3 ᠰᠠᠷ᠎ᠠ ᠶᠢᠨ 17 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠵᠢᠢ ᠶᠦᠩ ᠴᠢᠶᠠᠨ ᠪᠥᠬᠦ ᠬᠤᠲᠠ ᠶᠢᠨ | ᠠᠵᠤ ᠠᠬᠤᠶ ᠶᠢᠨ ᠠᠵᠢᠯᠯᠠᠭᠠᠨ ᠤ ᠲᠤᠰᠬᠠᠶ ᠰᠡᠳᠦᠪᠲᠦ ᠲᠣᠬᠢᠷᠠᠭᠤᠯᠤᠯᠲᠠ ᠶᠢᠨ ᠬᠤᠷᠠᠯ ᠢ ᠡᠷᠭᠢᠯᠡᠨ ᠬᠤᠷᠠᠯᠳᠤᠭᠤᠯᠵᠤ᠂ ᠨᠢᠭᠡᠳᠦᠭᠡᠷ ᠤᠯᠠᠷᠢᠯ ᠤᠨ ᠠᠵᠤ | ᠠᠬᠤᠶ ᠶᠢᠨ ᠪᠠᠶᠢᠳᠠᠯ ᠢ ᠵᠠᠳᠠᠯᠵᠤ᠂ ᠣᠷᠣᠰᠢᠵᠤ ᠪᠠᠶᠢᠭ᠎ᠠ ᠠᠰᠠᠭᠤᠳᠠᠯ ᠢ ᠰᠤᠳᠤᠯᠤᠨ ᠰᠢᠢᠳᠪᠦᠷᠢᠯᠡᠵᠦ᠂ ᠲᠠᠷᠠᠭᠠᠴᠢ ᠶᠢᠨ ᠠᠯᠬᠤᠮ ᠤᠨ ᠭᠤᠤᠯᠳᠠᠯᠭ᠎ᠠ ᠲᠠᠢ ᠠᠵᠢᠯ ᠢ | ᠲᠣᠬᠢᠷᠠᠭᠤᠯᠤᠨ ᠪᠠᠶᠢᠷᠢᠯᠠᠭᠤᠯᠪᠠ᠃ ᠬᠤᠲᠠ ᠶᠢᠨ ᠤᠳᠤᠷᠢᠳᠤᠯᠭ᠎ᠠ ᠯᠢᠶᠠᠩ ᠶᠢᠨ ᠰᠥᠩ᠂ ᠰᠦᠨ ᠸᠧᠶ ᠣᠷᠣᠯᠴᠠᠵᠠᠶ᠃ | ᠬᠤᠷᠠᠯ ᠠᠴᠠ᠂ ᠨᠢᠭᠡᠳᠦᠭᠡᠷ ᠤᠯᠠᠷᠢᠯ ᠤᠨ ᠠᠵᠤ ᠠᠬᠤᠢ ᠶᠢᠨ ᠠᠵᠢᠯ ᠢ ᠰᠠᠶᠢᠲᠤᠷ ᠬᠢᠬᠦ ᠨᠢ ᠪᠦᠬᠦ ᠵᠢᠯ ᠤᠨ ᠵᠢᠱᠢᠯᠲᠡ ᠶᠢ ᠲᠣᠭᠲᠠᠪᠤᠷᠢᠵᠢᠭᠤᠯᠬᠤ᠂ ᠵᠠᠬ᠎ᠠ | ᠳᠡᠯᠭᠡᠭᠦᠷ ᠤᠨ ᠢᠲᠡᠭᠡᠯ ᠵᠣᠷᠢᠭ ᠢ ᠬᠥᠪᠴᠢᠯᠡᠬᠦ ᠳᠤ ᠲᠦᠢᠯ ᠤᠨ ᠴᠢᠬᠤᠯᠠ ᠶᠤᠮ᠃ ᠬᠠᠷᠢᠭᠤᠴᠠᠯᠭ᠎ᠠ ᠶᠢᠨ ᠤᠬᠠᠮᠰᠠᠷ᠂ ᠰᠠᠨᠠᠭᠠᠰᠢᠷᠠᠬᠤ ᠤᠬᠠᠮᠰᠠᠷ ᠢᠶᠠᠨ ᠦᠨᠡᠨ ᠬᠦ | ᠴᠢᠩᠭᠠᠳᠬᠠᠵᠤ᠂ ᠠᠩᠬᠠᠨ ᠤ ᠤᠯᠠᠷᠢᠯ ᠤᠨ ︽ᠰᠠᠶᠢᠨ ᠡᠬᠢᠯᠡᠯᠲᠡ︾ ᠶᠢ ᠪᠡᠶᠡᠯᠡᠭᠦᠯᠬᠦ ᠶᠢ ᠥᠪᠡᠷᠲᠡᠭᠡᠨ ᠵᠠᠰᠠᠬᠤ ᠣᠷᠣᠨ᠂ ᠬᠤᠲᠠ ᠶᠢᠨ ᠨᠠᠮ ᠤᠨ ᠬᠤᠷᠢᠶᠠᠨ ᠤ | ᠪᠠᠶᠢᠷᠢᠯᠠᠭᠤᠯᠤᠯᠲᠠ ᠱᠠᠭᠠᠷᠳᠠᠯᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠤᠯᠤᠰ ᠲᠥᠷᠥ ᠶᠢᠨ ᠡᠭᠦᠷᠭᠡ ᠪᠣᠯᠭᠠᠵᠤ᠂ ᠡᠮᠦᠨ᠎ᠡ ᠨᠢ ᠬᠦᠴᠦᠯᠡᠵᠦ᠂ ᠪᠥᠬᠦ | ᠬᠦᠴᠦᠨ ᠢᠶᠠᠷ ᠢᠶᠠᠨ ᠴᠢᠷᠮᠠᠶᠢᠵᠤ᠂ ᠬᠦᠴᠢᠷ ᠪᠡᠷᠬᠡᠰᠢᠶᠡᠯ ᠢ ᠢᠯᠠᠨ ᠳᠠᠪᠠᠵᠤ᠂ ᠡᠯ᠎ᠡ ᠵᠦᠢᠯ ᠤᠨ ᠠᠵᠢᠯ ᠢ ᠡᠷᠴᠢᠮᠲᠡᠢ ᠪᠥᠭᠡᠳ ᠪᠦᠲᠦᠮᠵᠢᠲᠡᠶ ᠠᠬᠢᠭᠤᠯᠵᠤ᠂ ᠰᠠᠶᠢᠨ | ᠰᠠᠶᠢᠬᠠᠨ ᠡᠬᠢᠯᠡᠯᠲᠡ ᠶᠢ ᠴᠢᠷᠮᠠᠶᠢᠨ ᠪᠡᠶᠡᠯᠡᠭᠦᠯᠬᠦ ᠬᠡᠷᠡᠭᠲᠡᠶ ᠭᠡᠵᠦ ᠵᠢᠭᠠᠵᠤ ᠭᠠᠷᠭᠠᠪᠠ᠃ ᠬᠤᠷᠠᠯ ᠠᠴᠠ᠂ ᠬᠡᠷᠡᠭᠯᠡᠭᠡ ᠶᠢ ᠬᠥᠭᠵᠢᠭᠡᠬᠦ ᠶᠢ ᠴᠢᠬᠤᠯᠠ ᠪᠠᠶᠢᠷᠢᠨ ᠳᠤ | ᠲᠠᠯᠪᠢᠵᠤ᠂ ︽ᠬᠤᠶᠠᠷ ᠰᠢᠨ᠎ᠡ︾ ᠲᠦᠷᠦ ᠶᠢᠨ ᠪᠤᠳᠤᠯᠭ᠎ᠠ ᠶᠢ ᠬᠦᠴᠦᠯᠡᠨ ᠨᠠᠶᠢᠳᠠᠪᠤᠷᠢᠵᠢᠭᠤᠯᠵᠤ᠂ ᠤᠯᠠᠨ ᠠᠷᠭ᠎ᠠ ᠵᠠᠮ ᠢᠶᠠᠷ ᠬᠤᠳᠠ ᠬᠥᠳᠡᠭᠡ ᠶᠢᠨ ᠰᠠᠭᠤᠭᠠᠯᠢ | ᠠᠷᠠᠳ ᠤᠨ ᠣᠷᠣᠯᠭ᠎ᠠ ᠶᠢ ᠨᠡᠮᠡᠭᠳᠡᠭᠦᠯᠵᠦ᠂ ᠰᠢᠨ᠎ᠡ ᠪᠠᠷ ᠮᠠᠨᠳᠤᠭᠰᠠᠨ ᠬᠡᠷᠡᠭᠯᠡᠭᠡ ᠶᠢ ᠬᠥᠭᠵᠢᠭᠦᠯᠵᠦ᠂ ᠬᠡᠷᠡᠭᠯᠡᠭᠡᠨ ᠤ ᠪᠠᠶᠢᠳᠠᠯ ᠳᠤ ᠰᠢᠨ᠎ᠡ ᠶᠢ ᠡᠭᠦᠳᠴᠦ᠂ | ᠬᠡᠷᠡᠭᠯᠡᠭᠡᠨ ᠤ ᠵᠠᠬ᠎ᠠ ᠳᠡᠯᠭᠡᠭᠦᠷ ᠤᠨ ᠶᠠᠰᠤ ᠴᠢᠨᠠᠷ ᠢ ᠳᠡᠭᠡᠭᠰᠢᠯᠡᠭᠦᠯᠵᠦ ᠪᠠᠭᠲᠠᠭᠠᠮᠵᠢ ᠶᠢ ᠥᠷᠭᠡᠳᠬᠡᠬᠦ ᠶᠢ ᠬᠦᠴᠦᠲᠡᠢ ᠠᠬᠢᠭᠤᠯᠬᠤ ᠬᠡᠷᠡᠭᠲᠡᠢ᠃ ᠪᠦᠬᠦ ᠬᠦᠷᠢᠶ᠎ᠡ | ᠴᠠᠷᠠᠭ᠎ᠠ ᠪᠦᠬᠦ ᠡᠯᠧᠮᠧᠨ᠋ᠲ ᠢ ᠶᠡᠬᠡᠪᠡᠷ ᠵᠢᠭᠰᠠᠭᠠᠨ ᠪᠠᠶᠢᠴᠠᠭᠠᠬᠤ ᠪᠠ ᠲᠦᠷᠦᠯ ᠵᠦᠢᠯ ᠢ ᠲᠥᠯᠥᠪᠵᠢᠭᠦᠯᠦᠨ ᠴᠢᠮᠡᠭᠯᠡᠬᠦ ᠶᠢ ᠦᠷᠭᠦᠯᠵᠢᠯᠡᠨ ᠭᠦᠨᠵᠡᠭᠡᠢ ᠥᠷᠨᠢᠭᠦᠯᠵᠦ᠂ | ᠲᠦᠷᠦᠯ ᠵᠦᠢᠯ ᠤᠨ ᠡᠮᠦᠨᠡᠬᠢ ᠬᠤᠭᠤᠴᠠᠭᠠᠨ ᠤ ᠭᠠᠷ ᠭᠦᠢᠴᠡᠳᠬᠡᠯ ᠢ ᠭᠦᠢᠴᠡᠳᠬᠡᠬᠦ ᠪᠠ ᠠᠵᠢᠯ ᠢᠶᠠᠨ ᠡᠬᠢᠯᠡᠭᠦᠯᠵᠦ ᠰᠡᠷᠭᠦᠭᠡᠬᠦ ᠶᠢ ᠬᠦᠴᠦᠯᠡᠨ ᠰᠠᠶᠢᠲᠤᠷ ᠠᠳᠬᠤᠵᠤ᠂ | ᠴᠢᠬᠤᠯᠠ ᠶᠡᠭᠡ ᠲᠦᠷᠦᠯ ᠵᠦᠢᠯ ᠢ ᠲᠥᠯᠥᠪᠵᠢᠭᠦᠯᠬᠦ ᠠᠵᠢᠯᠯᠠᠭ᠎ᠠ ᠶᠢ ᠠᠳᠬᠤᠵᠤ ᠦᠷ᠎ᠡ ᠪᠦᠲᠦᠮᠵᠢ ᠭᠠᠷᠭᠠᠬᠤ ᠬᠡᠷᠡᠭᠲᠡᠢ᠃ ᠠᠵᠤ ᠦᠢᠯᠡᠳᠪᠦᠷᠢ ᠶᠢᠨ ᠠᠵᠤ | ᠠᠬᠤᠢ ᠶᠢᠨ ᠠᠵᠢᠯᠯᠠᠭᠠᠨ ᠢ ᠪᠦᠬᠦ ᠬᠦᠴᠦᠨ ᠢᠶᠠᠷ ᠢᠶᠠᠨ ᠲᠣᠭᠲᠠᠪᠤᠷᠢᠵᠢᠭᠤᠯᠵᠤ᠂ ᠭᠤᠣᠯᠳᠠᠯᠭ᠎ᠠ ᠲᠠᠢ ᠭᠠᠵᠠᠷ ᠣᠷᠣᠨ᠂ ᠭᠤᠣᠯᠳᠠᠯᠭ᠎ᠠ ᠲᠠᠢ ᠠᠵᠢᠯ ᠲᠦᠷᠦᠯ ᠪᠣᠯᠤᠨ | ᠭᠤᠣᠯᠳᠠᠯᠭ᠎ᠠ ᠲᠠᠢ ᠠᠵᠤ ᠠᠬᠤᠶᠢᠯᠠᠯ ᠢ ᠴᠢᠩᠭ᠎ᠠ ᠠᠩᠬᠠᠷᠴᠤ᠂ ︽ᠨᠢᠭᠡ ᠠᠵᠤ ᠠᠬᠤᠶᠢᠯᠠᠯ ᠳᠤ ᠨᠢᠭᠡ ᠲᠦᠷᠦ ᠶᠢᠨ ᠪᠤᠳᠤᠯᠭ᠎ᠠ︾ ᠪᠠᠷ ᠵᠢᠭᠠᠨ ᠵᠢᠯᠣᠭᠤᠳᠴᠤ | ᠬᠠᠪᠰᠤᠷᠤᠨ ᠲᠡᠳᠬᠦᠬᠦ ᠪᠠᠨ ᠴᠢᠩᠭᠠᠳᠬᠠᠵᠤ᠂ ᠳᠦᠭᠦᠷᠡᠩ ᠦᠢᠯᠡᠳᠪᠦᠷᠢᠯᠡᠯ ᠪᠠ ᠦᠢᠯᠡᠳᠪᠦᠷᠢᠯᠡᠯ ᠤᠨ ᠴᠢᠳᠠᠪᠤᠷᠢ ᠶᠢ ᠥᠷᠭᠡᠳᠬᠡᠨ ᠦᠷ᠎ᠡ ᠪᠦᠲᠦᠮᠵᠢ ᠪᠠᠨ | ᠳᠡᠭᠡᠭᠰᠢᠯᠡᠭᠦᠯᠬᠦ ᠶᠢ ᠠᠬᠢᠭᠤᠯᠬᠤ ᠬᠡᠷᠡᠭᠲᠡᠢ᠃ ᠲᠠᠷᠢᠶᠠᠯᠠᠩ ᠮᠠᠯ ᠠᠵᠤ ᠠᠬᠤᠢ ᠶᠢᠨ ᠦᠢᠯᠡᠳᠪᠦᠷᠢᠯᠡᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠲᠠᠷᠢᠮᠠᠯ ᠲᠠᠷᠢᠬᠤ | ᠲᠠᠯᠠᠪᠠᠢ ᠶᠢ ᠲᠣᠭᠲᠠᠪᠤᠷᠢᠵᠢᠭᠤᠯᠵᠤ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠬᠠᠪᠤᠷ ᠤᠨ ᠤᠯᠠᠷᠢᠯ ᠤᠨ ᠪᠦᠳᠦᠭᠡᠨ ᠪᠠᠶᠢᠭᠤᠯᠤᠯᠲᠠ ᠶᠢᠨ ᠡᠭᠦᠷᠭᠡ ᠶᠢ ᠴᠠᠭ | ᠲᠤᠬᠠᠢ ᠳᠤᠨᠢ ᠪᠡᠶᠡᠯᠡᠭᠦᠯᠵᠦ᠂ ᠮᠠᠯ ᠠᠵᠤ ᠠᠬᠤᠢ ᠶᠢᠨ ᠬᠡᠯᠪᠡᠷᠢ ᠶᠢ ᠬᠤᠪᠢᠷᠠᠭᠤᠯᠤᠨ ᠲᠡᠰ ᠳᠡᠪᠰᠢᠭᠦᠯᠬᠦ ᠶᠢ ᠲᠦᠷᠭᠡᠳᠬᠡᠨ ᠠᠬᠢᠭᠤᠯᠬᠤ ᠬᠡᠷᠡᠭᠲᠡᠢ᠃ | ᠬᠠᠷᠢᠭᠤᠴᠠᠯᠭ᠎ᠠ ᠶᠢᠨ ᠬᠡᠯᠬᠢᠶ᠎ᠡ ᠶᠢ ᠴᠢᠩᠭᠠᠯᠠᠵᠤ᠂ ᠬᠤᠲᠠ ᠶᠢᠨ ᠵᠠᠰᠠᠭ ᠤᠨ ᠣᠷᠳᠣᠨ ᠤ ᠬᠤᠪᠢᠳᠠᠨ ᠬᠠᠮᠢᠶᠠᠷᠴᠤ ᠪᠠᠶᠢᠭ᠎ᠠ ᠬᠠᠷᠢᠭᠤᠴᠠᠯᠭᠠᠲᠠᠨ ᠨᠥᠬᠦᠳ ᠤᠨ | ᠠᠵᠢᠯ ᠬᠤᠪᠢᠶᠠᠨ ᠠᠬᠢᠭᠤᠯᠬᠤ᠂ ᠶᠡᠷᠦᠩᠬᠡᠶᠢᠯᠡᠭᠰᠡᠨ ᠠᠵᠤ ᠠᠬᠤᠶ ᠶᠢᠨ ᠰᠠᠯᠠᠭ᠎ᠠ ᠮᠥᠴᠢᠷ ᠤᠨ ᠬᠢᠨᠠᠨ ᠬᠡᠮᠵᠢᠵᠦ ᠵᠢᠯᠣᠭᠤᠳᠬᠤ᠂ ᠬᠤᠰᠢᠭᠤ ᠬᠤᠲᠠ ᠲᠣᠭᠤᠷᠢᠭ ᠤᠨ | ᠨᠠᠶᠢᠳᠠᠪᠤᠷᠢᠵᠢᠭᠤᠯᠤᠯᠲᠠ ᠶᠢ ᠬᠦᠴᠦᠲᠡᠶ ᠠᠳᠬᠤᠬᠤ᠂ ᠳᠠᠭᠠᠭᠠᠴᠢᠯᠠᠨ ᠬᠤᠯᠪᠤᠭᠠᠯᠠᠬᠤ ᠤᠳᠤᠷᠢᠳᠤᠯᠭ᠎ᠠ ᠱᠠᠯᠠᠪᠳᠠᠭᠤᠯᠤᠨ ᠵᠢᠯᠤᠭᠤᠳᠴᠤ ᠠᠬᠢᠭᠤᠯᠬᠤ ᠠᠵᠢᠯ ᠤᠨ | ᠲᠣᠭᠲᠠᠴᠠ ᠶᠢ ᠤᠯᠠᠮ ᠨᠢᠭᠡ ᠠᠯᠬᠤᠮ ᠴᠢᠩᠭᠠᠳᠬᠠᠵᠤ᠂ ᠤᠷᠢᠳᠤ ᠠᠴᠠ ᠵᠠᠪᠳᠤᠨ ᠡᠷᠲᠡ ᠠᠴᠠ ᠠᠳᠬᠤᠵᠤ᠂ ᠠᠷᠭ᠎ᠠ ᠰᠦᠪᠡᠭᠴᠢᠯᠡᠨ ᠲᠦᠷᠭᠡᠨ ᠬᠥᠳᠡᠯᠦᠯᠴᠡᠵᠦ᠂ | ᠡᠯ᠎ᠡ ᠵᠦᠢᠯ ᠤᠨ ᠡᠭᠦᠷᠭᠡ ᠶᠢ ᠪᠣᠳᠠᠲᠠᠶ ᠳᠤ ᠨᠠᠶᠢᠳᠠᠪᠤᠷᠢᠵᠢᠭᠤᠯᠵᠤ᠂ ᠡᠷᠲᠡᠬᠡᠨ ᠦᠷ᠎ᠡ ᠪᠦᠲᠦᠮᠵᠢ ᠤᠯᠬᠤ ᠶᠢ ᠠᠬᠢᠭᠤᠯᠬᠤ ᠬᠡᠷᠡᠭᠲᠡᠶ ᠭᠡᠵᠦ ᠴᠢᠬᠤᠯᠠᠴᠢᠯᠠᠪᠠ᠃ |