ᠰᠢᠨᠬᠤᠸᠠ ᠬᠤᠷᠢᠶ᠎ᠠ ᠶᠢᠨ ᠪᠡᠭᠡᠵᠢᠩ ᠤᠨ 3 ᠰᠠᠷ᠎ᠠ ᠶᠢᠨ 29 ᠤ ᠴᠠᠭᠢᠯᠭᠠᠨ ᠮᠡᠳᠡᠭᠡ 3 ᠰᠠᠷ᠎ᠠ ᠶᠢᠨ 29 ᠤ ᠡᠳᠦᠷ᠂ ᠤᠯᠤᠰ ᠤᠨ ᠲᠡᠷᠢᠭᠦᠯᠡᠭᠴᠢ ᠰᠢ ᠶᠢᠨ | ᠫᠢᠩ ᠪᠢᠷᠮᠠ ᠳᠤ ᠭᠠᠵᠠᠷ ᠬᠥᠳᠡᠯᠦᠯᠲᠡ ᠶᠢᠨ ᠭᠠᠮᠰᠢᠭ ᠪᠣᠯᠤᠭᠰᠠᠨ ᠲᠤᠬᠠᠢ ᠪᠢᠷᠮᠠ ᠶᠢᠨ ᠤᠳᠤᠷᠢᠳᠬᠤ ᠬᠥᠮᠥᠨ ᠮᠢᠨ ᠠᠩ ᠯᠠᠢ ᠳᠤ ᠲᠣᠬᠤᠨᠢᠭᠤᠯᠬᠤ ᠴᠠᠭᠢᠯᠭᠠᠨ | ᠴᠢᠮᠡᠭᠡ ᠶᠠᠪᠤᠭᠤᠯᠪᠠ᠃ ᠰᠢ ᠶᠢᠨ ᠫᠢᠩ᠂ ᠪᠢᠷᠮᠠ ᠬᠦᠨᠳᠦ ᠨᠣᠴᠢᠲᠠᠢ ᠭᠠᠵᠠᠷ ᠬᠥᠳᠡᠯᠦᠯᠲᠡ ᠶᠢᠨ ᠭᠠᠮᠰᠢᠭ ᠲᠤ ᠲᠠᠭᠠᠷᠢᠬᠳᠠᠵᠦ᠂ ᠬᠥᠮᠥᠨ ᠬᠠᠷ᠎ᠠ ᠠᠳᠡᠵᠦ | ᠰᠢᠷᠬᠠᠲᠤᠭᠰᠠᠨ ᠪᠠ ᠡᠳ᠋ ᠬᠥᠷᠥᠩᠭᠡ ᠬᠤᠬᠢᠷᠠᠭᠰᠠᠨ ᠢ ᠰᠣᠴᠢᠰᠬᠢᠨ ᠰᠣᠨᠣᠰᠤᠯ᠎ᠠ᠃ ᠪᠢ ᠳᠤᠮᠳᠠᠳᠤ ᠤᠯᠤᠰ ᠤᠨ ᠵᠠᠰᠠᠭ ᠤᠨ ᠣᠷᠳᠣᠨ ᠪᠣᠯᠣᠨ ᠳᠤᠮᠳᠠᠳᠤ | ᠤᠯᠤᠰ ᠤᠨ ᠠᠷᠠᠳ ᠲᠦᠮᠡᠨ ᠤ ᠡᠮᠦᠨ᠎ᠡ ᠠᠴᠠ ᠠᠳᠡᠭᠰᠡᠳ ᠢ ᠭᠦᠨ ᠡᠮᠭᠡᠨᠢᠨ ᠭᠠᠰᠢᠭᠤᠳᠠᠵᠤ ᠪᠠᠶᠢᠬᠤ ᠪᠠᠨ ᠢᠯᠡᠳᠬᠡᠵᠦ᠂ ᠠᠳᠡᠭᠰᠡᠳ ᠤᠨ ᠭᠡᠷ ᠪᠦᠯᠢ᠂ | ᠰᠢᠷᠬᠠᠲᠤᠭᠰᠠᠳ ᠪᠣᠯᠣᠨ ᠭᠠᠮᠰᠢᠭᠳᠠᠭᠰᠠᠨ ᠣᠷᠣᠨ ᠤ ᠠᠷᠠᠳ ᠤᠯᠠᠨ ᠢ ᠴᠢᠩ ᠰᠡᠳᠬᠢᠯ ᠠᠴᠠ ᠪᠠᠨ ᠲᠣᠬᠤᠨᠢᠭᠤᠯᠵᠤ ᠪᠠᠶᠢᠨ᠎ᠠ᠃ ᠳᠤᠮᠳᠠᠳᠤ ᠪᠢᠷᠮᠠ ᠪᠣᠯ ᠵᠢᠷᠭᠠᠯ | ᠵᠣᠪᠠᠯᠠᠩ ᠢᠶᠠᠨ ᠬᠠᠮᠲᠤᠳᠬᠠᠭᠰᠠᠨ ᠬᠤᠪᠢ ᠵᠠᠶᠠᠭᠠᠨ ᠤ ᠬᠠᠮᠲᠤ ᠶᠢᠨ ᠴᠣᠭᠴᠠ ᠮᠥᠨ᠂ ᠬᠤᠶᠠᠷ ᠤᠯᠤᠰ ᠤᠨ ᠠᠷᠠᠳ ᠲᠦᠮᠡᠨ ᠤ ᠠᠬ᠎ᠠ ᠳᠡᠭᠦᠦ ᠶᠢᠨ ᠨᠥᠬᠦᠷᠯᠡᠯ | ᠭᠦᠨ ᠵᠤᠵᠠᠭᠠᠨ ᠶᠤᠮ᠃ ᠳᠤᠮᠳᠠᠳᠤ ᠤᠯᠤᠰ ᠳᠤᠷᠠᠲᠠᠶ᠎ᠠ ᠪᠢᠷᠮᠠ ᠳᠤ ᠬᠡᠷᠡᠭᠴᠡᠭᠡ ᠪᠦᠬᠦᠢ ᠬᠠᠪᠰᠤᠷᠤᠯᠭ᠎ᠠ ᠬᠠᠩᠭᠠᠵᠤ᠂ ᠭᠠᠮᠰᠢᠭᠳᠠᠭᠰᠠᠨ ᠣᠷᠣᠨ ᠤ ᠠᠷᠠᠳ | ᠲᠦᠮᠡᠨ ᠤ ᠡᠷᠲᠡᠬᠡᠨ ᠭᠠᠮᠰᠢᠭ ᠢ ᠢᠯᠠᠨ ᠳᠠᠪᠠᠵᠤ᠂ ᠭᠡᠷ ᠣᠷᠣᠨ ᠢᠶᠠᠨ ᠳᠠᠭᠢᠨ ᠪᠠᠶᠢᠭᠤᠯᠬᠤ ᠶᠢ ᠳᠡᠮᠵᠢᠨ᠎ᠠ ᠭᠡᠵᠦ ᠢᠯᠡᠳᠬᠡᠪᠡ᠃ ᠲᠤᠰ ᠡᠳᠦᠷ᠂ ᠲᠦᠷᠦ ᠶᠢᠨ | ᠶᠠᠪᠤᠳᠠᠯ ᠤᠨ ᠬᠤᠷᠢᠶ᠎ᠠ ᠶᠢᠨ ᠶᠡᠷᠦᠩᠬᠡᠢ ᠰᠠᠶᠢᠳ ᠯᠢ ᠴᠢᠶᠠᠩ ᠪᠢᠷᠮᠠ ᠳᠤ ᠭᠠᠵᠠᠷ ᠬᠥᠳᠡᠯᠦᠯᠲᠡ ᠶᠢᠨ ᠭᠠᠮᠰᠢᠭ ᠪᠣᠯᠤᠭᠰᠠᠨ ᠲᠤᠬᠠᠢ ᠮᠢᠨ ᠠᠩ ᠯᠠᠢ ᠳᠤ | ᠲᠣᠬᠤᠨᠢᠭᠤᠯᠬᠤ ᠴᠠᠭᠢᠯᠭᠠᠨ ᠴᠢᠮᠡᠭᠡ ᠶᠠᠪᠤᠭᠤᠯᠪᠠ᠃ | |