ᠡᠨᠡ ᠬᠦ ᠠᠮᠢᠵᠢᠷᠠᠯ ᠤᠨ ᠬᠦᠴᠦᠨ ᠢᠶᠠᠷ ᠪᠢᠯᠬᠠᠮ᠎ᠠ᠂ ᠭᠦᠷ ᠬᠥᠭᠵᠢᠶᠡᠨᠲᠦ ᠮᠣᠭᠠᠢ ᠵᠢᠯ ᠤᠨ ᠴᠠᠭᠠᠨ ᠰᠠᠷ᠎ᠠ ᠪᠠᠷ᠂ 8 ᠡᠳᠦᠷ ᠤᠨ ᠠᠮᠠᠷᠠᠯᠲᠠ ᠶᠢᠨ | ᠬᠤᠭᠤᠴᠠᠭᠠᠨ ᠳᠤ ᠪᠦᠭᠦ ᠨᠡᠶᠢᠭᠡᠮ ᠤᠨ ᠣᠷᠣᠨ ᠪᠦᠰᠡ ᠠᠯᠤᠰᠯᠠᠭᠰᠠᠨ ᠬᠥᠮᠥᠰ ᠤᠨ ᠰᠢᠯᠵᠢᠯᠲᠡ ᠶᠢᠨ ᠬᠡᠮᠵᠢᠶ᠎ᠡ 23 ᠳ᠋ᠦᠩᠰᠢᠭᠤᠷ ᠬᠥᠮᠥᠨ ᠤᠳᠠᠭ᠎ᠠ ᠶᠢ ᠳᠠᠪᠠᠵᠤ᠂ | ᠤᠯᠤᠰ ᠤᠨ ᠳᠣᠲᠣᠭᠠᠳᠤ ᠳᠤ ᠵᠢᠭᠤᠯᠴᠢᠯᠠᠭᠰᠠᠨ ᠬᠥᠮᠥᠨ ᠤ ᠲᠤᠭ᠎ᠠ 5 ᠳ᠋ᠦᠩᠰᠢᠭᠤᠷ ᠬᠥᠮᠥᠨ ᠤᠳᠠᠭ᠎ᠠ ᠶᠢ ᠳᠠᠪᠠᠵᠤ᠂ 1436 . 6 ᠲᠦᠮᠡᠨ ᠬᠥᠮᠥᠨ ᠤᠳᠠᠭ᠎ᠠ | ᠶᠢᠨ ᠳᠤᠮᠳᠠᠳᠤ ᠭᠠᠳᠠᠭᠠᠳᠤ ᠶᠢᠨ ᠬᠥᠮᠥᠰ ᠬᠢᠯᠢ ᠪᠠᠷ ᠣᠷᠣᠵᠤ ᠭᠠᠷᠴᠤ᠂ ᠴᠠᠭᠠᠨ ᠰᠠᠷ᠎ᠠ ᠶᠢᠨ ᠬᠤᠭᠤᠴᠠᠭᠠᠨ ᠳᠤ ᠳᠡᠯᠭᠡᠨ ᠦᠵᠡᠭᠦᠯᠦᠭᠰᠡᠨ ᠰᠢᠨ᠎ᠡ ᠺᠢᠨᠣ᠋ ᠶᠢᠨ | ᠪᠢᠯᠧᠲ ᠤᠨ ᠶᠡᠷᠦᠩᠬᠡᠢ ᠣᠷᠣᠯᠭ᠎ᠠ ᠵᠠᠭᠤᠨ ᠳ᠋ᠦᠩᠰᠢᠭᠤᠷ ᠲᠥᠭᠦᠷᠢᠭ ᠢ ᠳᠠᠪᠠᠪᠠ ᠁ ᠴᠠᠭᠠᠨ ᠰᠠᠷ᠎ᠠ ᠪᠠᠷ ᠳᠡᠮᠵᠢᠨ᠂ ᠥᠨᠥᠳᠥᠷ ᠤᠨ ᠳᠤᠮᠳᠠᠳᠤ ᠤᠯᠤᠰ ᠤᠨ | ᠠᠵᠤ ᠠᠬᠤᠢ ᠶᠢᠨ ᠬᠥᠭᠵᠢᠯᠲᠡ ᠪᠠ ᠨᠡᠶᠢᠭᠡᠮᠤᠨ ᠳᠠᠪᠰᠢᠯᠲᠠ ᠶᠢ ᠳᠡᠯᠡᠬᠡᠢ ᠳ᠋ᠠᠬᠢᠨ ᠤ ᠬᠢᠨ ᠪᠦᠭᠦ ᠬᠠᠷᠠᠭᠠᠰᠤ ᠠᠴᠠ ᠠᠵᠢᠭᠯᠠᠵᠤ᠂ ᠡᠨᠡ ᠬᠦ ᠭᠦᠨ ᠵᠤᠵᠠᠭᠠᠨ | ᠰᠣᠶᠣᠯ ᠤᠨ ᠠᠭᠤᠯᠤᠭᠳᠠᠬᠤᠨ ᠪᠠ ᠲᠡᠦᠬᠡ ᠶᠢᠨ ᠦᠨ᠎ᠡ ᠥᠷᠲᠡᠭ ᠢ ᠠᠴᠢᠶᠠᠯᠠᠭᠰᠠᠨ ᠴᠢᠬᠤᠯᠠ ᠤᠯᠠᠮᠵᠢᠯᠠᠯᠲᠤ ᠪᠠᠶᠠᠷ ᠤᠨ ᠡᠳᠦᠷ ᠠᠴᠠ ᠳᠤᠮᠳᠠᠳᠤ ᠤᠯᠤᠰ ᠢ | ᠣᠶᠢᠯᠠᠭᠠᠨ ᠮᠡᠳᠡᠷᠡᠪᠡ᠃ ᠴᠠᠭᠠᠨ ᠰᠠᠷ᠎ᠠ ᠶᠢᠨ ᠠᠶᠠᠨᠴᠢᠳ ᠤᠨ ᠵᠥᠭᠡᠭᠡᠪᠦᠷᠢ ᠶᠢ ᠭᠠᠳᠠᠭᠠᠳᠤ ᠶᠢᠨ ᠵᠠᠭᠤᠴᠢᠯᠠᠭᠤᠷ ᠤᠨ ᠬᠢᠨ ︽ᠪᠦᠭᠦ ᠪᠥᠮᠪᠥᠷᠴᠡᠭ ᠤᠨ ᠬᠠᠮᠤᠭ ᠤᠨ | ᠶᠡᠭᠡ ᠬᠡᠪᠴᠢᠶᠡᠨ ᠤ ᠣᠨ ᠤ ᠬᠥᠮᠥᠰ ᠤᠨ ᠨᠡᠭᠦᠳᠡᠯ︾ ᠭᠡᠵᠦ ᠬᠡᠯᠡᠳᠡᠭ᠃ 2025 ᠣᠨ ᠤ ᠴᠠᠭᠠᠨ ᠰᠠᠷ᠎ᠠ ᠶᠢᠨ ᠠᠶᠠᠨᠴᠢᠳ ᠤᠨ ᠵᠥᠭᠡᠭᠡᠪᠦᠷᠢ ᠶᠢᠨ 40 | ᠡᠳᠦᠷ ᠲᠤ᠂ ᠪᠦᠭᠦ ᠨᠡᠶᠢᠭᠡᠮ ᠤᠨ ᠣᠷᠣᠨ ᠪᠦᠰᠡ ᠠᠯᠤᠰᠯᠠᠭᠰᠠᠨ ᠬᠥᠮᠥᠰ ᠤᠨ ᠰᠢᠯᠵᠢᠯᠲᠡ ᠶᠢᠨ ᠬᠡᠮᠵᠢᠶ᠎ᠡ ᠵᠢᠱᠢᠯᠲᠡ ᠪᠠᠷ 90 ᠳ᠋ᠦᠩᠰᠢᠭᠤᠷ ᠬᠥᠮᠥᠨ ᠤᠳᠠᠭ᠎ᠠ ᠳᠤ | ᠬᠦᠷᠬᠦ ᠪᠣᠯᠣᠨ᠎ᠠ᠃ ᠡᠶᠢᠮᠦ ᠶᠡᠭᠡ ᠬᠡᠪᠴᠢᠶᠡᠨ ᠤ ᠬᠥᠮᠥᠨ ᠠᠮᠠ ᠶᠢᠨ ᠰᠢᠯᠵᠢᠯᠲᠡ ᠶᠢ ᠪᠠᠲᠤᠯᠠᠭᠰᠠᠨ ᠶᠠᠪᠤᠳᠠᠯ ᠨᠢ ᠣᠳᠣᠬᠠᠨ ᠤ ᠳᠤᠮᠳᠠᠳᠤ ᠤᠯᠤᠰ ᠤᠨ ᠵᠠᠮ | ᠬᠠᠷᠢᠯᠴᠠᠭᠠᠨ ᠤ ᠰᠢᠰᠲ᠋ᠧᠮ ᠡᠳᠦᠷ ᠢᠷᠡᠬᠦᠶ᠎ᠡ ᠬᠥᠭᠵᠢᠵᠦ᠂ ᠵᠥᠭᠡᠭᠡᠪᠦᠷᠢ ᠶᠢᠨ ᠬᠦᠴᠦᠨ ᠲᠠᠰᠤᠷᠠᠯᠲᠠ ᠦᠭᠡᠢ ᠳᠡᠭᠡᠭᠰᠢᠯᠡᠵᠦ᠂ ᠨᠡᠶᠢᠭᠡᠮ ᠤᠨ ᠵᠠᠰᠠᠯᠲᠠ᠂ ᠣᠯᠠᠨ | ᠨᠡᠶᠢᠲᠡ ᠶᠢᠨ ᠦᠢᠯᠡᠴᠢᠯᠡᠭᠡ ᠵᠡᠷᠭᠡ ᠲᠠᠯ᠎ᠠ ᠶᠢᠨ ᠴᠢᠳᠠᠪᠤᠷᠢ ᠲᠠᠰᠤᠷᠠᠯᠲᠠ ᠦᠭᠡᠢ ᠴᠢᠩᠭᠠᠷᠠᠭᠰᠠᠨ ᠢ ᠬᠠᠷᠠᠭᠤᠯᠵᠤ ᠪᠠᠶᠢᠨ᠎ᠠ᠃ ︽ᠰᠡᠷᠭᠦᠨ ᠮᠠᠨᠳᠤᠯᠲᠠ ᠨᠡᠷᠡᠮᠵᠢᠲᠦ︾ | ᠲᠦᠷᠭᠡᠨ ᠤ ᠲᠡᠮᠦᠷ ᠵᠠᠮ ᠲᠤᠮᠳᠠᠳᠤ ᠶᠢᠨ ᠡᠬᠡ ᠭᠠᠵᠠᠷ ᠲᠤ ᠨᠢᠰᠬᠦ ᠮᠡᠲᠦ ᠳᠠᠪᠬᠢᠵᠤ᠂ C919 ᠲᠣᠮᠣ ᠨᠢᠰᠬᠡᠯ ᠬᠥᠬᠡ ᠣᠭᠲᠠᠷᠭᠤᠢ ᠪᠠᠷ ᠳᠡᠭᠦᠯᠢᠵᠦ᠂ ᠰᠢᠨ᠎ᠡ | ᠡᠨᠧᠷᠭᠢ ᠶᠢᠨ ᠮᠠᠰᠢᠨ ᠲᠡᠷᠭᠡ ︽ᠲᠦᠷᠭᠡᠨ ᠴᠡᠨᠡᠭᠯᠡᠬᠦ︾ ᠵᠠᠮ ᠳᠤ ᠣᠷᠣᠪᠠ ᠁ | ᠤᠯᠤᠰ ᠲᠠᠭᠠᠨ ᠦᠢᠯᠡᠳᠪᠦᠷᠢᠯᠡᠭᠰᠡᠨ ᠨᠡᠩ ᠤᠯᠠᠨ ᠵᠠᠮ ᠬᠠᠷᠢᠯᠴᠠᠭᠠᠨ ᠤ ᠪᠠᠭᠠᠵᠢ ᠪᠠᠷ ᠴᠠᠭᠠᠨ ᠰᠠᠷ᠎ᠠ ᠶᠢᠨ ᠠᠶᠠᠨᠴᠢᠳ ᠤᠨ ᠵᠥᠭᠡᠭᠡᠪᠦᠷᠢ ᠳᠤ ᠬᠦᠴᠦᠨ | ᠨᠡᠮᠡᠷᠢᠯᠡᠵᠦ᠂ ᠳᠤᠮᠳᠠᠳᠤ ᠤᠯᠤᠰ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠬᠦᠴᠦᠨ ᠢ ᠳᠡᠯᠡᠬᠡᠢ ᠳ᠋ᠠᠬᠢᠨ ᠳᠤ ᠬᠠᠷᠠᠭᠤᠯᠪᠠ᠃ ᠡᠨᠡ | ᠵᠢᠯ ᠤᠨ ᠴᠠᠭᠠᠨ ᠰᠠᠷ᠎ᠠ ᠶᠢᠨ ᠦᠳᠡᠰᠢᠯᠡᠭᠡ ᠶᠢᠨ ᠨᠢᠭᠡᠨ ᠦᠵᠡᠭᠳᠡᠯ ᠪᠣᠯᠤᠭᠰᠠᠨ ᠣᠶᠤᠨᠲᠤ ᠮᠠᠰᠢᠨ ᠬᠥᠮᠥᠨ ᠵᠡᠭᠦᠨ ᠬᠤᠶᠢᠲᠤ ᠣᠷᠣᠨ ᠤ ᠶᠠᠩᠭᠠᠷ ᠪᠥᠵᠢᠭ | ᠪᠥᠵᠢᠭᠯᠡᠭᠰᠡᠨ ᠶᠠᠪᠤᠳᠠᠯ ᠢ ᠭᠠᠳᠠᠭᠠᠳᠤ ᠶᠢᠨ ᠣᠯᠠᠨ ᠵᠠᠭᠤᠴᠢᠯᠠᠭᠤᠷ ᠤᠨ ᠬᠢᠨ ᠠᠩᠬᠠᠷᠴᠤ ᠣᠯᠪᠠ᠃ ᠹᠷᠠᠨᠼᠢ ᠶᠢᠨ ︽ᠹᠧᠭᠠᠷᠤ᠋ ᠰᠣᠨᠢᠨ︾ ᠤ ᠰᠦᠯᠵᠢᠶ᠎ᠡ ᠵᠣᠬᠢᠶᠠᠯ | ᠨᠡᠶᠢᠲᠡᠯᠡᠵᠦ᠂ ᠮᠠᠰᠢᠨ ᠬᠥᠮᠥᠨ ᠤ ᠭᠤᠴᠣ ᠰᠠᠶᠢᠬᠠᠨ ᠲᠣᠬᠯᠠᠯᠲᠠ ᠨᠢ ᠳᠤᠮᠳᠠᠳᠤ ᠤᠯᠤᠰ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠠᠤᠭ᠎ᠠ ᠰᠠᠨᠠᠭ᠎ᠠ | ᠪᠣᠯᠣᠨ ᠲᠠᠪᠰᠢᠯᠳᠠ ᠶᠢ ᠬᠠᠷᠠᠭᠤᠯᠤᠭᠰᠠᠨ ᠪᠠᠶᠢᠨ᠎ᠠ ᠭᠡᠵᠦ ᠵᠢᠭᠠᠵᠤ ᠭᠠᠷᠭᠠᠪᠠ᠃ ᠴᠠᠭᠠᠨ ᠰᠠᠷ᠎ᠠ ᠳᠤ ᠬᠥᠮᠥᠨ ᠠᠮᠠ ᠶᠡᠭᠡ ᠬᠡᠮᠵᠢᠶ᠎ᠡ ᠪᠠᠷ ᠨᠠᠭᠠᠰᠢ ᠴᠠᠭᠠᠰᠢ ᠶᠠᠪᠤᠵᠤ | ᠰᠠᠭᠤᠭᠰᠠᠨ ᠪᠥᠭᠡᠳ ᠬᠡᠷᠡᠭᠯᠡᠭᠡᠨ ᠤ ᠵᠠᠬ᠎ᠠ ᠳᠡᠯᠭᠡᠭᠦᠷ ᠤᠨ ᠠᠮᠢᠵᠢᠷᠠᠯ ᠤᠨ ᠬᠦᠴᠦᠨ ᠢ ᠬᠥᠭᠵᠢᠭᠡᠵᠦ᠂ ᠭᠦᠷ ᠬᠥᠭᠵᠢᠶᠡᠨᠲᠡᠢ ᠬᠡᠷᠡᠭᠯᠡᠭᠡᠨ ᠤ ᠵᠢᠷᠤᠭ ᠲᠥᠰᠥᠪ ᠨᠢ | ᠳᠤᠮᠳᠠᠳᠤ ᠤᠯᠤᠰ ᠤᠨ ᠠᠵᠤ ᠠᠬᠤᠢ ᠶᠢᠨ ᠰᠦᠷ ᠳᠠᠯᠠᠶᠢᠴᠠᠲᠠᠢ ᠬᠥᠳᠡᠯᠭᠡᠬᠦ ᠬᠦᠴᠦᠨ ᠢ ᠲᠤᠰᠬᠠᠵᠠᠢ᠃ ᠡᠸᠦ᠋ᠷᠦᠫᠡ ᠲᠢᠪ ᠤᠨ ︽ᠣᠲᠣ ᠦᠶ᠎ᠡ ᠶᠢᠨ ᠭᠠᠳᠠᠭᠠᠳᠤ | ᠬᠠᠷᠢᠯᠴᠠᠭ᠎ᠠ︾ ᠰᠡᠳᠬᠦᠯ ᠤᠨ ᠰᠦᠯᠵᠢᠶ᠎ᠡ ᠶᠢᠨ ᠮᠡᠳᠡᠭᠡᠯᠡᠭᠰᠡᠨ ᠢᠶᠠᠷ᠂ ᠪᠦᠭᠦ ᠳᠡᠯᠡᠬᠡᠢ ᠶᠢᠨ ᠠᠵᠤ ᠠᠬᠤᠶᠢᠯᠠᠯ ᠴᠥᠮ ᠴᠠᠭᠠᠨ ᠰᠠᠷ᠎ᠠ ᠶᠢᠨ ᠬᠤᠭᠤᠴᠠᠭᠠᠨ ᠳᠤ | ᠠᠭᠤᠯᠤᠭᠳᠠᠵᠤ ᠪᠠᠶᠢᠭ᠎ᠠ ᠯᠤᠲᠤ ᠶᠡᠭᠡ ᠬᠤᠳᠠᠯᠳᠤᠭᠠᠨ ᠤ ᠲᠣᠭᠢᠶᠠᠯ ᠢ ᠲᠠᠨᠢᠨ ᠮᠡᠳᠡᠵᠦ᠂ ᠣᠯᠠᠨ ᠤᠯᠤᠰ ᠤᠨ ᠮᠠᠰᠢ ᠣᠯᠠᠨ ᠨᠡᠷᠡᠲᠦ ᠲᠦᠷᠦᠯ ᠲᠡᠮᠳᠡᠭ ᠨᠢ ᠴᠠᠭᠠᠨ | ᠰᠠᠷ᠎ᠠ ᠶᠢᠨ ᠭᠤᠣᠯ ᠰᠡᠳᠦᠪᠲᠦ ᠬᠡᠮᠵᠢᠶᠡᠲᠦ ᠲᠠᠸᠠᠷ ᠢ ᠨᠡᠶᠢᠲᠡᠯᠡᠬᠦ᠂ ᠴᠠᠭᠠᠨ ᠰᠠᠷ᠎ᠠ ᠳᠤ ᠬᠤᠯᠪᠣᠭᠳᠠᠭᠰᠠᠨ ᠵᠠᠷ ᠦᠢᠯᠡᠳᠬᠦ ᠵᠡᠷᠭᠡ ᠡᠵᠡᠩᠨᠡᠨ ᠪᠣᠷᠣᠯᠠᠭᠤᠯᠬᠤ | ᠠᠵᠢᠯᠯᠠᠭ᠎ᠠ ᠶᠢ ᠲᠤᠰᠬᠠᠶᠢᠯᠠᠨ ᠥᠷᠨᠢᠭᠦᠯᠪᠡ᠃ | ᠳᠤᠮᠳᠠᠳᠤ ᠤᠯᠤᠰ ᠤᠨ ᠬᠤᠳᠠᠯᠳᠤᠭᠠᠨ ᠤ ᠶᠠᠪᠤᠳᠠᠯ ᠤᠨ ᠶᠠᠮᠤᠨ ᠤ ᠲᠤᠭ᠎ᠠ ᠪᠠᠷᠢᠮᠲᠠ ᠳᠤ ᠬᠠᠷᠠᠭᠤᠯᠤᠭᠰᠠᠨ ᠢᠶᠠᠷ᠂ ᠪᠠᠶᠠᠷ ᠤᠨ ᠡᠳᠦᠷ ᠤᠨ | ᠬᠤᠭᠤᠴᠠᠭᠠᠨ ᠳᠤ᠂ ᠢᠳᠡᠭᠡᠨ᠂ ᠴᠠᠭᠠᠨ ᠰᠠᠷ᠎ᠠ ᠶᠢᠨ ᠵᠠᠩ ᠳᠠᠳᠬᠠᠯ ᠲᠠᠢ ᠬᠤᠯᠪᠣᠭᠳᠠᠭᠰᠠᠨ ᠲᠠᠸᠠᠷ᠂ ᠪᠣᠬᠢᠷᠳᠤᠯ ᠦᠭᠡᠢ ᠣᠶᠤᠨᠴᠢ ᠭᠡᠷ ᠤᠨ ᠴᠠᠭᠢᠯᠭᠠᠨ ᠬᠡᠷᠡᠭᠰᠡᠯ᠂ | ᠭᠠᠷ ᠤᠲᠠᠰᠤ᠂ ᠬᠠᠪᠲᠠᠰᠤᠨ ᠺᠤᠮᠫᠢᠦ᠋ᠲ᠋ᠧᠷ ᠵᠡᠷᠭᠡ ᠲᠠᠸᠠᠷ ᠤᠨ ᠪᠣᠷᠤᠯᠠᠭᠤᠯᠭ᠎ᠠ ᠰᠠᠶᠢᠨ ᠪᠠᠶᠢᠵᠤ᠂ ᠵᠢᠵᠢᠭᠯᠡᠨ ᠬᠤᠳᠠᠯᠳᠤᠬᠤ ᠠᠵᠤ ᠠᠬᠤᠶᠢᠯᠠᠯ ᠤᠨ ᠭᠡᠷ ᠤᠨ | ᠴᠠᠭᠢᠯᠭᠠᠨ ᠬᠡᠷᠡᠭᠰᠡᠯ᠂ ᠮᠡᠳᠡᠭᠡ ᠬᠤᠯᠪᠣᠭᠠᠨ ᠤ ᠪᠠᠭᠠᠵᠢ ᠬᠡᠷᠡᠭᠰᠡᠯ ᠤᠨ ᠪᠣᠷᠤᠯᠠᠭᠤᠯᠭ᠎ᠠ ᠶᠢᠨ ᠲᠤᠭ᠎ᠠ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ 10% ᠠᠴᠠ | ᠳᠡᠭᠡᠭᠰᠢ ᠨᠡᠮᠡᠭᠳᠡᠭᠰᠡᠨ ᠢ ᠭᠤᠣᠯᠳᠠᠯᠭ᠎ᠠ ᠲᠠᠢ ᠬᠢᠨᠠᠨ ᠬᠡᠮᠵᠢᠵᠦ ᠣᠯᠪᠠ᠃ ᠬᠠᠮᠲᠤ ᠬᠤᠭᠤᠯᠠᠯᠠᠬᠤ᠂ ᠵᠢᠭᠤᠯᠴᠢᠯᠠᠬᠤ᠂ ᠺᠢᠨᠣ᠋ ᠦᠵᠡᠬᠦ᠂ ᠵᠦᠴᠦᠭᠡ ᠦᠵᠡᠬᠦ ᠵᠡᠷᠭᠡ | ᠦᠢᠯᠡᠴᠢᠯᠡᠭᠡᠨ ᠤ ᠬᠡᠷᠡᠭᠯᠡᠭᠡᠨ ᠤ ᠬᠡᠷᠡᠭᠴᠡᠭᠡ ᠶᠢ ᠲᠥᠪᠯᠡᠷᠡᠭᠦᠯᠦᠨ ᠢᠯᠡᠷᠡᠭᠦᠯᠵᠦ᠂ ᠢᠳᠡᠭᠡᠨ ᠤᠮᠳᠠᠭᠠᠨ ᠤ ᠠᠵᠤ ᠠᠬᠤᠶᠢᠯᠠᠯ ᠤᠨ ᠡᠵᠡᠩᠨᠡᠯᠲᠡ ᠶᠢᠨ ᠲᠤᠭ᠎ᠠ | ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ 6.2% ᠢᠶᠠᠷ ᠨᠡᠮᠡᠭᠳᠡᠪᠡ᠃ ᠮᠥᠰᠥ ᠴᠠᠰᠤᠨ ᠤ ᠵᠢᠭᠤᠯᠴᠢᠯᠠᠯ᠂ ᠰᠣᠶᠣᠯ ᠤᠨ ᠮᠦᠽᠧᠢ ᠶᠢᠨ ᠵᠢᠭᠤᠯᠴᠢᠯᠠᠯ | ᠵᠡᠷᠭᠡ ᠶᠢᠨ ᠬᠠᠯᠠᠮᠰᠢᠯ ᠪᠠᠭᠤᠷᠠᠭᠰᠠᠨ ᠦᠭᠡᠢ᠂ ᠴᠠᠭᠠᠨ ᠰᠠᠷ᠎ᠠ ᠶᠢᠨ ᠠᠮᠠᠷᠠᠯᠲᠠ ᠶᠢᠨ ᠬᠤᠭᠤᠴᠠᠭᠠᠨ ᠳᠤ ᠤᠯᠤᠰ ᠤᠨ ᠳᠣᠲᠣᠭᠠᠳᠤ ᠶᠢᠨ ᠵᠢᠭᠤᠯᠴᠢᠯᠠᠯ ᠳᠤ 6770 | ᠳ᠋ᠦᠩᠰᠢᠭᠤᠷ ᠲᠥᠭᠦᠷᠢᠭ ᠵᠠᠷᠤᠴᠠᠭᠤᠯᠵᠤ᠂ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ 7.0% ᠨᠡᠮᠡᠭᠳᠡᠪᠡ᠃ ᠴᠠᠭᠠᠨ ᠰᠠᠷ᠎ᠠ ᠶᠢᠨ ᠺᠢᠨᠣ᠋ ᠶᠢᠨ ᠪᠢᠯᠧᠲ ᠤᠨ | ᠣᠷᠣᠯᠭ᠎ᠠ ᠲᠡᠦᠬᠡ ᠶᠢᠨ ᠰᠢᠨ᠎ᠡ ᠲᠡᠮᠳᠡᠭᠯᠡᠯ ᠢ ᠡᠭᠦᠳᠴᠦ᠂ ᠺᠢᠨᠣ᠋ ᠦᠵᠡᠭᠰᠡᠨ ᠬᠥᠮᠥᠨ ᠤᠳᠠᠭ᠎ᠠ ᠲᠡᠦᠬᠡ ᠶᠢᠨ ᠲᠡᠮᠳᠡᠭᠯᠡᠯ ᠢ ᠰᠢᠨᠡᠳᠬᠡᠵᠦ᠂ ᠤᠯᠠᠨ ᠳᠤ | ᠲᠠᠭᠠᠰᠢᠶᠠᠭᠳᠠᠭᠰᠠᠨ ᠺᠢᠨᠣ᠋ ᠶᠢᠨ ᠬᠠᠯᠠᠮᠰᠢᠯ ᠦᠷᠭᠦᠯᠵᠢᠯᠡᠨ ᠨᠡᠮᠡᠭᠳᠡᠪᠡ᠃ ᠷᠦᠲ᠋ᠧᠷ ᠬᠤᠷᠢᠶ᠎ᠠ ᠶᠢᠨ ᠮᠡᠳᠡᠭᠡᠯᠡᠭᠰᠡᠨ ᠢᠶᠠᠷ᠂ ᠳᠤᠮᠳᠠᠳᠤ ᠤᠯᠤᠰ ᠤᠨ ᠺᠢᠨᠣ᠋ ᠶᠢᠨ ᠠᠵᠢᠯ | ᠲᠥᠷᠥᠯ ᠤᠨ ᠬᠢᠨ ᠡᠨᠡ ᠵᠢᠯ ᠤᠨ ᠴᠠᠭᠠᠨ ᠰᠠᠷ᠎ᠠ ᠶᠢᠨ ᠬᠤᠭᠤᠴᠠᠭᠠᠨ ᠳᠤ ᠡᠯᠪᠡᠭ ᠬᠤᠷᠢᠶᠠᠯᠲᠠ ᠣᠯᠪᠠ᠂ ᠡᠨᠡ ᠬᠦ ᠠᠮᠵᠢᠯᠲᠠ ᠨᠢ ︽ᠬᠥᠮᠥᠰ ᠢ ᠵᠣᠷᠢᠭᠵᠢᠭᠤᠯᠤᠮ᠎ᠠ︾ | ᠶᠤᠮ ᠭᠡᠪᠡ᠃ ᠤᠷᠤᠰ ᠤᠨ ᠰᠣᠨᠢᠨ ᠮᠡᠳᠡᠭᠡᠨ ᠤ ᠬᠤᠷᠢᠶ᠎ᠠ ᠵᠣᠬᠢᠶᠠᠯ ᠨᠡᠶᠢᠲᠡᠯᠡᠵᠦ᠂ ᠡᠨᠡ ᠵᠢᠯ ᠤᠨ ᠴᠠᠭᠠᠨ ᠰᠠᠷ᠎ᠠ ᠶᠢᠨ ᠠᠮᠠᠷᠠᠯᠲᠠ ᠶᠢᠨ ᠬᠤᠭᠤᠴᠠᠭᠠᠨ ᠤ | ᠬᠡᠷᠡᠭᠯᠡᠭᠡᠨ ᠤ ᠵᠠᠷᠤᠯᠭ᠎ᠠ ᠶᠢᠨ ᠨᠡᠮᠡᠭᠳᠡᠯ ᠨᠢ ᠳᠤᠮᠳᠠᠳᠤ ᠤᠯᠤᠰ ᠤᠨ ᠠᠵᠤ ᠠᠬᠤᠢ ᠲᠤᠭ᠎ᠠ ᠬᠡᠮᠵᠢᠶᠡᠨ ᠤ ᠲᠠᠯ᠎ᠠ ᠪᠠᠷ ᠪᠠᠷᠠᠬᠤ ᠦᠭᠡᠢ ᠪᠠᠰᠠ ᠶᠠᠰᠤ ᠴᠢᠨᠠᠷ ᠤᠨ | ᠲᠠᠯ᠎ᠠ ᠪᠠᠷ ᠰᠢᠨ᠎ᠡ ᠳᠡᠭᠡᠭᠰᠢᠯᠡᠯᠲᠡ ᠲᠠᠢ ᠪᠣᠯᠤᠭᠰᠠᠨ ᠢ ᠬᠠᠷᠠᠭᠤᠯᠵᠤ ᠪᠠᠶᠢᠨ᠎ᠠ ᠭᠡᠵᠡᠢ᠃ ᠴᠠᠭᠠᠨ ᠰᠠᠷ᠎ᠠ ᠶᠢ ᠪᠣᠳᠠᠰ ᠤᠨ ᠪᠤᠰᠤ ᠰᠣᠶᠣᠯ ᠤᠨ ᠥᠪ ᠢᠶᠠᠷ | ᠭᠤᠶᠤᠴᠢᠯᠠᠭᠠᠳ ᠠᠮᠵᠢᠯᠲᠠ ᠣᠯᠵᠤ᠂ ᠴᠠᠭᠠᠨ ᠰᠠᠷ᠎ᠠ ᠶᠢᠨ ᠳᠡᠯᠡᠬᠡᠢ ᠳᠡᠭᠡᠷᠡᠬᠢ ᠨᠥᠯᠥᠭᠡᠯᠡᠬᠦ ᠬᠦᠴᠦᠨ ᠢ ᠤᠯᠠᠮ ᠨᠢᠭᠡ ᠠᠯᠬᠤᠮ ᠥᠷᠭᠡᠳᠬᠡᠪᠡ᠃ | ᠤᠯᠠᠮ ᠠᠴᠠ ᠣᠯᠠᠨ ᠬᠥᠮᠥᠨ ᠴᠠᠭᠠᠨ ᠰᠠᠷ᠎ᠠ ᠶᠢᠨ ᠭᠦᠷ ᠨᠠᠷᠭᠢᠶᠠᠨ ᠠᠴᠠ ᠴᠠᠭᠠᠨ ᠰᠠᠷ᠎ᠠ ᠠᠴᠠ ᠤᠯᠠᠮᠵᠢᠯᠠᠭᠳᠠᠵᠤ ᠢᠷᠡᠭᠰᠡᠨ ᠡᠩᠬᠡ ᠲᠠᠶᠢᠪᠤᠩ᠂ ᠡᠶ᠎ᠡ | ᠨᠠᠶᠢᠷᠠᠮᠳᠠᠭᠤ᠂ ᠡᠶ᠎ᠡ ᠵᠣᠬᠢᠴᠠᠯ ᠵᠡᠷᠭᠡ ᠳᠤᠮᠳᠠᠳᠤ ᠶᠢᠨ ᠪᠣᠯᠪᠠᠰᠤᠨ ᠤ ᠣᠶᠢᠯᠠᠭᠠᠭᠳᠠᠬᠤᠨ᠂ ᠭᠡᠷ ᠪᠦᠯᠢ ᠶᠢᠨ ᠡᠶ᠎ᠡ ᠨᠠᠶᠢᠷᠠᠮᠳᠠᠭᠤ᠂ ᠨᠡᠶᠢᠭᠡᠮ ᠤᠨ ᠪᠠᠭᠲᠠᠭᠠᠮᠵᠢ᠂ | ᠬᠥᠮᠥᠨ ᠬᠢᠭᠡᠳ ᠪᠠᠶᠢᠭᠠᠯᠢ ᠶᠢᠨ ᠡᠶ᠎ᠡ ᠵᠣᠬᠢᠴᠠᠩᠭᠤᠢ ᠪᠠᠷ ᠬᠠᠮᠲᠤ ᠣᠷᠣᠰᠢᠬᠤ᠂ ᠰᠠᠶᠢᠨ ᠰᠠᠶᠢᠬᠠᠨ ᠠᠮᠢᠳᠤᠷᠠᠯ ᠤᠨ ᠲᠤᠬᠠᠢ ᠬᠥᠭᠡᠭᠡᠴᠡᠯᠳᠦᠯ ᠵᠡᠷᠭᠡ ᠪᠦᠭᠦ ᠬᠥᠮᠥᠨ | ᠲᠥᠷᠥᠯᠬᠢᠲᠡᠨ ᠤ ᠬᠠᠮᠲᠤ ᠶᠢᠨ ᠥᠷᠲᠡᠭ ᠢ ᠣᠯᠵᠤ ᠬᠠᠷᠠᠬᠤ ᠪᠣᠯᠵᠠᠢ᠃ ᠫᠠᠺᠢᠰᠲ᠋ᠠᠨ ᠤ ᠤᠶᠤᠨ ᠤ ᠬᠥᠮᠥᠷᠭᠡ ᠶᠢᠨ ᠪᠦᠭᠦ ᠪᠥᠮᠪᠥᠷᠴᠡᠭ ᠤᠨ ᠲᠣᠷᠭᠠᠨ ᠵᠠᠮ ᠤᠨ | ᠰᠤᠳᠤᠯᠭᠠᠨ ᠤ ᠬᠤᠯᠪᠤᠭ᠎ᠠ ᠶᠢ ᠡᠭᠦᠰᠬᠡᠨ ᠪᠠᠶᠢᠭᠤᠯᠤᠭᠰᠠᠨ ᠲᠡᠷᠢᠭᠦᠯᠡᠭᠴᠢ ᠠᠸᠠᠨ᠂ ᠴᠠᠭᠠᠨ ᠰᠠᠷ᠎ᠠ ᠳᠤ ᠬᠥᠮᠥᠨ ᠪᠠᠶᠢᠭᠠᠯᠢ ᠡᠶ᠎ᠡ ᠵᠣᠬᠢᠴᠠᠩᠭᠤᠢ ᠪᠠᠷ ᠬᠠᠮᠲᠤ | ᠣᠷᠣᠰᠢᠬᠤ ᠣᠶᠢᠯᠠᠭᠠᠭᠳᠠᠬᠤᠨ ᠠᠭᠤᠯᠤᠭᠳᠠᠵᠤ ᠪᠠᠶᠢᠨ᠎ᠠ᠃ ︽ᠬᠥᠮᠥᠰ ᠬᠠᠪᠤᠷ ᠢ ᠤᠭᠲᠤᠬᠤ ᠪᠠ ᠰᠢᠨ᠎ᠡ ᠨᠢᠭᠡ ᠡᠭᠡᠯᠵᠢ ᠶᠢᠨ ᠪᠠᠶᠢᠭᠠᠯᠢ ᠶᠢᠨ ᠦᠶᠡᠯᠡᠯ ᠤᠨ ᠬᠦᠷᠴᠦ | ᠢᠷᠡᠬᠦ ᠳᠤ ᠵᠢᠮ᠎ᠡ ᠶᠣᠰᠣ ᠶᠢ ᠬᠦᠨᠳᠦᠳᠬᠡᠬᠦ᠂ ᠲᠦᠮᠡᠨ ᠪᠣᠳᠠᠰ ᠢ ᠬᠠᠶᠢᠷᠠᠯᠠᠵᠤ ᠬᠠᠮᠠᠭᠠᠯᠠᠬᠤ ᠶᠢᠨ ᠴᠢᠬᠤᠯᠠ ᠴᠢᠨᠠᠷ ᠢ ᠣᠶᠢᠯᠠᠭᠠᠬᠤ ᠶᠢᠨ ᠬᠠᠮᠲᠤ ᠦᠷᠭᠦᠯᠵᠢᠯᠡᠬᠦ | ᠬᠥᠭᠵᠢᠯᠲᠡ ᠶᠢ ᠪᠡᠶᠡᠯᠡᠭᠦᠯᠬᠦ ᠪᠠᠷ ᠢᠳᠡᠪᠬᠢᠲᠡᠢ ᠴᠢᠷᠮᠠᠶᠢᠨ᠎ᠠ︾ ᠭᠡᠵᠦ ᠦᠵᠡᠪᠡ᠃ ᠬᠥᠬᠡᠭᠴᠢᠨ ᠮᠣᠭᠠᠢ ᠵᠢᠯ ᠤᠨ ᠴᠠᠭᠠᠨ ᠰᠠᠷ᠎ᠠ ᠳᠤ ᠢᠯᠡᠷᠡᠭᠰᠡᠨ ᠬᠥᠭᠵᠢᠯ | ᠪᠠᠳᠠᠷᠠᠯ ᠨᠢ ᠥᠨᠥᠳᠥᠷ ᠤᠨ ᠳᠤᠮᠳᠠᠳᠤ ᠤᠯᠤᠰ ᠤᠨ ᠠᠮᠢᠵᠢᠷᠠᠯ ᠤᠨ ᠬᠦᠴᠦᠨ ᠪᠠ ᠥᠷᠨᠢᠭᠦᠨ ᠪᠠᠳᠠᠷᠠᠩᠭᠤᠢ ᠠᠮᠢᠵᠢᠷᠠᠯ ᠤᠨ ᠬᠦᠴᠦᠨ ᠢ ᠳᠡᠯᠡᠬᠡᠢ ᠳ᠋ᠠᠬᠢᠨ ᠳᠤ | ᠦᠵᠡᠭᠦᠯᠵᠦ᠂ ᠨᠡᠩ ᠴᠤ ᠴᠠᠭᠠᠨ ᠰᠠᠷ᠎ᠠ ᠳᠤ ᠠᠭᠤᠯᠤᠭᠳᠠᠵᠤ ᠪᠠᠶᠢᠭ᠎ᠠ ᠤᠯᠠᠮᠵᠢᠯᠠᠯᠲᠤ ᠰᠣᠶᠣᠯ ᠪᠠ ᠦᠷᠲᠡᠭ ᠤᠨ ᠦᠵᠡᠯᠲᠡ ᠠᠴᠠ ᠳᠤᠮᠳᠠᠳᠤ ᠤᠯᠤᠰ ᠤᠨ ᠭᠡᠭᠡᠨ | ᠰᠠᠷᠠᠭᠤᠯ ᠢᠷᠡᠭᠡᠳᠦᠢ ᠶᠢ ᠣᠯᠵᠤ ᠬᠠᠷᠠᠭᠤᠯᠪᠠ᠃ ᠴᠠᠭᠠᠨ ᠰᠠᠷ᠎ᠠ ᠪᠣᠯ ᠨᠢᠭᠡᠨ ᠰᠢᠨ᠎ᠡ ᠡᠭᠢᠯᠡᠯᠲᠡ ᠮᠥᠨ᠂ ᠪᠠᠰᠠ ᠴᠤ ᠰᠢᠨ᠎ᠡ ᠬᠦᠰᠡᠯ ᠡᠷᠡᠮᠡᠯᠵᠡᠯ ᠢ ᠬᠠᠷᠠᠭᠤᠯᠵᠤ | ᠪᠠᠶᠢᠨ᠎ᠠ᠃ ᠰᠢᠨ᠎ᠡ ᠨᠢᠭᠡ ᠵᠢᠯ ᠳᠤ᠂ ᠳᠤᠮᠳᠠᠳᠤ ᠤᠯᠤᠰ ᠮᠣᠭᠠᠢ ᠵᠢᠯ ᠳᠤ ᠮᠢᠩᠭᠠᠨ ᠭᠠᠵᠠᠷ ᠠᠶᠠᠯᠠᠬᠤ ᠡᠷᠴᠢ ᠵᠣᠷᠢᠭ ᠢᠶᠠᠷ᠂ ᠤᠶᠤᠨ ᠤᠬᠠᠭᠠᠨ ᠬᠦᠴᠦᠨ | ᠴᠢᠳᠠᠯ ᠢᠶᠠᠨ ᠨᠢᠭᠲᠠᠷᠠᠭᠤᠯᠤᠨ ᠲᠤᠰ ᠪᠡᠶ᠎ᠡ ᠶᠢᠨ ᠬᠥᠭᠵᠢᠯᠲᠡ ᠪᠠᠨ ᠰᠠᠶᠢᠲᠤᠷ ᠬᠢᠵᠦ᠂ ᠬᠦᠰᠡᠯ ᠡᠷᠡᠮᠡᠯᠵᠡᠯ ᠤᠨ ᠳᠤᠮᠳᠠ ᠡᠯ᠎ᠡ ᠤᠯᠤᠰ ᠲᠠᠢ ᠭᠠᠷ ᠬᠤᠯᠪᠣᠨ | ᠬᠠᠮᠲᠤᠷᠠᠯᠴᠠᠵᠤ ᠬᠠᠮᠲᠤ ᠪᠠᠷ ᠠᠰᠢᠭ ᠭᠦᠷᠳᠡᠭᠦ ᠰᠢᠨ᠎ᠡ ᠬᠠᠭᠤᠳᠠᠰᠤ ᠶᠢ ᠪᠢᠴᠢᠭᠯᠡᠬᠦ ᠪᠣᠯᠣᠨ᠎ᠠ᠃ |