— ᠳᠤᠮᠳᠠᠳᠤ ᠤᠯᠤᠰ ᠤᠨ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢᠨ ᠲᠤᠬᠠᠢ ᠰᠢᠨ᠎ᠡ ᠠᠵᠢᠭᠯᠠᠯᠲᠠ ︵ᠳᠡᠭᠡᠳᠦ︶ 2025 ᠣᠨ ᠪᠣᠯ ︽ | ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠦᠪᠵᠢᠭᠦᠯᠭᠡ ᠶᠢᠨ ᠲᠡᠭᠦᠰᠬᠡᠯ ᠤᠨ ᠵᠢᠯ ᠮᠥᠨ᠂ ᠪᠠᠰᠠ ᠴᠤ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠬᠦ | ᠲᠠᠯ᠎ᠠ ᠪᠠᠷ ᠭᠦᠨᠵᠡᠭᠡᠶᠢᠷᠡᠭᠦᠯᠬᠦ ᠶᠢᠨ ᠴᠢᠬᠤᠯᠠ ᠨᠢᠭᠡ ᠵᠢᠯ ᠮᠥᠨ᠃ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ ᠪᠠᠲᠤ ᠴᠢᠩᠭ᠎ᠠ | ᠤᠳᠤᠷᠢᠳᠤᠯᠭ᠎ᠠ ᠳᠣᠣᠷ᠎ᠠ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷᠤᠨ ᠬᠢᠨ ᠢᠲᠡᠭᠡᠯ ᠵᠣᠷᠢᠭ ᠢᠶᠠᠨ ᠪᠠᠲᠤᠳᠬᠠᠵᠤ᠂ ᠬᠠᠲᠠᠭᠤᠵᠢᠯᠲᠠᠢ ᠮᠥᠷᠲᠡᠭᠡᠨ ᠪᠣᠳᠠᠲᠠᠢ | ᠠᠵᠢᠯᠯᠠᠵᠤ᠂ ᠲᠣᠭᠲᠠᠭᠤᠨ ᠤ ᠳᠤᠮᠳᠠ ᠤᠷᠤᠭᠰᠢᠯᠠᠵᠤ᠂ ᠴᠢᠳᠠᠮᠠᠭᠠᠢ ᠪᠠᠷ ᠠᠵᠢᠯᠯᠠᠨ ᠠᠮᠵᠢᠯᠲᠠ ᠣᠯᠵᠤ᠂ ᠴᠢᠨᠠᠷ ᠰᠠᠶᠢᠲᠠᠢ ᠬᠥᠭᠵᠢᠯᠲᠡ ᠶᠢ ᠭᠤᠶᠢᠪᠢᠰᠢ ᠦᠭᠡᠢ | ᠠᠬᠢᠭᠤᠯᠵᠤ ᠪᠣᠢ᠃ ᠡᠨᠡ ᠵᠢᠯ ᠠᠴᠠ ᠨᠠᠭᠠᠰᠢ᠂ ᠳᠤᠮᠳᠠᠳᠤ ᠤᠯᠤᠰ ᠤᠨ ᠠᠵᠤ ᠠᠬᠤᠢ ᠶᠢᠨ ᠠᠵᠢᠯᠯᠠᠭᠠᠨ ᠲᠣᠭᠲᠠᠭᠤᠨ ᠢᠶᠠᠷ ᠡᠬᠢᠯᠡᠵᠦ᠂ ᠬᠥᠭᠵᠢᠯᠲᠡ ᠶᠢᠨ ᠪᠠᠶᠢᠳᠠᠯ | ᠰᠢᠨ᠎ᠡ ᠪᠥᠭᠡᠳ ᠰᠠᠶᠢᠨ ᠵᠦᠭ ᠬᠠᠨᠳᠤᠵᠤ ᠪᠣᠢ᠃ | 【 ᠰᠢᠨ᠎ᠡ ᠬᠥᠭᠵᠢᠯᠲᠡ ᠶᠢᠨ ᠰᠢᠨ᠎ᠡ ᠱᠠᠲᠤ ᠦᠶ᠎ᠡ 】 2024 ᠣᠨ ᠳᠤ᠂ ᠮᠠᠨ ᠤ ᠤᠯᠤᠰ ᠤᠨ ᠠᠵᠤ ᠠᠬᠤᠢ ᠶᠢᠨ ᠶᠡᠷᠦᠩᠬᠡᠢ ᠬᠡᠮᠵᠢᠶ᠎ᠡ 134.9 | ᠲᠦᠮᠡᠨ ᠳ᠋ᠦᠩᠰᠢᠭᠤᠷ ᠲᠥᠭᠦᠷᠢᠭ ᠲᠤ ᠬᠦᠷᠴᠦ᠂ ᠠᠩᠬ᠎ᠠ ᠤᠳᠠᠭ᠎ᠠ 130 ᠲᠦᠮᠡᠨ ᠳ᠋ᠦᠩᠰᠢᠭᠤᠷ ᠲᠥᠭᠦᠷᠢᠭ ᠢ ᠳᠠᠪᠠᠵᠤ᠂ ᠳᠡᠭᠡᠷ᠎ᠡ ᠵᠢᠯ ᠤᠨ ᠬᠢ ᠠᠴᠠ 5% ᠪᠠᠷ | ᠨᠡᠮᠡᠭᠳᠡᠵᠦ᠂ ᠠᠵᠤ ᠠᠬᠤᠢ ᠶᠢᠨ ᠶᠡᠷᠦᠩᠬᠡᠢ ᠬᠡᠮᠵᠢᠶᠡᠨ ᠤ ᠬᠡᠪᠴᠢᠶᠡᠵᠢᠯ ᠪᠦᠬᠦ ᠪᠥᠮᠪᠥᠷᠴᠡᠭ ᠤᠨ ᠬᠤᠶᠠᠳᠤᠭᠠᠷ ᠲᠤ ᠣᠷᠣᠵᠤ᠂ ᠳᠤᠮᠳᠠᠳᠤ ᠤᠯᠤᠰ ᠦᠷᠭᠦᠯᠵᠢᠯᠡᠨ | ᠳᠡᠯᠡᠬᠡᠢ ᠶᠢᠨ ᠠᠵᠤ ᠠᠬᠤᠢ ᠶᠢᠨ ᠨᠡᠮᠡᠭᠳᠡᠯ ᠤᠨ ᠭᠤᠣᠯ ᠬᠤᠪᠢ ᠨᠡᠮᠡᠷᠢ ᠦᠵᠡᠭᠦᠯᠦᠭᠴᠢ ᠪᠠ ᠲᠣᠭᠲᠠᠪᠤᠷᠢᠵᠢᠭᠤᠯᠤᠭᠴᠢ ᠪᠣᠯᠤᠭᠰᠠᠨ ᠪᠠᠶᠢᠨ᠎ᠠ᠃ ᠶᠡᠷᠦᠩᠬᠡᠢ ᠳᠤ ᠨᠢ | ᠠᠪᠴᠤ ᠦᠵᠡᠪᠡᠯ᠂ ᠳᠤᠮᠳᠠᠳᠤ ᠤᠯᠤᠰ ᠤᠨ ᠠᠵᠤ ᠠᠬᠤᠢ ᠶᠢᠨ ᠰᠠᠭᠤᠷᠢ ᠲᠣᠭᠲᠠᠭᠤᠨ᠂ ᠳᠠᠪᠠᠭᠤᠯᠢᠭ ᠣᠯᠠᠨ᠂ ᠤᠶᠠᠨ ᠴᠢᠨᠠᠷ ᠴᠢᠩᠭ᠎ᠠ᠂ ᠳᠠᠯᠳᠠ ᠬᠦᠴᠦᠨ ᠶᠡᠭᠡ᠂ | ᠣᠷᠳᠣ ᠬᠤᠭᠤᠴᠠᠭ᠎ᠠ ᠪᠠᠷ ᠰᠠᠶᠢᠵᠢᠷᠠᠬᠤ ᠶᠢᠨ ᠲᠤᠯᠭᠠᠭᠤᠷᠢᠯᠠᠬᠤ ᠨᠥᠬᠦᠴᠡᠯ ᠪᠠ ᠦᠨᠳᠦᠰᠦᠨ ᠬᠠᠨᠳᠤᠰᠢ ᠬᠤᠪᠢᠷᠠᠭᠰᠠᠨ ᠦᠭᠡᠢ᠃ | 【 ᠰᠢᠨ᠎ᠡ ᠬᠥᠭᠵᠢᠯᠲᠡ ᠶᠢᠨ ᠣᠨᠣᠯᠵᠢᠬᠤᠨ 】 ᠴᠢᠨᠠᠷ ᠰᠠᠶᠢᠲᠠᠢ ᠬᠥᠭᠵᠢᠯᠲᠡ ᠪᠣᠯ ᠳᠠᠷᠤᠢ ᠠᠷᠠᠳ ᠲᠦᠮᠡᠨ ᠤ ᠡᠳᠦᠷ ᠢᠷᠡᠬᠦᠶ᠎ᠡ ᠨᠡᠮᠡᠭᠳᠡᠵᠦ ᠪᠠᠶᠢᠭ᠎ᠠ | ᠰᠠᠶᠢᠨ ᠰᠠᠶᠢᠬᠠᠨ ᠠᠮᠢᠳᠤᠷᠠᠯ ᠤᠨ ᠬᠡᠷᠡᠭᠴᠡᠭᠡ ᠶᠢ ᠨᠡᠩ ᠰᠠᠶᠢᠨ ᠢᠶᠠᠷ ᠬᠠᠩᠭᠠᠵᠤ ᠳᠡᠶᠢᠯᠬᠦ ᠬᠥᠭᠵᠢᠯᠲᠡ ᠮᠥᠨ᠂ ᠰᠢᠨ᠎ᠡ ᠬᠥᠭᠵᠢᠯᠲᠡ ᠶᠢᠨ ᠣᠨᠣᠯᠵᠢᠬᠤᠨ ᠢ | ᠢᠯᠡᠷᠡᠭᠦᠯᠬᠦ ᠬᠥᠭᠵᠢᠯᠲᠡ ᠮᠥᠨ᠂ ᠰᠢᠨ᠎ᠡ ᠶᠢ ᠡᠭᠦᠳᠬᠦ ᠶᠢ ᠨᠢᠭᠡᠳᠦᠭᠡᠷ ᠬᠥᠳᠡᠯᠭᠡᠬᠦ ᠬᠦᠴᠦᠨ ᠪᠣᠯᠭᠠᠬᠤ᠂ ᠵᠣᠬᠢᠴᠠᠭᠤᠯᠬᠤ ᠶᠢ ᠳᠣᠲᠣᠭᠠᠳᠤ ᠶᠢᠨ ᠡᠭᠦᠰᠦᠮᠡᠯ | ᠣᠨᠴᠠᠯᠢᠭ ᠪᠣᠯᠭᠠᠬᠤ᠂ ᠪᠣᠬᠢᠷᠲᠤᠯ ᠦᠭᠡᠢ ᠪᠠᠶᠢᠯᠭᠠᠬᠤ ᠶᠢ ᠲᠦᠭᠡᠮᠡᠯ ᠪᠠᠶᠢᠳᠠᠯ ᠪᠣᠯᠭᠠᠬᠤ᠂ ᠨᠡᠭᠡᠭᠡᠯᠲᠡ ᠬᠢᠬᠦ ᠶᠢ ᠡᠷᠬᠡᠪᠰᠢ ᠵᠠᠮᠨᠠᠬᠤ ᠵᠠᠮ ᠪᠣᠯᠭᠠᠬᠤ᠂ ᠬᠠᠮᠲᠤ | ᠡᠳ᠋ᠯᠡᠬᠦ ᠶᠢ ᠦᠨᠳᠦᠰᠦᠨ ᠬᠠᠷᠠᠯᠲᠠ ᠪᠣᠯᠭᠠᠬᠤ ᠬᠥᠭᠵᠢᠯᠲᠡ ᠮᠥᠨ᠃ | 【 ᠰᠢᠨ᠎ᠡ ᠬᠥᠭᠵᠢᠯᠲᠡ ᠶᠢᠨ ᠲᠥᠯᠥᠪ ᠪᠠᠶᠢᠳᠠᠯ 】 ᠣᠶᠢᠷ᠎ᠠ ᠶᠢᠨ ᠵᠢᠯ ᠤᠳ ᠠᠴᠠ ᠨᠠᠭᠠᠰᠢ᠂ ᠰᠢᠨ᠎ᠡ ᠬᠥᠭᠵᠢᠯᠲᠡ ᠶᠢᠨ ᠲᠥᠯᠥᠪ ᠪᠠᠶᠢᠳᠠᠯ ᠢ ᠪᠠᠶᠢᠭᠤᠯᠬᠤ | ᠠᠵᠢᠯ ᠯᠠᠪᠳᠠᠭᠤᠨ ᠢᠶᠠᠷ ᠠᠬᠢᠵᠤ ᠪᠣᠢ᠃ ᠤᠯᠤᠰ ᠤᠨ ᠳᠣᠲᠣᠭᠠᠳᠤ ᠶᠢᠨ ᠶᠡᠭᠡ ᠣᠷᠴᠢᠯ ᠢ ᠰᠠᠭᠠᠳ ᠦᠭᠡᠢ ᠨᠠᠪᠲᠠᠷᠡᠭᠦᠯᠵᠦ᠂ ᠬᠡᠳᠦ ᠶᠡᠭᠡ ᠬᠡᠪᠴᠢᠶᠡᠨ ᠤ ᠵᠠᠬ᠎ᠠ | ᠳᠡᠯᠭᠡᠭᠦᠷ ᠤᠨ ᠳᠠᠯᠳᠠ ᠬᠦᠴᠦᠨ ᠢ ᠲᠠᠰᠤᠷᠠᠯᠲᠠ ᠦᠭᠡᠢ ᠪᠠᠳᠠᠷᠠᠭᠤᠯᠵᠤ ᠪᠠᠶᠢᠨ᠎ᠠ᠃ 2024 ᠣᠨ ᠳᠤ᠂ ᠨᠡᠶᠢᠭᠡᠮ ᠤᠨ ᠬᠡᠷᠡᠭᠯᠡᠭᠡ ᠶᠢᠨ ᠵᠦᠢᠯ ᠤᠨ ᠵᠢᠵᠢᠭᠯᠡᠨ | ᠬᠤᠳᠠᠯᠳᠤᠭᠰᠠᠨ ᠶᠡᠷᠦᠩᠬᠡᠢ ᠬᠡᠮᠵᠢᠶ᠎ᠡ ᠳᠡᠭᠡᠷ᠎ᠡ ᠵᠢᠯ ᠤᠨ ᠬᠢ ᠠᠴᠠ 3.5% ᠪᠠᠷ ᠨᠡᠮᠡᠭᠳᠡᠵᠦ᠂ ᠬᠡᠷᠡᠭᠯᠡᠭᠡ ᠶᠢᠨ ᠰᠠᠭᠤᠷᠢ ᠴᠢᠨᠠᠷᠲᠠᠢ ᠦᠢᠯᠡᠳᠦᠯ ᠦᠷᠭᠦᠯᠵᠢᠯᠡᠨ | ᠴᠢᠩᠭᠠᠷᠠᠪᠠ︔ ᠦᠢᠯᠡᠳᠬᠦ ᠦᠢᠯᠡᠰ ᠤᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 6.1% ᠪᠠᠷ ᠨᠡᠮᠡᠭᠳᠡᠵᠦ᠂ ᠶᠡᠷᠦᠩᠬᠡᠢ ᠬᠡᠪᠴᠢᠶᠡᠵᠢᠯ ᠨᠢ ᠪᠥᠬᠦ | ᠳᠡᠯᠡᠬᠡᠢ ᠳᠤ 15 ᠵᠢᠯ ᠳᠠᠷᠠᠭᠠᠯᠠᠨ ᠨᠢᠭᠡᠳᠦᠭᠡᠷ ᠲᠤ ᠪᠠᠶᠢᠷᠢᠯᠠᠪᠠ᠃ 2024 ᠣᠨ ᠳᠤ᠂ ᠮᠠᠨ ᠤ ᠤᠯᠤᠰ ᠤᠨ ᠡᠳ᠋ ᠪᠠᠷᠠᠭ᠎ᠠ ᠶᠢ ᠭᠠᠳᠠᠭᠠᠳᠤ ᠠᠴᠠ ᠣᠷᠣᠭᠤᠯᠵᠤ | ᠭᠠᠳᠠᠭᠠᠳᠤ ᠳᠤ ᠭᠠᠷᠭᠠᠭᠰᠠᠨ ᠶᠡᠷᠦᠩᠬᠡᠢ ᠬᠡᠮᠵᠢᠶ᠎ᠡ 43.8 ᠲᠦᠮᠡᠨ ᠳ᠋ᠦᠩᠰᠢᠭᠤᠷ ᠲᠥᠭᠦᠷᠢᠭ ᠲᠤ ᠬᠦᠷᠴᠦ᠂ ᠲᠡᠦᠬᠡ ᠶᠢᠨ ᠰᠢᠨ᠎ᠡ ᠲᠡᠮᠳᠡᠭᠯᠡᠯ ᠢ ᠡᠭᠦᠳᠴᠦ᠂ 8 ᠵᠢᠯ | ᠳᠠᠷᠠᠭᠠᠯᠠᠨ ᠪᠦᠬᠦ ᠪᠥᠮᠪᠥᠷᠴᠡᠭ ᠤᠨ ᠡᠳ᠋ ᠪᠠᠷᠠᠭᠠᠨ ᠤ ᠠᠷᠠᠯᠵᠢᠶᠠᠨ ᠤ ᠨᠢᠭᠡᠳᠦᠭᠡᠷ ᠲᠣᠮᠣ ᠤᠯᠤᠰ ᠢ ᠪᠠᠲᠤᠯᠠᠪᠠ᠃ | 【 ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ 】 2024 ᠣᠨ ᠳᠤ᠂ ᠤᠯᠠᠮᠵᠢᠯᠠᠯᠲᠤ ᠠᠵᠤ ᠦᠢᠯᠡᠰ ᠤᠨ ᠬᠡᠯᠪᠡᠷᠢ ᠶᠢ ᠬᠤᠪᠢᠷᠠᠭᠤᠯᠤᠨ ᠲᠡᠰ | ᠳᠡᠪᠰᠢᠭᠦᠯᠬᠦ ᠶᠢ ᠯᠠᠪᠳᠠᠭᠤᠨ ᠪᠠᠲᠤᠲᠠᠢ ᠠᠬᠢᠭᠤᠯᠵᠤ᠂ ᠦᠢᠯᠡᠳᠬᠦ ᠦᠢᠯᠡᠰ ᠤᠨ ᠮᠡᠷᠭᠡᠵᠢᠯ ᠤᠨ ᠰᠢᠨᠡᠴᠢᠯᠡᠯᠲᠡ ᠶᠢᠨ ᠪᠡᠯᠡ ᠣᠷᠣᠭᠤᠯᠤᠯᠲᠠ ᠳᠡᠭᠡᠷ᠎ᠡ | ᠵᠢᠯ ᠤᠨ ᠬᠢ ᠠᠴᠠ 8% ᠪᠠᠷ ᠨᠡᠮᠡᠭᠳᠡᠵᠦ᠂ ᠪᠦᠬᠦ ᠪᠡᠯᠡ ᠣᠷᠣᠭᠤᠯᠤᠯᠲᠠ ᠶᠢᠨ ᠨᠡᠮᠡᠭᠳᠡᠯ ᠤᠨ ᠬᠤᠷᠳᠤᠴᠠ ᠠᠴᠠ 4.8 ᠵᠠᠭᠤᠨ ᠤ ᠬᠤᠪᠢ ᠲᠦᠷᠭᠡᠨ ᠪᠣᠯᠪᠠ︔ | ᠰᠢᠨ᠎ᠡ ᠪᠠᠷ ᠡᠭᠦᠰᠦᠭᠰᠡᠨ ᠠᠵᠤ ᠦᠢᠯᠡᠰ ᠲᠣᠷᠨᠢᠨ ᠪᠤᠶᠢᠵᠢᠵᠤ᠂ ᠬᠡᠪᠴᠢᠶᠡᠵᠢᠯ ᠠᠴᠠ ᠳᠡᠭᠡᠭᠰᠢᠬᠢ ᠳᠡᠭᠡᠳᠦ ᠮᠡᠷᠭᠡᠵᠢᠯ ᠤᠨ ᠦᠢᠯᠡᠳᠬᠦ ᠦᠢᠯᠡᠰ ᠤᠨ ᠨᠡᠮᠡᠭᠳᠡᠯ | ᠦᠷᠳᠡᠭ ᠲᠦᠷᠦᠭᠦᠦ ᠵᠢᠯ ᠤᠨ ᠬᠢ ᠠᠴᠠ 8.9% ᠪᠠᠷ ᠨᠡᠮᠡᠭᠳᠡᠵᠦ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠦᠷᠳᠡᠭ ᠲᠤ ᠡᠵᠡᠯᠡᠬᠦ | ᠬᠤᠪᠢ ᠶᠢᠨ ᠵᠢᠩ ᠲᠦᠷᠦᠭᠦᠦ ᠵᠢᠯ ᠤᠨ ᠬᠢ ᠠᠴᠠ 0.6 ᠵᠠᠭᠤᠨ ᠤ ᠬᠤᠪᠢ ᠳᠡᠭᠡᠭᠰᠢᠯᠡᠪᠡ︔ ᠢᠷᠡᠭᠡᠳᠦᠢ ᠶᠢᠨ ᠠᠵᠤ ᠦᠢᠯᠡᠰ ᠪᠤᠶᠢᠵᠢᠨ ᠪᠤᠵᠠᠭᠠᠶᠢᠷᠠᠵᠤ᠂ ᠠᠮᠢᠳᠤ | ᠪᠣᠳᠠᠰ ᠤᠨ ᠦᠢᠯᠡᠳᠬᠦ ᠦᠢᠯᠡᠰ᠂ ᠺᠸᠠᠨ᠋ᠲ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠂ ᠪᠡᠶᠡᠲᠦ ᠣᠶᠤᠨ᠂ 6G ᠵᠡᠷᠭᠡ ᠠᠵᠤ ᠦᠢᠯᠡᠰ ᠤᠨ ᠪᠠᠶᠢᠷᠢᠰᠢᠭᠤᠯᠤᠯᠲᠠ ᠶᠢ | ᠲᠦᠷᠭᠡᠳᠬᠡᠵᠦ ᠪᠣᠢ᠃ | 【 ᠠᠷᠠᠳ ᠲᠦᠮᠡᠨ ᠢᠶᠠᠷ ᠭᠤᠣᠯ ᠪᠣᠯᠭᠠᠬᠤ ᠶᠢ ᠪᠠᠷᠢᠮᠲᠠᠯᠠᠨ᠎ᠠ 】 2024 ᠣᠨ ᠳᠤ᠂ ᠶᠢᠰᠦᠨ ᠵᠢᠯ ᠤᠨ ᠠᠯᠪᠠᠨ ᠵᠢᠷᠤᠮ ᠤᠨ ᠰᠤᠷᠭᠠᠨ ᠬᠥᠮᠦᠵᠢᠯ ᠢ | ᠪᠠᠬᠢᠵᠢᠭᠦᠯᠦᠭᠰᠡᠨ ᠨᠣᠷᠮ᠎ᠠ 95.9% ᠳᠤ ᠬᠦᠷᠴᠦ᠂ ᠲᠦᠷᠦᠭᠦᠤ ᠵᠢᠯ ᠤᠨ ᠬᠢ ᠠᠴᠠ 0.2 ᠵᠠᠭᠤᠨ ᠤ ᠬᠤᠪᠢ ᠳᠡᠭᠡᠭᠰᠢᠯᠡᠵᠡᠢ︔ ᠬᠥᠳᠡᠯᠮᠦᠷᠢᠯᠡᠭᠰᠡᠳ ᠲᠤ | ᠣᠯᠭᠤᠮᠵᠢ ᠲᠠᠢ ᠪᠠᠶᠢᠯᠭᠠᠵᠤ᠂ 2024 ᠣᠨ ᠳᠤ᠂ ᠪᠥᠬᠦ ᠤᠯᠤᠰ ᠤᠨ ᠬᠤᠲᠠ ᠪᠠᠯᠭᠠᠰᠤᠨ ᠳᠤ 1256 ᠲᠦᠮᠡᠨ ᠬᠥᠮᠥᠨ ᠳᠤ ᠰᠢᠨ᠎ᠡ ᠪᠠᠷ ᠠᠵᠢᠯ ᠣᠯᠭᠤᠵᠤ᠂ | 4 ᠵᠢᠯ ᠳᠠᠷᠠᠭᠠᠯᠠᠨ 1200 ᠲᠦᠮᠡ ᠠᠴᠠ ᠳᠡᠭᠡᠭᠰᠢᠬᠢ ᠬᠥᠮᠥᠨ ᠳᠤ ᠰᠢᠨ᠎ᠡ ᠪᠠᠷ ᠠᠵᠢᠯ ᠣᠯᠭᠤᠬᠤ ᠶᠢ ᠪᠠᠲᠤᠯᠠᠪᠠ︔ ᠥᠲᠡᠯᠦᠭᠰᠡᠳ ᠲᠤ ᠠᠰᠠᠷᠠᠮᠵᠢ ᠲᠠᠢ | ᠪᠠᠶᠢᠯᠭᠠᠵᠤ᠂ 2024 ᠣᠨ ᠤ ᠡᠴᠦᠰ ᠪᠣᠯᠲᠠᠯ᠎ᠠ᠂ ᠪᠥᠬᠦ ᠤᠯᠤᠰ ᠤᠨ ᠨᠠᠰᠤᠵᠢᠯ ᠤᠨ ᠠᠰᠠᠷᠠᠮᠵᠢ ᠶᠢᠨ ᠦᠨᠳᠦᠰᠦᠨ ᠳᠠᠭᠠᠳᠬᠠᠯ 10.7 ᠳ᠋ᠦᠩᠰᠢᠭᠤᠷ ᠬᠥᠮᠥᠨ ᠢ | ᠬᠠᠮᠤᠷᠪᠠ︔ ᠰᠠᠭᠤᠬᠤ ᠳᠤ ᠭᠡᠷ ᠲᠠᠢ ᠪᠠᠶᠢᠯᠭᠠᠵᠤ᠂ 2019 ᠣᠨ ᠠᠴᠠ ᠨᠠᠭᠠᠰᠢ᠂ ᠬᠤᠳᠠ ᠪᠠᠯᠭᠠᠰᠤᠨ ᠤ 28 ᠲᠦᠮᠡ ᠰᠢᠬᠠᠮ ᠬᠠᠭᠤᠴᠢᠨ ᠰᠠᠭᠤᠭᠠᠯᠢ | ᠲᠣᠭᠤᠷᠢᠭ ᠢ ᠡᠬᠢᠯᠡᠨ ᠥᠭᠡᠷᠡᠴᠢᠯᠡᠨ ᠰᠢᠨᠡᠳᠬᠡᠵᠦ᠂ ᠳ᠋ᠦᠩᠰᠢᠭᠤᠷ ᠭᠠᠷᠤᠢ ᠰᠠᠭᠤᠭᠠᠯᠢ ᠠᠷᠠᠳ ᠲᠤ ᠠᠰᠢᠭ ᠬᠦᠷᠲᠡᠭᠡᠪᠡ ᠁ ᠠᠷᠠᠳ ᠲᠤ ᠠᠰᠢᠭ ᠬᠦᠷᠲᠡᠭᠡᠭᠰᠡᠨ | ᠠᠷᠭ᠎ᠠ ᠬᠡᠮᠵᠢᠶ᠎ᠡ ᠨᠦᠭᠦᠳ ᠢ ᠵᠠᠯᠭᠠᠭ᠎ᠠ ᠪᠠᠷ ᠨᠠᠶᠢᠳᠠᠪᠤᠷᠢᠵᠢᠭᠤᠯᠵᠤ᠂ ᠠᠷᠠᠳ ᠤᠯᠠᠨ ᠤ ᠬᠦᠷᠲᠡᠮᠵᠢ ᠶᠢᠨ ᠲᠥᠷᠥᠭᠳᠡᠯ᠂ ᠵᠣᠯ ᠵᠢᠷᠭᠠᠯᠲᠤ ᠲᠥᠷᠥᠭᠳᠡᠯ᠂ ᠠᠮᠤᠷ | ᠲᠦᠪᠰᠢᠨ ᠤ ᠲᠥᠷᠥᠭᠳᠡᠯ ᠨᠡᠩ ᠨᠡᠮᠡᠭᠳᠡᠵᠦ᠂ ᠨᠡᠩ ᠪᠠᠲᠤᠯᠠᠭ᠎ᠠ ᠲᠠᠢ᠂ ᠨᠡᠩ ᠦᠷᠭᠦᠯᠵᠢᠯᠡᠬᠦ᠋ᠢᠴᠡ ᠪᠣᠯᠵᠠᠢ᠃ |