ᠤᠰᠤ ᠠᠷᠪᠢᠯᠠᠬᠤ ᠠᠵᠢᠯᠯᠠᠭᠠᠨ ᠢ ᠭᠦᠨᠵᠡᠭᠡᠢ ᠬᠡᠷᠡᠭᠵᠢᠭᠦᠯᠦᠨ᠎ᠡ᠃ ᠲᠥᠷᠥᠯ ᠬᠤᠪᠢᠶᠠᠨ ᠪᠣᠳᠣᠯᠭ᠎ᠠ ᠬᠡᠷᠡᠭᠵᠢᠭᠦᠯᠬᠦ᠂ ᠣᠯᠠᠨ ᠲᠠᠯ᠎ᠠ ᠪᠠᠷ ᠬᠦᠴᠦᠯᠡᠬᠦ᠂ | ᠨᠢᠭᠡᠳᠦᠯᠲᠡᠢ ᠲᠦᠯᠦᠪᠯᠡᠨ ᠠᠬᠢᠭᠤᠯᠬᠤ ᠶᠢ ᠪᠠᠷᠢᠮᠲᠠᠯᠠᠵᠤ᠂ ᠪᠦᠬᠦ ᠬᠤᠲᠠ ᠶᠢᠨ ᠤᠰᠤ ᠬᠡᠷᠡᠭᠯᠡᠬᠦ ᠶᠡᠷᠦᠩᠬᠡᠢ ᠬᠡᠮᠵᠢᠶ᠎ᠡ ᠶᠢ 12.14 ᠳ᠋ᠦᠩᠰᠢᠭᠤᠷ ᠪᠣᠰᠤᠭ᠎ᠠ | ᠳᠥᠷᠪᠡᠯᠵᠢᠨ ᠮᠧᠳ᠋ᠷ ᠤᠨ ᠳᠣᠲᠣᠷ᠎ᠠ ᠬᠢᠵᠠᠭᠠᠷᠯᠠᠬᠤ ᠶᠢ ᠪᠠᠲᠤᠯᠠᠨ᠂ ᠲᠦᠮᠡᠨ ᠲᠥᠭᠦᠷᠢᠭ ᠤᠨ GDP ᠶᠢᠨ ᠤᠰᠤ ᠬᠡᠷᠡᠭᠯᠡᠬᠦ ᠬᠡᠮᠵᠢᠶ᠎ᠡ ᠪᠠ ᠲᠦᠮᠡᠨ ᠲᠥᠭᠦᠷᠢᠭ ᠤᠨ | ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠤᠨ ᠤᠰᠤ ᠬᠡᠷᠡᠭᠯᠡᠬᠦ ᠬᠡᠮᠵᠢᠶ᠎ᠡ ᠶᠢ 2020 ᠣᠨ ᠲᠠᠢ ᠬᠠᠷᠢᠴᠠᠭᠤᠯᠤᠨ ᠲᠤᠰ ᠲᠤᠰ 12.5% ᠪᠠ 18% ᠪᠠᠷ | ᠪᠠᠭᠤᠷᠠᠭᠤᠯᠤᠨ᠎ᠠ᠃ ᠲᠠᠷᠢᠶᠠᠯᠠᠩ ᠤᠨ ᠥᠨᠳᠥᠷ ᠪᠦᠲᠦᠮᠵᠢᠲᠦ ᠤᠰᠤ ᠠᠷᠪᠢᠯᠠᠬᠤ ᠤᠰᠤᠯᠠᠯᠲᠠ ᠶᠢᠨ ᠮᠡᠷᠭᠡᠵᠢᠯ ᠢ ᠳᠡᠯᠭᠡᠷᠡᠭᠦᠯᠵᠦ᠂ ᠤᠰᠤ ᠪᠣᠷᠳᠣᠭᠤᠷ ᠢ ᠨᠢᠭᠡ | ᠴᠣᠭᠴᠠᠵᠢᠭᠤᠯᠬᠤ ᠪᠦᠲᠦᠭᠡᠨ ᠪᠠᠶᠢᠭᠤᠯᠤᠯᠲᠠ ᠶᠢᠨ ᠲᠠᠯᠠᠪᠠᠢ ᠶᠢ 1 ᠲᠦᠮᠡᠨ ᠮᠦ ᠰᠢᠨ᠎ᠡ ᠪᠠᠷ ᠨᠡᠮᠡᠭᠳᠡᠬᠦᠯᠵᠦ᠂ ᠲᠠᠷᠢᠶᠠᠨ ᠭᠠᠵᠠᠷ ᠤᠨ ᠤᠰᠤᠯᠠᠯᠲᠠ ᠶᠢᠨ ᠤᠰᠤᠨ ᠤ | ᠪᠦᠲᠦᠮᠵᠢᠲᠡᠶ ᠠᠰᠢᠭᠯᠠᠯᠲᠠ ᠶᠢᠨ ᠢᠯᠡᠳᠬᠡᠮᠵᠢ ᠶᠢ 0.65 ᠳᠤ ᠬᠦᠷᠭᠡᠨ᠎ᠡ᠃ ᠲᠤᠬᠢᠷᠠᠭᠤᠯᠬᠤ ᠶᠣᠰᠣᠲᠠᠢ ᠪᠦᠬᠦᠨ ᠢ ᠲᠤᠬᠢᠷᠠᠭᠤᠯᠬᠤ ᠵᠠᠷᠴᠢᠮ ᠢ ᠪᠠᠷᠢᠮᠲᠠᠯᠠᠵᠤ᠂ | ᠰᠢᠨᠡᠳᠬᠡᠨ ᠪᠠᠶᠢᠭᠤᠯᠬᠤ ᠦᠷᠭᠡᠳᠬᠡᠨ ᠪᠠᠶᠢᠭᠤᠯᠬᠤ ᠠᠵᠤ ᠦᠢᠯᠡᠳᠪᠦᠷᠢ ᠶᠢᠨ ᠲᠥᠷᠥᠯ ᠵᠦᠢᠯ ᠳᠤ ᠨᠡᠭᠦᠷᠡᠰᠦᠨ ᠳᠠᠪᠬᠤᠷᠭ᠎ᠠ ᠶᠢᠨ ᠤᠰᠤ ᠵᠡᠷᠭᠡ ᠡᠩ ᠤᠨ ᠪᠤᠰᠤ | ᠤᠰᠤᠨ ᠰᠤᠷᠪᠤᠯᠵᠢ ᠶᠢ ᠤᠷᠢᠳᠠᠪᠠᠷ ᠳᠣᠭᠢᠷᠠᠭᠤᠯᠵᠤ᠂ ᠳᠠᠬᠢᠮᠠᠯ ᠤᠰᠤ ᠶᠢ ᠪᠤᠴᠠᠭᠠᠨ ᠬᠡᠷᠡᠭᠯᠡᠬᠦ ᠡᠷᠴᠢᠮ ᠢ ᠴᠢᠩᠭᠠᠷᠠᠭᠤᠯᠵᠤ᠂ ᠤᠰᠤ ᠠᠷᠪᠢᠯᠠᠬᠤ ᠮᠠᠶ᠋ᠢᠭ ᠤᠨ ᠠᠵᠤ | ᠠᠬᠤᠶᠢᠯᠠᠯ ᠢ 16 ᠡᠷᠦᠭᠡ ᠳᠤ ᠭᠦᠷᠬᠡᠨ᠎ᠡ᠃ ᠬᠤᠲᠠ ᠪᠠᠯᠭᠠᠰᠤ ᠶᠢᠨ ᠣᠯᠠᠨ ᠨᠡᠶᠢᠲᠡ ᠶᠢᠨ ᠬᠤᠭᠤᠯᠠᠶ ᠲᠤᠤᠷ ᠤᠨ ᠭᠤᠭᠤᠵᠢᠵᠤ ᠡᠪᠳᠡᠷᠡᠬᠦ ᠨᠣᠷᠮ᠎ᠠ ᠶᠢ 9% ᠶᠢᠨ | ᠳᠣᠲᠣᠷ᠎ᠠ ᠬᠢᠵᠠᠭᠠᠷᠯᠠᠵᠤ᠂ ᠮᠠᠯᠵᠢᠬᠤ ᠲᠠᠷᠢᠶᠠᠯᠠᠬᠤ ᠣᠷᠣᠨ ᠤ ᠲᠦᠭᠡᠭᠡᠯ ᠤᠰᠤ ᠶᠢ ᠲᠦᠭᠡᠮᠡᠯᠵᠢᠭᠦᠯᠬᠦ ᠨᠣᠷᠮ᠎ᠠ ᠶᠢ 72.7% ᠪᠣᠯᠲᠠᠯ᠎ᠠ ᠳᠡᠭᠡᠭᠰᠢᠯᠡᠬᠦᠯᠵᠦ᠂ | ᠰᠢᠶᠠᠨ ᠤ ᠬᠡᠪᠴᠢᠶᠡᠨ ᠤ ᠤᠰᠤ ᠠᠷᠪᠢᠯᠠᠬᠤ ᠮᠠᠶ᠋ᠢᠭ ᠤᠨ ᠨᠡᠶᠢᠭᠡᠮ ᠤᠨ ᠪᠠᠷᠢᠮᠵᠢᠶ᠎ᠠ ᠪᠠᠷ ᠪᠠᠶᠢᠭᠤᠯᠤᠨ ᠪᠦᠲᠦᠭᠡᠬᠦ ᠨᠣᠷᠮ᠎ᠠ ᠶᠢ 78% ᠳᠤ ᠬᠦᠷᠭᠡᠨ᠎ᠡ᠃ ᠬᠤᠩᠭᠤᠯᠵᠢ | ᠤᠰᠤᠨ ᠠᠰᠢᠭᠯᠠᠯᠲᠠ ᠶᠢᠨ ᠬᠦᠢᠰᠦ᠂ ᠠᠯᠲᠠᠨ ᠤᠰᠤᠨ ᠴᠥᠭᠦᠷᠥᠮ ᠤᠨ ᠲᠣᠬᠢᠷᠠᠭᠤᠯᠬᠤ ᠲᠥᠰᠦᠯ ᠢ ᠴᠢᠩᠭ᠎ᠠ ᠬᠡᠷᠡᠭᠵᠢᠬᠦᠯᠵᠦ᠂ ᠠᠮᠢ ᠠᠬᠤᠶ ᠶᠢᠨ ᠤᠷᠤᠰᠬᠠᠯ ᠤᠨ | ᠬᠡᠮᠵᠢᠶ᠎ᠡ ︵ᠤᠰᠤᠨ ᠤ ᠬᠡᠮᠵᠢᠶ᠎ᠡ︶ ᠶᠢᠨ ᠬᠠᠷᠠᠯᠲᠠ ᠳᠤ ᠬᠦᠷᠭᠡᠨ᠎ᠡ᠃ ᠪᠦᠬᠦ ᠬᠤᠲᠠ ᠶᠢᠨ ᠤᠰᠤ ᠬᠡᠷᠡᠭᠯᠡᠬᠦ ᠬᠦᠷᠢᠶ᠎ᠡ ᠴᠠᠷᠠᠭᠠᠨ ᠳᠠᠬᠢ ᠢᠲᠡᠭᠡᠮᠵᠢ ᠶᠢᠨ | ᠦᠨᠡᠯᠡᠯᠲᠡ ᠶᠢᠨ ᠠᠵᠢᠯ ᠢ ᠥᠷᠨᠢᠭᠦᠯᠵᠦ᠂ ᠤᠰᠤ ᠠᠷᠪᠢᠯᠠᠬᠤ ᠠᠵᠢᠯᠯᠠᠭᠠᠨ ᠢ ᠡᠮᠬᠢ ᠵᠢᠷᠤᠮ ᠲᠠᠢ ᠪᠦᠲᠦᠮᠵᠢᠲᠡᠶ ᠥᠷᠨᠢᠭᠦᠯᠬᠦ ᠶᠢ ᠠᠬᠢᠭᠤᠯᠤᠨ᠎ᠠ᠃ ︵ᠲᠤᠯᠤᠭ᠎ᠠ︶ | ᠡᠯ᠎ᠡ ᠲᠦᠷᠦᠯ ᠤᠨ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠢ ᠦᠷᠭᠦᠯᠵᠢᠯᠡᠨ ᠰᠠᠶᠢᠲᠤᠷ ᠬᠢᠵᠦ᠂ ᠠᠵᠠ ᠵᠢᠷᠭᠠᠯ ᠢ ᠨᠡᠮᠡᠭᠳᠡᠭᠦᠯᠬᠦ ᠳᠤᠮᠳᠠ ᠬᠦᠰᠡᠯ | ᠡᠷᠡᠮᠡᠯᠵᠡᠯ ᠳᠤ ᠬᠠᠷᠢᠭᠤ ᠥᠭᠭᠦᠨ᠎ᠡ᠃ ᠠᠷᠠᠳ ᠤᠨ ᠠᠮᠢᠳᠤᠷᠠᠯ ᠳᠤ ᠲᠦᠭᠡᠮᠡᠯ ᠠᠰᠢᠭ ᠬᠦᠷᠲᠡᠭᠡᠬᠦ ᠪᠣᠳᠠᠲᠤ ᠶᠠᠪᠤᠳᠠᠯ ᠢ ᠰᠠᠶᠢᠲᠤᠷ ᠲᠦᠰᠦᠪᠯᠡᠵᠦ᠂ ᠪᠠᠴᠢᠮ ᠬᠦᠴᠢᠷ | ᠵᠤᠪᠠᠯ ᠬᠦᠰᠡᠯ ᠤᠨ ᠴᠢᠬᠤᠯᠠ ᠶᠠᠪᠤᠳᠠᠯ ᠢ ᠰᠠᠶᠢᠲᠤᠷ ᠰᠢᠢᠳᠪᠦᠷᠢᠯᠡᠵᠦ᠂ ᠠᠷᠠᠳ ᠤᠨ ᠰᠠᠨᠠᠭ᠎ᠠ ᠳᠤ ᠨᠡᠶᠢᠴᠡᠬᠦ᠂ ᠠᠷᠠᠳ ᠤᠨ ᠰᠡᠳᠬᠢᠯ ᠢ ᠳᠤᠯᠠᠭᠠᠴᠠᠭᠤᠯᠬᠤ ᠪᠠᠭ᠎ᠠ | ᠶᠠᠪᠤᠳᠠᠯ ᠢ ᠦᠨᠡᠨ ᠪᠣᠳᠠᠲᠠᠢ ᠰᠠᠶᠢᠲᠤᠷ ᠬᠢᠵᠦ᠂ ᠠᠷᠠᠳ ᠤᠨ ᠠᠮᠢᠳᠤᠷᠠᠯ ᠤᠨ ᠬᠠᠷᠠᠭᠠᠯᠵᠠᠯ ᠢ ᠨᠡᠩ ᠮᠡᠳᠡᠷᠡᠬᠦᠢ ᠪᠤᠳᠠᠳᠠᠢ ᠪᠤᠯᠭᠠᠨ᠎ᠠ᠃ ᠠᠵᠢᠯ ᠣᠯᠭᠤᠯᠲᠠ ᠶᠢ | ᠠᠬᠢᠭᠤᠯᠬᠤ ᠠᠵᠢᠯᠯᠠᠭᠠᠨ ᠢ ᠬᠡᠷᠡᠭᠵᠢᠭᠦᠯᠦᠨ᠎ᠡ᠃ ᠭᠤᠣᠯᠳᠠᠯᠭ᠎ᠠ ᠲᠠᠢ ᠬᠦᠷᠢᠶ᠎ᠡ᠂ ᠭᠤᠣᠯᠳᠠᠯᠭ᠎ᠠ ᠲᠠᠢ ᠠᠵᠢᠯ ᠲᠥᠷᠥᠯ᠂ ᠬᠤᠲᠠ ᠬᠥᠳᠡᠭᠡ ᠶᠢᠨ ᠦᠨᠳᠦᠰᠦᠨ ᠱᠠᠲᠤ | ᠪᠠ ᠳᠤᠮᠳᠠ ᠵᠢᠵᠢᠭ ᠪᠢᠴᠢᠯ ᠠᠵᠤ ᠠᠬᠤᠶᠢᠯᠠᠯ ᠤᠨ ᠠᠵᠢᠯ ᠣᠯᠭᠤᠯᠲᠠ ᠶᠢ ᠳᠡᠮᠵᠢᠬᠦ ᠲᠥᠯᠥᠪᠯᠡᠭᠡ ᠶᠢ ᠬᠡᠷᠡᠭᠵᠢᠭᠦᠯᠵᠦ᠂ ᠵᠢᠯ ᠤᠨ ᠳᠣᠲᠣᠷ᠎ᠠ ᠬᠤᠲᠠ ᠪᠠᠯᠭᠠᠰᠤ ᠶᠢᠨ | 3500 ᠠᠴᠠ ᠳᠡᠭᠡᠭᠰᠢ ᠬᠥᠮᠦᠨ ᠳᠤ ᠰᠢᠨ᠎ᠡ ᠪᠠᠷ ᠠᠵᠢᠯ ᠣᠯᠭᠤᠵᠤ᠂ 5.9 ᠲᠦᠮᠡᠨ ᠮᠠᠯᠴᠢᠨ ᠲᠠᠷᠢᠶᠠᠴᠢᠨ ᠬᠦᠴᠦ ᠶᠠᠪᠤᠭᠰᠠᠳ ᠲᠤ ᠰᠢᠯᠵᠢᠭᠦᠯᠦᠨ ᠠᠵᠢᠯ | ᠣᠯᠭᠤᠨ᠎ᠠ᠃ ᠭᠤᠣᠯᠳᠠᠯᠭ᠎ᠠ ᠲᠠᠢ ᠬᠠᠮᠲᠤᠯᠢᠭ ᠲᠤ ᠠᠵᠢᠯ ᠣᠯᠭᠤᠬᠤ ᠶᠢ ᠠᠬᠢᠭᠤᠯᠵᠤ᠂ ᠳᠡᠭᠡᠳᠦ ᠰᠤᠷᠭᠠᠭᠤᠯᠢ ᠲᠡᠭᠦᠰᠦᠭᠰᠡᠳ᠂ ᠮᠠᠯᠴᠢᠨ ᠲᠠᠷᠢᠶᠠᠴᠢᠨ ᠬᠦᠴᠦ | ᠶᠠᠪᠤᠭᠰᠠᠳ᠂ ᠴᠡᠷᠢᠭ ᠠᠴᠠ ᠬᠠᠯᠠᠭᠳᠠᠭᠰᠠᠳ ᠵᠡᠷᠭᠡ ᠭᠤᠣᠯᠳᠠᠯᠭ᠎ᠠ ᠲᠠᠢ ᠬᠥᠮᠦᠰ ᠲᠤ ᠠᠵᠢᠯ ᠣᠯᠭᠤᠵᠤ ᠬᠠᠪᠰᠤᠷᠤᠨ ᠲᠡᠳᠬᠦᠬᠦ ᠶᠢ ᠨᠢᠭᠡᠳᠦᠯᠲᠡᠢ ᠲᠥᠯᠥᠪᠯᠡᠨ | ᠰᠠᠶᠢᠲᠤᠷ ᠬᠢᠵᠦ᠂ ᠬᠦᠳᠡᠯᠮᠦᠷᠢᠯᠡᠬᠦ ᠪᠠᠷ ᠲᠡᠳᠬᠦᠮᠵᠢ ᠶᠢ ᠣᠷᠣᠯᠠᠭᠤᠯᠬᠤ ᠡᠷᠴᠢᠮ ᠢᠶᠠᠨ ᠴᠢᠩᠭᠠᠷᠠᠭᠤᠯᠤᠨ᠂ ᠬᠠᠨᠳᠤᠯᠭᠠᠲᠤ ᠴᠢᠨᠠᠷᠲᠠᠢ ᠠᠵᠢᠯ ᠮᠡᠷᠭᠡᠵᠢᠯ ᠤᠨ ᠤᠷ᠎ᠠ | ᠮᠡᠷᠭᠡᠰᠢᠯ ᠤᠨ ᠪᠣᠯᠪᠠᠰᠤᠷᠠᠭᠤᠯᠤᠯ ᠢ ᠥᠷᠨᠢᠭᠦᠯᠵᠦ᠂ ᠤᠷ᠎ᠠ ᠮᠡᠷᠭᠡᠰᠢᠯ ᠤᠨ ᠪᠣᠯᠪᠠᠰᠤᠷᠠᠭᠤᠯᠤᠯ ᠤᠨ ᠬᠡᠪᠴᠢᠶ᠎ᠡ ᠶᠢ ᠥᠷᠭᠡᠳᠬᠡᠨ᠂ ᠵᠢᠯ ᠤᠨ ᠳᠣᠲᠣᠷ᠎ᠠ 3400 | ᠬᠥᠮᠦᠨ ᠠᠴᠠ ᠳᠡᠭᠡᠭᠰᠢ ᠮᠠᠯᠴᠢᠨ ᠲᠠᠷᠢᠶᠠᠴᠢᠨ ᠳᠤ ᠪᠣᠯᠪᠠᠰᠤᠷᠠᠭᠤᠯᠤᠯ ᠬᠦᠷᠲᠡᠭᠡᠬᠦ ᠶᠢ ᠪᠡᠶᠡᠯᠡᠭᠦᠯᠵᠦ᠂ ︽ᠠᠵᠢᠯ ᠪᠠᠶᠢᠬᠤ ᠳᠤ ᠬᠢᠬᠦ ᠬᠥᠮᠦᠨ ᠦᠭᠡᠢ︾ ᠪᠠ ︽ | ᠬᠦᠮᠦᠨ ᠪᠠᠶᠢᠬᠤ ᠳᠤ ᠠᠵᠢᠯ ᠦᠭᠡᠢ︾ ᠠᠰᠠᠭᠤᠳᠠᠯ ᠵᠡᠷᠭᠡᠪᠡᠷ ᠤᠷᠤᠰᠢᠵᠤ ᠪᠠᠶᠢᠬᠤ ᠶᠢ ᠰᠠᠶᠢᠲᠤᠷ ᠰᠢᠢᠳᠪᠦᠷᠢᠯᠡᠨ᠎ᠡ᠃ ᠠᠵᠢᠯ ᠤᠯᠭᠤᠬᠤ ᠦᠢᠯᠡᠴᠢᠯᠡᠭᠡᠨ ᠤ | ᠲᠤᠭᠲᠠᠯᠴᠠᠭ᠎ᠠ ᠶᠢ ᠪᠦᠷᠢᠨᠰᠢᠭᠦᠯᠵᠦ᠂ ᠲᠤᠰ ᠭᠠᠵᠠᠷ ᠤᠷᠤᠨ ᠤ ᠠᠵᠢᠯ ᠤᠨ ᠪᠠᠶᠢᠷᠢ ᠶᠢᠨ ᠬᠠᠩᠭᠠᠯᠭ᠎ᠠ ᠶᠢ ᠨᠡᠮᠡᠭᠳᠡᠭᠦᠯᠵᠦ᠂ ᠲᠤᠰ ᠭᠠᠵᠠᠷ ᠤᠷᠤᠨ ᠤ ᠠᠵᠤ | ᠦᠢᠯᠡᠰ ᠤᠨ ᠠᠵᠢᠯ ᠣᠯᠭᠤᠯᠲᠠ ᠶᠢᠨ ᠲᠠᠲᠠᠬᠤ ᠬᠦᠴᠦᠨ ᠢ ᠶᠡᠬᠡᠰᠭᠡᠵᠦ᠂ ᠠᠵᠢᠯ ᠡᠷᠢᠵᠦ ᠠᠵᠢᠯᠴᠢᠨ ᠬᠡᠷᠡᠭᠯᠡᠬᠦ ︽ᠨᠢᠭᠡ ᠰᠦᠯᠵᠢᠶ᠎ᠡ ᠪᠠᠷ ᠨᠡᠪᠲᠡᠷᠡᠭᠦᠯᠬᠦ︾ | ᠲᠠᠪᠴᠠᠩ ᠢ ᠲᠦᠷᠭᠡᠪᠴᠢᠯᠡᠨ ᠪᠠᠶᠢᠭᠤᠯᠵᠤ᠂ ᠠᠵᠢᠯᠴᠢᠨ ᠬᠡᠷᠡᠭᠯᠡᠬᠦ ᠪᠠ ᠠᠵᠢᠯ ᠡᠷᠢᠬᠦ ᠮᠡᠳᠡᠭᠡ ᠵᠠᠩᠭᠢ ᠶᠢ ᠴᠠᠭ ᠲᠤᠬᠠᠶ ᠳᠤᠨᠢ ᠣᠨᠣᠴᠠᠲᠠᠶ ᠨᠡᠶᠢᠲᠡᠯᠡᠵᠦ᠂ ᠬᠠᠩᠭᠠᠯᠭ᠎ᠠ | ᠬᠡᠷᠡᠭᠴᠡᠭᠡ ᠶᠢᠨ ᠬᠤᠶᠠᠷ ᠲᠦᠢᠯ ᠢ ᠣᠨᠣᠴᠠᠲᠠᠶ ᠵᠣᠯᠭᠠᠭᠤᠯᠬᠤ ᠶᠢ ᠠᠬᠢᠭᠤᠯᠵᠤ᠂ ᠲᠤᠰ ᠭᠠᠵᠠᠷ ᠤᠷᠤᠨ ᠤ ᠠᠵᠢᠯᠴᠢᠨ ᠬᠡᠷᠡᠭᠯᠡᠬᠦ ᠨᠤᠷᠮ᠎ᠠ ᠶᠢ ᠬᠠᠮᠤᠭ ᠶᠡᠭᠡ | ᠬᠡᠮᠵᠢᠶ᠎ᠡ ᠪᠠᠷ ᠳᠡᠭᠡᠭᠰᠢᠯᠡᠭᠦᠯᠦᠨ᠎ᠡ᠃ ᠬᠥᠳᠡᠯᠮᠦᠷᠢ ᠶᠢᠨ ᠡᠷᠬᠡ ᠠᠰᠢᠭ ᠤᠨ ᠬᠠᠮᠠᠭᠠᠯᠠᠯᠲᠠ ᠶᠢ ᠴᠢᠩᠭᠠᠳᠬᠠᠨ᠂ ᠮᠠᠯᠴᠢᠨ ᠲᠠᠷᠢᠶᠠᠴᠢᠨ ᠬᠦᠴᠦ ᠶᠠᠪᠤᠭᠰᠠᠳ ᠲᠤ ᠴᠠᠯᠢᠩ | ᠥᠭᠬᠦ ᠪᠠᠲᠤᠯᠠᠭ᠎ᠠ ᠶᠢᠨ ᠠᠵᠢᠯ ᠢ ᠰᠠᠶᠢᠲᠤᠷ ᠬᠢᠵᠦ᠂ ᠬᠥᠳᠡᠯᠮᠦᠷᠢᠴᠢᠳ ᠤᠨ ᠡᠷᠬᠡ ᠠᠰᠢᠭ ᠢ ᠪᠦᠬᠦ ᠨᠡᠶᠢᠭᠡᠮ ᠢᠶᠠᠷ ᠢᠶᠠᠨ ᠬᠠᠯᠠᠮᠵᠢᠯᠠᠨ ᠬᠠᠮᠠᠭᠠᠯᠠᠬᠤ ᠠᠰᠤᠷᠤ ᠰᠠᠶᠢᠨ | ᠠᠭᠤᠷ ᠠᠮᠢᠰᠬᠤᠯ ᠢ ᠪᠤᠢ ᠪᠤᠯᠭᠠᠨ᠎ᠠ᠃ ᠨᠡᠶᠢᠭᠡᠮ ᠤᠨ ᠪᠠᠲᠤᠯᠠᠭ᠎ᠠ ᠶᠢᠨ ᠲᠤᠭᠲᠠᠯᠴᠠᠭ᠎ᠠ ᠶᠢ ᠪᠦᠷᠢᠨᠰᠢᠬᠦᠯᠦᠨ᠎ᠡ᠃ ᠨᠡᠶᠢᠭᠡᠮ ᠤᠨ ᠳᠠᠭᠠᠳᠬᠠᠯ ᠤᠨ ᠬᠠᠮᠤᠷᠬᠤ | ᠬᠡᠪᠴᠢᠶ᠎ᠡ ᠶᠢ ᠦᠷᠭᠦᠯᠵᠢᠯᠡᠨ ᠥᠷᠭᠡᠳᠬᠡᠵᠦ᠂ ᠬᠠᠤᠯᠢ ᠪᠠᠷ ᠲᠣᠭᠲᠠᠭᠠᠭᠰᠠᠨ ᠳᠠᠭᠠᠳᠬᠠᠯ ᠳᠤ ᠤᠷᠤᠯᠴᠠᠭᠰᠠᠳ ᠢ 5000 ᠬᠦᠮᠦᠨ ᠠᠴᠠ ᠳᠡᠭᠡᠭᠰᠢ ᠳᠤ ᠬᠦᠷᠭᠡᠨ᠎ᠡ᠃ | ᠦᠨᠳᠦᠰᠦᠨ ᠡᠮᠴᠢᠯᠡᠭᠡᠨ ᠤ ᠳᠠᠭᠠᠳᠬᠠᠯ ᠳᠤ ᠣᠷᠣᠯᠴᠠᠬᠤ ᠪᠠᠶᠢᠩᠭᠤ ᠪᠦᠲᠦᠮᠵᠢᠲᠡᠶ ᠲᠣᠭᠲᠠᠴᠠ ᠶᠢ ᠪᠦᠷᠢᠨᠰᠢᠬᠦᠯᠵᠦ᠂ ᠳᠠᠭᠠᠳᠬᠠᠯ ᠳᠤ ᠤᠷᠤᠯᠴᠠᠬᠤ ᠨᠣᠷᠮ᠎ᠠ ᠶᠢ | 95% ᠠᠴᠠ ᠳᠡᠭᠡᠭᠰᠢ ᠳᠤ ᠲᠣᠭᠲᠠᠪᠤᠷᠢᠵᠢᠭᠤᠯᠤᠨ᠎ᠠ᠃ ᠡᠮᠴᠢᠯᠡᠭᠡᠨ ᠤ ᠳᠠᠭᠠᠳᠬᠠᠯ ᠤᠨ ᠰᠠᠭᠤᠷᠢ ᠮᠥᠩᠭᠦ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠷᠠᠭᠤᠯᠵᠤ᠂ | ᠣᠯᠠᠨ ᠲᠦᠮᠡᠨ ᠤ ᠡᠪᠡᠳᠴᠢᠨ ᠦᠵᠡᠭᠦᠯᠬᠦ ︽ᠠᠮᠢ ᠠᠪᠤᠷᠬᠠᠤ ᠵᠣᠭᠤᠰ︾ ᠢ ᠰᠠᠶᠢᠲᠤᠷ ᠬᠠᠮᠢᠶᠠᠷᠴᠤ᠂ ᠵᠢᠷᠦᠬᠡ᠂ ᠡᠯᠢᠭᠡ ᠵᠡᠷᠭᠡ ᠶᠢ ᠰᠢᠯᠵᠢᠭᠦᠯᠦᠨ ᠤᠷᠭᠤᠭᠤᠯᠬᠤ | ᠣᠨᠣᠰᠢᠯᠠᠨ ᠡᠮᠨᠡᠬᠦ ᠲᠥᠷᠥᠯ ᠵᠦᠢᠯ ᠪᠠ ᠬᠦᠩᠭᠡᠵᠢᠨ ᠬᠤᠴᠢᠯᠭᠠᠯᠠᠬᠤ ᠲᠥᠷᠥᠯ ᠵᠦᠢᠯ ᠢ ᠡᠮᠴᠢᠯᠡᠭᠡᠨ ᠤ ᠳᠠᠭᠠᠳᠬᠠᠯ ᠤᠨ ᠰᠠᠭᠤᠷᠢ ᠮᠥᠩᠭᠦ ᠶᠢᠨ ᠲᠣᠭᠠᠴᠠᠭ᠎ᠠ ᠬᠢᠬᠦ | ᠬᠡᠪᠴᠢᠶᠡᠨ ᠳᠤ ᠣᠷᠣᠭᠤᠯᠵᠤ᠂ ᠣᠷᠣᠨ ᠤ ᠳᠣᠲᠣᠷ᠎ᠠ ᠭᠠᠳᠠᠨᠠᠬᠢ ᠣᠶᠢᠷ᠎ᠠ ᠲᠥᠷᠥᠯ ᠰᠠᠳᠤᠨ ᠤ ᠬᠤᠪᠢ ᠬᠥᠮᠦᠨ ᠤ ᠡᠮ ᠡᠮᠨᠡᠯᠭᠡ ᠶᠢᠨ ᠳᠠᠭᠠᠳᠬᠠᠯ ᠤᠨ ᠲᠠᠩᠰᠠᠨ | ᠡᠷᠦᠬᠡ ᠶᠢ ᠮᠤᠵᠢ ᠠᠯᠤᠰᠯᠠᠨ ᠬᠠᠮᠲᠤ ᠪᠠᠷ ᠬᠡᠷᠡᠭᠯᠡᠬᠦ ᠶᠢ ᠪᠡᠶᠡᠯᠡᠭᠦᠯᠵᠦ᠂ ᠡᠪᠡᠳᠴᠢᠲᠡᠨ ᠤ ᠡᠮᠴᠢᠯᠡᠭᠡᠨ ᠤ ᠵᠠᠷᠤᠳᠠᠯ ᠤᠨ ᠳᠠᠷᠤᠭᠠᠰᠤ ᠶᠢ ᠬᠥᠩᠭᠡᠷᠡᠭᠦᠯᠦᠨ᠎ᠡ᠃ | ᠣᠷᠣᠯᠭ᠎ᠠ ᠪᠠᠭᠠᠲᠠᠶ ᠬᠥᠮᠦᠨ ᠠᠮᠠ ᠶᠢᠨ ᠬᠥᠳᠡᠯᠦᠩᠭᠦᠶ ᠪᠠᠶᠢᠳᠠᠯ ᠢ ᠬᠢᠨᠠᠨ ᠰᠢᠨᠵᠢᠬᠦ ᠪᠠ ᠪᠠᠶᠢᠩᠭᠤᠵᠢᠭᠰᠠᠨ ᠠᠪᠤᠷᠠᠨ ᠲᠤᠰᠠᠯᠠᠵᠤ ᠬᠠᠪᠰᠤᠷᠤᠨ ᠲᠡᠳᠬᠦᠬᠦ ᠶᠢ | ᠴᠢᠩᠭᠠᠷᠠᠭᠤᠯᠤᠨ᠎ᠠ᠃ ᠭᠤᠷᠪᠠᠨ ᠱᠠᠲᠤᠨ ᠤ ᠨᠠᠰᠤᠵᠢᠯ ᠤᠨ ᠦᠢᠯᠡᠴᠢᠯᠡᠭᠡᠨ ᠤ ᠲᠤᠤᠷ ᠰᠦᠯᠵᠢᠶ᠎ᠡ ᠶᠢᠨ ᠪᠠᠶᠢᠭᠤᠯᠤᠯᠲᠠ ᠶᠢ ᠲᠦᠷᠭᠡᠳᠬᠡᠨ᠂ ᠦᠨᠳᠦᠰᠦᠨ ᠱᠠᠲᠤᠨ ᠤ | ᠨᠠᠰᠤᠵᠢᠯ ᠤᠨ ᠦᠢᠯᠡᠴᠢᠯᠡᠭᠡᠨ ᠤ ᠴᠢᠨᠠᠷ ᠢ ᠳᠡᠭᠡᠭᠰᠢᠯᠡᠭᠦᠯᠦᠨ᠎ᠡ᠃ ᠰᠤᠷᠭᠠᠨ ᠬᠥᠮᠦᠵᠢᠯ ᠤᠨ ᠲᠡᠩᠴᠡᠭᠦᠷᠢᠲᠡᠢ ᠬᠥᠭᠵᠢᠯᠲᠡ ᠶᠢ ᠠᠬᠢᠭᠤᠯᠤᠨ᠎ᠠ᠃ ︽ᠬᠤᠤᠰ | ᠡᠭᠦᠳᠦᠯᠲᠡ︾ ᠶᠢᠨ ᠠᠵᠢᠯ ᠢ ᠠᠬᠢᠭᠤᠯᠵᠤ᠂ ᠲᠦᠭᠡᠮᠡᠯ ᠬᠠᠷᠠᠭᠠᠯᠵᠠᠯ ᠤᠨ ᠴᠢᠨᠠᠷᠲᠠᠢ ᠬᠡᠦᠬᠡᠳ ᠤᠨ ᠴᠡᠴᠡᠷᠯᠢᠭ ᠤᠨ ᠪᠦᠷᠬᠦᠯᠲᠡ ᠶᠢᠨ ᠨᠤᠷᠮ᠎ᠠ ᠶᠢ 89% ᠠᠴᠠ | ᠳᠡᠭᠡᠭᠰᠢ ᠳᠤ ᠲᠣᠭᠲᠠᠪᠤᠷᠢᠵᠢᠭᠤᠯᠵᠤ᠂ ︽ᠬᠤᠶᠠᠷ ᠢ ᠬᠦᠩᠭᠡᠷᠡᠭᠦᠯᠬᠦ︾ ᠵᠠᠰᠠᠯᠲᠠ ᠶᠢᠨ ᠦᠷ᠎ᠡ ᠪᠦᠲᠦᠭᠡᠯ ᠢ ᠪᠠᠬᠢᠵᠢᠬᠦᠯᠵᠦ᠂ ᠠᠯᠪᠠᠨ ᠵᠢᠷᠤᠮ ᠤᠨ ᠰᠤᠷᠭᠠᠨ | ᠬᠥᠮᠦᠵᠢᠯ ᠤᠨ ᠵᠢᠭᠠᠨ ᠰᠤᠷᠭᠠᠯᠲᠠ ᠶᠢᠨ ᠶᠠᠰᠤ ᠴᠢᠨᠠᠷ ᠢ ᠳᠡᠭᠡᠭᠰᠢᠯᠡᠬᠦᠯᠦᠨ᠎ᠡ᠃ ᠠᠯᠪᠠᠨ ᠠᠴᠠ ᠡᠷᠬᠢᠯᠡᠭᠰᠡᠨ ᠬᠡᠦᠬᠡᠳ ᠤᠨ ᠴᠡᠴᠡᠷᠯᠢᠭ ᠢ 3 ᠦᠷᠬᠦᠯᠵᠢᠯᠡᠨ | ᠪᠠᠶᠢᠭᠤᠯᠵᠤ᠂ ᠬᠦᠯᠦᠨ ᠪᠤᠶᠢᠷ ᠤᠨ ᠠᠵᠢᠯ ᠮᠡᠷᠭᠡᠵᠢᠯ ᠤᠨ ᠳᠡᠭᠡᠳᠤ ᠰᠤᠷᠭᠠᠭᠤᠯᠢ ᠶᠢᠨ ᠡᠮᠦᠨ᠎ᠡ ᠲᠤᠭᠤᠷᠢᠭ᠂ ᠰᠢᠨ᠎ᠡ ᠲᠣᠭᠤᠷᠢᠭ ᠤᠨ ᠪᠤᠶᠢᠷ ᠪᠠᠭ᠎ᠠ | ᠰᠤᠷᠭᠠᠭᠤᠯᠢ ᠶᠢᠨ ᠥᠷᠭᠡᠳᠬᠡᠨ ᠪᠠᠶᠢᠭᠤᠯᠬᠤ ᠢᠨᠵᠧᠨᠧᠷᠢᠩ ᠢ ᠨᠠᠮᠤᠷ ᠤᠨ ᠤᠯᠠᠷᠢᠯ ᠤᠨ ᠰᠤᠷᠤᠯᠭ᠎ᠠ ᠶᠢᠨ ᠬᠤᠭᠤᠴᠠᠭᠠᠨ ᠳᠤ ᠠᠰᠢᠭᠯᠠᠯᠲᠠ ᠳᠤ ᠣᠷᠣᠭᠤᠯᠬᠤ ᠶᠢ | ᠠᠬᠢᠭᠤᠯᠤᠨ᠎ᠠ᠃ ᠥᠨᠳᠥᠷ ᠳᠤᠮᠳᠠᠳᠤ ᠳᠤ ᠳᠡᠪᠰᠢᠬᠦ ᠰᠢᠯᠭᠠᠯᠲᠠ ᠪᠠ ᠶᠡᠭᠡ ᠳᠡᠭᠡᠳᠦ ᠰᠤᠷᠭᠠᠭᠤᠯᠢ ᠳᠤ ᠳᠡᠪᠰᠢᠬᠦ ᠰᠢᠯᠭᠠᠯᠲᠠ ᠶᠢᠨ ᠥᠭᠡᠷᠡᠴᠢᠯᠡᠯᠲᠡ ᠶᠢ | ᠲᠣᠭᠲᠠᠭᠤᠨ ᠢᠶᠠᠷ ᠠᠬᠢᠭᠤᠯᠵᠤ᠂ ᠤᠳᠤ ᠦᠶ᠎ᠡ ᠶᠢᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠲᠤᠭᠲᠠᠯᠴᠠᠭ᠎ᠠ ᠶᠢᠨ ᠪᠠᠶᠢᠭᠤᠯᠤᠯᠲᠠ ᠶᠢ ᠲᠦᠷᠭᠡᠳᠬᠡᠵᠦ᠂ | ᠬᠤᠳᠠ ᠶᠢᠨ ᠬᠡᠪᠴᠢᠶᠡᠨ ᠳᠠᠬᠢ 4 ᠶᠡᠭᠡ ᠳᠡᠭᠡᠳᠦ ᠰᠤᠷᠭᠠᠭᠤᠯᠢ ᠶᠢᠨ ᠰᠤᠷᠭᠠᠭᠤᠯᠢ ᠡᠷᠬᠢᠯᠡᠵᠤ ᠬᠥᠭᠵᠢᠬᠦ ᠶᠢ ᠲᠡᠮᠵᠢᠨ᠎ᠠ᠃ ᠡᠯ᠎ᠡ ᠬᠢᠴᠢᠶᠡᠯ ᠲᠦᠷᠦᠯ ᠳᠤ ᠤᠯᠤᠰ ᠤᠨ | ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠤᠨ ᠬᠡᠪᠯᠡᠯ ᠤᠨ ᠵᠢᠭᠠᠬᠤ ᠮᠠᠲ᠋ᠧᠷᠢᠶᠠᠯ ᠬᠡᠷᠡᠭᠯᠡᠬᠦ ᠠᠵᠢᠯ ᠢ ᠯᠠᠪᠳᠠᠭᠤᠨ ᠢᠶᠠᠷ ᠠᠬᠢᠭᠤᠯᠤᠨ᠎ᠠ᠃ ᠪᠠᠭᠰᠢ ᠶᠢᠨ | ᠡᠩᠨᠡᠭᠡᠨ ᠤ ᠪᠦᠬᠦᠯᠢ ᠴᠣᠭᠴᠠ ᠶᠢᠨ ᠬᠡᠪ ᠴᠢᠨᠠᠷ ᠢ ᠶᠡᠬᠡᠪᠡᠷ ᠳᠡᠭᠡᠭᠰᠢᠯᠡᠭᠦᠯᠦᠨ᠎ᠡ᠃ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠲᠣᠭᠲᠠᠭᠤᠨ ᠤ ᠪᠠᠲᠤᠯᠠᠭ᠎ᠠ ᠶᠢ | ᠴᠢᠩᠭᠠᠷᠠᠭᠤᠯᠤᠨ᠂ ᠠᠯᠪᠠᠨ ᠠᠴᠠ ᠡᠷᠭᠢᠯᠡᠭᠰᠡᠨ 54 ᠳᠤᠮᠳᠠᠳᠤ ᠪᠠᠭ᠎ᠠ ᠰᠤᠷᠭᠠᠭᠤᠯᠢ᠂ ᠬᠡᠦᠬᠡᠳ ᠤᠨ ᠴᠡᠴᠡᠷᠯᠢᠭ ᠤᠨ ᠡᠭᠦᠳᠡᠨ ᠳᠤᠨᠢ ᠮᠦᠷᠬᠦᠬᠦ ᠠᠴᠠ ᠰᠡᠷᠭᠡᠶᠢᠯᠡᠬᠦ | ᠪᠠᠭᠠᠨ᠎ᠠ ᠪᠠ ᠬᠠᠯᠬᠠᠪᠴᠢ ᠬᠡᠷᠡᠰᠬᠡ ᠵᠡᠷᠭᠡ ᠠᠮᠤᠷ ᠲᠦᠪᠰᠢᠨ ᠤ ᠰᠡᠷᠭᠡᠶᠢᠯᠡᠨ ᠬᠠᠮᠠᠭᠠᠯᠠᠬᠤ ᠪᠡᠯᠡᠳᠬᠡᠮᠵᠢ ᠤᠭᠰᠠᠷᠠᠨ᠎ᠠ᠃ |