ᠰᠢᠨᠡᠯᠡᠵᠤ ᠴᠠᠭᠠᠯᠠᠬᠤ ᠶᠢᠨ ᠭᠤᠣᠯ ᠰᠡᠳᠦᠪ ᠪᠣᠯ ᠬᠠᠮᠲᠤ ᠳᠠᠭᠠᠨ ᠴᠤᠭᠯᠠᠷᠠᠨ ᠪᠠᠶᠠᠰᠤᠯᠴᠠᠬᠤ ᠶᠠᠪᠤᠳᠠᠯ ᠶᠤᠮ᠂ ᠪᠠᠰᠠ ᠴᠦ ᠬᠦᠴᠦᠨ ᠴᠢᠳᠠᠯ ᠢᠶᠠᠨ | ᠬᠤᠷᠠᠮᠳᠤᠭᠤᠯᠵᠤ᠂ ᠲᠠᠭᠢᠨ ᠰᠢᠨ᠎ᠡ ᠠᠶᠠᠨ ᠳᠠᠭᠠᠨ ᠮᠣᠷᠳᠠᠬᠤ ᠪᠠᠷ ᠪᠡᠯᠡᠳᠬᠡᠬᠦ ᠴᠠᠭ ᠮᠥᠴᠡ ᠪᠣᠯᠣᠨ᠎ᠠ᠃ ᠪᠠᠶᠠᠷ ᠪᠠᠶᠠᠰᠬᠤᠯᠠᠩᠲᠤ ᠡᠶ᠎ᠡ ᠨᠠᠶᠢᠷᠠᠮᠳᠠᠭᠤ ᠠᠭᠤᠷ | ᠠᠮᠢᠰᠬᠤᠯ ᠤᠨ ᠳᠤᠮᠳᠠ ᠬᠥᠮᠥᠰ ᠨᠢᠭᠡ ᠵᠢᠯ ᠤᠨ ᠴᠢᠯᠡᠭᠡ ᠪᠠᠨ ᠲᠠᠶᠢᠯᠵᠦ᠂ ᠰᠠᠶᠢᠨ ᠢ ᠡᠳ᠋ᠯᠡᠨ᠂ ᠨᠤᠲᠤᠭ ᠤᠰᠤ ᠪᠠᠨ ᠡᠷᠭᠢᠵᠦ ᠰᠡᠳᠬᠢᠯ ᠰᠠᠨᠠᠭ᠎ᠠ ᠪᠠᠨ | ᠲᠠᠶᠢᠳᠬᠤᠷᠠᠭᠤᠯᠳᠠᠭ᠃ ᠶᠠᠪᠤᠵᠤ ᠥᠩᠭᠡᠷᠡᠭᠰᠡᠨ ᠠᠯᠢ ᠤᠯᠠᠨ ᠵᠠᠮ ᠠᠴᠠ ᠭᠡᠷ ᠨᠤᠲᠤᠭ ᠢᠶᠠᠨ ᠵᠣᠷᠢᠬᠤ ᠵᠠᠮ ᠬᠠᠮᠤᠭ ᠤᠨ ᠵᠢᠷᠭᠠᠯᠲᠠᠢ ᠰᠠᠨᠠᠭᠳᠠᠳᠠᠭ᠃ ᠡᠨᠡ ᠬᠦ | ᠵᠠᠮ ᠨᠢ ᠶᠠᠮᠠᠷ ᠨᠢᠭᠡ ᠵᠦᠢᠯ ᠤᠨ ᠭᠠᠶᠢᠬᠠᠮᠰᠢᠭᠲᠤ ᠷᠢᠳᠢ ᠰᠢᠳᠢ ᠲᠠᠢ ᠰᠢᠭ᠋ ᠪᠠᠶᠢᠵᠤ᠂ ᠶᠡᠷᠦ ᠨᠢ ᠨᠢᠭᠡ ᠵᠢᠯ ᠤᠨ ᠮᠥᠷᠥᠭᠡᠳᠦᠯ ᠪᠠ ᠬᠦᠰᠡᠯ ᠨᠠᠶᠢᠳᠠᠯᠭ᠎ᠠ ᠶᠢ | ᠠᠴᠢᠶᠠᠯᠠᠵᠤ᠂ ᠬᠥᠮᠥᠰ ᠳᠤᠷᠠᠲᠠᠶ᠎ᠠ ᠠᠯᠢᠪᠠ ᠬᠦᠴᠢᠷ ᠲᠦᠪᠡᠭ ᠢ ᠢᠯᠠᠨ ᠳᠠᠪᠠᠵᠤ ᠠᠷᠤ ᠭᠡᠷ ᠵᠦᠭ ᠢᠶᠠᠨ ᠲᠡᠮᠡᠦᠯᠳᠡᠭ᠃ ᠭᠡᠷ ᠲᠡᠭᠡᠨ ᠬᠠᠷᠢᠵᠤ ᠠᠪᠤ ᠡᠵᠢ᠂ ᠲᠥᠷᠥᠯ | ᠰᠠᠳᠤᠨ᠂ ᠨᠠᠶᠢᠵᠠ ᠨᠥᠬᠦᠳ ᠲᠠᠢ ᠪᠠᠨ ᠬᠠᠮᠲᠤ ᠨᠠᠶᠢᠷᠠᠯᠳᠤᠨ᠎ᠠ ; ᠨᠤᠲᠤᠭ ᠤᠰᠤ᠂ ᠡᠪᠦᠭᠡ ᠳᠡᠭᠡᠳᠦᠰ ᠢᠶᠠᠨ ᠰᠠᠨᠠᠭᠠᠯᠵᠠᠨ ᠮᠦᠷᠦᠭᠡᠳᠦᠨ᠎ᠡ ; ᠪᠡᠶ᠎ᠡ | ᠰᠡᠳᠬᠢᠯ ᠤᠨ ᠢᠶᠠᠨ ᠴᠢᠯᠡᠭᠡ ᠶᠢ ᠲᠠᠶᠢᠯᠵᠦ᠂ ᠤᠷᠮ᠎ᠠ ᠵᠣᠷᠢᠭ ᠢᠶᠠᠨ ᠬᠥᠪᠴᠢᠯᠡᠨ᠎ᠡ᠃ ᠭᠡᠷ ᠪᠣᠯ ᠬᠥᠮᠥᠰ ᠤᠨ ᠬᠠᠶᠢᠷ᠎ᠠ ᠰᠡᠳᠬᠢᠯᠭᠡ ᠶᠢᠨ ᠬᠠᠯᠠᠭᠤᠨ ᠪᠠᠭᠤᠴᠠ᠂ ᠪᠠᠰᠠ | ᠴᠦ ᠢᠷᠡᠬᠦ ᠵᠢᠯ ᠤᠨ ᠰᠢᠨ᠎ᠡ ᠠᠶᠠᠨ ᠳᠠᠭᠠᠨ ᠮᠣᠷᠳᠠᠬᠤ ᠭᠠᠷᠤᠭ᠎ᠠ ᠪᠤᠯᠬᠤ ᠶᠤᠮ᠃ ᠲᠦᠭ ᠲᠦᠮᠡᠨ ᠠᠶᠢᠯ ᠡᠷᠦᠭᠡ ᠲᠦᠪᠰᠢᠨ ᠵᠢᠷᠭᠠᠵᠤ᠂ ᠲᠡᠭᠷᠢ ᠳᠤ ᠭᠡᠷᠡᠯᠲᠤᠭᠦ | ᠭᠡᠭᠡᠨ ᠰᠠᠷᠠᠨ ᠮᠠᠷᠭᠠᠰᠢ ᠶᠢᠨ ᠠᠶᠠᠨ ᠢ ᠭᠡᠷᠡᠯᠲᠦᠭᠦᠯᠦᠨ᠎ᠡ᠃ ᠭᠡᠷ ᠲᠡᠭᠡᠨ ᠬᠠᠷᠢᠵᠤ ᠰᠢᠨᠡᠯᠡᠬᠦ ᠪᠣᠯ ᠨᠢᠭᠡ ᠵᠦᠢᠯ ᠤᠨ ᠶᠣᠰᠣᠯᠠᠯ ᠪᠤᠯᠬᠤ ᠪᠥᠭᠡᠳ ᠥᠩᠭᠡᠷᠡᠭᠰᠡᠨ | ᠵᠢᠯ ᠯᠦᠭᠡ ᠶᠢᠨ ᠠᠶᠠᠷᠯᠠᠯᠳᠠ ᠪᠠ ᠰᠢᠨ᠎ᠡ ᠵᠢᠯ ᠤᠨ ᠲᠤᠬᠠᠢ ᠬᠦᠰᠡᠯ ᠪᠠᠷᠠᠯᠠᠯ ᠪᠤᠶᠤ᠃ ᠠᠪᠤ ᠡᠵᠢ ᠶᠢᠨ ᠬᠠᠶᠢᠷᠠᠯᠠᠭᠰᠠᠨ ᠬᠠᠯᠠᠭᠤᠨ ᠳᠣᠲᠣᠨᠣ ᠰᠤᠷᠭᠠᠯ ᠵᠠᠬᠢᠶ᠎ᠠ᠂ | ᠰᠠᠳᠤᠨ ᠲᠥᠷᠥᠯ ᠤᠨ ᠬᠤᠭᠤᠷᠣᠨᠳᠤᠭᠢ ᠬᠡᠯᠡᠯᠴᠡᠭᠡᠳ ᠪᠠᠷᠠᠰᠢ ᠦᠭᠡᠢ ᠵᠣᠭᠤᠭ᠂ ᠬᠤᠭᠤᠯᠠᠨ ᠰᠢᠷᠡᠭᠡᠨ ᠳᠡᠭᠡᠷᠡᠬᠢ ᠢᠨᠢᠶᠡᠳᠦ ᠪᠠᠶᠠᠰᠤᠯ ᠨᠢ ᠴᠥᠮ ᠰᠢᠨ᠎ᠡ ᠵᠢᠯ | ᠴᠠᠭᠠᠨ ᠰᠠᠷ᠎ᠠ ᠶᠢᠨ ᠦᠨᠦᠷ ᠠᠮᠲᠠ ᠭᠡᠯᠲᠡᠢ᠃ ᠰᠢᠷᠡᠭᠡ ᠳᠦᠭᠦᠷᠡᠩ ᠪᠢᠲᠡᠭᠦᠨ ᠤ ᠬᠤᠭᠤᠯᠠ ᠭᠡᠰᠡᠨ ᠴᠤ ᠲᠡᠷᠡ᠂ ᠡᠰᠡᠬᠦᠯ᠎ᠡ ᠲᠡᠷᠭᠡ ᠳᠦᠭᠦᠷᠡᠩ ᠠᠴᠢᠭᠰᠠᠨ | ᠨᠤᠲᠤᠭ ᠤᠨ ᠢᠳᠡᠭᠡᠨ ᠤᠮᠳᠠᠭᠠᠨ ᠭᠡᠰᠡᠨ ᠴᠤ ᠲᠡᠷᠡ᠂ ᠨᠠᠩ ᠰᠠᠶᠢᠨ ᠬᠢᠷᠢ ᠪᠦᠲᠦᠮᠵᠢ ᠪᠠᠷ ᠢᠶᠠᠨ ᠠᠪᠤ ᠡᠵᠢ ᠪᠠᠨ ᠪᠠᠶᠠᠰᠬᠠᠬᠤ ᠭᠡᠰᠡᠨ ᠴᠤ ᠲᠡᠷᠡ᠂ ᠦᠷ᠎ᠡ | ᠬᠡᠦᠬᠡᠳ ᠲᠡᠭᠡᠨ ᠨᠠᠩ ᠰᠠᠶᠢᠨ ᠰᠠᠶᠢᠬᠠᠨ ᠠᠮᠢᠳᠤᠷᠠᠯ ᠢ ᠡᠳ᠋ᠯᠡᠭᠦᠯᠭᠦ ᠭᠡᠰᠡᠨ ᠴᠤ ᠲᠡᠷᠡ᠂ ᠭᠡᠷ ᠤᠨ ᠬᠥᠮᠥᠰ ᠪᠣᠯ ᠬᠡᠵᠢᠶᠡᠳᠡ ᠪᠢᠳᠡᠨ ᠤ ᠴᠢᠷᠮᠠᠶᠢᠨ ᠲᠡᠮᠡᠴᠡᠬᠦ ᠤᠭ | ᠰᠠᠨᠠᠭ᠎ᠠ ᠪᠠ ᠬᠥᠳᠡᠯᠭᠡᠬᠦ ᠬᠦᠴᠦᠨ ᠶᠤᠮ᠃ ᠭᠡᠷ ᠬᠤᠲᠠᠯᠠᠭᠠᠷ ᠢᠶᠠᠨ ᠬᠠᠮᠲᠤ ᠴᠤᠭᠯᠠᠷᠠᠨ ᠪᠠᠶᠠᠰᠤᠯᠴᠠᠬᠤ ᠴᠠᠭ ᠮᠥᠴᠡ ᠣᠬᠤᠷᠬᠠᠨ ᠪᠤᠯᠪᠠᠴᠤ ᠬᠥᠮᠥᠰ ᠬᠠᠶᠢᠷ᠎ᠠ | ᠬᠠᠯᠠᠮᠵᠢᠯᠠᠯ ᠤᠨ ᠳᠤᠮᠳᠠ ᠠᠴᠠ ᠬᠦᠴᠦᠨ ᠴᠢᠳᠠᠯ ᠣᠯᠵᠤ᠂ ᠦᠷᠭᠦᠯᠵᠢᠯᠡᠨ ᠲᠡᠮᠡᠴᠡᠬᠦ ᠡᠷᠴᠢ ᠵᠣᠷᠢᠭ ᠢ ᠭᠦᠷᠳᠡᠳᠡᠭ ᠤᠴᠢᠷᠲᠠᠢ᠃ ᠡᠶᠢᠮᠦᠷᠬᠦᠦ ᠰᠥᠰᠥ ᠵᠣᠷᠢᠭ ᠪᠠ | ᠬᠦᠴᠦᠨ ᠴᠢᠳᠠᠯ ᠨᠢ ᠢᠷᠡᠭᠡᠳᠦᠢ ᠶᠢᠨ ᠲᠡᠮᠡᠴᠡᠯ ᠤᠨ ᠴᠢᠭᠯᠡᠯ ᠢ ᠨᠡᠩ ᠲᠣᠳᠣᠷᠬᠠᠢ ᠪᠤᠯᠭᠠᠵᠤ᠂ ᠮᠡᠷᠡᠶᠢᠨ ᠴᠢᠷᠮᠠᠶᠢᠬᠤ ᠬᠦᠰᠡᠯ ᠵᠣᠷᠢᠭ ᠢ ᠨᠡᠩ ᠡᠷᠡᠰ ᠪᠠᠲᠤ ᠪᠤᠯᠭᠠᠵᠤ᠂ | ᠤᠷᠤᠭᠰᠢᠯᠠᠯᠲᠠ ᠶᠢᠨ ᠠᠯᠬᠤᠭ᠎ᠠ ᠶᠢ ᠨᠡᠩ ᠢᠳᠡᠷᠡᠭᠦᠨ ᠬᠦᠴᠦᠲᠡᠢ ᠪᠣᠯᠭᠠᠳᠠᠭ᠃ ᠠᠮᠤᠰᠬᠢᠭᠡᠳ ᠠᠪᠬᠤ ᠨᠢ ᠨᠠᠩ ᠰᠠᠶᠢᠨ ᠮᠣᠷᠳᠠᠬᠤ ᠶᠢᠨ ᠲᠥᠯᠥᠭᠡ ᠶᠤᠮ᠃ | ᠤᠴᠠᠷᠠᠨ ᠵᠣᠯᠭᠠᠵᠤ ᠨᠠᠷᠭᠢᠯᠳᠤᠬᠤ ᠴᠠᠭ ᠮᠥᠴᠡ ᠣᠬᠤᠷᠬᠠᠨ ᠪᠤᠯᠪᠠᠴᠤ ᠬᠠᠶᠢᠷ᠎ᠠ ᠰᠡᠳᠬᠢᠯ ᠡᠭᠦᠷᠢᠳᠡ ᠶᠢᠨ ᠶᠤᠮ᠂ ᠣᠷᠭᠢᠯᠤᠮ᠎ᠠ ᠬᠠᠯᠠᠭᠤᠨ ᠰᠡᠳᠬᠢᠯᠭᠡ ᠪᠠᠷ ᠰᠢᠨ᠎ᠡ | ᠠᠶᠠᠨ ᠳᠠᠭᠠᠨ ᠮᠣᠷᠳᠠᠶ᠎ᠠ︕ | |