ᠰᠢᠶᠠᠨ ᠤ ᠬᠡᠪᠴᠢᠶᠡᠨ ᠤ ᠬᠤᠯᠪᠣᠯᠳᠤᠨ ᠬᠥᠭᠵᠢᠬᠦ ᠶᠢ ᠠᠬᠢᠭᠤᠯᠤᠨ᠎ᠠ᠃ | ᠰᠢᠶᠠᠨ ᠤ ᠬᠡᠪᠴᠢᠶᠡᠨ ᠤ ᠵᠣᠬᠢᠴᠠᠩᠭᠤᠶ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢ ᠭᠦᠨᠵᠡᠭᠡᠶ ᠬᠡᠷᠡᠭᠵᠢᠭᠦᠯᠵᠦ᠂ ︽ᠲᠠᠷᠢᠶᠠᠯᠠᠬᠤ ᠮᠠᠯᠵᠢᠬᠤ ᠰᠢᠭᠤᠶᠢᠲᠤ | ᠬᠤᠲᠠ ᠬᠢᠯᠢ ᠬᠦᠷᠢᠶᠡᠯᠡᠩ︾ ᠵᠢᠷᠭᠤᠭᠠᠨ ᠲᠣᠭᠤᠷᠢᠭ ᠢ ᠠᠭᠤᠰᠤᠯᠴᠠᠭᠤᠯᠤᠨ ᠬᠦᠭᠵᠢᠬᠦᠯᠬᠦ ᠶᠢ ᠨᠢᠭᠡᠳᠦᠯᠳᠡᠢ ᠲᠦᠯᠦᠪᠯᠡᠨ᠂ ᠰᠢᠶᠠᠨ ᠤ ᠬᠡᠪᠴᠢᠶᠡᠨ ᠤ ᠬᠤᠭᠤᠷᠣᠨᠳᠣ | ᠡᠬᠢ ᠪᠠᠶᠠᠯᠢᠭ ᠢ ᠡᠮᠬᠢᠯᠡᠨ ᠨᠡᠶᠢᠯᠡᠭᠦᠯᠬᠦ᠂ ᠬᠠᠮᠲᠤᠷᠠᠨ ᠬᠤᠳᠠᠯᠳᠤᠭᠠᠴᠢᠨ ᠤᠷᠢᠬᠤ᠂ ᠠᠵᠤ ᠦᠢᠯᠡᠰ ᠢ ᠬᠠᠮᠲᠤᠪᠠᠷ ᠪᠠᠶᠢᠭᠤᠯᠬᠤ᠂ ᠴᠢᠳᠠᠪᠤᠷᠢᠲᠠᠨ ᠢ ᠬᠠᠮᠲᠤᠪᠠᠷ | ᠬᠡᠷᠡᠭᠯᠡᠬᠦ ᠶᠢ ᠵᠤᠷᠢᠭᠵᠢᠭᠤᠯᠵᠤ᠂ ᠣᠷᠣᠨ ᠪᠦᠰᠡ ᠶᠢᠨ ᠴᠢᠳᠠᠮᠵᠢ ᠪᠠ ᠭᠤᠤᠯᠯᠠᠬᠤ ᠠᠵᠤ ᠦᠢᠯᠡᠰ ᠢ ᠳᠤᠳᠤᠷᠬᠠᠶᠢᠯᠠᠨ᠂ ᠳᠡᠭᠡᠳᠦ ᠳᠤᠤᠷᠠᠳᠤ ᠱᠠᠲᠤ ᠶᠢ ᠵᠤᠯᠭᠠᠭᠤᠯᠬᠤ᠂ | ᠵᠡᠭᠦᠨ ᠪᠠᠷᠠᠭᠤᠨ ᠤᠷᠤᠨ ᠬᠤᠯᠪᠣᠭᠠᠯᠠᠨ ᠬᠥᠳᠡᠯᠦᠯᠴᠡᠬᠦ ᠬᠥᠭᠵᠢᠯᠲᠡ ᠶᠢᠨ ᠲᠤᠭᠲᠠᠮᠵᠢ ᠶᠢ ᠪᠠᠶᠢᠭᠤᠯᠤᠨ᠎ᠠ᠃ ᠲᠦᠪ ᠬᠤᠲᠠ ᠲᠣᠭᠤᠷᠢᠭ ᠤᠨ ᠡᠬᠢ ᠪᠠᠶᠠᠯᠢᠭ | ᠲᠥᠪᠯᠡᠷᠡᠭᠰᠡᠨ ᠳᠠᠪᠠᠭᠤᠯᠢᠭ ᠢᠶᠠᠨ ᠪᠠᠳᠠᠷᠠᠭᠤᠯᠬᠤ ᠶᠢ ᠳᠡᠮᠵᠢᠵᠦ᠂ ᠠᠵᠤ ᠦᠢᠯᠡᠰ ᠤᠨ ᠳᠠᠶᠢᠴᠢᠯᠠᠯ ᠢ ᠴᠢᠩᠭᠠᠳᠬᠠᠨ᠂ ᠬᠡᠷᠡᠭᠯᠡᠭᠡᠨ ᠤ ᠳᠠᠯᠳᠠ ᠬᠦᠴᠦᠨ ᠢ | ᠪᠠᠳᠠᠷᠠᠭᠤᠯᠵᠤ᠂ ᠦᠢᠯᠡᠴᠢᠯᠡᠭᠡᠨ ᠤ ᠲᠦᠪᠰᠢᠨ ᠢ ᠦᠨᠳᠦᠷᠵᠢᠬᠦᠯᠦᠨ᠂ ᠣᠷᠣᠨ ᠪᠦᠰᠡ ᠶᠢᠨ ᠬᠥᠭᠵᠢᠯᠲᠡ ᠶᠢᠨ ᠭᠤᠤᠯᠯᠠᠭᠴᠢ ᠳᠠᠭᠠᠭᠠᠬᠤ ᠴᠢᠳᠠᠪᠤᠷᠢ ᠶᠢ | ᠳᠡᠭᠡᠭᠰᠢᠯᠡᠬᠦᠯᠦᠨ᠎ᠡ᠃ ᠲᠠᠷᠢᠶᠠᠯᠠᠬᠤ ᠣᠷᠣᠨ ᠤ ᠬᠥᠮᠦᠨ ᠠᠮᠠ ᠶᠢᠨ ᠳᠠᠪᠠᠭᠤᠯᠢᠭ ᠢᠶᠠᠨ ᠪᠠᠳᠠᠷᠠᠭᠤᠯᠬᠤ ᠶᠢ ᠳᠡᠮᠵᠢᠵᠦ᠂ ᠰᠠᠭᠤᠭ᠎ᠠ ᠭᠠᠵᠠᠷ ᠤᠨ ᠬᠦᠲᠦᠴᠢ ᠠᠵᠤ | ᠠᠬᠤᠶᠢᠯᠠᠯ ᠤᠨ ᠳᠠᠶᠢᠴᠢᠯᠠᠬᠤ ᠦᠢᠯᠡᠳᠦᠯ ᠢ ᠪᠠᠳᠠᠷᠠᠭᠤᠯᠵᠤ᠂ ︽ᠠᠮᠤ ᠪᠤᠳᠠᠭᠠᠨ ᠤ ᠦᠢᠯᠡᠳᠪᠦᠷᠢᠯᠡᠯ ᠢᠶᠠᠷ ᠲᠦᠷᠦᠭᠦᠯᠡᠵᠦ ᠢᠳᠡᠭᠡᠨ ᠤ ᠡᠳ᠋ᠰᠢᠭᠦᠯᠦᠨ | ᠪᠤᠯᠪᠠᠰᠤᠷᠠᠭᠤᠯᠤᠯᠲᠠ ᠪᠠᠷ ᠬᠠᠪᠰᠤᠷᠭᠠᠬᠤ︾ ︽ᠲᠠᠷᠢᠶᠠᠯᠠᠩ ᠢᠶᠠᠷ ᠲᠦᠷᠦᠭᠦᠯᠡᠵᠦ ᠠᠵᠤ ᠦᠢᠯᠡᠳᠪᠦᠷᠢ ᠪᠠᠷ ᠬᠠᠪᠰᠤᠷᠭᠠᠬᠤ︾ ᠵᠤᠬᠢᠶᠠᠯ ᠢ ᠰᠠᠶᠢᠲᠤᠷ ᠵᠤᠬᠢᠶᠠᠵᠤ᠂ | ᠤᠯᠠᠨ ᠠᠷᠭ᠎ᠠ ᠵᠠᠮ ᠢᠶᠠᠷ ᠲᠠᠷᠢᠶᠠᠴᠢᠳ ᠤᠨ ᠣᠷᠣᠯᠭ᠎ᠠ ᠶᠢ ᠨᠡᠮᠡᠭᠳᠡᠬᠦᠯᠦᠨ᠎ᠡ᠃ ᠮᠠᠯᠵᠢᠬᠤ ᠣᠷᠣᠨ ᠤ ᠮᠠᠯ ᠪᠡᠯᠴᠢᠭᠡᠷ ᠤᠨ ᠡᠬᠢ ᠪᠠᠶᠠᠯᠢᠭ ᠤᠨ ᠳᠠᠪᠠᠭᠤᠯᠢᠭ ᠢᠶᠠᠨ | ᠪᠠᠳᠠᠷᠠᠭᠤᠯᠬᠤ ᠶᠢ ᠳᠡᠮᠵᠢᠵᠦ᠂ ᠠᠵᠤ ᠦᠢᠯᠡᠳᠪᠦᠷᠢᠵᠢᠯᠲᠡ ᠶᠢᠨ ᠰᠡᠳᠬᠢᠬᠦᠶ ᠪᠠᠷ ᠮᠠᠯ ᠠᠵᠤ ᠠᠬᠤᠶ ᠶᠢᠨ ᠦᠢᠯᠡᠳᠪᠦᠷᠢᠯᠡᠯ ᠢ ᠠᠳᠬᠤᠵᠤ᠂ ᠤᠯᠠᠮᠵᠢᠯᠠᠯᠲᠤ ᠮᠠᠯ ᠠᠵᠤ | ᠠᠬᠤᠶ ᠶᠢᠨ ᠬᠡᠯᠪᠡᠷᠢ ᠶᠢ ᠬᠤᠪᠢᠷᠠᠭᠤᠯᠤᠨ ᠳᠡᠰ ᠳᠡᠪᠰᠢᠬᠦᠯᠬᠦ ᠶᠢ ᠲᠦᠷᠭᠡᠳᠬᠡᠵᠦ᠂ ᠮᠠᠯᠵᠢᠬᠤ ᠣᠷᠣᠨ ᠤ ᠦᠨᠳᠦᠰᠦᠨ ᠱᠠᠲᠤᠨ ᠤ ᠣᠯᠠᠨ ᠨᠡᠶᠢᠲᠡ ᠶᠢᠨ | ᠦᠢᠯᠡᠴᠢᠯᠡᠭᠡᠨ ᠤ ᠲᠤᠭᠲᠠᠯᠴᠠᠭ᠎ᠠ ᠶᠢ ᠲᠦᠷᠭᠡᠳᠬᠡᠨ ᠲᠡᠭᠦᠯᠳᠡᠷᠵᠢᠭᠦᠯᠦᠨ᠎ᠡ᠃ ᠣᠶᠢᠲᠤ ᠣᠷᠣᠨ ᠤ ᠣᠢ ᠰᠢᠭᠤᠢ ᠶᠢᠨ ᠡᠬᠢ ᠪᠠᠶᠠᠯᠢᠭ ᠢ ᠰᠠᠶᠢᠲᠤᠷ ᠬᠡᠷᠡᠭᠯᠡᠬᠦ ᠶᠢ | ᠳᠡᠮᠵᠢᠵᠦ᠂ ᠣᠢ ᠰᠢᠭᠤᠶ ᠨᠤᠲᠤᠭ ᠪᠡᠯᠴᠢᠭᠡᠷ ᠤᠨ ᠡᠬᠢ ᠪᠠᠶᠠᠯᠢᠭ ᠤᠨ ᠬᠠᠮᠢᠶᠠᠷᠤᠯᠲᠠ ᠶᠢᠨ ᠲᠥᠷᠥ ᠶᠢᠨ ᠪᠣᠳᠣᠯᠭ᠎ᠠ ᠶᠢ ᠦᠷᠭᠦᠯᠵᠢᠯᠡᠨ ᠲᠡᠭᠦᠯᠳᠡᠷᠵᠢᠭᠦᠯᠵᠦ᠂ | ᠨᠡᠭᠡᠭᠡᠨ ᠬᠦᠭᠵᠢᠬᠦᠯᠵᠦ ᠠᠰᠢᠭᠯᠠᠬᠤ ᠠᠷᠭ᠎ᠠ ᠬᠡᠯᠪᠡᠷᠢ ᠶᠢ ᠪᠠᠶᠠᠯᠢᠭᠵᠢᠭᠤᠯᠵᠤ᠂ ︽ᠵᠠᠯᠭᠠᠮᠵᠢᠯᠠᠬᠤ ᠤᠢ ᠲᠠᠢ᠂ ᠵᠠᠯᠭᠠᠮᠵᠢᠯᠠᠬᠤ ᠬᠥᠮᠦᠨ ᠲᠠᠢ︾ ᠪᠠᠶᠢᠬᠤ ᠠᠰᠠᠭᠤᠳᠠᠯ ᠢ | ᠬᠦᠴᠦᠯᠡᠨ ᠰᠢᠢᠳᠪᠦᠷᠢᠯᠡᠵᠦ᠂ ᠥᠪᠥᠷ ᠮᠣᠩᠭᠤᠯ ᠤᠨ ᠣᠶ ᠰᠢᠭᠤᠶ ᠶᠢᠨ ᠠᠵᠤ ᠦᠢᠯᠡᠳᠪᠦᠷᠢ ᠶᠢᠨ ᠪᠦᠯᠦᠭᠯᠡᠯ ᠯᠦᠭᠡ ᠨᠡᠭᠦᠷᠡᠰᠦᠲᠥ᠋ᠷᠥᠭᠴᠢ ᠶᠢᠨ ᠬᠤᠷᠠᠮᠠᠯ᠂ | ᠵᠢᠭᠤᠯᠴᠢᠯᠠᠯ᠂ ᠠᠮᠢ ᠠᠬᠤᠶ ᠶᠢᠨ ᠪᠦᠲᠦᠭᠡᠨ ᠪᠠᠶᠢᠭᠤᠯᠤᠯᠲᠠ᠂ ᠡᠬᠢ ᠪᠠᠶᠠᠯᠢᠭ ᠤᠨ ᠨᠡᠭᠡᠭᠡᠨ ᠬᠦᠭᠵᠢᠭᠦᠯᠦᠯᠲᠡ᠂ ᠰᠠᠭᠤᠷᠢ ᠪᠡᠯᠡᠳᠬᠡᠮᠵᠢ ᠵᠡᠷᠭᠡ ᠬᠦᠷᠢᠶ᠎ᠡ ᠴᠠᠷᠠᠭᠠᠨ ᠤ | ᠬᠠᠮᠲᠤᠷᠠᠯᠴᠠᠭ᠎ᠠ ᠶᠢ ᠭᠦᠨᠵᠡᠭᠡᠶᠢᠷᠡᠬᠦᠯᠦᠨᠡ᠃ ᠬᠢᠯᠢ ᠬᠢᠵᠠᠭᠠᠷ ᠣᠷᠣᠨ ᠤ ᠨᠡᠭᠡᠭᠡᠯᠲᠡ ᠬᠢᠬᠦ ᠳᠠᠪᠠᠭᠤᠯᠢᠭ ᠢᠶᠠᠨ ᠪᠠᠳᠠᠷᠠᠭᠤᠯᠬᠤ ᠶᠢ ᠳᠡᠮᠵᠢᠵᠦ᠂ ᠪᠥᠬᠦ ᠪᠦᠰᠡ ᠶᠢᠨ | ᠬᠢᠯᠢ ᠶᠢᠨ ᠪᠣᠭᠤᠮᠲᠠ ᠪᠠ ᠲᠠᠪᠴᠠᠩ ᠤᠨ ᠡᠬᠢ ᠪᠠᠶᠠᠯᠢᠭ ᠢ ᠡᠮᠬᠢᠯᠡᠨ ᠨᠡᠶᠢᠯᠡᠭᠦᠯᠵᠦ᠂ ᠬᠢᠯᠢ ᠶᠢᠨ ᠪᠣᠭᠤᠮᠲᠠ ᠳᠣᠲᠣᠷ ᠭᠠᠵᠠᠷ ᠤᠨ ᠬᠤᠯᠪᠣᠭᠠᠯᠠᠨ ᠬᠥᠳᠡᠯᠦᠯᠴᠡᠬᠦ ᠶᠢ | ᠠᠬᠢᠭᠤᠯᠤᠨ᠎ᠠ᠃ ᠬᠦᠷᠢᠶᠡᠯᠡᠩ ᠲᠣᠭᠤᠷᠢᠭ ᠤᠨ ᠲᠥᠷᠥ ᠶᠢᠨ ᠪᠣᠳᠣᠯᠭ᠎ᠠ ᠶᠢᠨ ᠳᠠᠪᠬᠤᠴᠠᠯ ᠳᠠᠪᠠᠭᠤᠯᠢᠭ ᠢ ᠪᠠᠳᠠᠷᠠᠭᠤᠯᠵᠤ᠂ ︽ᠰᠢᠭᠤᠳ ᠬᠤᠷᠰᠢᠯᠴᠠᠬᠤ ᠠᠵᠤ | ᠠᠬᠤᠶ︾ ᠶᠢᠨ ᠬᠥᠭᠵᠢᠯᠲᠡ ᠶᠢᠨ ᠵᠠᠭᠪᠤᠷ ᠢ ᠳᠡᠯᠭᠡᠷᠡᠭᠦᠯᠵᠦ᠂ ︽ᠬᠤᠷᠰᠢᠵᠤ ᠤᠷᠤᠬᠤ ᠭᠠᠵᠠᠷ︾ ᠪᠠ ︽ᠬᠤᠷᠰᠢᠵᠤ ᠭᠠᠷᠬᠤ ᠭᠠᠵᠠᠷ︾ ᠤᠨ ᠡᠳ᠋ ᠤᠨ ᠵᠠᠰᠠᠭ | ᠭᠠᠶᠢᠯᠢ ᠶᠢᠨ ᠬᠤᠪᠢᠳᠠᠯ᠂ ᠠᠰᠢᠭ ᠲᠤᠰᠠ ᠶᠢ ᠬᠠᠮᠲᠤ ᠪᠠᠷ ᠡᠳ᠋ᠯᠡᠬᠦ ᠲᠣᠭᠲᠠᠴᠠ ᠶᠢ ᠪᠠᠶᠢᠭᠤᠯᠵᠤ᠂ ᠠᠵᠤ ᠠᠬᠤᠢ ᠶᠢᠨ ᠬᠥᠭᠵᠢᠯᠲᠡ ᠶᠢᠨ ᠲᠥᠪᠯᠡᠷᠡᠯ ᠤᠨ | ᠨᠦᠯᠦᠭᠡᠯᠡᠯ ᠢ ᠳᠡᠭᠡᠭᠰᠢᠯᠡᠬᠦᠯᠦᠨ᠎ᠡ᠃ | ᠰᠠᠭᠤᠷᠢ ᠪᠡᠯᠡᠳᠬᠡᠮᠵᠢ ᠶᠢ ᠲᠦᠷᠭᠡᠪᠴᠢᠯᠡᠨ ᠲᠡᠭᠦᠯᠳᠡᠷᠵᠢᠭᠦᠯᠦᠨ᠎ᠡ᠃ ︽ᠴᠢᠴᠢᠬᠠᠷ ᠬᠠᠶᠢᠯᠠᠷ ᠮᠠᠨᠵᠤᠤᠷ︾᠂ ᠹᠦ᠋ ᠢᠦᠢ ᠠᠴᠠ ᠵᠠᠭᠳᠠᠴᠢ᠂ ᠷᠠᠰᠢᠶᠠᠨ ᠠᠴᠠ | ᠬᠠᠶᠢᠯᠠᠷ᠂ ᠬᠠᠶᠢᠯᠠᠷ ᠠᠴᠠ ᠾᠧᠢ ᠱᠠᠨ ᠳᠧᠦ ᠬᠦᠷᠬᠦ ᠲᠡᠮᠦᠷ ᠵᠠᠮ ᠤᠨ ᠡᠮᠦᠨᠡᠬᠢ ᠬᠤᠭᠤᠴᠠᠭ᠎ᠠ ᠶᠢ ᠦᠷᠭᠦᠯᠵᠢᠯᠡᠨ ᠠᠬᠢᠭᠤᠯᠤᠨ᠎ᠠ᠃ ᠬᠠᠳᠠᠲᠤ ᠠᠴᠠ ᠬᠠᠶᠢᠯᠠᠷ ᠬᠦᠷᠬᠦ | ᠬᠤᠪᠢᠷᠠᠭᠠᠬᠤ ᠢᠨᠵᠧᠨᠧᠷᠢᠩ᠂ ᠬᠦᠷᠢᠶᠡᠲᠦ ᠠᠴᠠ ᠵᠠᠯᠠᠶᠢᠨᠠᠭᠤᠷ ᠬᠦᠷᠬᠦ ᠵᠠᠰᠠᠮᠠᠯ ᠵᠠᠮ ᠵᠡᠷᠭᠡ ᠲᠥᠷᠥᠯ ᠵᠦᠢᠯ ᠢ ᠵᠢᠯ ᠤᠨ ᠳᠣᠲᠣᠷ᠎ᠠ ᠲᠡᠷᠭᠡ ᠨᠡᠪᠲᠡᠷᠡᠭᠦᠯᠵᠦ᠂ ᠭᠡᠭᠡᠨ | ᠭᠤᠣᠯ ᠠᠴᠠ ᠶᠠᠭᠰᠢ ᠬᠦᠷᠬᠦ᠂ ᠽᠢ ᠭᠧᠦ ᠠᠴᠠ ᠳ᠋ᠠᠰᠢᠩ ᠬᠦᠷᠬᠦ᠂ ᠶᠠᠭᠰᠢ ᠠᠴᠠ ᠬᠠᠶᠢᠯᠠᠷ ᠬᠦᠷᠬᠦ ᠵᠡᠷᠭᠡ ᠵᠠᠰᠠᠮᠠᠯ ᠵᠠᠮ ᠤᠨ ᠪᠦᠲᠦᠭᠡᠨ ᠪᠠᠶᠢᠭᠤᠯᠤᠯᠲᠠ ᠶᠢ | ᠲᠦᠷᠭᠡᠳᠬᠡᠨ᠂ ᠮᠦᠬᠦᠴᠢ ᠠᠴᠠ ᠴᠠᠶᠢᠾᠧ ᠬᠦᠷᠬᠦ᠂ ᠵᠠᠯᠠᠨ ᠠᠶᠢᠯ ᠠᠴᠠ ᠶᠢᠨᠾᠧ ᠬᠦᠷᠬᠦ ᠵᠡᠷᠭᠡ ᠵᠠᠰᠠᠮᠠᠯ ᠵᠠᠮ ᠤᠨ ᠠᠷᠠᠴᠢᠯᠠᠨ ᠬᠠᠮᠠᠭᠠᠯᠠᠬᠤ ᠢᠨᠵᠧᠨᠧᠷᠢᠩ ᠢ | ᠬᠡᠷᠡᠭᠵᠢᠭᠦᠯᠵᠦ᠂ ᠮᠠᠨᠵᠤᠤᠷ ᠠᠴᠠ ᠰᠢᠨ᠎ᠡ ᠪᠠᠷᠭᠤ ᠵᠡᠭᠦᠨ ᠬᠤᠰᠢᠭᠤ ᠬᠦᠷᠬᠦ᠂ ᠺᠦᠢ ᠶᠤᠸᠠᠨ ᠣᠢ ᠰᠢᠭᠤᠢ ᠶᠢᠨ ᠲᠠᠯᠠᠪᠠᠢ ᠠᠴᠠ ᠯᠦᠩ ᠳᠧᠦ ᠥᠷᠲᠡᠭᠡ ᠬᠦᠷᠬᠦ᠂ | G10 ᠵᠠᠳᠤᠨ ᠭᠤᠣᠯ ᠢ ᠬᠠᠷᠢᠯᠴᠠᠨ ᠨᠡᠪᠲᠡᠷᠡᠭᠦᠯᠬᠦ᠂ ᠬᠠᠶᠢᠯᠠᠷ ᠤᠨ ᠵᠡᠬᠦᠨ ᠠᠭᠤᠯᠠ ᠨᠢᠰᠬᠡᠯ ᠤᠨ ᠪᠠᠭᠤᠳᠠᠯ ᠤᠨ ᠭᠤᠷᠪᠠᠳᠤᠭᠠᠷ ᠬᠤᠭᠤᠴᠠᠭᠠᠳᠤ ᠵᠡᠷᠭᠡ ᠲᠥᠷᠥᠯ | ᠵᠦᠢᠯ ᠤᠨ ᠡᠮᠦᠨᠡᠬᠢ ᠬᠤᠭᠤᠴᠠᠭᠠᠨ ᠤ ᠰᠢᠪᠲᠤᠯᠤᠯᠲᠠ ᠶᠢ ᠠᠬᠢᠭᠤᠯᠤᠨ᠎ᠠ᠃ ᠠᠷᠤᠨ ᠬᠤᠰᠢᠭᠤᠨ ᠤ 500 ᠺᠢᠯᠤᠸᠠᠲ ᠤᠨ ᠬᠦᠴᠦᠳᠡᠯ ᠬᠤᠪᠢᠰᠬᠠᠬᠤ | ᠢᠨᠵᠧᠨᠧᠷᠢᠩ ᠢ ᠪᠠᠶᠢᠭᠤᠯᠵᠤ᠂ ᠰᠢᠨ᠎ᠡ ᠡᠨᠧᠷᠭᠢ ᠶᠢᠨ ᠲᠣᠣᠷ ᠲᠤ ᠨᠡᠶᠢᠯᠡᠬᠦᠯᠬᠦ ᠬᠡᠷᠡᠭᠴᠡᠭᠡ ᠶᠢ ᠬᠠᠩᠭᠠᠨ᠎ᠠ᠃ ᠬᠥᠳᠡᠭᠡ ᠲᠣᠰᠬᠤᠨ ᠤ ᠴᠠᠬᠢᠯᠭᠠᠨ ᠲᠤᠤᠷ ᠢ | ᠪᠠᠬᠢᠵᠢᠭᠦᠯᠦᠨ ᠳᠡᠭᠡᠭᠰᠢᠯᠡᠭᠦᠯᠬᠦ 228 ᠢᠨᠵᠧᠨᠧᠷᠢᠩ ᠢ ᠬᠡᠷᠡᠭᠵᠢᠭᠦᠯᠦᠨ᠎ᠡ᠃ 5G ᠰᠠᠭᠤᠷᠢ ᠥᠷᠲᠡᠭᠡ ᠶᠢ 600 ᠰᠢᠨ᠎ᠡ ᠪᠠᠷ ᠪᠠᠶᠢᠭᠤᠯᠵᠤ᠂ ᠬᠤᠲᠠ ᠶᠢᠨ | ᠬᠡᠪᠴᠢᠶᠡᠨ ᠤ ᠲᠣᠣᠷ ᠰᠦᠯᠵᠢᠶ᠎ᠡ ᠶᠢᠨ ᠪᠦᠷᠬᠦᠯᠲᠡ ᠶᠢᠨ ᠲᠦᠪᠰᠢᠨ ᠢ ᠳᠡᠭᠡᠭᠰᠢᠯᠡᠭᠦᠯᠦᠨ᠎ᠡ᠃ | ︵ᠵᠢᠷᠭᠤᠭ᠎ᠠ︶ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢ ᠭᠦᠨᠵᠡᠭᠡᠢ ᠠᠬᠢᠭᠤᠯᠵᠤ᠂ ᠪᠣᠬᠢᠷᠲᠤᠯ ᠦᠭᠡᠢ ᠶᠢ ᠰᠠᠬᠢᠨ ᠬᠠᠮᠠᠭᠠᠯᠠᠬᠤ ᠳᠤᠮᠳᠠ | ᠬᠠᠯᠬᠠᠪᠴᠢ ᠶᠢ ᠪᠠᠲᠤ ᠴᠣᠭᠴᠠᠯᠠᠨ᠎ᠠ᠃ ᠠᠭᠤᠯᠠ ᠤᠰᠤ ᠤᠢ ᠲᠠᠷᠢᠶ᠎ᠠ ᠨᠠᠭᠤᠷ ᠪᠡᠯᠴᠢᠭᠡᠷ ᠡᠯᠡᠰᠦ ᠶᠢ ᠨᠢᠭᠡ ᠴᠤᠬᠴᠠᠵᠢᠭᠤᠯᠤᠨ ᠬᠠᠮᠠᠭᠠᠯᠠᠬᠤ ᠪᠠ ᠰᠢᠰᠲ᠋ᠧᠮ ᠲᠠᠢ | ᠵᠠᠰᠠᠬᠤ ᠶᠢ ᠪᠠᠷᠢᠮᠲᠠᠯᠠᠵᠤ᠂ ᠨᠡᠭᠦᠷᠡᠰᠦᠲᠥ᠋ᠷᠥᠭᠴᠢ ᠶᠢ ᠪᠠᠭᠤᠷᠠᠭᠤᠯᠬᠤ᠂ ᠪᠣᠬᠢᠷᠲᠤᠯ ᠢ ᠪᠠᠭᠠᠰᠬᠠᠬᠤ᠂ ᠤᠶᠢᠵᠢᠭᠤᠯᠤᠯᠲᠠ ᠶᠢ ᠥᠷᠭᠡᠳᠬᠡᠬᠦ᠂ ᠦᠰᠦᠯᠲᠡ ᠶᠢ | ᠨᠡᠮᠡᠭᠳᠡᠬᠦᠯᠬᠦ ᠶᠢ ᠬᠠᠮᠵᠢᠯᠴᠠᠨ ᠠᠬᠢᠭᠤᠯᠵᠤ᠂ ᠴᠢᠨᠠᠷ ᠰᠠᠶᠢᠲᠠᠢ ᠬᠥᠭᠵᠢᠯᠲᠡ ᠪᠠ ᠥᠨᠳᠥᠷ ᠲᠦᠪᠰᠢᠨ ᠪᠦᠬᠦᠢ ᠬᠠᠮᠠᠭᠠᠯᠠᠯᠲᠠ ᠶᠢ ᠬᠠᠮᠵᠢᠨ ᠬᠠᠪᠰᠤᠷᠤᠯᠴᠠᠵᠤ | ᠬᠠᠷᠢᠯᠴᠠᠨ ᠲᠤᠪᠤᠶᠢᠯᠭᠠᠨ᠎ᠠ᠃ | ᠠᠮᠢ ᠠᠬᠤᠢ ᠶᠢᠨ ᠬᠠᠮᠠᠭᠠᠯᠠᠯᠲᠠ ᠶᠢᠨ ᠲᠣᠭᠲᠠᠴᠠ ᠶᠢ ᠪᠦᠷᠢᠨᠰᠢᠭᠦᠯᠦᠨ᠎ᠡ᠃ ︽ᠭᠤᠷᠪᠠ ᠶᠢ ᠪᠠᠶᠢᠭᠤᠯᠬᠤ︾ ᠱᠠᠭᠠᠷᠳᠠᠯᠭ᠎ᠠ ᠶᠢ ᠭᠦᠨᠵᠡᠭᠡᠶ ᠲᠤᠭᠤᠰᠢᠯᠠᠭᠤᠯᠵᠤ᠂ | ︽ᠵᠢᠷᠭᠤᠭ᠎ᠠ ᠶᠢ ᠨᠢᠭᠡᠳᠦᠯᠲᠡᠶ ᠲᠦᠯᠦᠪᠯᠡᠬᠦ︾ ᠶᠢ ᠪᠥᠬᠦ ᠲᠠᠯ᠎ᠠ ᠪᠠᠷ ᠴᠢᠩᠭᠠᠷᠠᠭᠤᠯᠵᠤ᠂ ᠠᠮᠢ ᠠᠬᠤᠶ ᠶᠢᠨ ᠣᠷᠴᠢᠨ ᠬᠠᠮᠠᠭᠠᠯᠠᠯᠲᠠ ᠶᠢᠨ ᠠᠵᠢᠯ ᠢ ︽ᠶᠡᠭᠡ ᠠᠮᠢ | ᠠᠬᠤᠶ︾ ᠲᠡᠶᠢᠰᠢ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠭᠦᠯᠬᠦ ᠶᠢ ᠪᠡᠶᠡᠯᠡᠭᠦᠯᠦᠨ᠎ᠡ᠃ ︽ᠤᠨᠤᠴᠠᠲᠠᠢ ᠬᠥᠷᠥᠭ ᠵᠢᠷᠤᠬᠤ︾ ᠦᠷ᠎ᠡ ᠪᠦᠲᠦᠭᠡᠯ ᠢ ᠰᠠᠶᠢᠲᠤᠷ | ᠬᠡᠷᠡᠭᠯᠡᠵᠦ᠂ 14 ᠬᠤᠰᠢᠭᠤ ᠬᠤᠲᠠ ᠲᠣᠭᠤᠷᠢᠭ ᠤᠨ 378 ᠵᠦᠢᠯ ᠤᠨ ᠠᠰᠠᠭᠤᠳᠠᠯ ᠤᠨ ᠬᠡᠮ ᠰᠣᠭᠤᠭ ᠢ ᠴᠡᠭᠴᠡᠯᠡᠨ ᠰᠠᠶᠢᠵᠢᠷᠠᠭᠤᠯᠬᠤ ᠶᠢ ᠠᠬᠢᠭᠤᠯᠵᠤ᠂ ᠠᠮᠢ | ᠠᠬᠤᠶ ᠶᠢᠨ ᠣᠷᠴᠢᠨ ᠲᠣᠭᠤᠷᠢᠨ ᠤ ᠡᠳ᠋ ᠬᠤᠭᠰᠢᠯ ᠢ ᠰᠠᠶᠢᠲᠤᠷ ᠰᠠᠬᠢᠨ ᠬᠠᠮᠠᠭᠠᠯᠠᠨ᠎ᠠ᠃ ᠠᠮᠢ ᠠᠬᠤᠶ ᠶᠢᠨ ᠠᠮᠤᠷ ᠲᠦᠪᠰᠢᠨ ᠤ ᠬᠠᠯᠬᠠᠪᠴᠢ ᠶᠢᠨ ︽ᠨᠢᠭᠡ ᠵᠢᠷᠤᠭ | ︾ ︽ᠨᠢᠭᠡ ᠰᠦᠯᠵᠢᠶ᠎ᠡ︾ ᠶᠡᠷᠦᠩᠬᠡᠶᠢᠯᠡᠭᠰᠡᠨ ᠵᠢᠯᠣᠭᠤᠳᠬᠤ ᠲᠠᠪᠴᠠᠩ ᠤᠨ ᠪᠠᠶᠢᠭᠤᠯᠤᠯᠲᠠ ᠶᠢ ᠪᠡᠶᠡᠯᠡᠭᠦᠯᠵᠦ᠂ ᠠᠮᠢ ᠠᠬᠤᠶ ᠶᠢᠨ ᠣᠷᠴᠢᠨ ᠲᠣᠭᠤᠷᠢᠨ ᠤ | ᠬᠠᠮᠠᠭᠠᠯᠠᠯᠲᠠ ᠶᠢᠨ ᠬᠦᠷᠢᠶᠡᠨ ᠳᠠᠬᠢ ᠳ᠋ᠠᠶᠢᠲ᠋ᠠ ᠶᠢᠨ ᠡᠬᠢ ᠪᠠᠶᠠᠯᠢᠭ ᠪᠠ ᠬᠠᠤᠯᠢ ᠬᠡᠷᠡᠭᠵᠢᠭᠦᠯᠬᠦ ᠬᠦᠴᠦᠨ ᠢ ᠡᠮᠬᠢᠯᠡᠨ ᠨᠡᠶᠢᠯᠡᠭᠦᠯᠵᠦ ᠬᠠᠮᠲᠤ ᠪᠠᠷ ᠡᠳ᠋ᠯᠡᠵᠦ᠂ ᠪᠥᠬᠦ | ᠡᠯᠧᠮᠧᠨ᠋ᠲ ᠢ ᠬᠠᠮᠤᠷᠤᠭᠰᠠᠨ᠂ ᠪᠥᠬᠦ ᠲᠠᠯ᠎ᠠ ᠶᠢᠨ᠂ ᠪᠥᠬᠦ ᠬᠦᠷᠢᠶ᠎ᠡ ᠴᠠᠷᠠᠭᠠᠨ ᠤ ︽ᠣᠭᠲᠠᠷᠭᠤᠶ ᠭᠠᠵᠠᠷ︾ ᠢ ᠨᠢᠭᠡ ᠴᠤᠭᠴᠠᠵᠢᠭᠤᠯᠤᠭᠰᠠᠨ ᠬᠢᠨᠠᠯᠲᠠ | ᠬᠠᠮᠢᠶᠠᠷᠤᠯᠲᠠ ᠶᠢᠨ ᠲᠤᠭᠲᠠᠯᠴᠠᠭ᠎ᠠ ᠶᠢ ᠪᠠᠶᠢᠭᠤᠯᠤᠨ᠎ᠠ᠃ | ᠠᠮᠢ ᠠᠬᠤᠢ ᠶᠢᠨ ᠰᠢᠰᠲ᠋ᠧᠮ ᠤᠨ ᠵᠠᠰᠠᠯᠲᠠ ᠶᠢ ᠭᠦᠨᠵᠡᠭᠡᠶᠢᠷᠡᠭᠦᠯᠦᠨ᠎ᠡ᠃ ᠬᠥᠯᠥᠨ ᠨᠠᠭᠤᠷ ᠢ ᠶᠡᠷᠦᠩᠬᠡᠶᠢᠯᠡᠨ ᠵᠠᠰᠠᠬᠤ ᠡᠷᠴᠢᠮ ᠢᠶᠠᠨ ᠦᠷᠭᠦᠯᠵᠢᠯᠡᠨ | ᠴᠢᠩᠭᠠᠷᠠᠭᠤᠯᠵᠤ᠂ 7 ᠬᠠᠮᠠᠭᠠᠯᠠᠨ ᠵᠠᠰᠠᠬᠤ ᠲᠥᠷᠥᠯ ᠵᠦᠢᠯ ᠤᠨ ᠪᠠᠶᠢᠭᠤᠯᠤᠯᠲᠠ ᠶᠢ ᠪᠡᠶᠡᠯᠡᠭᠦᠯᠦᠨ᠎ᠡ᠃ ︽ᠭᠤᠷᠪᠠᠨ ᠤᠮᠠᠷᠠᠲᠤ︾ ᠶᠢᠨ ᠢᠨᠵᠧᠨᠧᠷᠢᠩ ᠢ | ᠬᠡᠷᠡᠭᠵᠢᠭᠦᠯᠵᠦ᠂ ᠰᠢᠨ᠎ᠡ ᠪᠠᠷᠭᠤ ᠵᠡᠭᠦᠨ ᠬᠤᠰᠢᠭᠤᠨ ᠤ 30 ᠲᠦᠮᠡᠨ ᠺᠢᠯᠤᠸᠠᠲ ᠤᠨ ᠡᠯᠡᠰᠦ ᠶᠢ ᠰᠡᠷᠭᠡᠶᠢᠯᠡᠨ ᠵᠠᠰᠠᠬᠤ ᠪᠠ ᠰᠠᠯᠬᠢᠨ ᠤ ᠴᠠᠬᠢᠯᠭᠠᠨ ᠭᠡᠷᠡᠯᠴᠢ | ᠴᠡᠨᠡᠭ ᠢ ᠨᠢᠭᠡ ᠴᠣᠭᠴᠠᠵᠢᠭᠤᠯᠬᠤ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢ ᠪᠡᠶᠡᠯᠡᠭᠦᠯᠵᠦ᠂ 50 ᠲᠦᠮᠡᠨ ᠺᠢᠯᠤᠸᠠᠲ ᠤᠨ ᠨᠢᠭᠡ ᠴᠣᠭᠴᠠᠵᠢᠭᠤᠯᠬᠤ | ᠢᠨᠵᠧᠨᠧᠷᠢᠩ ᠤᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠵᠦ᠂ 9.6 ᠲᠦᠮᠡᠨ ᠮᠦ ᠡᠯᠡᠰᠦᠲᠦ ᠭᠠᠵᠠᠷ ᠢ ᠲᠦᠬᠦᠷᠵᠢᠬᠦᠯᠦᠨ ᠵᠠᠰᠠᠨ᠎ᠠ᠃ | 236 ᠵᠤᠷᠪᠤᠰ ᠢᠳᠡᠭᠳᠡᠮᠡᠯ ᠭᠤᠤ ᠶᠢ ᠶᠡᠷᠦᠩᠬᠡᠶᠢᠯᠡᠨ ᠵᠠᠰᠠᠬᠤ ᠶᠢ ᠬᠡᠷᠡᠭᠵᠢᠬᠦᠯᠦᠨ᠎ᠡ᠃ ᠣᠶ ︵ᠪᠡᠯᠴᠢᠭᠡᠷ︶ ᠶᠢᠨ ᠳᠠᠷᠤᠭ᠎ᠠ ᠶᠢᠨ ᠲᠦᠷᠢᠮ ᠪᠠ ᠭᠤᠤᠯ ᠨᠠᠭᠤᠷ ᠤᠨ | ᠳᠠᠷᠤᠭ᠎ᠠ ᠶᠢᠨ ᠲᠦᠷᠢᠮ ᠢ ᠨᠠᠶᠢᠳᠠᠪᠤᠷᠢᠵᠢᠭᠤᠯᠵᠤ᠂ ᠲᠣᠭᠲᠠᠭᠠᠯ ᠠᠴᠠ ᠵᠥᠷᠢᠴᠡᠨ ᠠᠲᠠᠷ ᠬᠠᠭᠠᠯᠪᠤᠷᠢᠯᠠᠬᠤ᠂ ᠨᠤᠲᠤᠭ ᠪᠡᠯᠴᠢᠭᠡᠷ ᠣᠶᠢᠲᠤ ᠭᠠᠵᠠᠷ ᠢ ᠬᠠᠤᠯᠢ | ᠪᠤᠰᠤ ᠪᠠᠷ ᠡᠵᠡᠯᠡᠨ ᠬᠡᠷᠡᠭᠯᠡᠬᠦ ᠵᠡᠷᠭᠡ ᠬᠠᠤᠯᠢ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠳᠤ ᠡᠷᠡᠰ ᠴᠣᠬᠢᠯᠲᠠ ᠦᠭᠭᠦᠨ᠎ᠡ᠃ ᠪᠣᠬᠢᠷᠲᠤᠯ ᠢ ᠰᠡᠷᠭᠡᠶᠢᠯᠡᠨ | ᠵᠠᠰᠠᠬᠤ ᠪᠣᠭᠤᠮᠲᠠ ᠰᠢᠪᠲᠤᠯᠬᠤ ᠠᠵᠢᠯ ᠢ ᠰᠠᠶᠢᠲᠤᠷ ᠠᠳᠬᠤᠵᠤ᠂ ᠳᠡᠭᠳᠡᠮᠡᠬᠡᠶ ᠴᠢᠨᠠᠷᠲᠠᠶ ᠣᠷᠭᠠᠨᠢᠭ ᠪᠣᠳᠠᠰ᠂ ᠢᠳᠡᠭᠡᠨ ᠤᠮᠳᠠᠭᠠᠨ ᠤ ᠦᠢᠯᠡᠴᠢᠯᠡᠭᠡᠨ ᠤ | ᠦᠢᠯᠡᠰ ᠤᠨ ᠲᠣᠰᠣ ᠣᠲᠤᠭ᠎ᠠ ᠶᠢᠨ ᠪᠣᠬᠢᠷᠲᠤᠯ ᠵᠡᠷᠭᠡ ᠲᠤᠰᠬᠠᠢ ᠵᠠᠰᠠᠯᠲᠠ ᠶᠢ ᠥᠷᠨᠢᠭᠦᠯᠵᠦ᠂ ᠪᠥᠬᠦ ᠬᠤᠲᠠ ᠶᠢᠨ ᠠᠭᠠᠷ ᠤᠨ ᠶᠠᠰᠤ ᠴᠢᠨᠠᠷ ᠴᠡᠪᠡᠷ ᠰᠠᠶᠢᠨ | ᠡᠳᠦᠷ ᠤᠨ ᠲᠤᠭ᠎ᠠ ᠶᠢᠨ ᠬᠠᠷᠢᠴᠠᠯ ᠢ 99.4% ᠠᠴᠠ ᠳᠡᠭᠡᠭᠰᠢ ᠪᠠᠶᠢᠯᠭᠠᠬᠤ ᠶᠢ ᠪᠠᠲᠤᠯᠠᠨ᠎ᠠ᠃ ᠭᠠᠵᠠᠷ ᠳᠡᠭᠡᠷᠡᠬᠢ ᠤᠰᠤᠨ ᠤ ᠤᠯᠤᠰ ᠤᠨ ᠰᠢᠯᠭᠠᠨ | ᠪᠠᠶᠢᠴᠠᠭᠠᠯᠲᠠ ᠶᠢᠨ ᠣᠭᠲᠣᠯᠤᠭᠠᠰᠤ ᠶᠢᠨ ᠰᠢᠯᠢᠳᠡᠭ ᠰᠠᠶᠢᠨ ᠤᠰᠤᠨ ᠴᠣᠭᠴᠠ ᠶᠢ 68.9% ᠠᠴᠠ ᠳᠡᠭᠡᠭᠰᠢ ᠪᠠᠶᠢᠯᠭᠠᠬᠤ ᠶᠢ ᠪᠠᠲᠤᠯᠠᠵᠤ᠂ ᠲᠠᠷᠢᠶᠠᠯᠠᠩ ᠤᠨ ᠣᠯᠠᠨ | ᠡᠬᠢᠲᠦ ᠪᠣᠬᠢᠷᠲᠤᠯ ᠢ ᠵᠠᠰᠠᠬᠤ ᠪᠠ ᠪᠣᠬᠢᠷᠲᠤᠭᠰᠠᠨ ᠬᠥᠷᠥᠰᠥ ᠰᠢᠷᠣᠶ ᠶᠢ ᠬᠠᠮᠢᠶᠠᠷᠤᠨ ᠡᠵᠡᠮᠳᠡᠵᠦ ᠵᠠᠰᠠᠨ ᠰᠡᠷᠭᠦᠭᠡᠬᠦ ᠶᠢ ᠭᠦᠨᠵᠡᠭᠡᠶᠢᠷᠡᠭᠦᠯᠵᠦ᠂ ᠬᠥᠳᠡᠭᠡ ᠲᠣᠰᠬᠤᠨ ᠤ | ᠠᠮᠢᠳᠤᠷᠠᠯ ᠤᠨ ᠪᠣᠬᠢᠷ ᠤᠰᠤ ᠵᠠᠰᠠᠬᠤ ᠨᠣᠷᠮ᠎ᠠ ᠶᠢ 40% ᠳᠤ ᠬᠦᠷᠭᠡᠨ᠎ᠡ᠃ ᠲᠥᠪ ᠪᠠ ᠥᠪᠡᠷᠲᠡᠭᠡᠨ ᠵᠠᠰᠠᠬᠤ ᠣᠷᠣᠨ ᠤ ᠠᠮᠢ ᠠᠬᠤᠶ ᠶᠢᠨ ᠣᠷᠴᠢᠨ | ᠬᠠᠮᠠᠭᠠᠯᠠᠯᠲᠠ ᠶᠢᠨ ᠰᠢᠮᠳᠠᠭᠤᠯᠤᠨ ᠪᠠᠶᠢᠴᠠᠭᠠᠵᠤ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠪᠦᠲᠦᠮᠵᠢᠲᠡᠢ ᠰᠠᠶᠢᠲᠤᠷ ᠬᠢᠨ᠎ᠠ᠃ |