠭᠡ᠂ ᠵᠠᠬ᠎ᠠ ᠳᠡᠯᠭᠡᠭᠦᠷ ᠤᠨ ᠣᠷᠴᠢᠨ ᠲᠣᠭᠤᠷᠢᠨ ᠵᠡᠷᠭᠡ ᠪᠠᠭᠲᠠᠨ᠎ᠠ᠃ ᠲᠠᠷᠢᠶᠠᠯᠠᠬᠤ ᠮᠠᠯᠵᠢᠬᠤ ᠡᠷᠦᠬᠡ ᠶᠢᠨ ᠡᠵᠡᠩᠨᠡᠯᠲᠡ ᠶᠢᠨ ᠲᠦᠭᠰᠢᠭᠦᠷᠢ ᠶᠢᠨ ᠲᠥᠷᠥᠯ ᠬᠡᠯᠪᠡᠷᠢ ᠶᠢ ᠢᠯᠭᠠᠨ ᠲᠠᠨᠢᠬᠤ ᠳᠤ ᠪᠠᠶᠢᠭᠠᠯᠢ ᠶᠢᠨ ᠲᠦᠭᠰᠢᠭᠦᠷᠢ ︵ᠡᠭᠤᠷ ᠠᠮᠢᠰᠬᠤᠯ ᠤᠨ ᠬᠤᠪᠢᠷᠠᠯᠲᠠ᠂ ᠪᠠᠶᠢᠭᠠᠯᠢ ᠶᠢᠨ ᠭᠠᠮᠰᠢᠭ︶᠂ ᠵᠠᠬ᠎ᠠ ᠳᠡᠯᠭᠡᠭᠦᠷ ᠤᠨ ᠲᠦᠭᠰᠢᠭᠦᠷᠢ ︵ ᠲᠠᠷᠢᠶᠠᠯᠠᠩ ᠤᠨ ᠪᠦᠲᠦᠭᠡᠭᠳᠡᠬᠦᠨ ᠤ ᠦᠨ᠎ᠡ ᠬᠠᠩᠰᠢ ᠶᠢᠨ ᠬᠡᠯᠪᠡᠯᠵᠡᠯ᠂ ᠬᠠᠩᠭᠠᠯᠭ᠎ᠠ ᠬᠡᠷᠡᠭᠴᠡᠭᠡ ᠶᠢᠨ ᠬᠠᠷᠢᠴᠠᠭᠠᠨ ᠤ ᠬᠤᠪᠢᠷᠠᠯᠲᠠ︶᠂ ᠮᠡᠷᠭᠡᠵᠢᠯ ᠤᠨ ᠲᠦᠭᠰᠢᠭᠦᠷᠢ ︵ᠲᠡᠵᠢᠭᠡᠨ ᠦᠷᠡᠵᠢᠭᠦᠯᠬᠦ ᠮᠡᠷᠭᠡᠵᠢᠯ ᠤᠨ ᠪᠣᠯᠪᠠᠰᠤᠷᠠᠩᠭᠤᠢ ᠪᠤᠰᠤ ᠪᠤᠶᠤ ᠳᠤᠲᠠᠭᠳᠠᠯ︶᠂ ᠲᠥᠷᠥ ᠶᠢᠨ ᠪᠣᠳᠣᠯᠭ᠎ᠠ ᠶᠢᠨ ᠲᠦᠭᠰᠢᠭᠦᠷᠢ ︵ᠵᠠᠰᠠᠭ ᠤᠨ ᠣᠷᠳᠣᠨ ᠤ ᠲᠥᠷᠥ ᠶᠢᠨ ᠪᠣᠳᠣᠯᠭ᠎ᠠ ᠶᠢᠨ ᠬᠤᠪᠢᠷᠠᠯᠲᠠ᠂ ᠬᠠᠤᠯᠢ ᠲᠣᠭᠲᠠᠭᠠᠯ ᠤᠨ ᠲᠣᠬᠢᠷᠠᠭᠤᠯᠤᠯᠲᠠ᠂ ᠨᠥᠬᠦᠪᠥᠷᠢ ᠮᠥᠩᠭᠦ ᠢᠢᠨ ᠲᠥᠷᠥ ᠶᠢᠨ ᠪᠣᠳᠣᠯᠭ᠎ᠠ ᠶᠢᠨ ᠬᠤᠪᠢᠷᠠᠯᠲᠠ᠂ ᠵᠠᠬ᠎ᠠ ᠳᠡᠯᠭᠡᠭᠦᠷ ᠲᠤ ᠣᠷᠣᠬᠤ ᠶᠢ ᠵᠥᠪᠰᠢᠶᠡᠷᠡᠬᠦ ᠲᠥᠷᠥ ᠶᠢᠨ ᠪᠣᠳᠣᠯᠭ᠎ᠠ︶᠂ ᠪᠡᠯᠡ ᠲᠣᠬᠢᠷᠠᠭᠤᠯᠬᠤ ᠲᠦᠭᠰᠢᠭᠦᠷᠢ ︵ᠪᠡᠯᠡ ᠲᠣᠬᠢᠷᠠᠭᠤᠯᠬᠤ ᠬᠦ᠋ᠴᠢᠷ᠂ ᠠᠷᠭ᠎ᠠ ᠵᠠᠮ︶ ᠵᠡᠷᠭᠡ ᠪᠠᠭᠲᠠᠨ᠎ᠠ᠃             ᠲᠠᠷᠢᠶᠠᠯᠠᠬᠤ ᠮᠠᠯᠵᠢᠬᠤ ᠡᠷᠦᠬᠡ ᠶᠢᠨ ᠡᠵᠡᠩᠨᠡᠯᠲᠡ ᠶᠢᠨ ᠲᠦᠭᠰᠢᠭᠦᠷᠢ ᠶᠢᠨ ᠬᠠᠮᠢᠶᠠᠷᠤᠯᠲᠠ ᠬᠢᠭᠡᠳ ᠡᠵᠡᠩᠨᠡᠯᠲᠡ ᠶᠢᠨ ᠲᠦᠭᠰᠢᠭᠦᠷᠢ ᠶᠢ ᠠᠷᠢᠯᠭᠠᠬᠤ ᠲᠣᠭᠲᠠᠴᠠ ᠶᠢᠨ ᠲᠤᠬᠠᠢ             ᠡᠨᠡ ᠪᠣᠯ ᠡᠵᠡᠩᠨᠡᠯᠲᠡ ᠶᠢᠨ ᠲᠦᠭᠰᠢᠭᠦᠷᠢ ᠶᠢ ᠤᠷᠢᠳᠴᠢᠯᠠᠨ ᠰᠡᠷᠡᠮᠵᠢᠯᠡᠬᠦᠯᠬᠦ ᠬᠠᠮᠢᠶᠠᠷᠤᠯᠲᠠ ᠶᠢᠨ ᠦᠷ᠎ᠡ ᠪᠦᠲᠦᠮᠵᠢ᠂ ᠡᠵᠡᠩᠨᠡᠯᠲᠡ ᠶᠢᠨ ᠲᠦᠭᠰᠢᠭᠦᠷᠢ ᠶᠢ ᠬᠠᠮᠢᠶᠠᠷᠬᠤ ᠠᠷᠭ᠎ᠠ ᠪᠣᠳᠣᠯᠭ᠎ᠠ ᠳᠤ ᠲᠣᠬᠢᠷᠠᠭᠤᠯᠤᠯᠲᠠ ᠬᠢᠬᠦ ᠶᠢᠨ ᠤᠷᠢᠳᠠᠯ ᠪᠠ ᠰᠠᠭᠤᠷᠢ ᠪᠣᠯᠤᠨ᠎ᠠ᠃ ᠡᠵᠡᠩᠨᠡᠯᠲᠡ ᠶᠢᠨ ᠲᠦᠭᠰᠢᠭᠦᠷᠢ ᠶᠢ ᠦᠨᠡᠯᠡᠨ ᠵᠢᠱᠢᠭᠰᠡᠨ ᠦᠷ᠎ᠡ ᠳ᠋ᠦᠩ ᠵᠢᠴᠢ ᠲᠦᠭᠰᠢᠭᠦᠷᠢ ᠶᠢᠨ ᠳᠡᠰ ᠢ ᠦᠨᠳᠦᠰᠦᠯᠡᠬᠦ ᠶᠢᠨ ᠬᠠᠮᠲᠤ ᠡᠵᠡᠩᠨᠡᠯᠲᠡ ᠶᠢᠨ ᠭᠤᠣᠯ ᠴᠣᠭᠴᠠ ᠶᠢᠨ ᠡᠵᠡᠩᠨᠡᠯᠲᠡ ᠶᠢᠨ ᠲᠦᠭᠰᠢᠭᠦᠷᠢ ᠶᠢ ᠳᠠᠭᠠᠭᠠᠬᠤ ᠴᠢᠳᠠᠪᠤᠷᠢ ᠵᠢᠴᠢ ᠬᠠᠮᠢᠶᠠᠷᠤᠯᠲᠠ ᠶᠢᠨ ᠲᠦᠪᠰᠢᠨ ᠢ ᠦᠨᠳᠦᠰᠦᠯᠡᠨ᠂ ᠵᠣᠬᠢᠴᠠᠩᠭᠤᠢ ᠰᠡᠷᠡᠮᠵᠢᠯᠡᠭᠦᠯᠦᠨ ᠬᠢᠵᠠᠭᠠᠷᠯᠠᠬᠤ ᠠᠷᠭ᠎ᠠ ᠬᠡᠮᠵᠢᠶ᠎ᠡ ᠠᠪᠬᠤ ᠬᠡᠷᠡᠭᠲᠡᠢ᠃ ᠡᠵᠡᠩᠨᠡᠯᠲᠡ ᠶᠢᠨ ᠭᠤᠣᠯ ᠴᠣᠭᠴᠠ ᠳᠤ ᠡᠵᠡᠩᠨᠡᠯᠲᠡ ᠶᠢᠨ ᠲᠦᠭᠰᠢᠭᠦᠷᠢ ᠶᠢ ᠤᠷᠢᠳᠴᠢᠯᠠᠨ ᠰᠡᠷᠭᠡᠶᠢᠯᠡᠬᠦ ᠠᠷᠭ᠎ᠠ ᠬᠡᠮᠵᠢᠶ᠎ᠡ ᠶᠢ ᠴᠠᠭ ᠲᠤᠬᠠᠢ ᠳᠤᠨᠢ ᠲᠣᠬᠢᠷᠠᠭᠤᠯᠵᠤ᠂ ᠡᠵᠡᠩᠨᠡᠯᠲᠡ ᠶᠢᠨ ᠲᠦᠭᠰᠢᠭᠦᠷᠢ ᠶᠢ ᠪᠥᠬᠦ ᠲᠠᠯ᠎ᠠ ᠪᠠᠷ᠂ ᠰᠢᠰᠲ᠋ᠤᠮ ᠲᠠᠢ᠂ ᠰᠡᠷᠭᠡᠶᠢᠯᠡᠬᠦ ᠴᠢᠨᠠᠷᠲᠠᠢ ᠬᠠᠮᠢᠶᠠᠷᠤᠯᠲᠠ ᠪᠠ ᠮᠥᠷᠳᠡᠯᠲᠡ ᠬᠢᠵᠦ᠂ ᠡᠵᠡᠩᠨᠡᠯᠲᠡ ᠶᠢᠨ ᠪᠡᠶᠡᠴᠢ ᠴᠣᠭᠴᠠ ᠶᠢ ᠡᠵᠡᠩᠨᠡᠯᠲᠡ ᠶᠢᠨ ᠬᠤᠬᠢᠷᠠᠯ᠎ᠠ ᠴᠠ ᠵᠠᠶᠢᠯᠠᠭᠤᠯᠤᠨ ᠪᠠᠭᠠᠰᠬᠠᠵᠤ᠂ ᠡᠵᠡᠩᠨᠡᠯᠲᠡ ᠶᠢᠨ ᠲᠦᠭᠰᠢᠭᠦᠷᠢ ᠶᠢ ᠠᠷᠢᠯᠭᠠᠬᠤ ᠦᠷ᠎ᠡ ᠪᠦᠲᠦᠮᠵᠢ ᠳᠤ ᠬᠦᠷᠭᠡᠵᠦ᠂ ᠡᠵᠡᠩᠨᠡᠯᠲᠡ ᠶᠢᠨ ᠭᠤᠣᠯ ᠴᠣᠭᠴᠠ ᠶᠢᠨ ᠲᠦᠭᠰᠢᠭᠦᠷᠢ ᠶᠢ ᠡᠰᠡᠷᠭᠦᠴᠡᠬᠦ ᠴᠢᠳᠠᠪᠤᠷᠢ ᠶᠢ ᠴᠢᠩᠭᠠᠷᠠᠭᠤᠯᠬᠤ ᠶᠢᠨ ᠲᠥᠯᠥᠭᠡ ᠶᠦᠮ᠃ ᠲᠤᠬᠠᠢ ᠶᠢᠨ ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠤᠨ ᠡᠵᠡᠩᠨᠡᠯᠲᠡ ᠶᠢᠨ ᠭᠤᠣᠯ ᠴᠣᠭᠴᠠ ᠶᠢᠨ ᠲᠤᠰᠬᠠᠢ ᠬᠠᠷᠢᠶᠠᠯᠠᠯ ᠲᠠᠢ ᠡᠵᠡᠩᠨᠡᠯᠲᠡ ᠶᠢᠨ ᠴᠢᠳᠠᠪᠤᠷᠢ ᠶᠢᠨ ᠵᠡᠷᠭᠡ ᠳᠡᠰ ᠤᠨ ᠮᠡᠳᠡᠭᠦᠯᠦᠯᠲᠡ ᠶᠢᠨ ᠮᠡᠷᠭᠡᠵᠢᠯ ᠤᠨ ᠠᠷᠭ᠎ᠠ ᠶᠢᠨ ᠵᠢᠷᠤᠭ ᠲᠥᠯᠥᠪᠯᠡᠭᠡ ᠵᠣᠬᠢᠶᠠᠵᠣ᠂ ᠠᠳᠠᠯᠢ ᠪᠤᠰᠤ ᠭᠠᠵᠠᠷ ᠣᠷᠣᠨ᠂ ᠠᠳᠠᠯᠢ ᠪᠤᠰᠤ ᠡᠵᠡᠩᠨᠡᠯᠲᠡ ᠶᠢᠨ ᠬᠡᠯᠪᠡᠷᠢ ᠪᠠᠶᠢᠳᠠᠯ ᠤᠨ ᠵᠢᠷᠤᠭ ᠲᠥᠯᠥᠪᠯᠡᠭᠡ ᠶᠢᠨ ᠣᠯᠠᠨ ᠡᠰᠢᠵᠢᠭᠰᠡᠨ ᠡᠵᠡᠩᠨᠡᠯᠲᠡ ᠶᠢᠨ ᠲᠦᠭᠰᠢᠭᠦᠷᠢ ᠶᠢᠨ ᠦᠨᠡᠯᠡᠨ ᠵᠢᠱᠢᠬᠦ ᠲᠥᠰᠦᠯ ᠵᠢᠴᠢ ᠡᠵᠡᠩᠨᠡᠯᠲᠡ ᠶᠢᠨ ᠭᠤᠣᠯ ᠴᠣᠭᠴᠠ ᠶᠢᠨ ᠡᠵᠡᠩᠨᠡᠯᠲᠡ ᠶᠢᠨ ᠲᠦᠭᠰᠢᠭᠦᠷᠢ ᠶᠢᠨ ᠰᠡᠷᠡᠮᠵᠢᠯᠡᠯ ᠵᠢᠴᠢ ᠬᠠᠮᠢᠶᠠᠷᠤᠯᠲᠠ ᠶᠢ ᠴᠢᠩᠭᠠᠳᠬᠠᠬᠤ ᠬᠡᠷᠡᠭᠲᠡᠢ᠃             ︵ᠵᠣᠬᠢᠶᠠᠭᠴᠢ ᠶᠢᠨ ᠬᠠᠶ᠋ᠢᠭ᠄ ᠥᠪᠥᠷ ᠮᠣᠩᠭᠤᠯ ᠤᠨ ᠡᠳ᠋ ᠤᠨ ᠵᠠᠰᠠᠭ ᠠᠵᠤ ᠠᠬᠤᠢ ᠶᠢᠨ ᠶᠡᠭᠡ ᠰᠤᠷᠭᠠᠭᠤᠯᠢ ᠶᠢᠨ ᠠᠵᠤ ᠠᠬᠤᠢ ᠶᠢᠨ ᠳᠡᠭᠡᠳᠦ ᠰᠤᠷᠭᠠᠭᠤᠯᠢ︶  
ᠢᠷᠡᠯᠲᠡ᠄ ᠦᠪᠦᠷ ᠮᠣᠩᠭᠤᠯ ᠤᠨ ᠠᠷᠠᠳ ᠤᠨ ᠵᠠᠰᠠᠭ ᠤᠨ ᠣᠷᠳᠣᠨ