3 ᠳ᠋ᠤᠭᠠᠷ ᠰᠠᠷ᠎ᠠ ᠶᠢᠨ 17 ᠤ ᠡᠳᠦᠷ᠂ ᠬᠤᠲᠠ ᠶᠢᠨ ᠨᠠᠮ ᠤᠨ ᠬᠤᠷᠢᠶ᠎ᠠ ᠶᠠᠷᠢᠯᠴᠠᠬᠤ ᠬᠤᠷᠠᠯ ᠬᠤᠷᠠᠯᠳᠤᠭᠤᠯᠵᠤ᠂ ᠡᠯ᠎ᠡ ᠠᠷᠠᠳᠴᠢᠯᠠᠭᠰᠠᠨ ᠨᠠᠮ ᠪᠦᠯᠦᠭ᠂ | ᠦᠢᠯᠡᠳᠪᠦᠷᠢ ᠬᠤᠳᠠᠯᠳᠤᠭᠠᠨ ᠤ ᠬᠤᠯᠪᠣᠭ᠎ᠠ᠂ ᠨᠠᠮ ᠪᠦᠯᠦᠭ ᠤᠨ ᠪᠤᠰᠤ ᠲᠥᠯᠥᠭᠡᠯᠡᠭᠴᠢ ᠬᠥᠮᠦᠰ ᠤᠨ 2024 ᠣᠨ ᠤ ᠭᠤᠤᠯᠳᠠᠯᠭ᠎ᠠ ᠲᠠᠢ ᠰᠡᠳᠦᠪ ᠤᠨ | ᠪᠠᠶᠢᠴᠠᠭᠠᠨ ᠰᠤᠳᠤᠯᠤᠯᠲᠠ ᠶᠢᠨ ᠦᠷ᠎ᠡ ᠪᠦᠲᠦᠭᠡᠯ ᠪᠣᠯᠤᠨ ᠡᠯ᠎ᠡ ᠠᠷᠠᠳᠴᠢᠯᠠᠭᠰᠠᠨ ᠨᠠᠮ ᠪᠦᠯᠦᠭ ᠤᠨ ᠬᠤᠲᠠ ᠶᠢᠨ ᠨᠠᠮ ᠤᠨ ᠬᠤᠷᠢᠶ᠎ᠠ ︵ᠶᠡᠷᠦᠩᠬᠡᠶ ᠡᠭᠦᠷ︶ ᠶᠢᠨ | ᠲᠤᠰᠬᠠᠶ ᠠᠷᠠᠳᠴᠢᠯᠠᠯ ᠢᠶᠠᠷ ᠬᠢᠨᠠᠯᠲᠠ ᠲᠠᠯᠪᠢᠬᠤ ᠠᠵᠢᠯ ᠥᠷᠨᠢᠭᠦᠯᠦᠭᠰᠡᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠤᠭᠰᠠᠨ ᠪᠥᠭᠡᠳ ᠡᠨᠡ ᠵᠢᠯ ᠤᠨ | ᠠᠵᠢᠯ ᠢ ᠰᠠᠶᠢᠲᠤᠷ ᠬᠢᠬᠦ ᠲᠤᠬᠠᠶ ᠰᠠᠨᠠᠯ ᠰᠠᠨᠠᠭᠤᠯᠭ᠎ᠠ ᠬᠤᠷᠢᠶᠠᠪᠠ᠃ ᠬᠤᠲᠠ ᠶᠢᠨ ᠨᠠᠮ ᠤᠨ ᠬᠤᠷᠢᠶᠠᠨ ᠤ ᠱᠦᠵᠢ ᠸᠠᠩ ᠸᠠᠩ ᠱᠧᠩ ᠬᠤᠷᠠᠯ ᠢ ᠡᠷᠭᠢᠯᠡᠭᠰᠡᠨ | ᠪᠥᠭᠡᠳ ᠶᠠᠷᠢᠶ᠎ᠠ ᠲᠠᠯᠪᠢᠪᠠ᠃ ᠶᠠᠷᠢᠯᠴᠠᠬᠤ ᠬᠤᠷᠠᠯ ᠳᠡᠭᠡᠷ᠎ᠡ᠂ 8 ᠠᠷᠠᠳᠴᠢᠯᠠᠭᠰᠠᠨ ᠨᠠᠮ ᠪᠦᠯᠦᠭ᠂ ᠦᠢᠯᠡᠳᠪᠦᠷᠢ ᠬᠤᠳᠠᠯᠳᠤᠭᠠᠨ ᠤ ᠬᠤᠯᠪᠣᠭ᠎ᠠ᠂ ᠨᠠᠮ | ᠪᠦᠯᠦᠭ ᠤᠨ ᠪᠤᠰᠤ ᠬᠥᠮᠦᠰ ᠨᠢᠭᠡ ᠭᠤᠣᠯ ᠰᠢᠵᠢᠮ ᠢ ᠲᠤᠭᠤᠰᠢᠯᠠᠭᠤᠯᠬᠤ᠂ ᠠᠵᠤ ᠦᠢᠯᠡᠰ ᠤᠨ ᠬᠡᠯᠪᠡᠷᠢ ᠶᠢ ᠬᠤᠪᠢᠷᠠᠭᠤᠯᠤᠨ ᠲᠡᠰ ᠳᠡᠪᠰᠢᠭᠦᠯᠬᠦ᠂ ᠰᠣᠶᠣᠯ | ᠵᠢᠭᠤᠯᠴᠢᠯᠠᠯ ᠢ ᠠᠭᠤᠰᠤᠯᠴᠠᠭᠤᠯᠤᠨ ᠬᠥᠭᠵᠢᠭᠦᠯᠬᠦ᠂ ᠠᠷᠠᠳ ᠤᠨ ᠠᠮᠢᠳᠤᠷᠠᠯ ᠤᠨ ᠪᠤᠶᠠᠨ ᠵᠢᠷᠭᠠᠯ ᠢ ᠨᠡᠮᠡᠭᠳᠡᠭᠦᠯᠬᠦ᠂ ᠬᠢᠯᠢ ᠬᠢᠵᠠᠭᠠᠷ ᠣᠷᠣᠨ ᠤ ᠵᠠᠰᠠᠯᠲᠠ ᠵᠡᠷᠭᠡ | ᠲᠠᠯ᠎ᠠ ᠪᠠᠷ ᠶᠠᠷᠢᠶ᠎ᠠ ᠲᠠᠯᠪᠢᠪᠠ᠃ | ᠸᠠᠩ ᠸᠠᠩ ᠱᠧᠩ ᠤᠯᠠᠨ ᠤ ᠳᠤᠷᠠᠳᠤᠭᠰᠠᠨ ᠰᠠᠨᠠᠯ ᠰᠠᠨᠠᠭᠤᠯᠭ᠎ᠠ ᠶᠢ ᠨᠤᠲᠠᠯᠠᠵᠤ᠂ ᠳᠡᠳᠡᠨ ᠤ ᠬᠥᠯᠥᠨ ᠪᠤᠶᠢᠷ ᠤᠨ ᠠᠵᠤ ᠠᠬᠤᠢ ᠨᠡᠶᠢᠭᠡᠮ ᠤᠨ | ᠬᠥᠭᠵᠢᠯᠲᠡ ᠳᠤ ᠦᠵᠡᠭᠦᠯᠦᠭᠰᠡᠨ ᠬᠤᠪᠢ ᠨᠡᠮᠡᠷᠢ ᠳᠤ ᠲᠠᠯᠠᠷᠬᠠᠪᠠ᠃ ᠸᠠᠩ ᠸᠠᠩ ᠱᠧᠩ᠂ ᠡᠨᠡ ᠵᠢᠯ ᠪᠣᠯ ︽ᠠᠷᠪᠠᠨ ᠳᠥᠷᠪᠡᠳᠦᠭᠡᠷ ᠲᠠᠪᠤᠨ ᠵᠢᠯ︾ ᠤᠨ ᠰᠡᠭᠦᠯ | ᠬᠤᠷᠢᠶᠠᠬᠤ ᠵᠢᠯ ᠪᠠ ︽ᠠᠷᠪᠠᠨ ᠲᠠᠪᠤᠳᠤᠭᠠᠷ ᠲᠠᠪᠤᠨ ᠵᠢᠯ︾ ᠢ ᠲᠥᠯᠥᠪᠵᠢᠭᠦᠯᠬᠦ ᠵᠢᠯ ᠪᠣᠯᠤᠨ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠠᠴᠠ ᠨᠢᠭᠡ | ᠭᠤᠤᠯ ᠰᠢᠵᠢᠮ ᠢ ᠲᠤᠭᠤᠰᠢᠯᠠᠭᠤᠯᠬᠤ᠂ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ︾ ︽ᠲᠠᠪᠤᠨ ᠶᠡᠭᠡ ᠡᠭᠦᠷᠭᠡ︾ ᠶᠢ ᠨᠠᠶᠢᠳᠠᠪᠤᠷᠢᠵᠢᠭᠤᠯᠬᠤ᠂ ︽ᠵᠢᠷᠭᠤᠭᠠᠨ | ᠢᠨᠵᠧᠨᠧᠷᠢᠩ︾ ᠢ ᠬᠡᠷᠡᠭᠵᠢᠭᠦᠯᠬᠦ᠂ ︽ᠵᠢᠷᠭᠤᠭᠠᠨ ᠠᠵᠢᠯᠯᠠᠭᠠᠨ︾ ᠥᠷᠨᠢᠭᠦᠯᠬᠦ ᠶᠡᠷᠦᠩᠬᠡᠶ ᠱᠠᠭᠠᠷᠳᠠᠯᠭ᠎ᠠ ᠶᠢ ᠲᠣᠳᠣᠷᠬᠠᠶ ᠳᠤᠷᠠᠳᠤᠨ ᠭᠠᠷᠭᠠᠪᠠ᠂ ᠬᠤᠲᠠ ᠶᠢᠨ | ᠨᠠᠮ ᠤᠨ ᠬᠤᠷᠢᠶ᠎ᠠ᠂ ᠬᠤᠲᠠ ᠶᠢᠨ ᠵᠠᠰᠠᠭᠤᠨ ᠣᠷᠳᠣᠨ ᠴᠤ ᠲᠠᠪᠤᠨ ᠵᠦᠢᠯ ᠤᠨ ᠥᠭᠡᠷᠡᠴᠢᠯᠡᠯᠲᠡ ᠶᠢᠨ ᠰᠡᠳᠦᠪ ᠪᠠ ᠪᠥᠬᠦ ᠬᠦᠷᠢᠶ᠎ᠡ ᠴᠠᠷᠠᠭ᠎ᠠ ᠪᠥᠬᠦ ᠬᠦᠴᠦᠨ | ᠵᠦᠢᠯ ᠢ ᠵᠢᠭᠰᠠᠭᠠᠨ ᠪᠠᠶᠢᠴᠠᠭᠠᠭᠰᠠᠨ ᠦᠷ᠎ᠡ ᠪᠦᠲᠦᠭᠡᠯ ᠤᠨ ︽ᠬᠤᠶᠠᠷ ᠢ ᠬᠤᠪᠢᠷᠠᠭᠤᠯᠬᠤ︾ ᠵᠡᠷᠭᠡ ᠠᠵᠢᠯ ᠢ ᠲᠦᠷᠭᠡᠳᠬᠡᠨ ᠠᠬᠢᠭᠤᠯᠵᠤ ᠪᠠᠶᠢᠨ᠎ᠠ᠃ ᠪᠢᠳᠡ | ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ᠂ ᠦᠵᠡᠯ ᠰᠠᠨᠠᠭ᠎ᠠ ᠦᠢᠯᠡ ᠠᠵᠢᠯᠯᠠᠭ᠎ᠠ ᠪᠠᠨ ᠨᠢᠭᠡᠳᠬᠡᠨ᠂ ᠣᠶᠤᠨ ᠤᠬᠠᠭᠠᠨ ᠬᠦᠴᠦᠨ ᠴᠢᠳᠠᠯ ᠢᠶᠠᠨ | ᠨᠢᠭᠲᠠᠷᠠᠭᠤᠯᠵᠤ᠂ ᠪᠥᠬᠦ ᠬᠤᠲᠠ ᠳᠠᠶᠠᠭᠠᠷ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ᠂ ᠪᠥᠬᠦ ᠵᠢᠯ ᠤᠨ ᠬᠠᠷᠠᠯᠲᠠ ᠡᠭᠦᠷᠭᠡ ᠪᠠᠨ ᠴᠢᠷᠮᠠᠶᠢᠨ ᠪᠡᠶᠡᠯᠡᠭᠦᠯᠬᠦ | ᠬᠡᠷᠡᠭᠲᠡᠶ ᠭᠡᠵᠡᠢ᠃ | ᠸᠠᠩ ᠸᠠᠩ ᠱᠧᠩ ᠡᠯ᠎ᠡ ᠠᠷᠠᠳᠴᠢᠯᠠᠭᠰᠠᠨ ᠨᠠᠮ ᠪᠦᠯᠦᠭ᠂ ᠦᠢᠯᠡᠳᠪᠦᠷᠢ ᠬᠤᠳᠠᠯᠳᠤᠭᠠᠨ ᠤ ᠬᠤᠯᠪᠣᠭ᠎ᠠ ᠪᠣᠯᠤᠨ ᠨᠠᠮ ᠪᠦᠯᠦᠭ ᠤᠨ ᠪᠤᠰᠤ ᠬᠥᠮᠦᠰ ᠲᠤ | ᠭᠤᠷᠪᠠᠨ ᠬᠦᠰᠡᠯ ᠨᠠᠶᠢᠳᠠᠯᠭ᠎ᠠ ᠳᠤᠷᠠᠳᠴᠠᠢ᠃ ᠨᠢᠭᠡ ᠳᠤ᠂ ᠵᠥᠪ ᠤᠷᠤᠭᠰᠢᠯᠠᠯᠲᠠ ᠶᠢᠨ ᠴᠢᠭᠯᠡᠯ ᠢ ᠪᠠᠲᠤ ᠡᠵᠡᠮᠳᠡᠵᠦ᠂ ᠬᠥᠭᠵᠢᠯᠲᠡ ᠶᠢᠨ ᠶᠡᠭᠡ ᠲᠠᠯ᠎ᠠ ᠳᠤ | ᠢᠳᠡᠪᠬᠢᠲᠡᠢ ᠪᠥᠭᠡᠳ ᠰᠠᠨᠠᠭᠠᠴᠢᠯᠠᠭ᠎ᠠ ᠠᠴᠠ ᠪᠠᠨ ᠠᠭᠤᠰᠤᠯᠴᠠᠨ ᠦᠢᠯᠡᠴᠢᠯᠡᠵᠦ᠂ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠪᠣᠳᠠᠲᠤ ᠠᠵᠢᠯᠯᠠᠭ᠎ᠠ ᠪᠠᠷ ᠢᠶᠠᠨ ︽ | ᠬᠤᠶᠠᠷ ᠢ ᠲᠤᠭᠲᠠᠭᠠᠭᠰᠠᠨ︾ ᠢ ᠬᠦᠷᠢᠶᠡᠯᠡᠵᠦ᠂ ︽ᠬᠤᠶᠠᠷ ᠢ ᠬᠠᠮᠠᠭᠠᠯᠠᠬᠤ︾ ᠶᠢ ᠦᠢᠯᠡᠳᠦᠯᠭᠡᠵᠢᠬᠦᠯᠬᠦ ᠬᠡᠷᠡᠭᠳᠡᠢ᠃ ᠬᠤᠶᠠᠷ ᠲᠤ᠂ ᠢᠮᠠᠭᠲᠠ ︽ᠤᠯᠤᠰ ᠤᠨ ᠶᠡᠭᠡ | ᠲᠠᠯ᠎ᠠ︾ ᠶᠢ ᠬᠡᠬᠦᠳᠡᠭ ᠴᠡᠭᠡᠵᠢᠨ ᠳᠡᠭᠡᠨ ᠪᠠᠭᠲᠠᠭᠠᠵᠤ᠂ ᠴᠢᠳᠠᠪᠤᠷᠢᠲᠠᠨ ᠴᠤᠭᠯᠠᠷᠠᠭᠰᠠᠨ᠂ ᠤᠶᠤᠨ ᠤᠬᠠᠭᠠᠨ ᠲᠥᠪᠯᠡᠷᠡᠭᠰᠡᠨ᠂ ᠬᠠᠷᠢᠯᠴᠠᠭ᠎ᠠ ᠥᠷᠭᠡᠨ ᠳᠡᠯᠭᠡᠷ | ᠳᠠᠪᠠᠭᠤᠯᠢᠭ ᠢᠶᠠᠨ ᠨᠡᠩ ᠰᠠᠶᠢᠨ ᠪᠠᠳᠠᠷᠠᠭᠤᠯᠵᠤ᠂ ᠪᠦᠬᠦ ᠬᠤᠳᠠ ᠶᠢᠨ ᠠᠵᠢᠯ ᠤᠨ ᠭᠤᠣᠯᠳᠠᠯᠭ᠎ᠠ ᠪᠣᠯᠤᠨ ᠨᠡᠶᠢᠭᠡᠮ ᠤᠨ ᠬᠠᠯᠠᠮᠰᠢᠯ ᠠᠰᠠᠭᠤᠳᠠᠯ ᠬᠦᠴᠢᠷ | ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠦᠨ ᠪᠠᠶᠢᠴᠠᠭᠠᠨ ᠰᠤᠳᠤᠯᠤᠯᠲᠠ ᠬᠢᠵᠦ᠂ ᠭᠠᠵᠠᠷ ᠣᠷᠣᠨ ᠤ ᠴᠢᠨᠠᠷ ᠰᠠᠶᠢᠲᠠᠢ ᠬᠥᠭᠵᠢᠯᠲᠡ ᠳᠤ ᠰᠠᠶᠢᠨ ᠠᠷᠭ᠎ᠠ | ᠪᠤᠳᠤᠯᠭ᠎ᠠ᠂ ᠪᠣᠳᠠᠲᠠᠢ ᠠᠷᠭ᠎ᠠ ᠤᠬᠠᠭᠠᠨ ᠭᠠᠷᠭᠠᠬᠤ ᠬᠡᠷᠡᠭᠳᠡᠢ᠃ ᠭᠤᠷᠪᠠ ᠳᠤ᠂ ᠲᠣᠰ ᠪᠡᠶ᠎ᠡ ᠶᠢᠨ ᠪᠠᠶᠢᠭᠤᠯᠤᠯᠲᠠ ᠪᠠᠨ ᠦᠷᠭᠦᠯᠵᠢᠯᠡᠨ ᠴᠢᠩᠭᠠᠳᠬᠠᠵᠤ᠂ ᠡᠭᠦᠷᠭᠡ | ᠲᠤᠰᠢᠶᠠᠯ ᠢᠶᠠᠨ ᠭᠦᠢᠴᠡᠳᠬᠡᠬᠦ ᠴᠢᠳᠠᠪᠤᠷᠢ ᠪᠠᠨ ᠲᠠᠰᠤᠷᠠᠯᠲᠠ ᠥᠬᠡᠶ ᠳᠡᠭᠡᠭᠰᠢᠯᠡᠭᠦᠯᠦᠨ᠂ ᠰᠢᠯᠢᠳᠡᠭ ᠤᠯᠠᠮᠵᠢᠯᠠᠯ ᠢᠶᠠᠨ ᠤᠯᠠᠮᠵᠢᠯᠠᠨ ᠪᠠᠳᠠᠷᠠᠭᠤᠯᠵᠤ᠂ ᠨᠡᠶᠢᠭᠡᠮ | ᠳᠠᠶᠠᠭᠠᠷ ᠲᠤ ᠪᠦᠯᠬᠦᠮᠳᠡᠨ ᠬᠠᠮᠲᠤ ᠠᠵᠢᠯᠯᠠᠬᠤ ᠢᠳᠡᠪᠬᠢ ᠬᠦᠴᠦᠨ ᠪᠠ ᠰᠠᠶᠢᠨ ᠠᠭᠤᠷ ᠠᠮᠢᠰᠬᠤᠯ ᠢ ᠪᠣᠶ ᠪᠤᠯᠭᠠᠬᠤ ᠬᠡᠷᠡᠭᠳᠡᠢ ᠭᠡᠵᠡᠢ᠃ |