ᠡᠷᠡᠭᠦᠯ ᠴᠢᠭᠢᠷᠠᠭ ᠵᠣᠯ ᠵᠢᠷᠭᠠᠯ ᠪᠣᠯ ᠬᠥᠮᠥᠰ ᠤᠨ ᠠᠮᠢᠳᠤᠷᠠᠯ ᠳᠤ ᠬᠠᠮᠤᠭ ᠤᠨ ᠳᠥᠭᠦᠮ ᠮᠥᠷᠲᠡᠭᠡᠨ ᠬᠠᠮᠤᠭ ᠤᠨ ᠰᠠᠶᠢᠨ ᠰᠠᠶᠢᠬᠠᠨ ᠬᠠᠷᠠᠯᠲᠠ ᠶᠢᠨ ᠨᠢᠭᠡ᠃ | ᠡᠷᠡᠭᠦᠯ ᠴᠢᠭᠢᠷᠠᠭ ᠵᠣᠯ ᠵᠢᠷᠭᠠᠯ ᠲᠠᠢ ᠨᠢᠭᠡ ᠨᠠᠰᠤ ᠶᠢ ᠥᠩᠭᠡᠷᠡᠭᠡᠬᠦ ᠳᠤ᠂ ᠶᠠᠮᠠᠷ ᠡᠯᠧᠮᠧᠨ᠋ᠲ ᠨᠢ ᠨᠠᠩ ᠴᠢᠬᠤᠯᠠ ᠪᠤᠢ︖ ᠲᠦᠷᠦᠭᠦᠬᠡᠨ᠂ ᠳᠤᠮᠳᠠᠳᠤ ᠤᠯᠤᠰ ᠤᠨ | ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠲᠥᠪ ᠤᠨ ᠠᠯᠪᠠᠨ ᠰᠦᠯᠵᠢᠶ᠎ᠡ ᠨᠢ ᠡᠷᠬᠡ ᠰᠦᠷᠲᠦ ᠡᠷᠳᠡᠮ ᠰᠢᠨᠵᠢᠯᠡᠭᠡᠨ ᠤ ᠬᠤᠭᠤᠴᠠᠭᠠᠲᠤ ᠰᠡᠳᠬᠦᠯ ︽ᠪᠠᠶᠢᠭᠠᠯᠢ︾ | ᠰᠡᠳᠬᠦᠯ ᠳᠤ ᠰᠢᠯᠵᠢᠭᠦᠯᠦᠨ ᠨᠡᠶᠢᠲᠡᠯᠡᠭᠰᠡᠨ ᠨᠢᠭᠡᠨ ᠰᠤᠳᠤᠯᠭᠠᠨ ᠤ ᠰᠠᠨᠠᠭᠤᠯᠤᠮᠵᠢ ᠶᠢ ᠨᠡᠶᠢᠲᠡᠯᠡᠪᠡ᠂ ᠬᠥᠮᠥᠨ ᠥᠲᠡᠯᠪᠡᠯ ᠳᠤᠷ᠎ᠠ ᠪᠠᠬ᠎ᠠ ᠲᠠᠢ ᠪᠠᠶᠢᠬᠤ ᠬᠡᠷᠡᠭᠲᠡᠢ᠂ | ᠵᠥᠪᠭᠡᠨ ᠨᠢᠭᠡ ᠯᠡ ᠪᠠᠶᠢᠭᠰᠠᠨ ᠴᠦ ᠪᠣᠯᠣᠨ᠎ᠠ᠃ ᠤᠴᠢᠷ ᠨᠢ ᠳᠤᠷ᠎ᠠ ᠪᠠᠬ᠎ᠠ ᠲᠠᠢ ᠨᠠᠰᠤᠲᠠᠨ ᠠᠮᠠᠷᠬᠠᠨ ᠭᠠᠩᠰᠠᠷᠠᠬᠤ ᠦᠭᠡᠢ᠂ ᠨᠠᠩ ᠡᠷᠡᠭᠦᠯ ᠴᠢᠭᠢᠷᠠᠭ ᠤᠷᠲᠤ | ᠨᠠᠰᠤᠯᠠᠨ᠎ᠠ᠃ ᠲᠣᠰ ᠰᠤᠳᠤᠯᠭᠠᠨ ᠢ ᠡᠷᠳᠡᠮ ᠰᠢᠨᠵᠢᠯᠡᠭᠡᠨ ᠤ ᠬᠤᠭᠤᠴᠠᠭᠠᠲᠤ ᠰᠡᠳᠬᠦᠯ ︽ᠪᠠᠶᠢᠭᠠᠯᠢ · ᠠᠨᠠᠭᠠᠬᠤ ᠤᠬᠠᠭᠠᠨ︾ ᠳᠡᠭᠡᠷ᠎ᠡ ᠨᠡᠶᠢᠲᠡᠯᠡᠪᠡ᠃ | ᠰᠤᠳᠤᠯᠤᠭᠴᠢᠳ 16 ᠤᠯᠤᠰ ᠤᠨ 9 ᠲᠦᠮᠡ ᠭᠠᠷᠤᠢ ᠨᠠᠰᠤᠲᠠᠶᠢᠴᠤᠳ ᠤᠨ ᠲᠤᠭ᠎ᠠ ᠪᠠᠷᠢᠮᠲᠠ ᠳᠤ ᠵᠠᠳᠠᠯᠤᠯᠲᠠ ᠬᠢᠵᠦ᠂ ᠬᠥᠮᠥᠰ ᠨᠠᠰᠤ ᠠᠬᠢᠭᠰᠠᠨ ᠴᠤ | ᠠᠵᠢᠯ ᠤᠨ ᠴᠢᠯᠦᠭᠡᠨ ᠤ ᠳᠤᠷ᠎ᠠ ᠰᠣᠨᠢᠷᠬᠠᠯ ᠲᠠᠢ ᠪᠠᠶᠢᠬᠤ ᠶᠢᠨ ᠴᠢᠬᠤᠯᠠ ᠴᠢᠨᠠᠷ ᠢ ᠵᠢᠭᠠᠵᠤ ᠭᠠᠷᠭᠠᠪᠠ᠃ | ᠵᠠᠳᠠᠯᠤᠯᠲᠠ ᠶᠢᠨ ᠦᠷ᠎ᠡ ᠳ᠋ᠦᠩ ᠳᠤ ᠢᠯᠡᠷᠡᠭᠦᠯᠦᠭᠰᠡᠨ ᠢᠶᠠᠷ᠂ ᠳᠤᠷ᠎ᠠ ᠰᠣᠨᠢᠷᠬᠠᠯ ᠨᠢ ᠨᠡᠯᠢᠶᠡᠳ ᠪᠠᠭ᠎ᠠ ᠭᠠᠩᠰᠠᠷᠠᠬᠤ ᠡᠪᠡᠳᠴᠢᠨ ᠤ ᠢᠯᠡᠷᠡᠯ᠂ ᠨᠠᠩ | ᠥᠨᠳᠥᠷ ᠬᠢᠷᠢ ᠲᠦᠪᠰᠢᠨ ᠪᠦᠬᠦᠢ ᠥᠪᠡᠷ ᠤᠨ ᠪᠡᠶ᠎ᠡ ᠶᠢᠨ ᠡᠷᠡᠭᠦᠯ ᠮᠡᠨᠳᠦ᠂ ᠵᠣᠯ ᠵᠢᠷᠭᠠᠯᠲᠤ ᠰᠡᠳᠬᠢᠯᠭᠡ ᠪᠠ ᠠᠮᠢᠳᠤᠷᠠᠯ ᠤᠨ ᠬᠠᠨᠤᠮᠵᠢ ᠶᠢᠨ ᠬᠡᠮᠵᠢᠶ᠎ᠡ ᠲᠠᠢ | ᠬᠤᠯᠪᠤᠭ᠎ᠠ ᠲᠠᠢ᠃ ᠬᠤᠷᠸ᠎ᠠ ᠲᠠᠯ᠎ᠠ ᠠᠴᠠ ᠠᠪᠴᠤ ᠬᠡᠯᠡᠪᠡᠯ᠂ ᠳᠤᠷ᠎ᠠ ᠰᠣᠨᠢᠷᠬᠠᠯ ᠤᠨ ᠲᠦᠭᠡᠮᠡᠯ ᠴᠢᠨᠠᠷ ᠨᠢ ᠪᠠᠰᠠ ᠠᠷᠠᠳ ᠢᠷᠭᠡᠳ ᠤᠨ ᠵᠣᠯ ᠵᠢᠷᠭᠠᠯ ᠤᠨ ᠬᠢᠷᠢ | ᠲᠦᠪᠰᠢᠨ ᠪᠠ ᠵᠢᠱᠢᠭᠰᠡᠨ ᠨᠠᠰᠤᠨ ᠬᠤᠲᠤᠭ ᠲᠠᠢ ᠬᠤᠯᠪᠤᠭ᠎ᠠ ᠲᠠᠢ ᠶᠤᠮ᠃ ᠰᠤᠳᠤᠯᠭᠠᠲᠠᠳ ᠤᠨ ᠰᠠᠨᠠᠭᠤᠯᠤᠭᠰᠠᠨ ᠢᠶᠠᠷ᠂ ᠠᠳᠡ ᠬᠡᠯᠡᠵᠦ ᠪᠠᠶᠢᠭ᠎ᠠ ︽ᠳᠤᠷ᠎ᠠ ᠪᠠᠬ᠎ᠠ︾ | ᠭᠡᠳᠡᠭ ᠨᠢ ᠬᠥᠮᠥᠰ ᠤᠨ ᠰᠤᠯᠠ ᠰᠡᠯᠡᠭᠦᠦ ᠴᠠᠭ ᠲᠠᠭᠠᠨ ᠬᠢᠬᠦ ᠵᠤᠭ᠎ᠠ ᠴᠡᠩᠭᠡᠯ ᠤᠨ ᠠᠵᠢᠯᠯᠠᠭ᠎ᠠ᠂ ᠵᠢᠱᠢᠶᠡᠯᠡᠪᠡᠯ ᠤᠷᠠᠯᠢᠭ ᠤᠷᠤᠯᠳᠤᠬᠤ᠂ ᠭᠠᠷ ᠤᠷᠠᠯᠠᠯ ᠬᠢᠬᠦ᠂ | ᠨᠣᠮ ᠤᠩᠰᠢᠬᠤ᠂ ᠲᠣᠭᠯᠠᠭᠠᠮ ᠨᠠᠭᠠᠳᠬᠤ᠂ ᠬᠥᠳᠡᠯᠭᠡᠭᠡᠨ ᠬᠢᠬᠦ᠂ ᠴᠡᠴᠡᠷᠯᠢᠭ ᠤᠨ ᠤᠷᠠᠯᠢᠭ ᠬᠢᠬᠦ᠂ ᠰᠠᠶᠢᠨ ᠳᠤᠷ᠎ᠠ ᠶᠢᠨ ᠦᠢᠯᠡᠴᠢᠯᠡᠭᠡ ᠬᠢᠬᠦ᠂ ᠡᠯ᠎ᠡ ᠵᠦᠢᠯ ᠤᠨ | ᠨᠡᠶᠢᠭᠡᠮᠯᠢᠭ / ᠺᠯᠦ᠋ᠪ ᠲᠤ ᠣᠷᠤᠯᠴᠠᠬᠤ ᠵᠡᠷᠭᠡ ᠠᠵᠢᠯᠯᠠᠭ᠎ᠠ ᠪᠣᠯᠣᠨ᠎ᠠ᠃ ᠡᠳᠡᠭᠡᠷ ᠠᠵᠢᠯᠯᠠᠭᠠᠨ ᠨᠢ᠂ ᠬᠥᠮᠥᠰ ᠤᠨ ᠲᠥᠰᠥᠭᠡᠯᠡᠬᠦᠢ ᠴᠢᠳᠠᠪᠤᠷᠢ ᠪᠠ ᠡᠭᠦᠳᠦᠨ | ᠪᠦᠲᠦᠭᠡᠬᠦ ᠴᠢᠳᠠᠪᠤᠷᠢ ᠶᠢ ᠬᠥᠭᠵᠢᠭᠡᠵᠦ᠂ ᠰᠡᠷᠡᠯ ᠤᠨ ᠡᠷᠬᠡᠲᠡᠨ ᠪᠠ ᠲᠠᠨᠢᠨ ᠮᠡᠳᠡᠬᠦᠢ ᠳᠤ ᠰᠡᠳᠡᠯᠲᠡ ᠥᠭᠴᠦ᠂ ᠬᠤᠪᠢ ᠬᠥᠮᠥᠨ ᠤ ᠥᠪᠡᠷ ᠢ ᠪᠠᠨ ᠢᠯᠡᠳᠬᠡᠬᠦ ᠶᠢ | ᠠᠬᠢᠭᠤᠯᠳᠠᠭ᠃ ᠨᠡᠶᠢᠭᠡᠮ ᠤᠨ ᠬᠠᠷᠢᠯᠴᠠᠭᠠᠨ ᠤ ᠰᠢᠨᠵᠢ ᠴᠢᠨᠠᠷ ᠲᠠᠢ ᠠᠵᠢᠯᠯᠠᠭ᠎ᠠ ᠳᠤ ᠣᠷᠤᠯᠴᠠᠬᠤ ᠨᠢ ᠪᠠᠰᠠ ᠨᠡᠶᠢᠭᠡᠮ ᠤᠨ ᠳᠡᠮᠵᠢᠯᠭᠡ ᠶᠢ ᠬᠠᠩᠭᠠᠵᠤ᠂ | ᠭᠠᠭᠴᠠᠭᠠᠷᠳᠠᠬᠤ ᠰᠡᠳᠬᠢᠯᠭᠡ ᠪᠠ ᠨᠡᠶᠢᠭᠡᠮ ᠤᠨ ᠭᠠᠭᠴᠠᠭᠠᠷᠳᠠᠬᠤ ᠰᠡᠳᠬᠢᠯᠭᠡ ᠶᠢ ᠪᠠᠭᠠᠰᠬᠠᠵᠤ ᠴᠢᠳᠠᠨ᠎ᠠ᠃ ᠲᠣᠰ ᠰᠤᠳᠤᠯᠭᠠᠨ ᠤ ᠲᠤᠭ᠎ᠠ ᠪᠠᠷᠢᠮᠲᠠ ᠨᠢ 5 ᠲᠣᠮᠣ | ᠭᠡᠯᠪᠡᠷᠢ ᠶᠢᠨ ᠡᠩᠨᠡᠭᠡ ᠶᠢᠨ ᠰᠤᠳᠤᠯᠭᠠᠨ᠂ ᠠᠩᠭ᠍ᠯᠢ ᠶᠢᠨ ᠨᠠᠰᠤᠵᠢᠯᠲᠠ ᠶᠢᠨ ᠭᠤᠯᠳᠤ ᠴᠢᠭᠯᠡᠯ ᠤᠨ ᠰᠤᠳᠤᠯᠭᠠᠨ᠂ ᠶᠠᠫᠤᠨ ᠤ ᠨᠠᠰᠤᠲᠠᠶᠢᠴᠤᠳ ᠤᠨ ᠰᠤᠳᠤᠯᠤᠯ ᠤᠨ | ᠦᠨᠡᠯᠡᠨ ᠵᠢᠱᠢᠬᠦ ᠰᠤᠳᠤᠯᠭᠠᠨ᠂ ᠠᠮᠧᠷᠢᠺᠠ ᠶᠢᠨ ᠡᠷᠡᠭᠦᠯ ᠮᠡᠨᠳᠦ ᠬᠢᠭᠡᠳ ᠠᠵᠢᠯ ᠠᠴᠠ ᠪᠠᠨ ᠠᠮᠠᠷᠠᠬᠤ ᠭᠤᠯᠳᠤ ᠴᠢᠭᠯᠡᠯ ᠤᠨ ᠰᠤᠳᠤᠯᠭᠠᠨ᠂ ᠡᠸᠦ᠋ᠷᠦᠫᠡ ᠲᠢᠪ ᠤᠨ | ᠡᠷᠡᠭᠦᠯ ᠮᠡᠨᠳᠦ ᠶᠢᠨ ᠨᠠᠰᠤᠵᠢᠯᠲᠠ ᠪᠠ ᠠᠵᠢᠯ ᠠᠴᠠ ᠪᠠᠨ ᠠᠮᠠᠷᠠᠬᠤ ᠪᠠᠶᠢᠴᠠᠭᠠᠯᠲᠠ ᠪᠠ ᠳᠤᠮᠳᠠᠳᠤ ᠤᠯᠤᠰ ᠤᠨ ᠡᠷᠡᠭᠦᠯ ᠮᠡᠨᠳᠦ ᠬᠢᠭᠡᠳ ᠨᠠᠰᠤᠵᠢᠯ ᠤᠨ | ᠠᠰᠠᠷᠠᠮᠵᠢ ᠶᠢᠨ ᠮᠥᠷᠳᠡᠨ ᠪᠠᠶᠢᠴᠠᠭᠠᠯᠲᠠ ᠵᠡᠷᠭᠡ ᠠᠴᠠ ᠢᠷᠡᠯᠲᠡ ᠲᠠᠢ ᠪᠠᠶᠢᠵᠤ᠂ ᠳᠤᠮᠳᠠᠳᠤ ᠤᠯᠤᠰ᠂ ᠠᠮᠧᠷᠢᠺᠠ᠂ ᠠᠩᠭ᠍ᠯᠢ᠂ ᠶᠠᠫᠤᠨ᠂ ᠳ᠋ᠠᠨ᠋ᠮᠠᠷᠺ᠂ ᠭᠧᠷᠮᠠᠨ᠂ ᠰᠸᠢᠰ᠂ | ᠢᠰᠫᠠᠨᠢ ᠵᠡᠷᠭᠡ 16 ᠤᠯᠤᠰ ᠤᠨ ᠣᠷᠣᠯᠴᠠᠭᠴᠢ᠂ ᠠᠳᠠᠯᠢ ᠪᠤᠰᠤ ᠤᠯᠤᠰ ᠤᠨ ᠣᠷᠣᠯᠴᠠᠭᠴᠢ ᠶᠢᠨ ᠳᠤᠮᠳᠠᠴᠢ ᠨᠠᠰᠤ 71.7 - 75.9 ᠶᠢ ᠪᠠᠭᠲᠠᠭᠠᠨ᠎ᠠ᠃ | ᠶᠡᠷᠦᠩᠬᠡᠢ ᠳᠤᠨᠢ ᠠᠪᠴᠤ ᠬᠡᠯᠡᠪᠡᠯ᠂ ᠤᠷᠮ᠎ᠠ ᠪᠠᠬ᠎ᠠ ᠪᠠ ᠭᠠᠩᠰᠠᠷᠠᠯ ᠤᠨ ᠢᠯᠡᠷᠡᠯ ᠲᠠᠢ ᠪᠠᠶᠢᠬᠤ ᠨᠢ ᠰᠥᠭᠡᠷᠭᠦ ᠢᠯᠡᠷᠡᠯ ᠲᠠᠢ ᠬᠤᠯᠪᠤᠭ᠎ᠠ ᠲᠠᠢ᠂ ᠥᠪᠡᠷ ᠢᠶᠠᠨ | ᠮᠡᠳᠡᠭᠦᠯᠬᠦ ᠡᠷᠡᠭᠦᠯ ᠮᠡᠨᠳᠦ ᠶᠢᠨ ᠬᠢᠷᠢ ᠲᠦᠪᠰᠢᠨ᠂ ᠵᠣᠯ ᠵᠢᠷᠭᠠᠯᠲᠤ ᠲᠥᠷᠥᠭᠳᠡᠯ ᠪᠠ ᠠᠮᠢᠳᠤᠷᠠᠯ ᠤᠨ ᠬᠠᠨᠤᠮᠵᠢ ᠶᠢᠨ ᠬᠡᠮᠵᠢᠶ᠎ᠡ ᠲᠠᠢ ᠰᠢᠭᠤᠳ ᠬᠤᠯᠪᠤᠭ᠎ᠠ ᠲᠠᠢ ᠶᠤᠮ᠃ | | ᠬᠤᠷᠸ᠎ᠠ ᠳᠠᠪᠬᠤᠷᠭ᠎ᠠ ᠶᠢᠨ ᠵᠠᠳᠠᠯᠤᠯᠲᠠ ᠠᠴᠠ ᠦᠵᠡᠪᠡᠯ᠂ ᠳᠤᠷ᠎ᠠ ᠪᠠᠬ᠎ᠠ ᠲᠠᠢ ᠬᠥᠮᠥᠰ ᠤᠨ ᠬᠠᠷᠢᠴᠠᠯ ᠨᠢ ᠳᠡᠯᠡᠬᠡᠢ ᠶᠢᠨ ᠵᠣᠯ ᠵᠢᠷᠭᠠᠯ ᠤᠨ ᠵᠢᠭᠠᠯᠲᠠ | ᠲᠤᠭ᠎ᠠ ᠤᠨ ᠬᠤᠪᠢ᠂ GDP ᠪᠠᠷ ᠬᠡᠮᠵᠢᠬᠦ ᠤᠯᠤᠰ ᠤᠨ ᠡᠳ᠋ ᠪᠠᠶᠠᠯᠢᠭ ᠪᠠ ᠠᠷᠠᠳ ᠲᠦᠮᠡᠨ ᠤ ᠵᠢᠱᠢᠭᠰᠡᠨ ᠨᠠᠰᠤᠨ ᠬᠤᠲᠤᠭ ᠨᠢ ᠡᠶᠡᠷᠭᠦ ᠬᠤᠯᠪᠤᠭ᠎ᠠ ᠲᠠᠢ ᠪᠠᠶᠢᠵᠤ᠂ | ᠺᠢᠨ᠋ᠨᠢ ᠶᠢᠨ ᠵᠢᠭᠠᠯᠲᠠ ᠲᠤᠭ᠎ᠠ ᠲᠠᠢ ᠰᠥᠭᠡᠷᠭᠦ ᠬᠤᠯᠪᠤᠭ᠎ᠠ ᠲᠠᠢ ᠪᠠᠶᠢᠳᠠᠭ᠃ | |