2025 ᠪᠦᠬᠦ ᠤᠯᠤᠰ ᠤᠨ ᠬᠤᠶᠠᠷ ᠬᠤᠷᠠᠯ · ᠵᠠᠰᠠᠭ ᠤᠨ ᠤᠷᠳᠤᠨ ᠤ ᠠᠵᠢᠯ ᠤᠨ ᠢᠯᠡᠳᠬᠡᠯ 6
ᠨᠡᠶᠢᠲᠡᠯᠡᠭᠰᠡᠨ ᠴᠠᠭ᠄
2025/3/17
       ᠴᠢᠳᠠᠪᠤᠷᠢᠲᠠᠨ ᠤ ᠡᠩᠨᠡᠭᠡ ᠶᠢᠨ ᠶᠠᠰᠤ ᠴᠢᠨᠠᠷ ᠢ ᠪᠦᠭᠦ ᠲᠠᠯ᠎ᠠ ᠪᠠᠷ ᠳᠡᠭᠡᠭᠰᠢᠯᠡᠭᠦᠯᠦᠨ᠎ᠡ᠃ ᠴᠢᠳᠠᠪᠤᠷᠢᠲᠠᠨ ᠤ ᠥᠨᠳᠦᠷᠯᠢᠭ ᠭᠠᠵᠠᠷ ᠪᠠ ᠴᠢᠳᠠᠪᠤᠷᠢᠲᠠᠨ ᠤ ᠲᠠᠪᠴᠠᠩ ᠤᠨ ᠰᠠᠴᠤᠷᠠᠭᠯᠠᠬᠤ ᠦᠢᠯᠡᠳᠦᠯ ᠢ ᠪᠠᠳᠠᠷᠠᠭᠤᠯᠵᠤ᠂ ᠤᠯᠤᠰ ᠤᠨ ᠪᠠᠶᠢᠯᠳᠤᠬᠤ ᠪᠣᠳᠣᠯᠭ᠎ᠠ ᠶᠢᠨ ᠴᠢᠳᠠᠪᠤᠷᠢᠲᠠᠨ ᠤ ᠬᠦᠴᠦᠨ ᠢ ᠲᠦᠷᠭᠡᠯᠡᠨ ᠪᠠᠶᠢᠭᠤᠯᠵᠤ᠂ ᠰᠢᠨ᠎ᠡ ᠶᠢ ᠡᠭᠦᠳᠬᠦ ᠣᠷᠦ᠋ᠢᠯᠠᠭᠰᠠᠨ ᠴᠢᠳᠠᠪᠤᠷᠢᠲᠠᠨ᠂ ᠭᠤᠣᠯᠳᠠᠯᠭ᠎ᠠ ᠲᠠᠢ ᠬᠦᠷᠢᠶᠡᠨ ᠳᠤ ᠪᠠᠴᠢᠮ ᠬᠡᠷᠡᠭᠰᠡᠬᠦ ᠲᠤᠲᠠᠭᠳᠠᠵᠤ ᠪᠠᠶᠢᠭ᠎ᠠ ᠴᠢᠳᠠᠪᠤᠷᠢᠲᠠᠨ ᠪᠠ ᠤᠷ᠎ᠠ ᠴᠢᠳᠠᠪᠤᠷᠢ ᠰᠠᠶᠢᠲᠠᠢ ᠴᠢᠳᠠᠪᠤᠷᠢᠲᠠᠨ ᠢ ᠬᠥᠮᠥᠵᠢᠭᠦᠯᠬᠦ ᠶᠢ ᠴᠢᠩᠭᠠᠳᠬᠠᠨ᠎ᠠ᠃ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠵᠠᠯᠠᠭᠤ ᠴᠢᠳᠠᠪᠤᠷᠢᠲᠠᠨ ᠢ ᠶᠡᠭᠡ ᠪᠠᠷ ᠲᠡᠮᠵᠢᠵᠦ᠂ ᠵᠣᠷᠢᠭᠲᠠᠢ ᠪᠠᠷ ᠬᠡᠷᠡᠭᠯᠡᠨ᠎ᠡ᠃ ᠲᠡᠷᠢᠭᠦᠨ ᠵᠡᠷᠭᠡ ᠶᠢᠨ ᠠᠵᠤ ᠦᠢᠯᠡᠰ ᠤᠨ ᠮᠡᠷᠭᠡᠵᠢᠯ ᠤᠨ ᠠᠵᠢᠯᠴᠢᠨ ᠤ ᠡᠩᠨᠡᠭᠡ ᠶᠢ ᠪᠠᠶᠢᠭᠤᠯᠤᠨ᠎ᠠ᠃ ᠭᠠᠳᠠᠭᠠᠳᠤ ᠠᠴᠠ ᠴᠢᠳᠠᠪᠤᠷᠢᠲᠠᠨ ᠣᠷᠣᠭᠤᠯᠤᠨ ᠠᠪᠴᠢᠷᠠᠬᠤ ᠶᠢ ᠳᠡᠮᠵᠢᠬᠦ ᠪᠠ ᠪᠠᠲᠤᠯᠠᠬᠤ ᠲᠣᠭᠲᠠᠴᠠ ᠶᠢ ᠲᠡᠭᠦᠯᠳᠡᠷᠵᠢᠭᠦᠯᠵᠦ᠂ ᠭᠠᠳᠠᠭᠠᠳᠤ ᠶᠢᠨ ᠬᠠᠷᠢᠶ᠎ᠠ ᠲᠠᠢ ᠴᠢᠳᠠᠪᠤᠷᠢᠲᠠᠨ ᠳᠤ ᠵᠣᠷᠢᠭᠤᠯᠤᠭᠰᠠᠨ ᠦᠢᠯᠡᠴᠢᠯᠡᠭᠡ ᠶᠢ ᠰᠢᠯᠢᠳᠡᠭᠵᠢᠭᠦᠯᠦᠨ᠎ᠡ᠃ ᠴᠢᠳᠠᠪᠤᠷᠢᠲᠠᠨ ᠢ ᠬᠠᠮᠢᠶᠠᠷᠬᠤ ᠪᠠ ᠬᠡᠷᠡᠭᠯᠡᠬᠦ ᠳᠦᠷᠢᠮ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠬᠥᠮᠥᠨ ᠬᠡᠷᠡᠭᠯᠡᠬᠦ ᠨᠢᠭᠡᠴᠢ ᠳᠤ ᠨᠡᠩ ᠶᠡᠭᠡ ᠡᠵᠡᠨ ᠮᠡᠳᠡᠬᠦ ᠡᠷᠬᠡ ᠣᠯᠭᠤᠵᠤ᠂ ᠦᠢᠯᠡᠳᠪᠦᠷᠢᠯᠡᠬᠦ ᠵᠢᠭᠠᠬᠤ ᠰᠤᠳᠤᠯᠬᠤ ᠴᠢᠳᠠᠪᠤᠷᠢᠲᠠᠨ ᠢ ᠬᠤᠯᠪᠤᠭᠠᠯᠠᠨ ᠬᠥᠮᠥᠵᠢᠭᠦᠯᠬᠦ ᠪᠠ ᠰᠣᠯᠢᠯᠴᠠᠬᠤ ᠶᠢ ᠠᠬᠢᠭᠤᠯᠤᠨ᠎ᠠ᠃ ᠴᠢᠳᠠᠪᠤᠷᠢᠲᠠᠨ ᠤ ᠣᠷᠣᠨ ᠪᠦᠰᠡ ᠶᠢᠨ ᠵᠦᠢ ᠵᠣᠬᠢᠰᠲᠠᠢ ᠪᠠᠶᠢᠷᠢᠯᠠᠭᠤᠯᠤᠯᠲᠠ ᠶᠢ ᠠᠬᠢᠭᠤᠯᠵᠤ᠂ ᠵᠡᠭᠦᠨ ᠬᠡᠰᠡᠭ ᠳᠤᠮᠳᠠ ᠬᠡᠰᠡᠭ ᠪᠠᠷᠠᠭᠤᠨ ᠬᠡᠰᠡᠭ ᠤᠨ ᠭᠠᠵᠠᠷ ᠣᠷᠣᠨ ᠤ ᠴᠢᠳᠠᠪᠤᠷᠢᠲᠠᠨ ᠤ ᠬᠠᠮᠵᠢᠯᠴᠠᠭ᠎ᠠ ᠶᠢ ᠴᠢᠩᠭᠠᠳᠬᠠᠨ᠎ᠠ᠃ ᠴᠢᠳᠠᠪᠤᠷᠢᠲᠠᠨ ᠢ ᠲᠥᠷᠥᠯ ᠬᠤᠪᠢᠶᠠᠨ ᠦᠨᠡᠯᠡᠬᠦ ᠥᠭᠡᠷᠡᠴᠢᠯᠡᠯᠲᠡ ᠪᠠ ᠰᠢᠨᠵᠢᠯᠡᠬᠦ ᠤᠬᠠᠭᠠᠨ ᠰᠤᠷᠭᠠᠨ ᠬᠥᠮᠦᠵᠢᠯ ᠤᠨ ᠡᠲᠡᠭᠡᠳ ᠤᠨ ︽ᠣᠲᠤᠭ᠎ᠠ ᠵᠢᠩᠰᠡ︾ ᠶᠢᠨ ᠵᠠᠰᠠᠯᠲᠠ ᠶᠢ ᠭᠦᠨᠵᠡᠭᠡᠶᠢᠷᠡᠭᠦᠯᠵᠦ᠂ ᠰᠢᠨ᠎ᠡ ᠶᠢ ᠡᠭᠦᠳᠬᠦ ᠴᠢᠳᠠᠪᠤᠷᠢ᠂ ᠶᠠᠰᠤ ᠴᠢᠨᠠᠷ᠂ ᠪᠣᠳᠠᠲᠤ ᠪᠦᠲᠦᠮᠵᠢ᠂ ᠬᠤᠪᠢ ᠨᠡᠮᠡᠷᠢ ᠪᠠᠷ ᠤᠳᠤᠷᠢᠳᠤᠮᠵᠢ ᠪᠤᠯᠭᠠᠬᠰᠠᠨ ᠴᠢᠳᠠᠪᠤᠷᠢᠲᠠᠨ ᠢ ᠦᠨᠡᠯᠡᠬᠦ ᠰᠢᠰᠲ᠋ᠧᠮ ᠢ ᠪᠠᠶᠢᠭᠤᠯᠵᠤ᠂ ᠡᠯ᠎ᠡ ᠲᠥᠷᠥᠯ ᠤᠨ ᠴᠢᠳᠠᠪᠤᠷᠢᠲᠠᠨ ᠤ ᠰᠡᠳᠬᠢᠯ ᠲᠥᠪᠯᠡᠷᠡᠭᠦᠯᠦᠨ ᠰᠢᠮᠳᠠᠨ ᠰᠤᠳᠤᠯᠬᠤ᠂ ᠦᠯᠡᠮᠵᠢ ᠬᠤᠷᠠᠮᠳᠤᠭᠤᠯᠵᠤ ᠥᠨᠳᠥᠷ ᠠᠮᠵᠢᠯᠲᠠ ᠭᠠᠷᠭᠠᠬᠤ ᠶᠢ ᠵᠣᠷᠢᠭᠵᠢᠭᠤᠯᠤᠨ᠎ᠠ᠃       ︵ᠳᠥᠷᠪᠡ︶ ᠪᠡᠯᠭᠡ ᠲᠡᠮᠳᠡᠭ ᠤᠨ ᠴᠢᠨᠠᠷᠲᠠᠢ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠶᠢ ᠲᠦᠷᠭᠡᠯᠡᠨ ᠨᠠᠶᠢᠳᠠᠪᠤᠷᠢᠵᠢᠭᠤᠯᠬᠤ ᠶᠢ ᠠᠬᠢᠭᠤᠯᠵᠤ᠂ ᠠᠵᠤ ᠠᠬᠤᠢ ᠶᠢᠨ ᠪᠠᠶᠢᠭᠤᠯᠤᠯ ᠤᠨ ᠥᠭᠡᠷᠡᠴᠢᠯᠡᠯᠲᠡ ᠶᠢᠨ ᠬᠥᠲᠥᠯᠥᠮᠵᠢ ᠶᠢᠨ ᠦᠢᠯᠡᠳᠦᠯ ᠢ ᠨᠡᠩ ᠰᠠᠶᠢᠲᠤᠷ ᠪᠠᠳᠠᠷᠠᠭᠤᠯᠤᠨ᠎ᠠ᠃ ᠭᠤᠣᠯᠳᠠᠯᠭ᠎ᠠ ᠲᠠᠢ ᠬᠦᠷᠢᠶᠡᠨ ᠤ ᠥᠭᠡᠷᠡᠴᠢᠯᠡᠯᠲᠡ ᠶᠢ ᠯᠠᠪᠳᠠᠭᠤᠨ ᠪᠠᠲᠤᠲᠠᠢ ᠠᠬᠢᠭᠤᠯᠵᠤ᠂ ᠬᠥᠭᠵᠢᠯᠲᠡ ᠶᠢ ᠬᠢᠵᠠᠭᠠᠷᠯᠠᠵᠤ ᠪᠠᠶᠢᠭ᠎ᠠ ᠪᠠᠶᠢᠭᠤᠯᠤᠯ ᠲᠣᠭᠲᠠᠴᠠ ᠶᠢᠨ ᠬᠠᠷᠰᠢ ᠰᠠᠭᠠᠳ ᠢ ᠬᠦᠴᠦᠯᠡᠨ ᠠᠷᠢᠯᠭᠠᠵᠤ᠂ ᠨᠡᠩ ᠲᠥᠪ ᠭᠤᠣᠯᠴᠢ᠂ ᠨᠡᠩ ᠠᠮᠢᠵᠢᠷᠠᠯ ᠤᠨ ᠬᠦᠴᠦᠨ ᠪᠦᠬᠦᠢ ᠵᠠᠬ᠎ᠠ ᠳᠡᠯᠭᠡᠭᠦᠷ ᠤᠨ ᠣᠷᠴᠢᠨ ᠨᠥᠬᠦᠴᠡᠯ ᠢ ᠡᠭᠦᠳᠦᠨ᠎ᠡ᠃       ᠡᠯ᠎ᠡ ᠲᠥᠷᠥᠯ ᠤᠨ ᠡᠵᠡᠩᠨᠡᠯᠲᠡ ᠶᠢᠨ ᠪᠡᠶᠡᠴᠢ ᠴᠣᠭᠴᠠ ᠶᠢᠨ ᠠᠮᠢᠵᠢᠷᠠᠯ ᠤᠨ ᠬᠦᠴᠦᠨ ᠢ ᠪᠦᠲᠦᠮᠵᠢᠲᠡᠢ ᠬᠥᠭᠵᠢᠭᠡᠨ᠎ᠡ᠃ ︽ᠬᠤᠶᠠᠷ ᠥᠴᠥᠬᠡᠨ ᠴᠦ ᠭᠤᠶᠢᠪᠢᠰᠢ ᠦᠭᠡᠢ︾ ᠪᠠᠶᠢᠬᠤ ᠶᠢ ᠪᠠᠷᠢᠮᠲᠠᠯᠠᠨ ᠨᠠᠶᠢᠳᠠᠪᠤᠷᠢᠵᠢᠭᠤᠯᠤᠨ᠎ᠠ᠃ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ ᠳᠡᠭᠡᠭᠰᠢᠯᠡᠭᠦᠯᠭᠦ ᠠᠵᠢᠯᠯᠠᠭ᠎ᠠ ᠶᠢ ᠴᠢᠨᠠᠷ ᠰᠠᠶᠢᠲᠠᠢ ᠪᠡᠶᠡᠯᠡᠭᠦᠯᠵᠦ᠂ ᠤᠯᠤᠰ ᠤᠨ ᠥᠮᠴᠢᠯᠡᠯ ᠤᠨ ᠠᠵᠤ ᠠᠬᠤᠢ ᠶᠢᠨ ᠪᠠᠶᠢᠷᠢᠯᠠᠭᠤᠯᠤᠯᠲᠠ ᠶᠢ ᠰᠢᠯᠢᠳᠡᠭᠵᠢᠭᠦᠯᠬᠦ ᠪᠠ ᠪᠦᠲᠦᠴᠡ ᠶᠢ ᠲᠣᠬᠢᠷᠠᠭᠤᠯᠬᠤ ᠵᠢᠯᠣᠭᠤᠳᠤᠮᠵᠢ ᠶᠢ ᠬᠡᠷᠡᠭᠵᠢᠭᠦᠯᠵᠦ᠂ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠪᠠᠶᠢᠯᠳᠤᠬᠤ ᠪᠣᠳᠣᠯᠭ᠎ᠠ ᠶᠢᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠶᠢ ᠦᠨᠡᠯᠡᠬᠦ ᠳᠦᠷᠢᠮ ᠢ ᠲᠦᠷᠭᠡᠯᠡᠨ ᠪᠠᠶᠢᠭᠤᠯᠤᠨ᠎ᠠ᠃ ᠠᠷᠠᠳ ᠠᠴᠠ ᠡᠵᠡᠩᠨᠡᠭᠰᠡᠨ ᠠᠵᠤ ᠠᠬᠤᠢ ᠶᠢᠨ ᠬᠥᠭᠵᠢᠯᠲᠡ ᠶᠢ ᠠᠬᠢᠭᠤᠯᠬᠤ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠯᠠᠪᠳᠠᠭᠤᠨ ᠪᠠᠲᠤᠲᠠᠢ ᠨᠠᠶᠢᠳᠠᠪᠤᠷᠢᠵᠢᠭᠤᠯᠵᠤ᠂ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠪᠠ ᠠᠷᠠᠳ ᠠᠴᠠ ᠡᠵᠡᠩᠨᠡᠭᠰᠡᠨ ᠠᠵᠤ ᠠᠬᠤᠶᠢᠯᠠᠯᠲᠠᠨ ᠤ ᠬᠠᠤᠯᠢ ᠶᠣᠰᠣᠨ ᠤ ᠡᠷᠬᠡ ᠠᠰᠢᠭ ᠢ ᠦᠨᠡᠨ ᠬᠦ ᠬᠠᠤᠯᠢ ᠶᠣᠰᠣᠭᠠᠷ ᠬᠠᠮᠠᠭᠠᠯᠠᠵᠤ᠂ ᠨᠥᠬᠦᠴᠡᠯ ᠲᠠᠢ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠳᠤᠮᠳᠠᠳᠤ ᠤᠯᠤᠰ ᠤᠨ ᠣᠨᠴᠠᠯᠢᠭ ᠪᠦᠬᠦᠢ ᠤᠳᠤ ᠦᠶ᠎ᠡ ᠶᠢᠨ ᠠᠵᠤ ᠠᠬᠤᠶᠢᠯᠠᠯ ᠤᠨ ᠳᠦᠷᠢᠮ ᠢ ᠪᠠᠶᠢᠭᠤᠯᠤᠨ ᠲᠡᠭᠦᠯᠳᠡᠷᠵᠢᠭᠦᠯᠬᠦ ᠶᠢ ᠵᠣᠷᠢᠭᠵᠢᠭᠤᠯᠤᠨ᠎ᠠ᠃ ᠠᠵᠤ ᠠᠬᠤᠶᠢᠯᠠᠯ ᠳᠤ ᠥᠷᠢᠲᠦᠭᠰᠡᠨ ᠠᠪᠴᠠᠭᠠᠨ ᠤ ᠵᠣᠭᠤᠰ ᠢ ᠢᠯᠭᠠᠷᠠᠭᠤᠯᠬᠤ ᠠᠵᠢᠯ ᠢ ᠬᠦᠴᠦᠯᠡᠨ ᠠᠬᠢᠭᠤᠯᠵᠤ᠂ ᠡᠬᠢ ᠡᠭᠦᠰᠦᠯ ᠠᠴᠠ ᠨᠢ ᠵᠠᠰᠠᠬᠤ ᠪᠠ ᠢᠲᠡᠭᠡᠯ ᠠᠯᠳᠠᠭᠰᠠᠳ ᠢ ᠵᠠᠯᠬᠠᠭᠠᠨ ᠴᠡᠭᠡᠷᠯᠡᠭᠦᠯᠬᠦ ᠶᠢ ᠴᠢᠩᠭᠠᠳᠬᠠᠵᠤ᠂ ᠠᠵᠤ ᠠᠬᠤᠶᠢᠯᠠᠯ ᠳᠤ ᠥᠷᠢᠲᠦᠭᠰᠡᠨ ᠠᠪᠴᠠᠭᠠᠨ ᠤ ᠵᠣᠭᠤᠰ ᠤᠨ ᠠᠰᠠᠭᠤᠳᠠᠯ ᠢ ᠰᠢᠢᠳᠪᠦᠷᠢᠯᠡᠬᠦ ᠤᠷᠲᠤ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠨᠠᠶᠢᠳᠠᠪᠤᠷᠢᠵᠢᠭᠤᠯᠤᠨ᠎ᠠ᠃ ᠵᠠᠰᠠᠭ ᠤᠨ ᠣᠷᠳᠣᠨ ᠪᠠ ᠠᠵᠤ ᠠᠬᠤᠶᠢᠯᠠᠯ ᠤᠨ ᠪᠠᠶᠢᠩᠭᠤ ᠶᠢᠨ ᠴᠢᠨᠠᠷᠲᠠᠢ ᠨᠡᠪᠲᠡᠷᠡᠯᠴᠡᠨ ᠰᠣᠯᠢᠯᠴᠠᠬᠤ ᠶᠢ ᠭᠦᠨᠵᠡᠭᠡᠶᠢᠷᠡᠭᠦᠯᠵᠦ᠂ ᠠᠵᠤ ᠠᠬᠤᠶᠢᠯᠠᠯ ᠢ ᠦᠨᠡᠨ ᠬᠦ ᠬᠠᠪᠰᠤᠷᠤᠨ ᠪᠣᠳᠠᠲᠠᠢ ᠬᠦᠴᠢᠷᠳᠡᠯ ᠪᠠ ᠠᠰᠠᠭᠤᠳᠠᠯ ᠢ ᠨᠢ ᠰᠢᠢᠳᠪᠦᠷᠢᠯᠡᠵᠦ ᠥᠭᠭᠦᠨ᠎ᠡ᠃ ᠤᠯᠠᠨ ᠠᠷᠭ᠎ᠠ ᠠᠪᠴᠠᠯ ᠢ ᠬᠡᠷᠡᠭᠯᠡᠵᠦ᠂ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠭᠡ ᠶᠢᠨ ᠬᠥᠭᠵᠢᠯᠲᠡ ᠶᠢ ᠤᠨᠤᠪᠴᠢᠳᠠᠢ ᠳᠠᠮᠵᠢᠨ᠎ᠠ᠃ ᠠᠵᠤ ᠠᠬᠤᠶᠢᠯᠠᠯ ᠳᠤ ᠬᠤᠯᠪᠣᠭᠳᠠᠭᠰᠠᠨ ᠬᠠᠤᠯᠢ ᠬᠡᠷᠡᠭᠵᠢᠭᠦᠯᠦᠯᠲᠡ ᠶᠢ ᠵᠢᠷᠤᠮᠵᠢᠭᠤᠯᠬᠤ ᠲᠤᠰᠬᠠᠢ ᠠᠵᠢᠯᠯᠠᠭ᠎ᠠ ᠥᠷᠨᠢᠭᠦᠯᠵᠦ᠂ ᠳᠤᠷ᠎ᠠ ᠪᠠᠷ ᠢᠶᠠᠨ ᠰᠦᠢᠳᠬᠡᠯ ᠬᠤᠷᠢᠶᠠᠬᠤ᠂ ᠳᠤᠷ᠎ᠠ ᠪᠠᠷ ᠢᠶᠠᠨ ᠵᠣᠭᠤᠰ ᠲᠣᠷᠭᠠᠬᠤ᠂ ᠳᠤᠷ᠎ᠠ ᠪᠠᠷ ᠢᠶᠠᠨ ᠪᠠᠶᠢᠴᠠᠭᠠᠬᠤ᠂ ᠳᠤᠷ᠎ᠠ ᠪᠠᠷ ᠢᠶᠠᠨ ᠪᠠᠶᠢᠴᠠᠭᠠᠨ ᠪᠢᠲᠡᠭᠦᠮᠵᠢᠯᠡᠬᠦ ᠶᠢ ᠲᠥᠪᠯᠡᠷᠡᠭᠦᠯᠦᠨ ᠴᠡᠭᠴᠡᠯᠡᠨ ᠵᠠᠰᠠᠵᠤ᠂ ᠲᠣᠭᠲᠠᠭᠠᠯ ᠠᠴᠠ ᠵᠥᠷᠢᠴᠡᠨ ᠣᠨᠳᠣᠣ ᠭᠠᠵᠠᠷ ᠲᠤ ᠬᠠᠤᠯᠢ ᠬᠡᠷᠡᠭᠵᠢᠭᠦᠯᠬᠦ ᠪᠠ ᠠᠰᠢᠭ ᠬᠠᠷᠠᠬᠤ ᠴᠢᠨᠠᠷᠲᠠᠢ ᠪᠠᠷ ᠬᠠᠤᠯᠢ ᠬᠡᠷᠡᠭᠵᠢᠭᠦᠯᠬᠦ ᠶᠢ ᠡᠷᠡᠰ ᠰᠡᠷᠭᠡᠶᠢᠯᠡᠨ ᠬᠤᠷᠢᠭᠯᠠᠨ᠎ᠠ᠃ ᠵᠠᠰᠠᠭ ᠤᠨ ᠣᠷᠳᠣᠨ ᠬᠠᠮᠢᠶᠠᠷᠤᠯᠲᠠ ᠪᠠᠨ ᠦᠢᠯᠡᠴᠢᠯᠡᠬᠦ ᠶᠢᠨ ᠳᠤᠮᠳᠠ ᠠᠬᠤᠭᠤᠯᠵᠤ᠂ ᠦᠢᠯᠡᠴᠢᠯᠡᠬᠦ ᠶᠢᠨ ᠳᠤᠯᠠᠭᠠᠬᠠᠨ ᠰᠡᠳᠬᠢᠯ ᠢᠶᠠᠷ ᠠᠵᠤ ᠠᠬᠤᠶᠢᠯᠠᠯ ᠤᠨ ᠢᠲᠡᠭᠡᠯ ᠵᠣᠷᠢᠭ ᠢ ᠨᠡᠮᠡᠭᠳᠡᠭᠦᠯᠬᠦ ᠬᠡᠷᠡᠭᠲᠡᠢ᠃       ᠪᠦᠭᠦ ᠤᠯᠤᠰ ᠤᠨ ᠨᠢᠭᠡᠳᠦᠯᠲᠡᠢ ᠲᠣᠮᠣ ᠵᠠᠬ᠎ᠠ ᠳᠡᠯᠭᠡᠭᠦᠷ ᠤᠨ ᠪᠦᠲᠦᠭᠡᠨ ᠪᠠᠶᠢᠭᠤᠯᠤᠯᠲᠠ ᠶᠢ ᠭᠦᠨᠵᠡᠭᠡᠶᠢᠷᠡᠭᠦᠯᠦᠨ ᠠᠬᠢᠭᠤᠯᠤᠨ᠎ᠠ᠃ ᠰᠠᠭᠤᠷᠢ ᠳᠦᠷᠢᠮ ᠳᠦᠷᠢᠮᠯᠡᠯ ᠢ ᠲᠦᠷᠭᠡᠯᠡᠨ ᠪᠠᠶᠢᠭᠤᠯᠤᠨ ᠪᠦᠷᠢᠨᠰᠢᠭᠦᠯᠵᠦ᠂ ᠣᠷᠣᠨ ᠨᠤᠲᠤᠭ ᠤᠨ ᠬᠠᠮᠠᠭᠠᠯᠠᠯᠲᠠ ᠪᠠ ᠵᠠᠬ᠎ᠠ ᠳᠡᠯᠭᠡᠭᠦᠷ ᠤᠨ ᠬᠡᠰᠡᠭᠯᠡᠯ ᠢ ᠡᠪᠳᠡᠵᠦ᠂ ᠵᠠᠬ᠎ᠠ ᠳᠡᠯᠭᠡᠭᠦᠷ ᠲᠤ ᠣᠷᠣᠬᠤ ᠶᠢ ᠵᠥᠪᠰᠢᠶᠡᠷᠡᠬᠦ ᠵᠠᠬ᠎ᠠ ᠳᠡᠯᠭᠡᠭᠦᠷ ᠠᠴᠠ ᠤᠬᠤᠷᠢᠨ ᠭᠠᠷᠬᠤ᠂ ᠡᠯᠧᠮᠧᠨ᠋ᠲ ᠢ ᠲᠣᠬᠢᠷᠠᠭᠤᠯᠬᠤ ᠵᠡᠷᠭᠡ ᠲᠠᠯ᠎ᠠ ᠪᠠᠷ ᠠᠵᠤ ᠠᠬᠤᠢ ᠶᠢᠨ ᠣᠷᠴᠢᠯ ᠢ ᠬᠢᠵᠠᠭᠠᠷᠯᠠᠵᠤ ᠪᠠᠶᠢᠭ᠎ᠠ ᠪᠣᠭᠤᠭᠳᠠᠯ ᠲᠦᠭᠵᠢᠷᠡᠯ ᠢ ᠠᠷᠢᠯᠭᠠᠨ ᠨᠠᠪᠲᠠᠷᠡᠭᠦᠯᠵᠦ᠂ ︽ᠬᠤᠮᠢᠷᠠᠭ᠎ᠠ︾ ᠥᠷᠢᠰᠦᠯᠳᠦᠭᠡᠨ ᠢ ᠶᠡᠷᠦᠩᠬᠡᠶᠢᠯᠡᠨ ᠴᠡᠭᠴᠡᠯᠡᠨ ᠵᠠᠰᠠᠨ᠎ᠠ᠃ ᠪᠦᠭᠦ ᠤᠯᠤᠰ ᠤᠨ ᠨᠢᠭᠡᠳᠦᠯᠲᠡᠢ ᠲᠣᠮᠣ ᠵᠠᠬ᠎ᠠ ᠳᠡᠯᠭᠡᠭᠦᠷ ᠤᠨ ᠪᠦᠲᠦᠭᠡᠨ ᠪᠠᠶᠢᠭᠤᠯᠤᠯᠲᠠ ᠶᠢᠨ ᠵᠢᠯᠣᠭᠤᠳᠤᠮᠵᠢ ᠶᠢ ᠬᠡᠷᠡᠭᠵᠢᠭᠦᠯᠵᠦ᠂ ᠰᠢᠨ᠎ᠡ ᠬᠡᠪᠯᠡᠯ ᠤᠨ ᠵᠠᠬ᠎ᠠ ᠳᠡᠯᠭᠡᠭᠦᠷ ᠲᠤ ᠣᠷᠣᠬᠤ ᠵᠥᠪᠰᠢᠶᠡᠷᠡᠯ ᠤᠨ ᠨᠠᠵᠠᠭᠠᠢ ᠲᠠᠯ᠎ᠠ ᠶᠢᠨ ᠲᠣᠳᠣᠷᠬᠠᠢ ᠬᠠᠭᠤᠳᠠᠰᠤ ᠶᠢ ᠵᠠᠰᠠᠨ ᠲᠣᠭᠲᠠᠭᠠᠵᠤ ᠨᠡᠶᠢᠲᠡᠯᠡᠨ᠂ ᠰᠢᠨ᠎ᠡ ᠡᠵᠡᠩᠨᠡᠯᠲᠡ ᠶᠢᠨ ᠭᠡᠯᠪᠡᠷᠢ ᠪᠠᠶᠢᠳᠠᠯ ᠰᠢᠨ᠎ᠡ ᠬᠦᠷᠢᠶᠡᠨ ᠳᠠᠬᠢ ᠵᠠᠬ᠎ᠠ ᠳᠡᠯᠭᠡᠭᠦᠷ ᠲᠤ ᠣᠷᠣᠬᠤ ᠵᠥᠪᠰᠢᠶᠡᠷᠡᠯ ᠤᠨ ᠣᠷᠴᠢᠨ ᠨᠥᠬᠦᠴᠡᠯ ᠢ ᠰᠢᠯᠢᠳᠡᠭᠵᠢᠭᠦᠯᠦᠨ᠎ᠡ᠃ ᠭᠤᠣᠯᠳᠠᠯᠭ᠎ᠠ ᠲᠠᠢ ᠬᠦᠷᠢᠶᠡᠨ ᠳᠠᠬᠢ ᠭᠤᠤᠯᠴᠢ ᠥᠷᠢᠰᠦᠯᠳᠦᠭᠡᠨ ᠢ ᠲᠣᠭᠲᠠᠭᠠᠯ ᠳᠤ ᠨᠡᠶᠢᠴᠡᠭᠦᠯᠬᠦ ᠵᠢᠯᠣᠭᠤᠳᠤᠮᠵᠢ ᠶᠢ ᠲᠣᠭᠲᠠᠭᠠᠵᠤ᠂ ᠳᠠᠭᠠᠭᠠᠴᠢᠯᠠᠯᠲᠠ ᠵᠠᠷᠯᠠᠬᠤ ᠳᠠᠭᠠᠭᠠᠴᠢᠯᠠᠯᠲᠠ ᠳᠤ ᠣᠷᠤᠯᠴᠠᠬᠤ ᠪᠠᠶᠢᠭᠤᠯᠤᠯ ᠲᠣᠭᠲᠠᠴᠠ ᠶᠢ ᠥᠭᠡᠷᠡᠴᠢᠯᠡᠨ ᠲᠡᠭᠦᠯᠳᠡᠷᠵᠢᠭᠦᠯᠦᠨ᠎ᠡ᠃ ᠨᠡᠶᠢᠭᠡᠮ ᠤᠨ ᠢᠲᠡᠭᠡᠮᠵᠢ ᠶᠢᠨ ᠰᠢᠰᠲ᠋ᠧᠮ ᠢ ᠪᠦᠷᠢᠨᠰᠢᠭᠦᠯᠬᠦ ᠲᠦᠷᠦ ᠶᠢᠨ ᠪᠣᠳᠣᠯᠭ᠎ᠠ ᠶᠢ ᠨᠡᠶᠢᠲᠡᠯᠡᠵᠦ᠂ ᠢᠲᠡᠭᠡᠮᠵᠢ ᠶᠢ ᠰᠡᠷᠭᠦᠭᠡᠬᠦ ᠨᠢᠭᠡᠳᠦᠯᠲᠡᠢ ᠳᠦᠷᠢᠮ ᠢ ᠪᠠᠶᠢᠭᠤᠯᠤᠨ᠎ᠠ᠃ ᠠᠵᠤ ᠠᠬᠤᠶᠢᠯᠠᠯ ᠤᠨ ᠤᠬᠤᠷᠢᠨ ᠭᠠᠷᠬᠤ ᠲᠦᠭᠦᠮ ᠳᠦᠷᠢᠮ ᠢ ᠲᠡᠭᠦᠯᠳᠡᠷᠵᠢᠭᠦᠯᠵᠦ᠂ ᠡᠵᠡᠩᠨᠡᠯᠲᠡ ᠶᠢᠨ ᠪᠡᠶᠡᠴᠢ ᠴᠣᠭᠴᠠ ᠶᠢᠨ ᠠᠵᠢᠯᠯᠠᠭ᠎ᠠ ᠡᠭᠦᠰᠦᠭᠰᠡᠨ ᠭᠠᠵᠠᠷ ᠲᠤ ᠪᠦᠷᠢᠳᠬᠡᠯ ᠬᠢᠬᠦ ᠶᠢ ᠠᠯᠬᠤᠮ ᠠᠯᠬᠤᠮ ᠢᠶᠠᠷ ᠳᠡᠯᠭᠡᠷᠡᠭᠦᠯᠦᠨ᠎ᠡ᠃ ᠨᠢᠭᠡᠳᠦᠯᠲᠡᠢ ᠪᠥᠭᠡᠳ ᠨᠡᠭᠡᠭᠡᠯᠲᠡᠲᠡᠢ ᠵᠠᠮ ᠲᠡᠭᠡᠭᠡᠪᠦᠷᠢ ᠶᠢᠨ ᠵᠠᠬ᠎ᠠ ᠳᠡᠯᠭᠡᠭᠦᠷ ᠢ ᠲᠦᠷᠭᠡᠯᠡᠨ ᠪᠦᠲᠦᠭᠡᠨ ᠪᠠᠶᠢᠭᠤᠯᠵᠤ᠂ ᠪᠦᠭᠦ ᠨᠡᠶᠢᠭᠡᠮ ᠤᠨ ᠪᠠᠷᠠᠭᠠᠨ ᠤ ᠭᠦᠢᠯᠭᠡᠭᠡᠨ ᠤ ᠥᠪᠡᠷ ᠤᠨ ᠥᠷᠲᠡᠭ ᠢ ᠪᠠᠭᠤᠷᠠᠭᠤᠯᠬᠤ ᠲᠤᠰᠬᠠᠢ ᠠᠵᠢᠯᠯᠠᠭ᠎ᠠ ᠶᠢ ᠬᠡᠷᠡᠭᠵᠢᠭᠦᠯᠦᠨ᠎ᠡ᠃       ᠡᠳ᠋ ᠤᠨ ᠵᠠᠰᠠᠭ ᠭᠠᠶᠢᠯᠢ ᠮᠥᠩᠭᠦᠨ ᠭᠦᠢᠯᠭᠡᠭᠡᠨ ᠤ ᠪᠠᠶᠢᠭᠤᠯᠤᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠎ᠡ᠃ ᠲᠥᠪ ᠤᠨ ᠰᠠᠯᠠᠭ᠎ᠠ ᠮᠥᠴᠢᠷ ᠤᠨ ᠲᠡᠭ ᠰᠠᠭᠤᠷᠢᠨ ᠲᠥᠰᠥᠪ ᠤᠨ ᠥᠭᠡᠷᠡᠴᠢᠯᠡᠯᠲᠡ ᠶᠢᠨ ᠲᠤᠷᠰᠢᠯᠲᠠ ᠶᠢ ᠥᠷᠨᠢᠭᠦᠯᠵᠦ᠂ ᠣᠷᠣᠨ ᠨᠤᠲᠤᠭ ᠤᠨ ᠬᠢᠨ ᠤ ᠲᠡᠭ ᠰᠠᠭᠤᠷᠢᠨ ᠲᠥᠰᠥᠪ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠶᠢ ᠳᠠᠮᠵᠢᠵᠤ᠂ ᠵᠠᠷᠤᠯᠭ᠎ᠠ ᠶᠢᠨ ᠪᠠᠷᠢᠮᠵᠢᠶ᠎ᠠ᠂ ᠠᠮᠵᠢᠯᠲᠠ ᠪᠦᠲᠦᠮᠵᠢ ᠶᠢ ᠦᠨᠡᠯᠡᠬᠦ ᠵᠡᠷᠭᠡ ᠵᠠᠩᠭᠢᠯᠠᠭ᠎ᠠ ᠶᠢᠨ ᠳᠦᠷᠢᠮ ᠤᠨ ᠲᠠᠯ᠎ᠠ ᠪᠠᠷ ᠢᠳᠡᠪᠬᠢᠲᠡᠢ ᠪᠠᠷ ᠰᠢᠨ᠎ᠡ ᠶᠢ ᠡᠭᠦᠳᠦᠨ᠎ᠡ᠃ ᠬᠡᠰᠡᠭ ᠲᠠᠸᠠᠷ ᠤᠨ ᠲᠦᠷᠦᠯ ᠤᠨ ᠬᠡᠷᠡᠭᠯᠡᠭᠡᠨ ᠤ ᠭᠠᠶᠢᠯᠢ ᠲᠠᠲᠠᠪᠤᠷᠢᠯᠠᠬᠤ ᠭᠤᠭᠴᠤᠭ᠎ᠠ ᠶᠢ ᠬᠤᠶᠢᠰᠢ ᠰᠢᠯᠵᠢᠭᠦᠯᠬᠦ ᠶᠢᠨ ᠬᠠᠮᠲᠤ ᠣᠷᠣᠨ ᠨᠤᠲᠤᠭ ᠲᠤ ᠪᠠᠭᠤᠯᠭᠠᠨ ᠥᠭᠬᠦ ᠶᠢ ᠲᠦᠷᠭᠡᠯᠡᠨ ᠠᠬᠢᠭᠤᠯᠵᠤ᠂ ᠣᠷᠣᠨ ᠨᠤᠲᠤᠭ ᠤᠨ ᠡᠵᠡᠨ ᠮᠡᠳᠡᠬᠦ ᠡᠳ᠋ ᠤᠨ ᠬᠦᠴᠦᠨ ᠢ ᠨᠡᠮᠡᠭᠳᠡᠭᠦᠯᠦᠨ᠎ᠡ᠃ ᠭᠠᠶᠢᠯᠢ ᠲᠠᠲᠠᠪᠤᠷᠢ ᠶᠢᠨ ᠬᠠᠷᠠᠭᠠᠯᠵᠠᠯ ᠤᠨ ᠲᠦᠷᠦ ᠶᠢᠨ ᠪᠣᠳᠣᠯᠭ᠎ᠠ ᠶᠢ ᠵᠢᠷᠤᠮᠵᠢᠭᠤᠯᠤᠨ᠎ᠠ᠃ ᠤᠷᠮᠠᠰᠢᠭᠤᠯᠬᠤ ᠲᠣᠭᠲᠠᠴᠠ ᠶᠢ ᠢᠳᠡᠪᠬᠢᠲᠡᠢ ᠰᠦᠪᠡᠭᠴᠢᠯᠡᠨ ᠪᠠᠶᠢᠭᠤᠯᠵᠤ᠂ ᠣᠷᠣᠨ ᠨᠤᠲᠤᠭ ᠤᠨ ᠬᠢᠨ ᠤ ᠴᠢᠨᠠᠷ ᠰᠠᠶᠢᠲᠠᠢ ᠬᠥᠭᠵᠢᠯᠲᠡ ᠶᠢᠨ ᠳᠤᠮᠳᠠ ᠡᠳ᠋ ᠮᠥᠩᠭᠦᠨ ᠤ ᠢᠷᠡᠯᠲᠡ ᠶᠢ ᠪᠤᠶᠢᠵᠢᠭᠤᠯᠬᠤ ᠶᠢ ᠠᠬᠢᠭᠤᠯᠤᠨ᠎ᠠ᠃ ᠡᠳ᠋ ᠤᠨ ᠵᠠᠰᠠᠭ ᠠᠴᠠ ᠲᠡᠵᠢᠭᠡᠬᠦ ᠬᠥᠮᠥᠰ ᠤᠨ ᠬᠡᠪᠴᠢᠶ᠎ᠡ ᠶᠢ ᠴᠢᠩᠭ᠎ᠠ ᠬᠢᠵᠠᠭᠠᠷᠯᠠᠨ᠎ᠠ᠃ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠮᠥᠩᠭᠦᠨ ᠭᠦᠢᠯᠭᠡᠭᠡ᠂ ᠨᠣᠭᠤᠭᠠᠨ ᠮᠥᠩᠭᠦᠨ ᠭᠦᠢᠯᠭᠡᠭᠡ᠂ ᠲᠦᠭᠡᠮᠡᠯ ᠬᠠᠷᠠᠭᠠᠯᠵᠠᠯᠲᠤ ᠮᠥᠩᠭᠦᠨ ᠭᠦᠢᠯᠭᠡᠭᠡ᠂ ᠨᠠᠰᠤᠵᠢᠯ ᠤᠨ ᠠᠰᠠᠷᠠᠮᠵᠢ ᠶᠢᠨ ᠮᠥᠩᠭᠦᠨ ᠭᠦᠢᠯᠭᠡᠭᠡ᠂ ᠳ᠋ᠢᠵᠢᠲ᠋ᠠᠯ ᠮᠥᠩᠭᠦᠨ ᠭᠦᠢᠯᠭᠡᠭᠡ ᠶᠢᠨ ᠪᠠᠷᠢᠮᠵᠢᠶ᠎ᠠ ᠶᠢᠨ ᠰᠢᠰᠲ᠋ᠧᠮ ᠪᠠ ᠰᠠᠭᠤᠷᠢ ᠳᠦᠷᠢᠮ ᠢ ᠲᠡᠭᠦᠯᠳᠡᠷᠵᠢᠭᠦᠯᠦᠨ᠎ᠡ᠃ ᠬᠥᠷᠥᠩᠭᠡ ᠶᠢᠨ ᠵᠠᠬ᠎ᠠ ᠳᠡᠯᠭᠡᠭᠦᠷ ᠤᠨ ᠪᠡᠯᠡ ᠣᠷᠣᠭᠤᠯᠤᠯᠳᠡ ᠪᠡᠯᠡ ᠲᠣᠬᠢᠷᠠᠭᠤᠯᠭ᠎ᠠ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠤᠷᠲᠤᠪᠲᠤᠷ ᠬᠤᠭᠤᠴᠠᠭᠠᠨ ᠤ ᠪᠡᠯᠡ ᠮᠥᠩᠭᠦ ᠶᠢᠨ ᠵᠠᠬ᠎ᠠ ᠳᠡᠯᠭᠡᠭᠦᠷ ᠲᠤ ᠣᠷᠣᠬᠤ ᠶᠢ ᠶᠡᠭᠡ ᠪᠠᠷ ᠠᠬᠢᠭᠤᠯᠵᠤ᠂ ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠬᠦᠴᠦᠨ ᠤ ᠨᠥᠭᠡᠴᠡ ᠪᠠ ᠵᠠᠬ᠎ᠠ ᠳᠡᠯᠭᠡᠭᠦᠷ ᠢ ᠲᠣᠭᠲᠠᠪᠤᠷᠢᠵᠢᠭᠤᠯᠬᠤ ᠲᠣᠭᠲᠠᠴᠠ ᠶᠢᠨ ᠪᠠᠶᠢᠭᠤᠯᠤᠯᠲᠠ ᠶᠢ ᠴᠢᠩᠭᠠᠳᠬᠠᠨ᠎ᠠ᠃ ᠰᠲ᠋ᠣᠺ ᠲᠠᠷᠬᠠᠭᠠᠨ ᠵᠠᠬ᠎ᠠ ᠳᠡᠯᠭᠡᠭᠦᠷ ᠲᠤ ᠭᠠᠷᠭᠠᠬᠤ ᠪᠠ ᠨᠡᠶᠢᠯᠡᠭᠦᠯᠦᠨ ᠬᠤᠳᠠᠯᠳᠤᠨ ᠠᠪᠴᠤ ᠲᠠᠭᠢᠨ ᠵᠣᠬᠢᠶᠠᠨ ᠪᠠᠶᠢᠭᠤᠯᠬᠤ ᠳᠦᠷᠢᠮ ᠢ ᠥᠭᠡᠷᠡᠴᠢᠯᠡᠨ ᠰᠢᠯᠢᠳᠡᠭᠵᠢᠭᠦᠯᠦᠨ᠎ᠡ᠃ ᠤᠯᠠᠨ ᠲᠡᠰ ᠳᠠᠪᠬᠤᠷᠭ᠎ᠠ ᠶᠢᠨ ᠵᠢᠭᠡᠯᠡᠯᠭᠡ ᠶᠢᠨ ᠲᠡᠮᠳᠡᠭᠲᠦ ᠶᠢᠨ ᠵᠠᠬ᠎ᠠ ᠳᠡᠯᠭᠡᠭᠦᠷ ᠤᠨ ᠬᠥᠭᠵᠢᠯᠲᠡ ᠶᠢ ᠲᠦᠷᠭᠡᠳᠬᠡᠨ᠎ᠡ᠃       ︵ᠲᠠᠪᠤ︶ ᠥᠨᠳᠥᠷ ᠲᠦᠪᠰᠢᠨ ᠪᠦᠬᠦᠢ ᠭᠠᠳᠠᠭᠠᠳᠤ ᠨᠡᠭᠡᠭᠡᠯᠲᠡ ᠶᠢ ᠥᠷᠭᠡᠳᠬᠡᠵᠦ᠂ ᠢᠳᠡᠪᠬᠢᠲᠡᠢ ᠪᠠᠷ ᠭᠠᠳᠠᠭᠠᠳᠤ ᠠᠷᠠᠯᠵᠢᠶ᠎ᠠ ᠶᠢ ᠲᠣᠭᠲᠠᠭᠤᠨ ᠪᠠᠶᠢᠯᠭᠠᠵᠤ ᠭᠠᠳᠠᠭᠠᠳᠤ ᠪᠡᠯᠡ ᠶᠢ ᠲᠣᠭᠲᠠᠭᠤᠨ ᠪᠠᠶᠢᠯᠭᠠᠨ᠎ᠠ᠃ ᠭᠠᠳᠠᠭᠠᠳᠤ ᠣᠷᠴᠢᠨ ᠨᠥᠬᠦᠴᠡᠯ ᠬᠡᠷᠬᠢᠨ ᠬᠤᠪᠢᠷᠠᠭᠰᠠᠨ ᠴᠤ᠂ ᠭᠠᠳᠠᠭᠰᠢ ᠨᠡᠭᠡᠭᠡᠯᠲᠡ ᠬᠢᠬᠦ ᠶᠢ ᠢᠮᠠᠭᠲᠠ ᠭᠤᠶᠢᠪᠢᠰᠢ ᠦᠭᠡᠢ ᠪᠠᠷᠢᠮᠲᠠᠯᠠᠵᠤ᠂ ᠳᠦᠷᠢᠮ ᠤᠨ ᠭᠡᠯᠪᠡᠷᠢ ᠶᠢᠨ ᠨᠡᠭᠡᠭᠡᠯᠲᠡ ᠶᠢ ᠯᠠᠪᠳᠠᠭᠤᠨ ᠢᠶᠠᠷ ᠥᠷᠭᠡᠳᠬᠡᠵᠦ᠂ ᠪᠡᠶ᠎ᠡ ᠪᠠᠨ ᠳᠠᠭᠠᠭᠠᠵᠤ ᠨᠡᠭᠡᠭᠡᠯᠲᠡ ᠬᠢᠬᠦ ᠪᠠ ᠭᠠᠭᠴᠠ ᠲᠠᠯ᠎ᠠ ᠠᠴᠠ ᠨᠡᠭᠡᠭᠡᠯᠲᠡ ᠬᠢᠬᠦ ᠶᠢ ᠡᠮᠬᠢ ᠵᠢᠷᠤᠮ ᠲᠠᠢ ᠪᠠᠷ ᠥᠷᠭᠡᠳᠬᠡᠵᠦ᠂ ᠨᠡᠭᠡᠭᠡᠯᠲᠡ ᠪᠠᠷ ᠥᠭᠡᠷᠡᠴᠢᠯᠡᠯᠲᠡ ᠶᠢ ᠠᠬᠢᠭᠤᠯᠵᠤ ᠬᠥᠭᠵᠢᠯᠲᠡ ᠶᠢ ᠠᠬᠢᠭᠤᠯᠤᠨ᠎ᠠ᠃ ᠭᠠᠳᠠᠭᠠᠳᠤ ᠠᠷᠠᠯᠵᠢᠶᠠᠨ ᠤ ᠬᠥᠭᠵᠢᠯᠲᠡ ᠶᠢ ᠲᠣᠭᠲᠠᠪᠤᠷᠢᠵᠢᠭᠤᠯᠤᠨ᠎ᠠ᠃       ᠭᠠᠳᠠᠭᠠᠳᠤ ᠠᠷᠠᠯᠵᠢᠶ᠎ᠠ ᠶᠢ ᠲᠣᠭᠲᠠᠪᠤᠷᠢᠵᠢᠭᠤᠯᠬᠤ ᠲᠦᠷᠦ ᠶᠢᠨ ᠪᠣᠳᠣᠯᠭ᠎ᠠ ᠶᠢᠨ ᠡᠷᠴᠢᠮ ᠢ ᠴᠢᠩᠭᠠᠷᠠᠭᠤᠯᠵᠤ᠂ ᠠᠵᠤ ᠠᠬᠤᠶᠢᠯᠠᠯ ᠤᠨ ᠵᠠᠬᠢᠶᠠᠯᠠᠭ᠎ᠠ ᠶᠢ ᠲᠣᠭᠲᠠᠪᠤᠷᠢᠵᠢᠭᠤᠯᠤᠨ ᠵᠠᠬ᠎ᠠ ᠳᠡᠯᠭᠡᠭᠦᠷ ᠢ ᠥᠷᠭᠡᠳᠬᠡᠬᠦ ᠶᠢ ᠲᠡᠮᠵᠢᠨ᠎ᠡ᠃ ᠪᠡᠯᠡ ᠲᠣᠬᠢᠷᠠᠭᠤᠯᠭ᠎ᠠ᠂ ᠲᠠᠰᠤᠯᠤᠨ ᠪᠣᠳᠣᠯᠲᠠ᠂ ᠭᠠᠳᠠᠭᠠᠳᠤ ᠭᠤᠪᠢᠭᠤᠯᠭ᠎ᠠ ᠵᠡᠷᠭᠡ ᠮᠥᠩᠭᠦᠨ ᠭᠦᠢᠯᠭᠡᠭᠡᠨ ᠤ ᠦᠢᠯᠡᠴᠢᠯᠡᠭᠡ ᠶᠢ ᠰᠢᠯᠢᠳᠡᠭᠵᠢᠭᠦᠯᠵᠦ᠂ ᠭᠠᠳᠠᠭᠠᠳᠤ ᠭᠠᠷᠭᠠᠯᠲᠠ ᠶᠢᠨ ᠢᠲᠡᠭᠡᠮᠵᠢ ᠶᠢᠨ ᠳᠠᠭᠠᠳᠬᠠᠯ ᠤᠨ ᠳᠠᠭᠠᠳᠬᠠᠬᠤ ᠬᠡᠪᠴᠢᠶ᠎ᠡ ᠪᠠ ᠬᠠᠮᠤᠷᠬᠤ ᠬᠡᠪᠴᠢᠶ᠎ᠡ ᠶᠢ ᠥᠷᠭᠡᠳᠬᠡᠵᠦ᠂ ᠠᠵᠤ ᠠᠬᠤᠶᠢᠯᠠᠯ ᠤᠨ ᠬᠢᠯᠢ ᠶᠢᠨ ᠭᠠᠳᠠᠨ᠎ᠠ ᠦᠵᠡᠰᠭᠦᠯᠡᠩ ᠳᠤ ᠣᠷᠤᠯᠴᠠᠬᠤ ᠪᠠ ᠦᠵᠡᠰᠭᠦᠯᠡᠩ ᠡᠷᠭᠢᠯᠡᠭᠦ ᠳᠤ ᠦᠵᠡᠭᠦᠯᠭᠦ ᠳᠡᠮᠵᠢᠯᠭᠡ ᠶᠢ ᠴᠢᠩᠭᠠᠳᠬᠠᠨ᠎ᠠ᠃ ᠬᠢᠯᠢ ᠠᠯᠤᠰᠯᠠᠭᠰᠠᠨ ᠡᠯᠧᠺᠲᠷᠤᠨ ᠬᠤᠳᠠᠯᠳᠤᠭᠠᠨ ᠤ ᠬᠥᠭᠵᠢᠯᠲᠡ ᠶᠢ ᠠᠬᠢᠭᠤᠯᠵᠤ᠂ ᠬᠢᠯᠢ ᠠᠯᠤᠰᠯᠠᠨ ᠢᠯᠡᠭᠡᠬᠦ ᠪᠠᠷᠠᠭᠠᠨ ᠤ ᠭᠦᠢᠯᠭᠡᠭᠡᠨ ᠤ ᠰᠢᠰᠲ᠋ᠧᠮ ᠢ ᠲᠡᠭᠦᠯᠳᠡᠷᠵᠢᠭᠦᠯᠵᠦ᠂ ᠭᠠᠳᠠᠭᠠᠳᠤ ᠳᠠᠬᠢ ᠬᠥᠮᠥᠷᠭᠡ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠨ᠎ᠠ᠃ ᠬᠢᠯᠢ ᠶᠢᠨ ᠭᠠᠳᠠᠨᠠᠬᠢ ᠠᠵᠤ ᠠᠬᠤᠢ ᠠᠷᠠᠯᠵᠢᠶᠠᠨ ᠤ ᠬᠠᠮᠲᠤᠷᠠᠯᠴᠠᠭᠠᠨ ᠤ ᠣᠷᠣᠨ ᠤ ᠴᠢᠳᠠᠮᠵᠢ ᠶᠢ ᠥᠷᠭᠡᠳᠬᠡᠵᠦ᠂ ᠵᠠᠪᠰᠠᠷ ᠤᠨ ᠪᠦᠲᠦᠭᠡᠭᠳᠡᠬᠦᠨ ᠤ ᠠᠷᠠᠯᠵᠢᠶ᠎ᠠ ᠶᠢ ᠬᠥᠭᠵᠢᠭᠦᠯᠵᠦ᠂ ᠤᠯᠠᠨ ᠡᠰᠢᠵᠢᠭᠰᠡᠨ ᠵᠠᠬ᠎ᠠ ᠳᠡᠯᠭᠡᠭᠦᠷ ᠢ ᠨᠡᠭᠡᠭᠡᠨ᠎ᠡ᠃ ᠳᠣᠲᠣᠭᠠᠳᠤ ᠭᠠᠳᠠᠭᠠᠳᠤ ᠠᠷᠠᠯᠵᠢᠶᠠᠨ ᠤ ᠨᠢᠭᠡ ᠴᠣᠭᠴᠠᠵᠢᠭᠰᠠᠨ ᠬᠥᠭᠵᠢᠯᠲᠡ ᠶᠢ ᠳᠠᠮᠵᠢᠵᠤ᠂ ᠪᠠᠷᠢᠮᠵᠢᠶ᠎ᠠ ᠶᠢᠨ ᠭᠡᠷᠡᠴᠢᠯᠡᠯᠲᠡ᠂ ᠵᠠᠬ᠎ᠠ ᠳᠡᠯᠭᠡᠭᠦᠷ ᠤᠨ ᠠᠷᠭ᠎ᠠ ᠵᠠᠮ ᠵᠡᠷᠭᠡ ᠲᠠᠯ᠎ᠠ ᠶᠢᠨ ᠠᠰᠠᠭᠤᠳᠠᠯ ᠢ ᠲᠦᠷᠭᠡᠯᠡᠨ ᠰᠢᠢᠳᠪᠦᠷᠢᠯᠡᠨ᠎ᠡ᠃ ᠦᠢᠯᠡᠴᠢᠯᠡᠭᠡᠨ ᠤ ᠠᠷᠠᠯᠵᠢᠶ᠎ᠠ ᠶᠢᠨ ᠰᠢᠨ᠎ᠡ ᠶᠢ ᠡᠭᠦᠳᠦᠨ ᠬᠥᠭᠵᠢᠬᠦ ᠶᠢ ᠠᠬᠢᠭᠤᠯᠵᠤ᠂ ᠤᠯᠠᠮᠵᠢᠯᠠᠯᠲᠤ ᠳᠠᠪᠠᠭᠤᠯᠢᠭ ᠦᠢᠯᠡᠴᠢᠯᠡᠭᠡ ᠶᠢᠨ ᠥᠷᠢᠰᠦᠯᠳᠦᠬᠦ ᠬᠦᠴᠦᠨ ᠢ ᠳᠡᠭᠡᠭᠰᠢᠯᠡᠭᠦᠯᠵᠤ᠂ ᠦᠢᠯᠡᠴᠢᠯᠡᠭᠡ ᠶᠢ ᠭᠠᠳᠠᠭᠠᠳᠤ ᠳᠤ ᠭᠠᠷᠭᠠᠬᠤ ᠶᠢ ᠵᠣᠷᠢᠭᠵᠢᠭᠤᠯᠵᠤ᠂ ᠴᠢᠨᠠᠷ ᠰᠠᠶᠢᠲᠠᠢ ᠦᠢᠯᠡᠴᠢᠯᠡᠭᠡ ᠶᠢ ᠭᠠᠳᠠᠭᠠᠳᠤ ᠠᠴᠠ ᠣᠷᠣᠭᠤᠯᠬᠤ ᠶᠢ ᠥᠷᠭᠡᠳᠬᠡᠨ᠎ᠡ᠃ ᠨᠣᠭᠤᠭᠠᠨ ᠠᠷᠠᠯᠵᠢᠶ᠎ᠠ᠂ ᠳ᠋ᠢᠵᠢᠲ᠋ᠠᠯ ᠠᠷᠠᠯᠵᠢᠶ᠎ᠠ ᠵᠡᠷᠭᠡ ᠰᠢᠨ᠎ᠡ ᠨᠡᠮᠡᠭᠳᠡᠯ ᠤᠨ ᠴᠡᠭ ᠢ ᠪᠤᠶᠢᠵᠢᠭᠤᠯᠵᠤ᠂ ᠨᠥᠬᠦᠴᠡᠯ ᠲᠠᠢ ᠭᠠᠵᠠᠷ ᠣᠷᠣᠨ ᠤ ᠰᠢᠨ᠎ᠡ ᠭᠡᠯᠪᠡᠷᠢ ᠶᠢᠨ ᠬᠢᠯᠢ ᠶᠢᠨ ᠭᠠᠳᠠᠨᠠᠬᠢ ᠠᠷᠠᠯᠵᠢᠶ᠎ᠠ ᠶᠢ ᠬᠥᠭᠵᠢᠭᠦᠯᠬᠦ ᠶᠢ ᠲᠡᠮᠵᠢᠨ᠎ᠠ᠃ ᠭᠠᠳᠠᠭᠠᠳᠤ ᠣᠷᠣᠭᠤᠯᠤᠯᠲᠠ ᠶᠢᠨ ᠦᠵᠡᠰᠭᠦᠯᠡᠩ᠂ ᠭᠤᠸᠠᠩᠵᠧᠦ ᠶᠢᠨ ᠠᠷᠠᠯᠵᠢᠶᠠᠨ ᠤ ᠴᠤᠭᠯᠠᠭᠠᠨ᠂ ᠦᠢᠯᠡᠴᠢᠯᠡᠭᠡᠨ ᠤ ᠠᠷᠠᠯᠵᠢᠶᠠᠨ ᠤ ᠴᠤᠭᠯᠠᠭᠠᠨ᠂ ᠳ᠋ᠢᠵᠢᠲ᠋ᠠᠯ ᠠᠷᠠᠯᠵᠢᠶᠠᠨ ᠤ ᠴᠤᠭᠯᠠᠭᠠᠨ᠂ ᠬᠡᠷᠡᠭᠯᠡᠭᠡᠨ ᠤ ᠵᠦᠢᠯ ᠤᠨ ᠦᠵᠡᠰᠭᠦᠯᠡᠩ ᠵᠡᠷᠭᠡ ᠴᠢᠬᠤᠯᠠ ᠶᠡᠭᠡ ᠦᠵᠡᠰᠭᠦᠯᠡᠩ ᠴᠤᠭᠯᠠᠭᠠᠨ ᠢ ᠴᠢᠨᠠᠷ ᠰᠠᠶᠢᠲᠠᠢ ᠰᠠᠶᠢᠲᠤᠷ ᠡᠷᠭᠢᠯᠡᠨ᠎ᠡ᠃ ᠣᠶᠤᠨᠴᠢ ᠪᠣᠭᠤᠮᠲᠠ ᠶᠢᠨ ᠪᠦᠲᠦᠭᠡᠨ ᠪᠠᠶᠢᠭᠤᠯᠤᠯᠲᠠ ᠪᠠ ᠬᠠᠮᠲᠤᠷᠠᠯᠴᠠᠭ᠎ᠠ ᠶᠢ ᠠᠬᠢᠭᠤᠯᠵᠤ᠂ ᠪᠣᠭᠤᠮᠲᠠ ᠥᠩᠭᠡᠷᠡᠬᠦ ᠶᠢ ᠳᠥᠲᠡᠴᠢᠯᠡᠬᠦ ᠲᠦᠪᠰᠢᠨ ᠢ ᠳᠡᠭᠡᠭᠰᠢᠯᠡᠭᠦᠯᠦᠨ᠎ᠡ᠃       ᠭᠠᠳᠠᠭᠠᠳᠤ ᠶᠢᠨ ᠬᠤᠳᠠᠯᠳᠤᠭᠠᠴᠢᠨ ᠤ ᠪᠡᠯᠡ ᠣᠷᠣᠭᠤᠯᠬᠤ ᠶᠢ ᠶᠡᠭᠡ ᠪᠠᠷ ᠵᠣᠷᠢᠭᠵᠢᠭᠤᠯᠤᠨ᠎ᠠ᠃ ᠦᠢᠯᠡᠴᠢᠯᠡᠭᠡᠨ ᠤ ᠦᠢᠯᠡᠰ ᠤᠨ ᠨᠡᠭᠡᠭᠡᠯᠲᠡ ᠶᠢ ᠥᠷᠭᠡᠳᠬᠡᠬᠦ ᠶᠡᠷᠦᠩᠬᠡᠶᠢᠯᠡᠭᠰᠡᠨ ᠲᠤᠷᠰᠢᠯᠲᠠ ᠶᠢᠨ ᠵᠢᠱᠢᠶ᠎ᠡ ᠦᠵᠡᠭᠦᠯᠭᠦ ᠠᠵᠢᠯ ᠢ ᠠᠬᠢᠭᠤᠯᠵᠤ᠂ ᠢᠨᠲ᠋ᠧᠷ ᠰᠦᠯᠵᠢᠶ᠎ᠡ᠂ ᠰᠣᠶᠣᠯ ᠵᠡᠷᠭᠡ ᠬᠦᠷᠢᠶᠡᠨ ᠤ ᠡᠮᠬᠢ ᠵᠢᠷᠤᠮ ᠲᠠᠢ ᠪᠠᠷ ᠨᠡᠭᠡᠭᠡᠯᠲᠡ ᠬᠢᠬᠦ ᠶᠢ ᠠᠬᠢᠭᠤᠯᠵᠤ᠂ ᠴᠠᠭᠢᠯᠭᠠᠨ ᠬᠤᠯᠪᠤᠭ᠎ᠠ᠂ ᠡᠮᠨᠡᠯᠭᠡ᠂ ᠰᠤᠷᠭᠠᠨ ᠬᠥᠮᠦᠵᠢᠯ ᠵᠡᠷᠭᠡ ᠬᠦᠷᠢᠶᠡᠨ ᠤ ᠨᠡᠭᠡᠭᠡᠯᠲᠡ ᠬᠢᠬᠦ ᠲᠤᠷᠰᠢᠯᠲᠠ ᠶᠢ ᠥᠷᠭᠡᠳᠬᠡᠨ᠎ᠡ᠃ ᠭᠠᠳᠠᠭᠠᠳᠤ ᠶᠢᠨ ᠪᠡᠯᠡ ᠣᠷᠣᠭᠤᠯᠤᠭᠴᠢ ᠶᠢᠨ ᠲᠠᠭᠢᠨ ᠪᠡᠯᠡ ᠣᠷᠣᠭᠤᠯᠤᠯᠲᠠ ᠪᠠᠨ ᠥᠷᠭᠡᠳᠬᠡᠬᠦ ᠶᠢ ᠵᠣᠷᠢᠭᠵᠢᠭᠤᠯᠵᠤ᠂ ᠠᠵᠤ ᠦᠢᠯᠡᠰ ᠤᠨ ᠬᠡᠯᠬᠢᠶ᠎ᠡ ᠶᠢᠨ ᠳᠡᠭᠡᠳᠦ ᠳᠣᠣᠷᠠᠳᠤ ᠤᠷᠤᠰᠬᠠᠯ ᠤᠨ ᠢᠵᠢ ᠪᠦᠷᠢᠳᠦᠭᠦᠯᠬᠦ ᠬᠠᠮᠵᠢᠯᠴᠠᠭ᠎ᠠ ᠳᠤ ᠣᠷᠤᠯᠴᠠᠬᠤ ᠶᠢ ᠲᠡᠮᠵᠢᠨ᠎ᠠ᠃ ᠭᠠᠳᠠᠭᠠᠳᠤ ᠪᠡᠯᠡ ᠶᠢᠨ ᠠᠵᠤ ᠠᠬᠤᠶᠢᠯᠠᠯ ᠤᠨ ᠡᠯᠧᠮᠧᠨ᠋ᠲ ᠣᠯᠬᠤ᠂ ᠬᠢᠷᠢ ᠴᠢᠳᠠᠯ ᠢᠶᠠᠨ ᠵᠥᠪᠰᠢᠶᠡᠷᠡᠭᠦᠯᠬᠦ᠂ ᠪᠠᠷᠢᠮᠵᠢᠶ᠎ᠠ ᠲᠣᠭᠲᠠᠭᠠᠬᠤ᠂ ᠵᠠᠰᠠᠭ ᠤᠨ ᠣᠷᠳᠣᠨ ᠤ ᠬᠤᠳᠠᠯᠳᠤᠨ ᠠᠪᠬᠤ ᠵᠡᠷᠭᠡ ᠲᠠᠯ᠎ᠠ ᠪᠠᠷ ᠬᠢ ᠠᠷᠠᠳ ᠢᠷᠭᠡᠨ ᠤ ᠬᠠᠷᠠᠭᠠᠯᠵᠠᠯ ᠢ ᠦᠨᠡᠨ ᠬᠦ ᠪᠠᠲᠤᠯᠠᠨ᠎ᠠ᠃ ᠭᠠᠳᠠᠭᠠᠳᠤ ᠪᠡᠯᠡ ᠶᠢᠨ ᠠᠵᠤ ᠠᠬᠤᠶᠢᠯᠠᠯ ᠤᠨ ᠦᠢᠯᠡᠴᠢᠯᠡᠭᠡ ᠪᠠᠲᠤᠯᠠᠭ᠎ᠠ ᠶᠢ ᠴᠢᠩᠭᠠᠳᠬᠠᠵᠤ᠂ ᠪᠡᠯᠭᠡ ᠲᠡᠮᠳᠡᠭ ᠤᠨ ᠴᠢᠨᠠᠷᠲᠠᠢ ᠲᠥᠰᠥᠯ ᠢ ᠨᠠᠶᠢᠳᠠᠪᠤᠷᠢᠵᠢᠭᠤᠯᠬᠤ ᠶᠢ ᠲᠦᠷᠭᠡᠳᠬᠡᠵᠦ᠂ ︽ᠳᠤᠮᠳᠠᠳᠤ ᠤᠯᠤᠰ ᠲᠤ ᠪᠡᠯᠡ ᠤᠷᠤᠭᠤᠯᠬᠤ︾ ᠨᠠᠷᠠᠲᠤ ᠲᠡᠮᠳᠡᠭ ᠢ ᠦᠷᠭᠦᠯᠵᠢᠯᠡᠨ ᠪᠤᠶ ᠪᠣᠯᠭᠠᠨ᠎ᠠ᠃ ᠴᠢᠯᠦᠭᠡᠲᠦ ᠠᠷᠠᠯᠵᠢᠶᠠᠨ ᠤ ᠲᠤᠷᠰᠢᠯᠲᠠ ᠶᠢᠨ ᠣᠷᠣᠨ ᠤ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠪᠠ ᠥᠭᠡᠷᠡᠴᠢᠯᠡᠯᠲᠡ ᠶᠢᠨ ᠡᠭᠦᠷᠭᠡ ᠶᠢᠨ ᠡᠷᠬᠡ ᠣᠯᠭᠤᠯᠲᠠ ᠶᠢ ᠥᠷᠭᠡᠳᠬᠡᠬᠦ ᠶᠢ ᠠᠬᠢᠭᠤᠯᠵᠤ᠂ ᠬᠠᠶᠢᠨᠠᠨ ᠤ ᠴᠢᠯᠦᠭᠡᠲᠦ ᠠᠷᠠᠯᠵᠢᠶᠠᠨ ᠤ ᠭᠠᠷᠠᠮ ᠤᠨ ᠭᠤᠣᠯ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠶᠢ ᠲᠦᠷᠭᠡᠯᠡᠨ ᠠᠬᠢᠭᠤᠯᠵᠤ᠂ ᠠᠵᠤ ᠠᠬᠤᠢ ᠶᠢᠨ ᠨᠡᠭᠡᠭᠡᠨ ᠬᠥᠭᠵᠢᠭᠦᠯᠦᠯᠲᠡ ᠶᠢᠨ ᠣᠷᠣᠨ ᠤ ᠨᠡᠭᠡᠭᠡᠯᠲᠡᠲᠤ ᠬᠥᠭᠵᠢᠯᠲᠡ ᠶᠢᠨ ᠲᠥᠷᠥ ᠶᠢᠨ ᠪᠣᠳᠣᠯᠭ᠎ᠠ ᠶᠢ ᠲᠡᠭᠦᠯᠳᠡᠷᠵᠢᠭᠦᠯᠵᠦ᠂ ᠶᠡᠷᠦᠩᠬᠡᠶᠢᠯᠡᠭᠰᠡᠨ ᠭᠠᠶᠢᠯᠢ ᠶᠢᠨ ᠪᠠᠲᠤᠯᠠᠭᠠᠲᠤ ᠣᠷᠣᠨ ᠤ ᠭᠡᠯᠪᠡᠷᠢ ᠪᠠᠨ ᠬᠤᠪᠢᠷᠠᠭᠤᠯᠤᠨ ᠳᠡᠰ ᠳᠡᠪᠰᠢᠭᠦᠯᠬᠦ ᠶᠢ ᠠᠬᠢᠭᠤᠯᠤᠨ᠎ᠠ᠃ ᠵᠠᠬ᠎ᠠ ᠳᠡᠯᠭᠡᠭᠦᠷᠴᠢᠯᠡᠭᠰᠡᠨ᠂ ᠬᠠᠤᠯᠢ ᠪᠠᠷ ᠵᠠᠰᠠᠭᠰᠠᠨ᠂ ᠤᠯᠠᠨ ᠤᠯᠤᠰᠴᠢᠯᠠᠭᠰᠠᠨ ᠲᠡᠷᠢᠭᠦᠨ ᠵᠡᠷᠭᠡ ᠶᠢᠨ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠦᠷᠭᠦᠯᠵᠢᠯᠡᠨ ᠪᠤᠢ ᠪᠤᠯᠭᠠᠵᠤ᠂ ᠭᠠᠳᠠᠭᠠᠳᠤ ᠪᠡᠯᠡ ᠶᠢᠨ ᠠᠵᠤ ᠠᠬᠤᠶᠢᠯᠠᠯ ᠢ ᠨᠠᠩ ᠰᠠᠶᠢᠨ ᠬᠥᠭᠵᠢᠯᠲᠡ ᠲᠠᠢ ᠪᠣᠯᠭᠠᠨ᠎ᠠ᠃
ᠢᠷᠡᠯᠲᠡ᠄ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ