— ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠵᠣᠷᠢᠭ ᠰᠠᠨᠠᠭ᠎ᠠ ᠪᠠᠷ ᠪᠦᠭᠦ ᠵᠢᠯ ᠤᠨ ᠬᠠᠷᠠᠯᠲᠠ ᠶᠢ ᠪᠡᠶᠡᠯᠡᠭᠦᠯᠬᠦ ᠲᠤᠬᠠᠢ ᠰᠢᠷᠢᠰ ᠰᠢᠭᠦᠮᠵᠢ ᠨᠢᠭᠡ | ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠪᠣᠯ ᠮᠠᠷᠺᠰ ᠤᠨ ᠦᠵᠡᠯ ᠤᠨ ᠦᠵᠡᠯ ᠰᠠᠨᠠᠭ᠎ᠠ ᠪᠠᠨ ᠴᠢᠯᠦᠭᠡᠯᠡᠬᠦ᠂ ᠦᠨᠡᠨ ᠠᠴᠠ ᠵᠥᠪ ᠢ ᠡᠷᠢᠬᠦ᠂ ᠴᠠᠭ ᠦᠶ᠎ᠡ ᠲᠠᠢ | ᠵᠡᠷᠭᠡ ᠪᠠᠷ ᠤᠷᠤᠭᠰᠢᠯᠠᠬᠤ ᠤᠨᠤᠯ ᠤᠨ ᠬᠡᠪ ᠴᠢᠨᠠᠷ ᠤᠨ ᠦᠢᠯᠡᠳᠦᠯᠭᠡ ᠶᠢᠨ ᠲᠠᠶᠢᠯᠪᠤᠷᠢᠯᠠᠯᠲᠠ ᠮᠥᠨ᠂ ᠪᠠᠰᠠ ᠴᠤ ᠮᠠᠨ ᠤ ᠨᠠᠮ ᠤᠨ ᠠᠵᠢᠯ ᠦᠢᠯᠡᠰ ᠤᠨ | ᠬᠥᠭᠵᠢᠯᠲᠡ ᠶᠢ ᠠᠬᠢᠭᠤᠯᠬᠤ ᠠᠮᠵᠢᠯᠲᠠ ᠲᠠᠢ ᠠᠷᠭ᠎ᠠ ᠵᠠᠮ ᠮᠥᠨ᠃ ᠥᠩᠭᠡᠷᠡᠭᠰᠡᠨ ᠨᠢᠭᠡ ᠵᠢᠯ ᠳᠤ᠂ ᠥᠪᠥᠷ ᠮᠣᠩᠭᠤᠯ ᠤᠨ ᠬᠥᠭᠵᠢᠯᠲᠡ ᠰᠢᠨ᠎ᠡ ᠳᠡᠭᠲᠡᠷ ᠲᠤ | ᠭᠠᠷᠴᠤ ᠴᠢᠳᠠᠭᠰᠠᠨ ᠨᠢ ᠮᠠᠰᠢ ᠶᠡᠭᠡ ᠬᠡᠮᠵᠢᠶᠡᠨ ᠳᠡᠭᠡᠷ᠎ᠡ ᠥᠭᠡᠷᠡᠴᠢᠯᠡᠯᠲᠡ ᠶᠢ ᠭᠦᠨᠵᠡᠭᠡᠶᠢᠷᠡᠭᠦᠯᠦᠭᠰᠡᠨ ᠠᠴᠠ ᠪᠣᠯᠤᠭᠰᠠᠨ ᠶᠤᠮ᠃ ᠡᠬᠢ ᠪᠠᠶᠠᠯᠢᠭ ᠢ ᠨᠡᠭᠡᠭᠡᠨ | ᠬᠥᠭᠵᠢᠭᠦᠯᠬᠦ ᠠᠷᠭ᠎ᠠ ᠭᠡᠯᠪᠡᠷᠢ ᠶᠢ ᠰᠢᠯᠢᠳᠡᠭᠵᠢᠭᠦᠯᠵᠦ ᠰᠢᠨ᠎ᠡ ᠡᠨᠧᠷᠭᠢ ᠶᠢᠨ ᠪᠦᠲᠦᠭᠡᠨ ᠪᠠᠶᠢᠭᠤᠯᠤᠯᠲᠠ ᠶᠢ ᠱᠠᠯᠠᠪᠳᠠᠨ ᠬᠢᠵᠦ ᠲᠦᠷᠭᠡᠨ ᠠᠬᠢᠭᠤᠯᠵᠤ᠂ ᠡᠬᠢ | ᠪᠠᠶᠠᠯᠢᠭ ᠤᠨ ᠬᠦᠴᠦᠨ ᠢ ᠨᠡᠶᠢᠳᠬᠡᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ︽ᠪᠦᠰᠡᠯᠡᠯᠲᠡ ᠰᠢᠪᠲᠤᠯᠬᠤ︾ ᠢᠨᠵᠧᠨᠧᠷᠢᠩ ᠢ ᠬᠡᠷᠡᠭᠵᠢᠭᠦᠯᠵᠦ᠂ ᠬᠡᠯᠬᠢᠶᠡᠲᠦ | ᠮᠠᠶ᠋ᠢᠭ ᠤᠨ ᠰᠡᠳᠬᠢᠬᠦᠢ ᠪᠠᠷ ︽ᠤᠮᠠᠷᠠᠲᠤ ᠶᠢᠨ ᠭᠤᠷᠪᠠᠨ ᠣᠷᠣᠨ︾ ᠤ ᠢᠨᠵᠧᠨᠧᠷᠢᠩ ᠤᠨ ᠭᠤᠷᠪᠠᠨ ᠶᠡᠭᠡ ᠪᠡᠯᠭᠡ ᠲᠡᠮᠳᠡᠭ ᠤᠨ ᠴᠢᠨᠠᠷᠲᠠᠢ ᠳᠠᠶᠢᠯᠠᠯᠳᠤᠭᠠᠨ ᠢ | ᠰᠠᠶᠢᠲᠤᠷ ᠬᠢᠬᠦ ᠠᠴᠠ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶ᠎ᠠ ᠶᠢᠨ ᠭᠤᠷᠪᠠᠳᠤᠭᠠᠷ ᠪᠦᠭᠦᠳᠠ ᠬᠤᠷᠠᠯ ᠤᠨ ᠵᠣᠷᠢᠭ ᠰᠠᠨᠠᠭ᠎ᠠ ᠶᠢ ᠲᠤᠭᠤᠰᠢᠯᠠᠭᠤᠯᠤᠨ | ᠨᠠᠶᠢᠳᠠᠪᠤᠷᠢᠵᠢᠭᠤᠯᠬᠤ 270 ᠭᠠᠷᠤᠢ ᠵᠦᠢᠯ ᠤᠨ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠶᠢ ᠰᠢᠰᠲ᠋ᠧᠮ ᠲᠠᠢ ᠪᠠᠶᠢᠷᠢᠯᠠᠭᠤᠯᠤᠭᠰᠠᠨ ᠭᠦᠷᠲᠡᠯ᠎ᠡ᠂ ︽ᠠᠯᠳᠠᠭ᠎ᠠ | ᠪᠤᠷᠤᠭᠤ ᠶᠢ ᠵᠠᠯᠠᠷᠠᠭᠤᠯᠬᠤ᠂ ᠲᠣᠭᠲᠠᠴᠠ ᠶᠢ ᠥᠭᠡᠷᠡᠴᠢᠯᠡᠬᠦ᠂ ᠪᠠᠶᠢᠷᠢᠰᠢᠭᠤᠯᠤᠯᠲᠠ ᠶᠢ ᠥᠭᠡᠷᠡᠴᠢᠯᠡᠬᠦ᠂ ᠰᠤᠷᠲᠠᠯ ᠢ ᠥᠭᠡᠷᠡᠴᠢᠯᠡᠬᠦ︾ ᠶᠢ ᠨᠢᠭᠡ ᠴᠣᠭᠴᠠᠵᠢᠭᠤᠯᠤᠨ | ᠠᠬᠢᠭᠤᠯᠵᠤ᠂ ᠬᠢᠨᠠᠨ ᠵᠥᠪᠰᠢᠶᠡᠷᠡᠬᠦ ᠡᠷᠬᠡ ᠲᠠᠢ ᠰᠠᠯᠠᠭ᠎ᠠ ᠮᠥᠴᠢᠷ ᠤᠨ ︽ᠴᠡᠭᠴᠡᠯᠡᠬᠦ᠂ ᠵᠢᠷᠤᠮᠵᠢᠭᠤᠯᠬᠤ᠂ ᠬᠤᠷᠳᠤᠴᠠ ᠶᠢ ᠲᠦᠷᠭᠡᠳᠬᠡᠬᠦ᠂ ᠦᠷ᠎ᠡ ᠠᠰᠢᠭ ᠢ | ᠨᠡᠮᠡᠭᠳᠡᠭᠦᠯᠬᠦ︾ ᠶᠢᠨ ᠲᠣᠭᠤᠷᠢᠨ ᠳᠤ ᠠᠵᠢᠯᠯᠠᠭᠠᠨ ᠤ ᠲᠣᠭᠲᠠᠴᠠ ᠪᠠᠨ ᠰᠢᠯᠢᠳᠡᠭᠵᠢᠭᠦᠯᠪᠡ ᠁ ᠰᠢᠨ᠎ᠡ ᠵᠠᠮ ᠨᠡᠭᠡᠭᠡᠵᠦ ᠳᠤᠮᠳᠠ ᠲᠦᠪᠰᠢᠨ ᠳᠤ ᠣᠷᠣᠬᠤ | ᠠᠯᠬᠤᠮ ᠪᠦᠷᠢ ᠴᠥᠮ ᠥᠭᠡᠷᠡᠴᠢᠯᠡᠯᠲᠡ ᠶᠢᠨ ᠬᠠᠷᠰᠢ ᠰᠠᠭᠠᠳ ᠢ ᠠᠷᠢᠯᠭᠠᠬᠤ᠂ ᠬᠥᠳᠡᠯᠭᠡᠬᠦ ᠡᠨᠧᠷᠭᠢ ᠶᠢ ᠨᠡᠮᠡᠭᠳᠡᠭᠦᠯᠬᠦ ᠠᠴᠠ ᠰᠠᠯᠵᠤ ᠴᠢᠳᠠᠬᠤ ᠦᠭᠡᠢ ᠶᠤᠮ᠃ | ᠪᠠᠶᠢᠭᠤᠯᠤᠮᠵᠢ ᠲᠣᠭᠲᠠᠴᠠ ᠰᠢᠯᠤᠭᠤᠬᠠᠨ ᠪᠣᠯᠪᠠᠯ ᠮᠠᠰᠢ ᠤᠯᠠᠨ ᠠᠰᠠᠭᠤᠳᠠᠯ ᠠᠶᠠᠨᠳᠠᠭᠠᠨ ᠰᠢᠢᠳᠪᠦᠷᠢᠯᠡᠭᠳᠡᠨ᠎ᠡ᠃ ᠡᠨᠡ ᠵᠢᠯ ᠥᠪᠡᠷᠲᠡᠭᠡᠨ ᠵᠠᠰᠠᠬᠤ ᠣᠷᠣᠨ ᠶᠠᠭᠤ | ᠬᠢᠬᠦ᠂ ᠶᠠᠮᠠᠷ ᠬᠡᠮᠵᠢᠶᠡᠨ ᠳᠤ ᠭᠦᠷᠲᠡᠯ᠎ᠡ ᠬᠢᠬᠦ ᠶᠢ ᠨᠢᠭᠡᠨᠲᠡ ᠲᠣᠳᠣᠷᠬᠠᠶᠢᠯᠠᠪᠠ᠂ ᠬᠠᠷᠠᠯᠲᠠ ᠡᠭᠦᠷᠭᠡ ᠶᠢ ᠪᠡᠶᠡᠯᠡᠭᠦᠯᠬᠦ ᠳᠤ ᠵᠠᠩᠭᠢᠯᠠᠭ᠎ᠠ ᠨᠢ ᠮᠥᠨ ᠯᠡ | ᠥᠭᠡᠷᠡᠴᠢᠯᠡᠯᠲᠡ ᠳᠤ ᠲᠦᠰᠢᠭᠯᠡᠨ᠎ᠡ᠃ ᠴᠢᠬᠤᠯᠠ ᠶᠡᠭᠡ ᠲᠦᠷᠦᠯ ᠵᠦᠢᠯ ᠢ ᠲᠥᠯᠥᠪᠵᠢᠭᠦᠯᠦᠨ ᠪᠦᠲᠦᠭᠡᠨ ᠪᠠᠶᠢᠭᠤᠯᠬᠤ ᠳᠤ ᠡᠷᠬᠡᠪᠰᠢ ᠪᠡᠯᠡ ᠣᠷᠣᠭᠤᠯᠤᠯᠲᠠ ᠶᠢ | ᠬᠢᠨᠠᠨ ᠵᠥᠪᠰᠢᠶᠡᠷᠡᠬᠦ ᠶᠠᠪᠤᠴᠠ ᠶᠢ ᠳᠥᠭᠦᠮᠴᠢᠯᠡᠵᠦ᠂ ᠡᠳ᠋ ᠤᠨ ᠵᠠᠰᠠᠭ ᠪᠣᠯᠣᠨ ᠮᠥᠩᠭᠦᠨ ᠭᠦᠢᠯᠭᠡᠭᠡᠨ ᠤ ᠬᠠᠮᠵᠢᠯᠴᠠᠭ᠎ᠠ ᠶᠢ ᠴᠢᠩᠭᠠᠳᠬᠠᠵᠤ᠂ ᠠᠷᠠᠳ ᠤᠨ ᠪᠡᠯᠡ | ᠣᠷᠣᠭᠤᠯᠤᠯᠲᠠ ᠶᠢ ᠳᠡᠮᠵᠢᠬᠦ ᠪᠠ ᠵᠣᠷᠢᠭᠵᠢᠭᠤᠯᠬᠤ ᠬᠡᠷᠡᠭᠲᠡᠢ᠃ ᠠᠵᠤ ᠠᠬᠤᠶᠢᠯᠠᠯ ᠤᠨ ᠡᠷᠡᠭᠦᠯ ᠢᠶᠠᠷ ᠬᠥᠭᠵᠢᠬᠦ ᠶᠢ ᠠᠬᠢᠭᠤᠯᠬᠤ ᠳᠤ ᠡᠷᠬᠡᠪᠰᠢ ᠳᠠᠭᠠᠭᠠᠴᠢᠯᠠᠯᠲᠠ | ᠵᠠᠷᠯᠠᠵᠤ ᠳᠠᠭᠠᠭᠠᠴᠢᠯᠠᠯᠲᠠ ᠬᠦᠯᠢᠶᠡᠬᠦ ᠳᠦᠷᠢᠮ ᠢ ᠲᠦᠷᠭᠡᠨ ᠲᠡᠭᠦᠯᠳᠡᠷᠵᠢᠭᠦᠯᠵᠦ᠂ ᠡᠯ᠎ᠡ ᠲᠥᠷᠥᠯ ᠤᠨ ︽ᠨᠢᠭᠡ ᠯᠡ ᠠᠳᠠᠯᠢ ᠪᠠᠷ ᠬᠠᠨᠳᠤᠬᠤ︾ ᠲᠥᠷᠥ ᠶᠢᠨ | ᠪᠣᠳᠣᠯᠭ᠎ᠠ ᠶᠢ ᠪᠣᠳᠠᠲᠠᠶᠢᠵᠢᠭᠤᠯᠬᠤ ᠬᠡᠷᠡᠭᠲᠡᠢ᠃ ᠤᠯᠠᠨ ᠲᠦᠮᠡᠨ ᠤ ᠠᠵᠢᠯ ᠣᠯᠭᠤᠯᠲᠠ ᠶᠢ ᠠᠬᠢᠭᠤᠯᠬᠤ ᠳᠤ ᠡᠷᠬᠡᠪᠰᠢ ᠲᠣᠭᠲᠠᠴᠠ ᠶᠢᠨ ᠲᠠᠯ᠎ᠠ ᠠᠴᠠ ︽ᠬᠥᠮᠥᠨ | ᠪᠠᠶᠢᠭᠠᠳ ᠬᠢᠬᠦ ᠠᠵᠢᠯ ᠦᠭᠡᠢ︾ ᠪᠠ ︽ᠠᠵᠢᠯ ᠪᠠᠶᠢᠭᠠᠳ ᠬᠢᠬᠦ ᠬᠥᠮᠥᠨ ᠦᠭᠡᠢ︾ ᠪᠦᠲᠦᠴᠡ ᠶᠢᠨ ᠴᠢᠨᠠᠷᠲᠠᠢ ᠵᠥᠷᠢᠴᠡᠯ ᠢ ᠰᠢᠢᠳᠪᠦᠷᠢᠯᠡᠬᠦ ᠬᠡᠷᠡᠭᠲᠡᠢ᠃ ᠤᠰᠤ | ᠠᠷᠪᠢᠯᠠᠬᠤ ᠠᠵᠢᠯᠯᠠᠭ᠎ᠠ ᠶᠢ ᠭᠦᠨᠵᠡᠭᠡᠢ ᠥᠷᠨᠢᠭᠦᠯᠬᠦ ᠳᠤ ᠡᠷᠬᠡᠪᠰᠢ ᠤᠰᠤᠨ ᠤ ᠦᠨ᠎ᠡ ᠶᠢᠨ ᠥᠭᠡᠷᠡᠴᠢᠯᠡᠯᠲᠡ ᠳᠡᠭᠡᠷ᠎ᠡ ᠨᠡᠩ ᠤᠯᠠᠨ ᠪᠣᠳᠠᠲᠠᠢ ᠠᠷᠭ᠎ᠠ ᠬᠡᠮᠵᠢᠶ᠎ᠡ ᠠᠪᠬᠤ | ᠬᠡᠷᠡᠭᠲᠡᠢ᠃ ᠣᠷᠣᠨ ᠪᠦᠰᠡ ᠶᠢᠨ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠬᠦ ᠳᠤ ᠡᠷᠬᠡᠪᠰᠢ ᠣᠷᠣᠨ ᠪᠦᠰᠡ ᠶᠢᠨ ᠬᠤᠭᠤᠷᠣᠨᠳᠣᠭᠢ ᠬᠤᠯᠪᠤᠭᠠᠯᠠᠨ ᠬᠥᠳᠡᠯᠦᠯᠴᠡᠵᠦ | ᠠᠭᠤᠰᠤᠯᠴᠠᠨ ᠬᠥᠭᠵᠢᠬᠦ ᠪᠠᠶᠢᠷᠢᠰᠢᠯ ᠢ ᠪᠠᠶᠢᠭᠤᠯᠬᠤ ᠬᠡᠷᠡᠭᠲᠡᠢ᠃ ᠤᠮᠠᠷᠠᠲᠤ ᠬᠢᠯᠢ ᠶᠢᠨ ᠰᠣᠶᠣᠯ ᠢ ᠪᠠᠶᠢᠭᠤᠯᠬᠤ ᠳᠤ ᠡᠷᠬᠡᠪᠰᠢ ᠰᠣᠶᠣᠯ ᠤᠨ ᠬᠥᠭᠵᠢᠯᠲᠡ ᠶᠢᠨ | ᠪᠠᠶᠢᠭᠤᠯᠤᠯ ᠲᠣᠭᠲᠠᠴᠠ ᠶᠢ ᠴᠢᠨᠠᠭᠰᠢᠳᠠ ᠰᠢᠯᠤᠭᠤᠳᠬᠠᠬᠤ ᠬᠡᠷᠡᠭᠲᠡᠢ᠃ ᠰᠠᠶ᠋ᠢᠬᠠᠨ ᠲᠡᠭᠦᠰᠦᠭᠰᠡᠨ ᠪᠦᠭᠦ ᠤᠯᠤᠰ ᠤᠨ ᠬᠤᠶᠠᠷ ᠬᠤᠷᠠᠯ ᠳᠤ ᠥᠭᠡᠷᠡᠴᠢᠯᠡᠯᠲᠡ ᠬᠢᠵᠦ | ᠰᠢᠨ᠎ᠡ ᠶᠢ ᠡᠭᠦᠳᠬᠦ ᠨᠢ ᠣᠯᠠᠨᠲᠠ ᠳᠤᠷᠠᠳᠤᠭᠳᠠᠭᠰᠠᠨ ᠵᠠᠩᠭᠢᠯᠠᠭ᠎ᠠ ᠶᠢᠨ ᠦᠭᠡ ᠪᠣᠯᠪᠠ᠃ ᠪᠦᠭᠦ ᠣᠷᠣᠨ ᠤ ᠡᠯ᠎ᠡ ᠱᠠᠲᠤᠨ ᠤ ᠬᠢᠨ ᠦᠢᠯᠡᠳᠦᠯᠭᠡ ᠶᠢᠨ ᠳᠤᠮᠳᠠ | ᠴᠥᠭᠡᠨ ᠪᠤᠰᠤ ᠥᠭᠡᠷᠡᠴᠢᠯᠡᠯᠲᠡ ᠶᠢᠨ ︽ᠰᠠᠶᠢᠨ ᠵᠣᠷ︾ ᠢ ᠬᠤᠷᠠᠮᠳᠤᠭᠤᠯᠵᠤ᠂ ︽ᠰᠠᠶᠢᠨ ᠠᠷᠭ᠎ᠠ︾ ᠶᠢ ᠡᠭᠦᠳᠴᠦ᠂ ︽ᠵᠠᠩᠭᠢᠯᠠᠭ᠎ᠠ ᠶᠢᠨ ᠠᠷᠭ᠎ᠠ︾ ᠶᠢ ᠰᠠᠶᠢᠲᠤᠷ | ᠬᠡᠷᠡᠭᠯᠡᠵᠦ᠂ ᠬᠦᠴᠢᠷ ᠠᠰᠠᠭᠤᠳᠠᠯ ᠢ ᠰᠢᠢᠳᠪᠦᠷᠢᠯᠡᠵᠦ᠂ ᠬᠥᠭᠵᠢᠯᠲᠡ ᠶᠢ ᠠᠬᠢᠭᠤᠯᠬᠤ ᠳᠤ ᠰᠠᠶᠢᠨ ᠡᠭᠢᠯᠡᠯᠲᠡ ᠲᠠᠢ ᠪᠣᠯᠵᠤ᠂ ᠪᠦᠭᠦ ᠵᠢᠯ ᠳᠤ ᠰᠠᠶᠢᠨ ᠦᠷ᠎ᠡ | ᠪᠦᠲᠦᠮᠵᠢ ᠣᠯᠪᠠᠯ᠂ ᠪᠢᠳᠡ ᠯᠠᠪᠲᠠᠢ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠥᠪᠥᠷ ᠮᠣᠩᠭᠤᠯ ᠤᠨ ᠰᠢᠨ᠎ᠡ ᠬᠠᠭᠤᠳᠠᠰᠤ ᠶᠢ ᠨᠠᠩ ᠭᠤᠶᠢᠳᠠ | ᠰᠠᠶᠢᠬᠠᠨ ᠪᠢᠴᠢᠭᠯᠡᠵᠦ ᠴᠢᠳᠠᠬᠤ ᠶᠤᠮ᠃ |