︵ᠭᠤᠷᠪᠠ︶ ᠬᠦᠭᠵᠢᠯᠲᠡ ᠶᠢᠨ ᠬᠦᠳᠡᠯᠭᠡᠭᠴᠢ ᠡᠨᠧᠷᠭᠢ ᠲᠠᠰᠤᠷᠠᠯᠳᠠ ᠦᠭᠡᠢ ᠴᠢᠩᠭᠠᠷᠠᠪᠠ᠃ ᠲᠦᠷᠦ ᠶᠢᠨ ᠪᠤᠳᠤᠯᠭ᠎ᠠ ᠶᠢᠨ ᠪᠤᠳᠠᠳᠠᠶᠢᠵᠢᠭᠤᠯᠤᠯᠳᠠ ᠶᠢᠨ | ᠦᠷ᠎ᠡ ᠪᠦᠲᠦᠮᠵᠢ ᠢᠯᠡᠳᠳᠡ ᠪᠤᠯᠪᠠ᠃ 295 ᠵᠦᠢᠯ ᠤᠨ ᠲᠦᠷᠦ ᠶᠢᠨ ᠪᠤᠳᠤᠯᠭ᠎ᠠ ᠶᠢᠨ ᠪᠤᠳᠠᠳᠠᠶᠢᠵᠢᠭᠤᠯᠤᠯᠳᠠ ᠶᠢᠨ ᠵᠢᠯ ᠤᠨ ᠡᠭᠦᠷᠭᠡ ᠶᠢ ᠪᠦᠬᠦᠨ ᠢ ᠪᠡᠶᠡᠯᠡᠬᠦᠯᠵᠦ᠂ | ᠲᠦᠷᠦ ᠶᠢᠨ ᠶᠠᠪᠤᠳᠠᠯ ᠤᠨ ᠬᠤᠷᠢᠶᠠᠨ ᠤ ︽ᠰᠠᠨᠠᠯ︾ ᠤᠨ ᠨᠠᠷᠢᠨ ᠬᠠᠭᠤᠳᠠᠰᠤ ᠶᠢᠨ 22 ᠴᠢᠬᠤᠯᠠ ᠶᠡᠭᠡ ᠲᠦᠷᠦᠯ ᠵᠦᠢᠯ ᠢ ᠠᠵᠢᠯ ᠡᠬᠢᠯᠡᠬᠦᠯᠵᠦ᠂ ︽ᠬᠤᠶᠠᠷ | ᠰᠢᠨ᠎ᠡ︾ ︽ᠬᠤᠶᠠᠷ ᠴᠢᠬᠤᠯᠠ︾ ᠬᠡᠳᠤ ᠤᠷᠳᠤ ᠬᠤᠭᠤᠴᠠᠭᠠᠨ ᠤ ᠤᠯᠤᠰᠤᠨ ᠵᠢᠭᠡᠯᠡᠯᠭᠡ ᠪᠠ ᠲᠦᠪ ᠤᠨ ᠲᠦᠰᠦᠪ ᠤᠨ ᠳᠤᠳᠤᠨᠡᠬᠢ ᠵᠡᠷᠭᠡ ᠪᠡᠯᠡ ᠮᠦᠩᠭᠦ ᠶᠢ 39. | 9 ᠳ᠋ᠦᠩᠰᠢᠭᠤᠷ ᠲᠦᠬᠦᠷᠢᠭ ᠴᠢᠷᠮᠠᠶᠢᠨ ᠤᠯᠵᠦ᠂ ᠪᠤᠳᠠᠳᠠᠶᠢᠵᠢᠭᠰᠠᠨ ᠪᠡᠯᠡ ᠮᠦᠩᠭᠦ ᠪᠦᠬᠦ ᠤᠷᠤᠨ ᠤ ᠲᠡᠷᠢᠬᠦᠨ ᠪᠠᠶᠢᠷᠢᠨ ᠳᠤ ᠤᠷᠤᠪᠠ᠃ ᠡᠵᠡᠩᠨᠡᠨ | ᠬᠤᠳᠠᠯᠳᠤᠭᠠᠯᠠᠬᠤ ᠤᠷᠴᠢᠨ ᠨᠦᠬᠦᠴᠡᠯ ᠦᠷᠬᠦᠯᠵᠢᠯᠡᠨ ᠰᠢᠯᠢᠳᠡᠭᠵᠢᠪᠡ᠃ ︽ᠳᠠᠭᠤᠳᠠᠪᠠᠯ ᠬᠠᠷᠢᠭᠤ ᠲᠠᠢ︾ ᠲᠦᠷᠦᠯ ᠲᠡᠮᠳᠡᠭ ᠢ ᠠᠮᠵᠢᠯᠳᠠ ᠲᠠᠢ ᠪᠠᠶᠢᠭᠤᠯᠵᠤ᠂ | ᠡᠵᠡᠩᠨᠡᠨ ᠬᠤᠳᠠᠯᠳᠤᠭᠠᠯᠠᠬᠤ ᠤᠷᠴᠢᠨ ᠨᠦᠬᠦᠴᠡᠯ ᠢ ᠰᠢᠯᠢᠳᠡᠭᠵᠢᠬᠦᠯᠬᠦ 25 ᠵᠦᠢᠯ ᠤᠨ ᠠᠷᠭ᠎ᠠ ᠬᠡᠮᠵᠢᠶ᠎ᠡ ᠶᠢ ᠨᠡᠶᠢᠲᠡᠯᠡᠵᠦ᠂ ︽ᠦᠨᠳᠦᠷ ᠪᠦᠲᠦᠮᠵᠢᠳᠡᠢ ᠪᠠᠷ ᠨᠢᠭᠡ | ᠶᠠᠪᠤᠳᠠᠯ ᠢ ᠪᠦᠲᠦᠭᠡᠬᠦ︾ ᠬᠡᠷᠡᠭ ᠶᠠᠪᠤᠳᠠᠯ ᠢ ᠭᠦᠢᠴᠡᠳᠬᠡᠬᠦ ᠲᠤᠭ᠎ᠠ ᠬᠡᠮᠵᠢᠶ᠎ᠡ 3.6 ᠲᠦᠮᠡ ᠬᠦᠷᠴᠦ᠂ 2.6 ᠲᠦᠮᠡᠨ ᠡᠷᠦᠬᠡ ᠵᠠᠬ᠎ᠠ ᠳᠡᠯᠬᠡᠬᠦᠷ ᠤᠨ ᠭᠤᠤᠯ | ᠴᠤᠭᠴᠠ ᠶᠢ ᠰᠢᠨ᠎ᠡ ᠪᠠᠷ ᠨᠡᠮᠡᠭᠳᠡᠬᠦᠯᠵᠦ᠂ 1.5 ᠲᠦᠮᠡ ᠢᠯᠡᠬᠦᠦ ᠡᠷᠦᠬᠡ ᠠᠵᠤ ᠠᠬᠤᠶᠢᠯᠠᠯ ᠦᠪᠡᠷᠲᠡᠭᠡᠨ ᠵᠠᠰᠠᠬᠤ ᠤᠷᠤᠨ ᠤ ︽ᠦᠨᠡᠨᠴᠢ ᠢᠳᠡᠭᠡᠮᠵᠢᠳᠡᠢ | ᠨᠡᠶᠢᠲᠡᠯᠢᠭ ᠠᠵᠤ ᠠᠬᠤᠶᠢᠯᠠᠯ︾ ᠤᠨ ᠴᠤᠯᠠ ᠬᠦᠷᠲᠡᠪᠡ᠃ ᠰᠢᠨᠵᠢᠯᠡᠬᠦ ᠤᠬᠠᠭᠠᠨ ᠮᠡᠷᠭᠡᠵᠢᠯ ᠢᠶᠠᠷ ᠰᠢᠨ᠎ᠡ ᠶᠢ ᠡᠭᠦᠳᠬᠦ ᠰᠢᠪᠲᠤᠯᠤᠯᠲᠠ ᠳᠤ ᠠᠩᠬᠠᠷᠤᠯ ᠢᠶᠠᠨ | ᠲᠦᠪᠯᠡᠷᠡᠭᠦᠯᠪᠡ᠃ 6 ᠡᠷᠦᠬᠡ ᠳᠡᠭᠡᠳᠤ ᠰᠢᠨ᠎ᠡ ᠮᠡᠷᠭᠡᠵᠢᠯ ᠤᠨ ᠠᠵᠤ ᠠᠬᠤᠶᠢᠯᠠᠯ ᠢ ᠰᠢᠨ᠎ᠡ ᠪᠠᠷ ᠲᠤᠭᠲᠠᠭᠠᠵᠤ᠂ 124 ᠡᠷᠦᠬᠡ ᠰᠢᠨᠵᠢᠯᠡᠬᠦ ᠤᠬᠠᠭᠠᠨ ᠮᠡᠷᠭᠡᠵᠢᠯ ᠤᠨ | ᠮᠠᠶ᠋ᠢᠭ ᠤᠨ ᠳᠤᠮᠳᠠ ᠪᠠᠭ᠎ᠠ ᠠᠵᠤ ᠠᠬᠤᠶᠢᠯᠠᠯ ᠢ ᠬᠦᠮᠦᠷᠭᠡᠯᠡᠪᠡ᠃ ᠬᠤᠸᠠ ᠨᠧᠩ ᠤᠨ ᠢᠮᠢᠨ ᠵᠠᠳᠠᠭᠠᠢ ᠠᠭᠤᠷᠬᠠᠢ ᠶᠢᠨ ᠵᠢᠯᠤᠭᠤᠴᠢ ᠦᠭᠡᠢ ᠠᠭᠤᠷᠬᠠᠢ ᠶᠢᠨ ᠺᠠᠷᠲ ᠢ | ᠰᠤᠳᠤᠯᠤᠨ ᠨᠡᠭᠡᠭᠡᠳ ᠠᠰᠢᠭᠯᠠᠯᠲᠠ ᠳᠤ ᠤᠷᠤᠭᠤᠯᠪᠠ᠃ ᠬᠦᠯᠦᠨ ᠪᠤᠶᠢᠷ ᠤᠨ ᠲᠠᠷᠢᠶᠠᠯᠠᠩ ᠤᠨ ᠬᠠᠭᠠᠯᠪᠤᠷᠢᠯᠠᠯᠳᠠ ᠶᠢᠨ ᠪᠦᠯᠦᠭᠯᠡᠯ ᠤᠨ ︽ᠹᠦ᠋ ᠰᠢ ᠮᠠᠯᠵᠢᠯ ᠤᠨ | ᠲᠠᠯᠠᠪᠠᠢ︾ ᠵᠠᠭᠪᠤᠷ ᠨᠢ ᠪᠦᠬᠦ ᠤᠯᠤᠰ ᠤᠨ ᠤᠶᠤᠨᠲᠤ ᠲᠠᠷᠢᠶᠠᠯᠠᠩ ᠤᠨ ᠠᠵᠢᠯᠯᠠᠭᠠᠨ ᠤ ᠲᠦᠯᠦᠪᠯᠡᠭᠡ ᠳᠤ ᠰᠤᠩᠭᠤᠭᠳᠠᠪᠠ᠃ 54 ᠵᠦᠢᠯ ᠤᠨ ᠰᠢᠨᠵᠢᠯᠡᠬᠦ ᠤᠬᠠᠭᠠᠨ | ᠮᠡᠷᠭᠡᠵᠢᠯ ᠤᠨ ᠦᠷ᠎ᠡ ᠪᠦᠲᠦᠭᠡᠯ ᠢ ᠳᠠᠩᠰᠠᠯᠠᠭᠤᠯᠵᠤ᠂ 37 ᠵᠦᠢᠯ ᠤᠨ ᠮᠡᠷᠭᠡᠵᠢᠯ ᠤᠨ ᠬᠡᠯᠡᠯᠴᠡᠭᠡᠷ ᠢ ᠮᠠᠭᠠᠳᠯᠠᠨ ᠲᠤᠭᠲᠠᠭᠠᠵᠤ ᠳᠠᠩᠰᠠᠯᠠᠭᠤᠯᠤᠨ᠂ ᠠᠷᠠᠯᠵᠢᠭᠰᠠᠨ | ᠲᠤᠭ᠎ᠠ 1.53 ᠳ᠋ᠦᠩᠰᠢᠭᠤᠷ ᠲᠦᠬᠦᠷᠢᠭ ᠲᠤ ᠬᠦᠷᠪᠡ᠃ | ︵ᠳᠦᠷᠪᠡ︶ ᠭᠤᠤᠯᠳᠠᠯᠭ᠎ᠠ ᠲᠠᠢ ᠦᠭᠡᠷᠡᠴᠢᠯᠡᠯᠳᠡ ᠶᠢᠨ ᠬᠦᠴᠢᠷ ᠲᠦᠪᠡᠭ ᠢ ᠲᠠᠶᠢᠯᠠᠨ ᠡᠬᠢᠯᠡᠭᠦᠯᠪᠡ᠃ ᠤᠯᠤᠰ ᠤᠨ ᠦᠮᠴᠢᠯᠡᠯᠲᠦ ᠠᠵᠤ ᠠᠬᠤᠶᠢᠯᠠᠯ ᠤᠨ | ᠦᠭᠡᠷᠡᠴᠢᠯᠡᠯᠳᠡ ᠪᠤᠳᠠᠳᠤ ᠦᠷ᠎ᠡ ᠪᠦᠲᠦᠮᠵᠢ ᠤᠯᠪᠠ᠃ ᠬᠤᠲᠠ ᠶᠢᠨ ᠡᠨᠧᠷᠭᠢ ᠶᠢᠨ ᠪᠡᠯᠡ ᠤᠷᠤᠭᠤᠯᠤᠯᠳᠠ ᠶᠢᠨ ᠺᠤᠮᠫᠠᠨᠢ ᠠᠮᠵᠢᠯᠳᠠᠳᠠᠢ ᠵᠤᠬᠢᠶᠠᠨ ᠪᠠᠶᠢᠭᠤᠯᠤᠭᠳᠠᠪᠠ᠃ | ᠪᠡᠯᠡ ᠭᠠᠷᠭᠠᠵᠤ ᠬᠢᠨᠠᠨ ᠬᠠᠮᠢᠶᠠᠷᠬᠤ ᠠᠵᠤ ᠠᠬᠤᠶᠢᠯᠠᠯ ᠢ 12 ᠡᠷᠦᠬᠡ ᠠᠴᠠ 10 ᠡᠷᠦᠬᠡ ᠪᠤᠯᠭᠠᠨ ᠨᠡᠶᠢᠯᠡᠬᠦᠯᠵᠦ᠂ ᠬᠤᠶᠠᠳᠤᠭᠠᠷ ᠭᠤᠷᠪᠠᠳᠤᠭᠠᠷ ᠳᠡᠰ ᠤᠨ | ᠬᠤᠪᠢᠶᠠᠷᠢ ᠠᠵᠤ ᠠᠬᠤᠶᠢᠯᠠᠯ ᠢ ᠲᠤᠰ ᠪᠦᠷᠢ 24.5% ᠪᠠ 31% ᠬᠠᠰᠤᠪᠠ᠃ ᠬᠤᠲᠠ ᠶᠢᠨ ᠬᠠᠷᠢᠶ᠎ᠠ ᠶᠢᠨ ᠬᠢᠨᠠᠨ ᠬᠠᠮᠢᠶᠠᠷᠬᠤ ᠤᠯᠤᠰ ᠤᠨ ᠦᠮᠴᠢᠯᠡᠯᠳᠤ | ᠠᠵᠤ ᠠᠬᠤᠶᠢᠯᠠᠯ ᠤᠨ ᠡᠵᠡᠩᠨᠡᠯᠳᠡ ᠶᠢᠨ ᠤᠷᠤᠯᠭ᠎ᠠ᠂ ᠠᠰᠢᠭ ᠤᠯᠵᠠᠪᠤᠷᠢ ᠶᠢᠨ ᠶᠡᠷᠦᠩᠭᠡᠢ ᠲᠤᠭ᠎ᠠ᠂ ᠳᠡᠭᠡᠭᠰᠢ ᠲᠤᠰᠢᠶᠠᠭᠰᠠᠨ ᠤᠯᠤᠰ ᠤᠨ ᠦᠮᠴᠢᠯᠡᠯᠲᠤ ᠪᠡᠯᠡ | ᠬᠦᠷᠦᠩᠭᠡ ᠶᠢᠨ ᠠᠰᠢᠭ ᠤᠷᠤᠯᠭ᠎ᠠ ᠲᠤᠰ ᠪᠦᠷᠢ 16.1%᠂ 7.2%᠂ 12.9% ᠨᠡᠮᠡᠭᠳᠡᠪᠡ᠃ ᠭᠤᠤᠯᠳᠠᠯᠭ᠎ᠠ ᠲᠠᠢ ᠬᠦᠷᠢᠶ᠎ᠡ ᠴᠠᠷᠠᠭᠠᠨ ᠤ ᠦᠭᠡᠷᠡᠴᠢᠯᠡᠯᠳᠡ | ᠶᠢᠨ ᠰᠢᠪᠲᠤᠯᠤᠯᠳᠠ ᠶᠢ ᠪᠡᠶᠡᠯᠡᠭᠦᠯᠪᠡ᠃ ᠨᠤᠲᠤᠭ ᠪᠡᠯᠴᠢᠭᠡᠷ ᠤᠨ ᠳᠠᠭᠠᠭᠠᠴᠠ ᠠᠴᠠ ᠬᠡᠲᠦᠷᠡᠬᠦᠯᠦᠨ ᠬᠡᠲᠦ ᠮᠠᠯᠵᠢᠬᠤ ᠠᠰᠠᠭᠤᠳᠠᠯ ᠢ ᠰᠢᠰᠲ᠋ᠧᠮ ᠲᠠᠢ | ᠰᠢᠢᠳᠪᠦᠷᠢᠯᠡᠵᠦ᠂ ᠤᠯᠠᠮᠵᠢᠯᠠᠯᠳᠤ ᠮᠠᠯ ᠠᠵᠤ ᠠᠬᠤᠢ ᠶᠢᠨ ᠬᠡᠯᠪᠡᠷᠢ ᠪᠠᠨ ᠬᠤᠪᠢᠷᠠᠭᠤᠯᠤᠨ ᠳᠡᠰ ᠳᠡᠪᠰᠢᠬᠦ ︽1+13+30︾ ᠠᠵᠢᠯ ᠤᠨ ᠲᠤᠭᠲᠠᠯᠴᠠᠭ᠎ᠠ ᠶᠢ | ᠪᠦᠬᠦ ᠲᠠᠯ᠎ᠠ ᠪᠠᠷ ᠡᠭᠦᠳᠦᠨ ᠪᠠᠶᠢᠭᠤᠯᠪᠠ᠃ ︽ᠭᠤᠷᠪᠠ ᠶᠢ ᠨᠢᠭᠡ ᠴᠤᠭᠴᠠᠵᠢᠭᠤᠯᠬᠤ︾ ᠶᠡᠷᠦᠩᠭᠡᠢ ᠬᠠᠮᠲᠤᠷᠠᠯᠴᠠᠭᠠᠨ ᠤ ᠵᠤᠬᠢᠶᠠᠨ ᠪᠠᠶᠢᠭᠤᠯᠤᠯᠳᠠ ᠶᠢᠨ | ᠲᠤᠭᠲᠠᠯᠴᠠᠭ᠎ᠠ ᠶᠢ ᠡᠬᠢᠯᠡᠬᠦᠯᠦᠨ ᠪᠠᠶᠢᠭᠤᠯᠵᠤ᠂ ᠲᠦᠷᠦᠬᠦᠦ ᠪᠦᠯᠦᠭ ᠤᠨ ᠲᠤᠷᠰᠢᠯᠲᠠ ᠶᠢᠨ ᠴᠡᠭ ᠤᠨ ᠨᠢᠭᠡᠴᠢ 20 ᠡᠷᠦᠬᠡ ᠪᠠᠶᠢᠵᠤ᠂ ᠶᠠᠭᠰᠢ ᠬᠤᠲᠠ ᠵᠡᠷᠭᠡ | ᠭᠠᠵᠠᠷ ᠤᠨ ᠶᠡᠷᠦᠩᠭᠡᠢ ᠬᠠᠮᠲᠤᠷᠠᠯᠴᠠᠭᠠᠨ ᠤ ᠵᠤᠬᠢᠶᠠᠨ ᠪᠠᠶᠢᠭᠤᠯᠤᠯᠳᠠ ᠶᠢᠨ ᠺᠤᠮᠫᠠᠨᠢ ᠶᠢ ᠲᠦᠷᠦᠬᠦᠯᠡᠨ ᠪᠠᠶᠢᠭᠤᠯᠪᠠ᠃ ︽ᠭᠤᠷᠪᠠᠨ ᠶᠢ ᠬᠤᠪᠢᠷᠠᠭᠤᠯᠬᠤ︾ | ᠦᠭᠡᠷᠡᠴᠢᠯᠡᠯᠳᠡ ᠪᠦᠬᠦ ᠲᠠᠯ᠎ᠠ ᠪᠠᠷ ᠡᠬᠢᠯᠡᠵᠦ᠂ 30 ᠭᠠᠴᠠᠭ᠎ᠠ ᠲᠤᠰᠬᠤᠨ ᠳᠤ ᠦᠬᠡᠷᠡᠴᠢᠯᠡᠯᠳᠡ ᠶᠢᠨ ᠲᠤᠷᠰᠢᠯᠳᠠ ᠶᠢᠨ ᠴᠡᠭ ᠲᠤᠭᠲᠠᠭᠠᠪᠠ᠃ ᠪᠦᠬᠦ ᠬᠦᠷᠢᠶ᠎ᠡ | ᠴᠠᠷᠠᠭ᠎ᠠ᠂ ᠪᠦᠬᠦ ᠡᠯᠧᠮᠧᠨ᠋ᠲ ᠤᠨ ᠡᠬᠢ ᠪᠠᠶᠠᠯᠢᠭ ᠤᠨ ᠪᠠᠶᠢᠳᠠᠯ ᠢ ᠤᠶᠢᠯᠠᠭᠠᠨ ᠵᠢᠭᠰᠠᠭᠠᠨ ᠪᠠᠶᠢᠴᠠᠭᠠᠬᠤ ᠶᠢ ᠪᠦᠬᠦ ᠲᠠᠯ᠎ᠠ ᠪᠠᠷ ᠦᠷᠨᠢᠬᠦᠯᠵᠦ᠂ ᠰᠤᠯᠠ ᠪᠠᠶᠢᠭ᠎ᠠ ᠭᠠᠵᠠᠷ | ᠰᠢᠷᠤᠢ᠂ ᠰᠢᠨ᠎ᠡ ᠡᠨᠧᠷᠭᠢ ᠵᠡᠷᠭᠡ ᠬᠦᠷᠢᠶ᠎ᠡ ᠴᠠᠷᠠᠭᠠᠨ ᠳᠤ ᠠᠩᠬ᠎ᠠ ᠠᠯᠬᠤᠮ ᠤᠨ ᠦᠷ᠎ᠡ ᠪᠦᠲᠦᠭᠡᠯ ᠤᠯᠤᠭᠠᠳ᠂ ᠠᠵᠤ ᠦᠢᠯᠡᠰ ᠤᠨ ᠬᠦᠭᠵᠢᠯᠳᠡ᠂ ᠲᠦᠷᠦᠯ | ᠵᠦᠢᠯ ᠤᠨ ᠪᠠᠶᠢᠭᠤᠯᠤᠯᠳᠠ ᠶᠢᠨ ᠤᠷᠤᠨ ᠵᠠᠢ ᠶᠢᠨ ᠴᠡᠭ ᠤᠷᠤᠨ ᠢ ᠲᠤᠳᠤᠷᠬᠠᠶᠢᠯᠠᠪᠠ᠃ ᠤᠢ ᠰᠢᠭᠤᠢ ᠶᠢᠨ ᠵᠢᠷᠭᠤᠭᠠᠨ ᠲᠤᠪᠴᠢᠶᠠᠨ ᠤ ᠦᠬᠡᠷᠡᠴᠢᠯᠡᠯᠳᠡ ᠪᠤᠳᠠᠳᠤ | ᠴᠢᠨᠠᠷᠳᠠᠢ ᠰᠢᠪᠲᠤᠯᠤᠯᠳᠠ ᠤᠯᠵᠦ᠂ ᠤᠷᠤᠨ ᠲᠤᠭ᠎ᠠ ᠶᠢ ᠬᠢᠨᠠᠨ ᠲᠤᠭᠲᠠᠭᠠᠬᠤ᠂ ᠤᠯᠭᠤᠮᠵᠢ ᠶᠢ ᠲᠤᠭᠠᠴᠠᠭᠠᠯᠠᠬᠤ ᠵᠡᠷᠭᠡ ᠦᠭᠡᠷᠡᠴᠢᠯᠡᠯᠳᠡ ᠶᠢᠨ ᠡᠭᠦᠷᠭᠡ ᠶᠢ | ᠪᠡᠶᠡᠯᠡᠬᠦᠯᠪᠡ᠃ ᠰᠢᠨ᠎ᠡ ᠪᠠᠷᠭᠤ ᠵᠡᠬᠦᠨ ᠬᠤᠰᠢᠭᠤ᠂ ᠵᠠᠯᠠᠶᠢᠨᠠᠭᠤᠷ ᠲᠤᠭᠤᠷᠢᠭ ᠤᠨ ᠬᠦᠮᠦᠨ ᠠᠮᠠ ᠴᠦᠭᠡᠨ ᠬᠤᠰᠢᠭᠤ ᠰᠢᠶᠠᠨ ᠤ ᠪᠠᠶᠢᠭᠤᠯᠤᠮᠵᠢ ᠶᠢᠨ | ᠦᠬᠡᠷᠡᠴᠢᠯᠡᠯᠳᠡ ᠶᠢᠨ ᠲᠤᠷᠰᠢᠯᠳᠠ ᠶᠢᠨ ᠴᠡᠭ ᠤᠨ ᠡᠭᠦᠷᠭᠡ ᠶᠢ ᠪᠦᠬᠦ ᠲᠠᠯ᠎ᠠ ᠪᠠᠷ ᠪᠡᠶᠡᠯᠡᠬᠦᠯᠪᠡ᠃ | ︵ᠲᠠᠪᠤ︶ ᠬᠤᠲᠠ ᠬᠦᠳᠡᠭᠡ ᠶᠢᠨ ᠬᠦᠭᠵᠢᠯᠳᠡ ᠶᠢ ᠬᠠᠷᠢᠯᠴᠠᠨ ᠠᠬᠢᠭᠤᠯᠵᠤ ᠬᠠᠮᠲᠤᠪᠠᠷ ᠳᠠᠪᠰᠢᠪᠠ᠃ ᠬᠤᠲᠠ ᠶᠢᠨ ᠴᠢᠳᠠᠮᠵᠢ ᠳᠠᠰᠤᠷᠠᠯᠳᠠ ᠦᠭᠡᠢ | ᠰᠢᠯᠢᠳᠡᠭᠵᠢᠪᠡ᠃ ᠳᠤᠯᠠᠭᠠᠯᠠᠬᠤ ᠢᠨᠵᠧᠨᠧᠷᠢᠩ ᠢ ᠬᠠᠮᠤᠭ ᠲᠡᠷᠢᠬᠦᠨ ᠤ ᠠᠷᠠᠳ ᠤᠨ ᠠᠮᠢᠳᠤᠷᠠᠯ ᠤᠨ ᠢᠨᠵᠧᠨᠧᠷᠢᠩ ᠪᠤᠯᠭᠠᠵᠤ᠂ 41 ᠲᠦᠷᠦᠯ ᠵᠦᠢᠯ ᠢ ᠪᠦᠬᠦ ᠲᠠᠯ᠎ᠠ | ᠪᠠᠷ ᠡᠬᠢᠯᠡᠬᠦᠯᠵᠦ᠂ ᠨᠡᠶᠢᠲᠡ 14.7 ᠳ᠋ᠦᠩᠰᠢᠭᠤᠷ ᠲᠦᠬᠦᠷᠢᠭ ᠤᠨ ᠪᠡᠯᠡ ᠤᠷᠤᠭᠤᠯᠤᠨ᠂ 4 ᠰᠠᠭᠤᠷᠢ ᠢᠯᠴᠢ ᠡᠭᠦᠰᠬᠡᠭᠴᠢ ᠶᠢ ᠰᠢᠨ᠎ᠡ ᠪᠠᠷ ᠪᠠᠶᠢᠭᠤᠯᠤᠨ | ᠦᠷᠭᠡᠳᠬᠡᠨ ᠵᠠᠰᠠᠵᠤ᠂ 900 ᠺᠢᠯᠤᠮᠧᠲᠷ ᠬᠤᠭᠤᠯᠠᠢ ᠲᠤᠤᠷ ᠢ ᠰᠢᠨᠡᠳᠬᠡᠨ ᠦᠬᠡᠷᠡᠴᠢᠯᠡᠭᠡᠳ᠂ 774 ᠰᠠᠭᠤᠭᠠᠯᠢ ᠲᠤᠭᠤᠷᠢᠭ᠂ 12.28 ᠲᠦᠮᠡᠨ ᠡᠷᠦᠬᠡ | ᠰᠠᠭᠤᠭᠠᠯᠢ ᠠᠷᠠᠳ ᠲᠤ ᠠᠰᠢᠭ ᠬᠦᠷᠲᠡᠭᠡᠪᠡ︔ ᠬᠤᠸᠠ ᠨᠧᠩ ᠺᠤᠮᠫᠠᠨᠢ ᠪᠤᠯᠤᠨ ᠱᠤᠸᠠᠩ ᠯᠢᠶᠠᠩ ᠺᠤᠮᠫᠠᠨᠢ ᠢᠳᠡᠪᠬᠢᠳᠡᠢ ᠴᠤᠤᠷᠢᠶᠠᠲᠤᠨ ᠳᠠᠭᠠᠵᠤ᠂ 7.5 | ᠳ᠋ᠦᠩᠰᠢᠭᠤᠷ ᠲᠦᠬᠦᠷᠢᠭ ᠲᠦᠬᠦᠷᠵᠢᠭᠦᠯᠦᠨ ᠪᠡᠯᠡ ᠤᠷᠤᠭᠤᠯᠵᠤ᠂ ᠡᠵᠡᠩᠨᠡᠯᠲᠡ ᠶᠢᠨ ᠤᠷᠤᠨ ᠤ ᠳᠤᠲᠤᠷᠠᠬᠢ ᠬᠠᠭᠤᠴᠢᠨ ᠢᠯᠴᠢ ᠬᠠᠩᠭᠠᠬᠤ ᠲᠦᠬᠦᠭᠡᠷᠦᠮᠵᠢ ᠶᠢ | ᠰᠢᠨᠡᠳᠬᠡᠨ ᠦᠬᠡᠷᠡᠴᠢᠯᠡᠬᠡᠳ᠂ ᠵᠠᠰᠠᠭ ᠤᠨ ᠤᠷᠳᠤᠨ ᠤ ᠠᠷᠠᠴᠢᠯᠠᠨ ᠬᠠᠮᠠᠭᠠᠯᠠᠬᠤ ᠦᠪᠡᠷ ᠤᠨ ᠦᠷᠲᠡᠭ ᠢ ᠪᠦᠲᠦᠮᠵᠢᠳᠡᠢ ᠪᠠᠭᠤᠷᠠᠭᠤᠯᠪᠠ︔ 20.1 ᠳ᠋ᠦᠩᠰᠢᠭᠤᠷ | ᠲᠦᠬᠦᠷᠢᠭ ᠤᠨ ᠪᠡᠯᠡ ᠤᠷᠤᠭᠤᠯᠵᠤ᠂ 56 ᠬᠤᠲᠠ ᠶᠢᠨ ᠰᠠᠭᠤᠷᠢ ᠪᠡᠯᠡᠳᠬᠡᠮᠵᠢ ᠶᠢᠨ ᠲᠦᠷᠦᠯ ᠵᠦᠢᠯ ᠢ ᠬᠡᠷᠡᠭᠵᠢᠬᠦᠯᠪᠡ᠃ 103 ᠬᠤᠲᠠ ᠪᠠᠯᠭᠠᠰᠤᠨ ᠤ | ᠬᠠᠭᠤᠴᠢᠨ ᠰᠠᠭᠤᠭᠠᠯᠢ ᠲᠤᠭᠤᠷᠢᠭ᠂ 1.15 ᠲᠦᠮᠡᠨ ᠡᠷᠦᠬᠡ ᠶᠢ ᠰᠢᠨᠡᠳᠬᠡᠨ ᠦᠬᠡᠷᠡᠴᠢᠯᠡᠪᠡ︔ ᠬᠤᠩᠭᠤᠯᠵᠢ ᠶᠢᠨ ᠤᠰᠤᠨ ᠰᠤᠷᠪᠤᠯᠵᠢ ᠶᠢᠨ ᠤᠰᠤᠨ ᠤ ᠴᠢᠨᠠᠷ ᠢ | ᠰᠠᠶᠢᠵᠢᠷᠠᠭᠤᠯᠬᠤ ᠬᠢᠭᠡᠳ ᠬᠠᠮᠠᠭᠠᠯᠠᠨ ᠵᠠᠰᠠᠵᠤ ᠰᠡᠷᠭᠦᠭᠡᠬᠦ ᠪᠠᠷᠢᠯᠭ᠎ᠠ ᠳᠠᠭᠤᠰᠴᠤ ᠠᠰᠢᠭᠯᠠᠯᠲᠠ ᠳᠤ ᠤᠷᠤᠪᠠ᠃ ᠬᠦᠳᠡᠭᠡ ᠲᠤᠰᠬᠤᠨ ᠢ ᠬᠦᠭᠵᠢᠬᠦᠯᠦᠨ ᠮᠠᠨᠳᠤᠭᠤᠯᠬᠤ | ᠠᠵᠢᠯ ᠪᠠᠲᠤᠲᠠᠢ ᠠᠬᠢᠪᠠ᠃ ᠡᠯ᠎ᠡ ᠱᠠᠲᠤᠨ ᠤ ᠵᠤᠯᠭᠠᠭᠤᠯᠬᠤ ᠪᠠ ᠪᠡᠬᠡᠵᠢᠩ ᠦᠪᠦᠷ ᠮᠤᠩᠭᠤᠯ ᠤᠨ ᠬᠠᠮᠵᠢᠯᠴᠠᠭᠠᠨ ᠤ ᠪᠡᠯᠡ ᠮᠦᠩᠭᠦ ᠶᠢ ᠨᠡᠶᠢᠲᠡ 12.32 | ᠳ᠋ᠦᠩᠰᠢᠭᠤᠷ ᠲᠦᠬᠦᠷᠢᠭ ᠤᠷᠤᠭᠤᠯᠵᠤ᠂ 496 ᠲᠦᠷᠦᠯ ᠵᠦᠢᠯ ᠢ ᠬᠡᠷᠡᠭᠵᠢᠬᠦᠯᠵᠦ᠂ 35 ᠳ᠋ᠦᠩᠰᠢᠭᠤᠷ ᠲᠦᠬᠦᠷᠢᠭ ᠢ ᠬᠠᠪᠰᠤᠷᠤᠨ ᠳᠡᠳᠬᠦᠵᠦ ᠵᠠᠷᠤᠴᠠᠭᠤᠯᠪᠠ᠃ | ᠲᠠᠷᠢᠶᠠᠯᠠᠬᠤ ᠮᠠᠯᠵᠢᠬᠤ ᠤᠷᠤᠨ ᠤ ᠤᠰᠤ ᠬᠠᠩᠭᠠᠬᠤ ᠢᠨᠵᠧᠨᠧᠷᠢᠩ ᠢ 141 ᠭᠠᠵᠠᠷ ᠰᠢᠨ᠎ᠡ ᠪᠠᠷ ᠪᠠᠶᠢᠭᠤᠯᠤᠨ ᠰᠢᠨᠡᠳᠬᠡᠨ ᠵᠠᠰᠠᠭᠠᠳ᠂ 19 ᠲᠦᠮᠡᠨ ᠮᠠᠯᠴᠢᠨ | ᠲᠠᠷᠢᠶᠠᠴᠢᠨ ᠳᠤ ᠠᠰᠢᠭ ᠬᠦᠷᠲᠡᠭᠡᠪᠡ︔ ᠳᠤᠮᠳᠠ ᠮᠠᠶ᠋ᠢᠭ ᠤᠨ ᠤᠰᠤᠯᠠᠯᠲᠠ ᠶᠢᠨ ᠤᠷᠤᠨ ᠢ 5 ᠰᠢᠨᠡᠳᠬᠡᠨ ᠦᠭᠡᠷᠡᠴᠢᠯᠡᠵᠦ᠂ ᠤᠰᠤᠯᠠᠯᠲᠠ ᠶᠢᠨ ᠲᠠᠯᠠᠪᠠᠢ ᠶᠢ 57 | ᠲᠦᠮᠡᠨ ᠮᠦ ᠰᠢᠨ᠎ᠡ ᠪᠠᠷ ᠨᠡᠮᠡᠭᠳᠡᠬᠦᠯᠪᠡ᠃ ᠠᠷᠢᠭᠤᠨ ᠴᠡᠪᠡᠷ ᠡᠷᠦᠬᠡ ᠶᠢᠨ ᠵᠤᠷᠯᠤᠩ ᠢ 2561 ᠰᠢᠨ᠎ᠡ ᠪᠠᠷ ᠪᠠᠶᠢᠭᠤᠯᠵᠤ᠂ ᠮᠠᠯᠵᠢᠬᠤ ᠲᠠᠷᠢᠶᠠᠯᠠᠬᠤ ᠤᠷᠤᠨ ᠤ | ᠠᠮᠢᠳᠤᠷᠠᠯ ᠤᠨ ᠬᠤᠭ ᠨᠤᠪᠰᠢ ᠶᠢ ᠬᠤᠷᠢᠶᠠᠨ ᠲᠡᠭᠡᠭᠡᠪᠦᠷᠢᠯᠡᠵᠦ ᠰᠢᠢᠳᠪᠦᠷᠢᠯᠡᠬᠦ ᠲᠤᠭᠲᠠᠯᠴᠠᠭ᠎ᠠ ᠶᠢᠨ ᠪᠦᠷᠬᠦᠯᠲᠡ ᠶᠢᠨ ᠨᠤᠷᠮ᠎ᠠ 86% ᠬᠦᠷᠪᠡ᠃ ᠡᠷᠭᠦᠨ᠎ᠡ ᠬᠤᠲᠠ | 2024 ᠤᠨ ᠤ ᠪᠦᠬᠦ ᠤᠯᠤᠰ ᠤᠨ ᠰᠡᠯᠡᠭᠦᠴᠡᠯ ᠲᠠᠷᠢᠶᠠᠯᠠᠩ ᠤᠨ ᠭᠤᠤᠯᠳᠠᠯᠭ᠎ᠠ ᠲᠠᠢ ᠰᠢᠶᠠᠨ ᠢᠶᠠᠷ ᠰᠤᠩᠭᠤᠭᠳᠠᠪᠠ᠃ ᠰᠠᠭᠤᠷᠢ ᠪᠡᠯᠡᠳᠬᠡᠮᠵᠢ ᠡᠳᠦᠷ ᠢᠷᠡᠬᠦᠶ᠎ᠡ | ᠲᠦᠬᠦᠷᠵᠢᠪᠡ᠃ ᠬᠠᠷᠪᠢᠨ ᠠᠴᠠ ᠮᠠᠨᠵᠤᠤᠷ ᠬᠦᠷᠬᠦ ᠱᠤᠭᠤᠮ ᠤᠨ ᠰᠢ ᠯᠢᠩ ᠺᠸᠤᠡᠴᠠ ᠪᠤᠭᠲᠤ ᠬᠦᠷᠬᠦ ᠲᠡᠮᠦᠷ ᠵᠠᠮ ᠤᠨ ᠨᠠᠯᠠᠤ ᠪᠡᠯ ᠤᠨ ᠢᠨᠵᠧᠨᠧᠷᠢᠩ ᠤᠨ ᠠᠵᠢᠯ ᠢ | ᠡᠬᠢᠯᠡᠬᠦᠯᠦᠨ ᠪᠠᠶᠢᠭᠤᠯᠪᠠ᠃ ᠯᠦᠸᠧ ᠭᠦ᠋ ᠭᠤᠤᠯ ᠠᠴᠠ ᠡᠩᠭᠡᠬᠠᠳᠠ ᠬᠦᠷᠬᠦ᠂ ᠲᠡᠩᠺᠡ ᠠᠴᠠ ᠭᠠᠨ ᠭᠤᠤᠯ ᠲᠠᠷᠢᠶᠠᠯᠠᠩ ᠤᠨ ᠲᠠᠯᠠᠪᠠᠢ ᠬᠦᠷᠬᠦ ᠵᠡᠷᠭᠡ ᠵᠠᠰᠠᠮᠠᠯ ᠵᠠᠮ | ᠪᠠᠶᠢᠭᠤᠯᠤᠭᠳᠠᠨ ᠲᠡᠷᠭᠡ ᠨᠡᠪᠲᠡᠷᠡᠵᠦ᠂ ᠲᠠᠷᠢᠶᠠᠯᠠᠬᠤ ᠮᠠᠯᠵᠢᠬᠤ ᠤᠷᠤᠨ ᠤ ᠵᠠᠰᠠᠮᠠᠯ ᠵᠠᠮ ᠢ 344 ᠺᠢᠯᠤᠮᠧᠳ᠋ᠷ᠂ ᠰᠢᠭᠤᠶᠢᠲᠤ ᠤᠷᠤᠨ ᠤ ᠭᠠᠯ ᠰᠡᠷᠭᠡᠶᠢᠯᠡᠬᠦ ᠵᠠᠮ ᠢ | 830 ᠺᠢᠯᠤᠮᠧᠲᠷ ᠰᠢᠨ᠎ᠡ ᠪᠠᠷ ᠪᠠᠶᠢᠭᠤᠯᠤᠨ ᠰᠢᠨᠡᠳᠬᠡᠨ ᠵᠠᠰᠠᠭᠠᠳ᠂ ᠵᠠᠰᠠᠮᠠᠯ ᠵᠠᠮ ᠢ ᠠᠷᠠᠴᠢᠯᠠᠨ ᠬᠠᠮᠠᠭᠠᠯᠠᠬᠤ ᠢᠨᠵᠧᠨᠧᠷᠢᠩ 386 ᠺᠢᠯᠤᠮᠧᠲᠷ ᠲᠤ ᠬᠦᠷᠪᠡ︔ | ᠬᠦᠯᠦᠨ ᠪᠤᠶᠢᠷ ᠤᠨ ᠨᠢᠰᠬᠡᠯ ᠤᠨ ᠪᠠᠭᠤᠳᠠᠯ ᠠᠶᠠᠨᠴᠢᠳ ᠢ ᠵᠢᠯ ᠳᠤ ᠵᠦᠭᠡᠭᠡᠪᠦᠷᠢᠯᠡᠬᠦ ᠬᠡᠮᠵᠢᠶ᠎ᠡ 320 ᠲᠦᠮᠡᠨ ᠬᠦᠮᠦᠨ ᠤᠳᠠᠭ᠎ᠠ ᠶᠢᠨ ᠲᠤᠮᠤ ᠪᠤᠭᠤᠮᠲᠠ ᠶᠢ ᠠᠩᠬ᠎ᠠ | ᠤᠳᠠᠭ᠎ᠠ ᠰᠢᠪᠲᠤᠯᠤᠭᠠᠳ᠂ ᠤᠮᠠᠷᠠᠳᠤ ᠤᠷᠤᠨ ᠤ ᠠᠶᠠᠨᠴᠢᠳ ᠤᠨ ᠬᠡᠮᠵᠢᠶ᠎ᠡ ᠬᠠᠮᠤᠭ ᠤᠯᠠᠨ ᠰᠠᠯᠪᠤᠷᠢ ᠱᠤᠭᠤᠮ ᠤᠨ ᠨᠢᠰᠬᠡᠯ ᠤᠨ ᠪᠠᠭᠤᠳᠠᠯ ᠪᠤᠯᠤᠭᠰᠠᠨ ᠪᠠᠶᠢᠨ᠎ᠠ︔ | 5G ᠰᠠᠭᠤᠷᠢ ᠦᠷᠲᠡᠭᠡ ᠶᠢ 700 ᠰᠢᠨ᠎ᠡ ᠪᠠᠷ ᠪᠠᠶᠢᠭᠤᠯᠵᠤ᠂ ᠬᠢᠯᠢ ᠶᠢ ᠪᠠᠬᠢᠵᠢᠬᠦᠯᠬᠦ ᠭᠡᠷᠡᠯᠯᠢᠭ ᠳᠡᠭᠡᠰᠦ ᠶᠢ 2410 ᠺᠢᠯᠤᠮᠧᠳ᠋ᠷ ᠪᠠᠶᠢᠭᠤᠯᠵᠤ᠂ ᠮᠡᠳᠡᠭᠡ | ᠬᠤᠯᠪᠤᠭᠠᠨ ᠤ ᠲᠤᠤᠷ ᠰᠦᠯᠵᠢᠶ᠎ᠡ ᠶᠢᠨ ᠬᠢᠷᠢ ᠲᠦᠪᠰᠢᠨ ᠢᠯᠡᠳᠳᠡ ᠳᠡᠭᠡᠭᠰᠢᠯᠡᠪᠡ᠃ |