ᠦᠰᠦᠭᠲᠦ ᠲᠠᠶᠢᠯᠤᠮᠵᠢ᠄ ︽ᠬᠥᠯᠥᠨ ᠪᠤᠶᠢᠷ ᠬᠤᠲᠠ ᠶᠢᠨ ᠢᠳᠡᠭᠡᠨ ᠤᠮᠳᠠᠭᠠᠨ ᠤ ᠦᠢᠯᠡᠴᠢᠯᠡᠭᠡᠨ ᠤ ᠦᠢᠯᠡᠰ ᠤᠨ ᠲᠣᠰᠣᠨ ᠤᠲᠤᠭᠠᠨ ᠤ ᠪᠣᠬᠢᠷᠲᠤᠯ ᠢ ᠰᠡᠷᠭᠡᠶᠢᠯᠡᠨ ᠵᠠᠰᠠᠬᠤ ᠬᠠᠮᠢᠶᠠᠷᠤᠯᠲᠠ ᠶᠢᠨ ᠠᠷᠭ᠎ᠠ︾ ᠶᠢᠨ ᠲᠦᠷᠦ ᠶᠢᠨ ᠪᠤᠳᠤᠯᠭ᠎ᠠ ᠶᠢᠨ ᠲᠠᠶᠢᠯᠤᠮᠵᠢ
ᠨᠡᠶᠢᠲᠡᠯᠡᠭᠰᠡᠨ ᠴᠠᠭ᠄
2025/3/25
       ᠲᠤᠭᠤᠷᠪᠢᠭᠰᠠᠨ ᠠᠬᠤᠢ ᠪᠠᠶᠢᠳᠠᠯ       ᠢᠳᠡᠭᠡᠨ ᠤᠮᠳᠠᠭᠠᠨ ᠤ ᠲᠣᠰᠣᠨ ᠤᠲᠤᠭᠠᠨ ᠤ ᠪᠣᠬᠢᠷᠲᠤᠯ ᠢ ᠰᠡᠷᠭᠡᠶᠢᠯᠡᠨ ᠵᠠᠰᠠᠬᠤ ᠶᠢ ᠴᠢᠩᠭᠠᠳᠬᠠᠵᠤ᠂ ᠣᠯᠠᠨ ᠲᠦᠮᠡᠨ ᠤ ︽ᠡᠳᠦᠷ ᠪᠦᠷᠢ ᠲᠥᠷᠥᠭᠳᠡᠯ ᠲᠠᠢ︾ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠢ ᠰᠠᠶᠢᠲᠤᠷ ᠬᠢᠵᠦ᠂ ᠠᠭᠠᠷ ᠮᠠᠨᠳᠠᠯ ᠤᠨ ᠣᠷᠴᠢᠨ ᠲᠣᠭᠤᠷᠢᠨ ᠤ ᠶᠠᠰᠤ ᠴᠢᠨᠠᠷ ᠢ ᠦᠷᠭᠦᠯᠵᠢᠯᠡᠨ ᠰᠠᠶᠢᠵᠢᠷᠠᠭᠤᠯᠵᠤ᠂ ᠣᠯᠠᠨ ᠨᠡᠶᠢᠲᠡ ᠶᠢᠨ ᠡᠷᠡᠭᠦᠯ ᠮᠡᠨᠳᠦ ᠶᠢ ᠪᠠᠲᠤᠯᠠᠵᠤ᠂ ᠣᠯᠠᠨ ᠲᠦᠮᠡᠨ ᠤ ᠬᠠᠨᠤᠮᠵᠢ ᠶᠢᠨ ᠬᠡᠮᠵᠢᠶ᠎ᠡ ᠶᠢ ᠦᠨᠡᠨᠬᠦ ᠳᠡᠭᠡᠭᠰᠢᠯᠡᠭᠦᠯᠬᠦ ᠶᠢᠨ ᠲᠤᠰᠠᠳᠠ᠂ ᠮᠠᠨ ᠤ ᠬᠤᠲᠠ ︽ᠬᠥᠯᠥᠨ ᠪᠤᠶᠢᠷ ᠬᠤᠲᠠ ᠶᠢᠨ ᠢᠳᠡᠭᠡᠨ ᠤᠮᠳᠠᠭᠠᠨ ᠤ ᠦᠢᠯᠡᠴᠢᠯᠡᠭᠡᠨ ᠤ ᠦᠢᠯᠡᠰ ᠤᠨ ᠲᠣᠰᠣᠨ ᠤᠲᠤᠭᠠᠨ ᠤ ᠪᠣᠬᠢᠷᠲᠤᠯ ᠢ ᠰᠡᠷᠭᠡᠶᠢᠯᠡᠨ ᠵᠠᠰᠠᠬᠤ ᠬᠠᠮᠢᠶᠠᠷᠤᠯᠲᠠ ᠶᠢᠨ ᠠᠷᠭ᠎ᠠ︾ ︵ᠳᠣᠷᠣᠭᠰᠢ ︽ᠠᠷᠭ᠎ᠠ︾ ᠭᠡᠵᠦ ᠲᠣᠪᠴᠢᠯᠠᠨ᠎ᠠ︶ ᠶᠢ ᠨᠡᠶᠢᠲᠡᠯᠡᠪᠡ᠃       ᠶᠡᠷᠦᠩᠬᠡᠢ ᠬᠠᠷᠠᠯᠲᠠ       ᠪᠥᠬᠦ ᠬᠤᠲᠠ ᠶᠢᠨ ᠢᠳᠡᠭᠡᠨ ᠤᠮᠳᠠᠭᠠᠨ ᠤ ᠦᠢᠯᠡᠴᠢᠯᠡᠭᠡᠨ ᠤ ᠦᠢᠯᠡᠰ ᠤᠨ ᠲᠤᠰᠤᠨ ᠤᠲᠤᠭᠠᠨ ᠤ ᠪᠣᠬᠢᠷᠲᠤᠯ ᠢ ᠰᠡᠷᠭᠡᠶᠢᠯᠡᠨ ᠵᠠᠰᠠᠬᠤ ᠬᠠᠮᠢᠶᠠᠷᠤᠯᠲᠠ ᠶᠢ ᠠᠯᠬᠤᠮ ᠴᠢᠨᠠᠭᠰᠢᠳᠠ ᠵᠢᠷᠤᠮᠵᠢᠭᠤᠯᠵᠤ᠂ ᠡᠯ᠎ᠡ ᠰᠠᠯᠠᠭ᠎ᠠ ᠮᠥᠴᠢᠷ ᠤᠨ ᠡᠭᠦᠷᠭᠡ ᠬᠠᠷᠢᠭᠤᠴᠠᠯᠭ᠎ᠠ ᠶᠢ ᠲᠣᠳᠣᠷᠬᠠᠶᠢᠯᠠᠨ᠂ ᠡᠬᠢ ᠡᠭᠦᠰᠦᠯ ᠠᠴᠠ ᠨᠢ ᠵᠠᠰᠠᠬᠤ ᠶᠢ ᠴᠢᠩᠭᠠᠷᠠᠭᠤᠯᠵᠤ᠂ ᠬᠤᠰᠢᠭᠤ ︵ᠬᠤᠲᠠ᠂ ᠲᠣᠭᠤᠷᠢᠭ︶ ᠶᠢᠨ ᠠᠷᠠᠳ ᠤᠨ ᠵᠠᠰᠠᠭ ᠤᠨ ᠣᠷᠳᠣᠨ ᠤ ᠦᠯᠡᠳᠡᠭᠳᠡᠯ ᠠᠰᠠᠭᠤᠳᠠᠯ ᠢ ᠢᠳᠡᠪᠬᠢᠲᠡᠶ ᠰᠢᠢᠳᠪᠦᠷᠢᠯᠡᠬᠦ ᠶᠢ ᠠᠬᠢᠭᠤᠯᠵᠤ᠂ ᠢᠳᠡᠭᠡᠨ ᠤᠮᠳᠠᠭᠠᠨ ᠤ ᠲᠤᠰᠤᠨ ᠣᠲᠤᠭᠠᠨ ᠤ ᠪᠣᠬᠢᠷᠲᠤᠯ ᠤᠨ ᠰᠢᠨ᠎ᠡ ᠠᠰᠠᠭᠤᠳᠠᠯ ᠭᠠᠷᠬᠤ ᠶᠢ ᠰᠡᠷᠭᠡᠶᠢᠯᠡᠨ᠂ ᠠᠭᠠᠷ ᠮᠠᠨᠳᠠᠯ ᠤᠨ ᠣᠷᠴᠢᠨ ᠲᠣᠭᠤᠷᠢᠨ ᠤ ᠶᠠᠰᠤ ᠴᠢᠨᠠᠷ ᠢ ᠰᠠᠶᠢᠵᠢᠷᠠᠭᠤᠯᠵᠤ᠂ ᠣᠯᠠᠨ ᠲᠦᠮᠡᠨ ᠤ ᠠᠮᠢᠳᠤᠷᠠᠯ ᠤᠨ ᠴᠢᠨᠠᠷ ᠴᠢᠨᠰᠠᠭ᠎ᠠ ᠶᠢ ᠦᠨᠡᠨᠬᠦ ᠳᠡᠭᠡᠭᠰᠢᠯᠡᠭᠦᠯᠦᠨ᠎ᠡ᠃       ᠭᠤᠣᠯ ᠠᠭᠤᠯᠭ᠎ᠠ       ︽ᠠᠷᠭ᠎ᠠ︾ ᠨᠢ ᠬᠤᠲᠠ ᠶᠢᠨ ᠵᠠᠰᠠᠭ ᠵᠠᠬᠢᠷᠭᠠᠨ ᠤ ᠣᠷᠣᠨ ᠳᠣᠲᠣᠷᠠᠬᠢ ᠬᠤᠲᠠ ᠶᠢᠨ ᠪᠠᠶᠢᠭᠤᠯᠤᠯᠲᠠᠲᠤ ᠲᠣᠭᠤᠷᠢᠭ ᠤᠨ ᠢᠳᠡᠭᠡᠨ ᠤᠮᠳᠠᠭᠠᠨ ᠤ ᠦᠢᠯᠡᠴᠢᠯᠡᠭᠡᠨ ᠤ ᠦᠢᠯᠡᠰ ᠤᠨ ᠲᠤᠰᠤᠨ ᠤᠲᠤᠭᠠᠨ ᠤ ᠪᠣᠬᠢᠷᠲᠤᠯ ᠢ ᠰᠡᠷᠭᠡᠶᠢᠯᠡᠨ ᠵᠠᠰᠠᠬᠤ ᠵᠢᠴᠢ ᠲᠡᠭᠦᠨ ᠤ ᠬᠢᠨᠠᠯᠲᠠ ᠬᠠᠮᠢᠶᠠᠷᠤᠯᠲᠠ ᠶᠢ ᠠᠯᠬᠤᠮ ᠴᠢᠨᠠᠭᠰᠢᠳᠠ ᠵᠢᠷᠤᠮᠵᠢᠭᠤᠯᠪᠠ᠃       ᠨᠢᠭᠡ ᠳᠤ ᠡᠯ᠎ᠡ ᠰᠠᠯᠠᠭ᠎ᠠ ᠮᠥᠴᠢᠷ ᠤᠨ ᠡᠭᠦᠷᠭᠡ ᠬᠠᠷᠢᠭᠤᠴᠠᠯᠭ᠎ᠠ ᠶᠢ ᠲᠤᠳᠤᠷᠬᠠᠶᠢᠯᠠᠪᠠ᠂ ︽ᠠᠷᠭ᠎ᠠ︾ ᠳᠤ ᠬᠤᠳᠠᠯᠳᠤᠭᠠᠨ ᠤ ᠶᠠᠪᠤᠳᠠᠯ᠂ ᠪᠠᠶᠢᠭᠠᠯᠢ ᠶᠢᠨ ᠡᠬᠢ ᠪᠠᠶᠠᠯᠢᠭ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ᠂ ᠠᠮᠢ ᠠᠬᠤᠶ ᠶᠢᠨ ᠣᠷᠴᠢᠨ ᠲᠣᠭᠤᠷᠢᠨ᠂ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠦᠯᠲᠡ᠂ ᠭᠠᠯ ᠤᠨᠲᠠᠷᠠᠭᠠᠬᠤ᠂ ᠡᠳ᠋ ᠤᠨ ᠵᠠᠰᠠᠭ ᠵᠡᠷᠭᠡ ᠰᠠᠯᠠᠭ᠎ᠠ ᠮᠥᠴᠢᠷ ᠤᠨ ᠢᠳᠡᠭᠡᠨ ᠤᠮᠳᠠᠭᠠᠨ ᠤ ᠦᠢᠯᠡᠰ ᠤᠨ ᠲᠣᠰᠣ ᠤᠲᠤᠭᠠᠨ ᠤ ᠬᠠᠮᠢᠶᠠᠷᠤᠯᠲᠠ ᠶᠢᠨ ᠠᠵᠢᠯ ᠤᠨ ᠡᠭᠦᠷᠭᠡ ᠬᠠᠷᠢᠭᠤᠴᠠᠯᠭ᠎ᠠ ᠵᠢᠴᠢ ᠢᠳᠡᠭᠡᠨ ᠤᠮᠳᠠᠭᠠᠨ ᠤ ᠦᠢᠯᠡᠰ ᠤᠨ ᠡᠵᠡᠩᠨᠡᠭᠴᠢ ᠶᠢᠨ ᠭᠤᠤᠯ ᠴᠣᠭᠴᠠ ᠶᠢᠨ ᠬᠠᠷᠢᠭᠤᠴᠠᠯᠭ᠎ᠠ ᠶᠢ ᠲᠣᠳᠣᠷᠬᠠᠶ ᠲᠣᠭᠲᠠᠭᠠᠪᠠ᠃       ᠬᠤᠶᠠᠷ ᠲᠤ᠂ ᠭᠠᠵᠠᠷ ᠰᠣᠩᠭᠤᠬᠤ ᠪᠠ ᠪᠠᠶᠢᠷᠢᠯᠠᠭᠤᠯᠬᠤ ᠱᠠᠭᠠᠷᠳᠠᠯᠭ᠎ᠠ ᠶᠢ ᠲᠤᠳᠤᠷᠬᠠᠶᠢᠯᠠᠪᠠ᠂ ︽ᠠᠷᠭ᠎ᠠ︾ ᠨᠢ ᠰᠠᠭᠤᠭᠠᠯᠢ ᠠᠷᠠᠳ ᠤᠨ ᠣᠷᠣᠨ ᠰᠠᠭᠤᠴᠠ ᠶᠢᠨ ᠠᠰᠠᠷ᠂ ᠲᠤᠰᠬᠠᠶ ᠤᠳᠤᠭ᠎ᠠ ᠭᠠᠳᠠᠭᠰᠢᠯᠠᠭᠤᠯᠬᠤ ᠶᠢ ᠢᠵᠢ ᠪᠥᠷᠢᠳᠦᠭᠦᠯᠦᠭᠰᠡᠨ ᠥᠬᠡᠶ ᠬᠤᠳᠠᠯᠳᠤᠭᠠᠨ ᠤ ᠣᠷᠣᠨ ᠰᠠᠭᠤᠴᠠ ᠶᠢᠨ ᠶᠡᠷᠦᠩᠬᠡᠶᠢᠯᠡᠭᠰᠡᠨ ᠠᠰᠠᠷ ᠵᠢᠴᠢ ᠬᠤᠳᠠᠯᠳᠤᠭᠠᠨ ᠤ ᠣᠷᠣᠨ ᠰᠠᠭᠤᠴᠠ ᠶᠢᠨ ᠶᠡᠷᠦᠩᠬᠡᠶᠢᠯᠡᠭᠰᠡᠨ ᠠᠰᠠᠷ ᠤᠨ ᠳᠤᠲᠤᠷᠠᠬᠢ ᠣᠷᠣᠨ ᠰᠠᠭᠤᠴᠠ ᠶᠢᠨ ᠳᠠᠪᠬᠤᠷᠭ᠎ᠠ ᠯᠤᠭ᠎ᠠ ᠬᠥᠷᠰᠢ ᠵᠡᠷᠭᠡᠯᠡᠳᠡᠭᠡ ᠬᠤᠳᠠᠯᠳᠤᠭᠠᠨ ᠤ ᠠᠰᠠᠷ ᠤᠨ ᠳᠠᠪᠬᠤᠷᠭ᠎ᠠ ᠶᠢᠨ ᠳᠣᠲᠣᠷ᠎ᠠ ᠰᠢᠨ᠎ᠡ ᠪᠠᠷ ᠪᠠᠶᠢᠭᠤᠯᠬᠤ᠂ ᠥᠭᠡᠷᠡᠴᠢᠯᠡᠨ ᠪᠠᠶᠢᠭᠤᠯᠬᠤ᠂ ᠥᠷᠭᠡᠳᠬᠡᠨ ᠪᠠᠶᠢᠭᠤᠯᠬᠤ ᠠᠴᠠ ᠪᠤᠯᠵᠤ ᠲᠤᠰᠤᠨ ᠤᠲᠤᠭ᠎ᠠ ᠡᠭᠦᠰᠬᠡᠭᠰᠡᠨ ᠢᠳᠡᠭᠡᠨ ᠤᠮᠳᠠᠭᠠᠨ ᠤ ᠦᠢᠯᠡᠴᠢᠯᠡᠭᠡᠨ ᠤ ᠲᠥᠷᠥᠯ ᠵᠦᠢᠯ ᠳᠤ ᠬᠤᠷᠢᠭᠯᠠᠬᠤ ᠴᠢᠨᠠᠷᠲᠠᠶ ᠲᠣᠭᠲᠠᠭᠠᠯ ᠭᠠᠷᠭᠠᠪᠠ᠃       ᠭᠤᠷᠪᠠ ᠳᠤ᠂ ᠬᠢᠨᠠᠯᠲᠠ ᠬᠠᠮᠢᠶᠠᠷᠤᠯᠲᠠ ᠶᠢᠨ ᠠᠵᠢᠯ ᠢ ᠴᠢᠬᠤᠯᠠᠴᠢᠯᠠᠪᠠ᠂ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠦᠯᠲᠡ ᠨᠢ ᠠᠮᠢ ᠠᠬᠤᠶ ᠶᠢᠨ ᠣᠷᠴᠢᠨ ᠲᠣᠭᠤᠷᠢᠨ ᠤ ᠰᠠᠯᠠᠭ᠎ᠠ ᠮᠥᠴᠢᠷ ᠲᠠᠢ ᠬᠠᠮᠲᠤᠷᠠᠨ ᠢᠳᠡᠭᠡᠨ ᠤᠮᠳᠠᠭᠠᠨ ᠤ ᠦᠢᠯᠡᠴᠢᠯᠡᠬᠡᠨ ᠤ ᠡᠵᠡᠩᠨᠡᠯᠲᠡ ᠶᠢᠨ ᠠᠵᠢᠯᠯᠠᠭ᠎ᠠ ᠪᠠ ᠲᠤᠰᠤᠨ ᠤᠲᠤᠭᠠᠨ ᠤ ᠪᠣᠬᠢᠷᠲᠤᠯ ᠤᠨ ᠦᠢᠯᠡ ᠠᠵᠢᠯᠯᠠᠭ᠎ᠠ ᠳᠤ ᠬᠢᠨᠠᠯᠲᠠ ᠲᠠᠯᠪᠢᠵᠤ ᠪᠠᠶᠢᠴᠠᠭᠠᠬᠤ ᠶᠢ ᠴᠢᠩᠭᠠᠳᠬᠠᠵᠤ᠂ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠠᠴᠠ ᠬᠠᠤᠯᠢ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠳᠤ ᠵᠠᠰᠠᠭ ᠵᠠᠬᠢᠷᠭᠠᠨ ᠤ ᠰᠢᠢᠳᠬᠡᠯ ᠥᠭᠬᠦ ᠶᠢ ᠬᠠᠷᠢᠭᠤᠴᠠᠨ᠎ᠠ᠃       ᠪᠤᠰᠤᠳ ᠲᠣᠳᠣᠷᠬᠠᠶᠢᠯᠠᠬᠤ ᠴᠢᠬᠤᠯᠠᠲᠠᠢ ᠵᠦᠢᠯᠡᠰ       ︽ᠠᠷᠭ᠎ᠠ︾ ᠶᠢ ᠨᠡᠶᠢᠲᠡᠯᠡᠭᠰᠡᠨ ᠡᠳᠦᠷ ᠠᠴᠠ ᠡᠬᠢᠯᠡᠵᠦ ᠬᠡᠷᠡᠭᠵᠢᠬᠦᠯᠦᠨ᠎ᠡ᠃ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ᠠᠴᠠ ᠬᠠᠷᠢᠭᠤᠴᠠᠨ ᠲᠠᠶᠢᠯᠪᠤᠷᠢᠯᠠᠨ᠎ᠠ᠃
ᠢᠷᠡᠯᠲᠡ᠄ ᠬᠦᠯᠦᠨ ᠪᠦᠢᠷ ᠬᠤᠲᠠ ᠶᠢᠨ ᠠᠷᠠᠳ ᠤᠨ ᠵᠠᠰᠠᠭ ᠤᠨ ᠣᠷᠳᠤᠨ