ᠣᠶᠢᠷ᠎ᠠ ᠳᠤ᠂ ᠬᠤᠲᠠ ᠶᠢᠨ ᠨᠠᠮ ᠤᠨ ᠬᠤᠷᠢᠶᠠᠨ ᠤ ᠱᠦᠵᠢ ᠸᠠᠩ ᠸᠠᠩ ᠱᠧᠩ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ᠂ ᠠᠵᠤ | ᠠᠬᠤᠶᠢᠯᠠᠯ ᠢ ᠳᠡᠮᠵᠢᠬᠦ ᠠᠵᠢᠯᠯᠠᠭᠠᠨ᠂ ᠤᠯᠠᠮᠵᠢᠯᠠᠯᠲᠤ ᠮᠠᠯ ᠠᠵᠤ ᠠᠬᠤᠶ ᠶᠢᠨ ᠬᠡᠯᠪᠡᠷᠢ ᠶᠢ ᠬᠤᠪᠢᠷᠠᠭᠤᠯᠤᠨ ᠲᠠᠰ ᠳᠡᠪᠰᠢᠭᠦᠯᠬᠦ ᠵᠡᠷᠭᠡ ᠠᠵᠢᠯ ᠤᠨ ᠲᠤᠬᠠᠶ | ᠪᠠᠶᠢᠴᠠᠭᠠᠨ ᠰᠤᠳᠤᠯᠤᠯᠲᠠ ᠬᠢᠪᠠ᠃ ᠬᠠᠶᠢᠯᠠᠷ ᠲᠣᠭᠤᠷᠢᠭ ᠤᠨ ᠬᠥᠯᠥᠨ ᠵᠡᠭᠡᠯᠢ ᠭᠤᠳᠤᠮᠵᠢ ᠶᠢᠨ 109 ᠨᠡᠶᠢᠭᠡᠮ ᠲᠣᠭᠤᠷᠢᠭ ᠤᠨ ᠨᠠᠮ ᠤᠨ ᠭᠡᠰᠢᠭᠦᠨ ᠪᠠ ᠣᠯᠠᠨ | ᠲᠦᠮᠡᠨ ᠤ ᠦᠢᠯᠡᠴᠢᠯᠡᠭᠡᠨ ᠤ ᠲᠥᠪ ᠲᠤ᠂ ᠸᠠᠩ ᠸᠠᠩ ᠱᠧᠩ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ᠂ ᠦᠨᠳᠦᠰᠦᠨ ᠱᠠᠲᠤᠨ ᠤ ᠳᠠᠷᠤᠭᠠᠰᠤ ᠶᠢ | ᠬᠥᠩᠭᠡᠷᠡᠭᠦᠯᠬᠦ ᠪᠠ ᠠᠷᠠᠳ ᠤᠨ ᠠᠮᠢᠳᠤᠷᠠᠯ ᠤᠨ ᠠᠵᠢᠯ ᠢ ᠨᠠᠷᠢᠨ ᠣᠶᠢᠯᠠᠭᠠᠪᠠ᠃ ᠲᠡᠷᠡ᠂ ︽ᠳᠠᠷᠤᠭᠠᠰᠤ ᠶᠢ ᠬᠥᠩᠭᠡᠷᠡᠭᠦᠯᠬᠦ᠂ ᠴᠢᠳᠠᠪᠤᠷᠢ ᠣᠯᠭᠤᠬᠤ᠂ | ᠬᠦᠴᠢᠷᠳᠡᠯ ᠢ ᠰᠢᠢᠳᠪᠦᠷᠢᠯᠡᠬᠦ᠂ ᠴᠡᠭᠴᠡᠯᠡᠨ ᠰᠠᠶᠢᠵᠢᠷᠠᠭᠤᠯᠬᠤ᠂ ᠰᠢᠮᠳᠠᠭᠤᠯᠬᠤ︾ ᠶᠢ ᠨᠢᠭᠡ ᠴᠤᠬᠴᠠᠵᠢᠭᠤᠯᠤᠨ ᠰᠠᠶᠢᠲᠤᠷ ᠠᠳᠬᠤᠵᠤ᠂ ᠬᠤᠣᠰ ᠴᠢᠭᠯᠡᠯ ᠢᠶᠠᠷ | ᠦᠨᠡᠯᠡᠬᠦ ᠲᠣᠭᠲᠠᠴᠠ ᠶᠢ ᠪᠦᠷᠢᠨᠰᠢᠬᠦᠯᠦᠨ ᠲᠡᠭᠦᠯᠳᠡᠷᠵᠢᠭᠦᠯᠵᠦ᠂ ᠦᠨᠳᠦᠰᠦᠨ ᠱᠠᠲᠤᠨ ᠳᠤ ᠳᠠᠷᠤᠭᠠᠰᠤ ᠶᠢ ᠦᠨᠡᠨ ᠬᠦ ᠬᠥᠩᠭᠡᠷᠡᠭᠦᠯᠵᠦ᠂ ᠡᠷᠬᠡ ᠣᠯᠭᠤᠵᠤ | ᠴᠢᠳᠠᠪᠤᠷᠢ ᠶᠢ ᠨᠢ ᠥᠷᠭᠡᠳᠬᠡᠵᠦ᠂ ᠬᠦᠴᠢᠷ ᠵᠣᠪᠠᠭᠤᠷᠢ ᠶᠢ ᠨᠢ ᠰᠢᠢᠳᠪᠦᠷᠢᠯᠡᠵᠦ ᠥᠭᠬᠦ ᠶᠢᠨ ᠬᠠᠮᠲᠤ᠂ ᠺᠠᠳ᠋ᠷ ᠤᠨ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ | ᠭᠠᠷᠭᠠᠬᠤ ᠳᠣᠲᠣᠭᠠᠳᠤ ᠬᠥᠳᠡᠯᠭᠡᠬᠦ ᠬᠦᠴᠦᠨ ᠢ ᠬᠥᠭᠵᠢᠭᠡᠵᠦ᠂ ᠡᠯ᠎ᠡ ᠵᠦᠢᠯ ᠤᠨ ᠠᠵᠢᠯ ᠤᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠪᠦᠲᠦᠮᠵᠢ ᠶᠢ | ᠨᠡᠮᠡᠭᠳᠡᠭᠦᠯᠬᠦ ᠶᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ ᠬᠥᠯᠥᠨ ᠪᠤᠶᠢᠷ ᠤᠨ ᠬᠠᠢ ᠷᠦ᠋ ᠰᠦ ᠶᠢᠨ ᠦᠢᠯᠡᠰ ᠤᠨ ᠬᠢᠵᠠᠭᠠᠷᠲᠤ ᠺᠣᠮᠫᠠᠨᠢ ᠳᠤ᠂ ᠸᠠᠩ ᠸᠠᠩ | ᠱᠧᠩ ᠠᠵᠤ ᠠᠬᠤᠶᠢᠯᠠᠯ ᠤᠨ ᠦᠢᠯᠡᠳᠪᠦᠷᠢᠯᠡᠯ ᠤᠨ ᠬᠡᠪᠴᠢᠶ᠎ᠡ ᠵᠢᠴᠢ ᠵᠠᠬ᠎ᠠ ᠳᠡᠯᠭᠡᠭᠦᠷ ᠤᠨ ᠪᠣᠷᠣᠯᠠᠭᠤᠯᠭ᠎ᠠ ᠶᠢᠨ ᠪᠠᠶᠢᠳᠠᠯ ᠢ ᠲᠤᠬᠠᠢ ᠶᠢᠨ ᠭᠠᠵᠠᠷ ᠲᠤᠨᠢ ᠪᠠᠶᠢᠴᠠᠭᠠᠨ | ᠦᠵᠡᠵᠦ᠂ ᠬᠤᠯᠪᠣᠭᠳᠠᠯ ᠪᠦᠬᠦᠢ ᠲᠠᠯ᠎ᠠ ᠶᠢᠨ ᠬᠢᠨ ᠠᠵᠤ ᠠᠬᠤᠶᠢᠯᠠᠯ ᠢ ᠳᠡᠮᠵᠢᠬᠦ ᠠᠵᠢᠯᠯᠠᠭᠠᠨ ᠢ ᠭᠦᠨᠵᠡᠭᠡᠢ ᠥᠷᠨᠢᠭᠦᠯᠵᠦ᠂ ᠠᠵᠤ ᠠᠬᠤᠶᠢᠯᠠᠯ ᠤᠨ ᠪᠤᠳᠠᠳᠤ | ᠬᠡᠷᠡᠭᠴᠡᠭᠡ ᠳᠤ ᠠᠩᠬᠠᠷᠤᠯ ᠢᠶᠠᠨ ᠲᠥᠪᠯᠡᠷᠡᠭᠦᠯᠦᠨ ᠲᠦᠷᠦ ᠶᠢᠨ ᠪᠤᠳᠤᠯᠭ᠎ᠠ ᠶᠢ ᠤᠨᠤᠴᠠᠲᠠᠢ ᠬᠡᠷᠡᠭᠵᠢᠭᠦᠯᠵᠦ᠂ ︽ᠳᠤᠮᠳᠠᠳᠤ ᠶᠢᠨ ᠬᠠᠭᠤᠴᠢᠨ ᠨᠡᠷᠡᠲᠦ ᠲᠡᠮᠳᠡᠭ︾ | ᠤᠨ ᠠᠵᠤ ᠠᠬᠤᠶᠢᠯᠠᠯ ᠢ ᠰᠢᠨ᠎ᠡ ᠠᠮᠢᠵᠢᠷᠠᠯ ᠤᠨ ᠬᠦᠴᠦᠨ ᠲᠠᠢ ᠪᠣᠯᠭᠠᠬᠤ ᠬᠡᠷᠡᠭᠲᠡᠢ︔ ᠠᠵᠤ ᠠᠬᠤᠶᠢᠯᠠᠯ ᠤᠨ ᠬᠢᠨ ᠡᠬᠢ ᠪᠠᠶᠠᠯᠢᠭ ᠤᠨ ᠳᠠᠪᠠᠭᠤᠯᠢᠭ ᠲᠠᠭᠠᠨ | ᠰᠠᠭᠤᠷᠢᠯᠠᠵᠤ᠂ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠬᠤ ᠶᠢ ᠪᠠᠷᠢᠮᠲᠠᠯᠠᠵᠤ᠂ ᠶᠠᠰᠤ ᠴᠢᠨᠠᠷ ᠢ ᠭᠦᠨᠵᠡᠭᠡᠢ ᠳᠡᠭᠡᠭᠰᠢᠯᠡᠭᠦᠯᠵᠦ᠂ ᠤᠳᠤ ᠦᠶ᠎ᠡ ᠶᠢᠨ ᠰᠦ ᠶᠢᠨ | ᠦᠢᠯᠡᠰ ᠤᠨ ᠠᠵᠤ ᠦᠢᠯᠡᠰ ᠤᠨ ᠰᠢᠰᠲ᠋ᠧᠮ ᠢ ᠲᠦᠷᠭᠡᠨ ᠪᠠᠶᠢᠭᠤᠯᠵᠤ᠂ ᠪᠦᠬᠦ ᠬᠤᠳᠠ ᠶᠢᠨ ᠰᠦ ᠶᠢᠨ ᠦᠢᠯᠡᠰ ᠢ ᠬᠥᠭᠵᠢᠭᠦᠯᠦᠨ ᠮᠠᠨᠳᠤᠭᠤᠯᠬᠤ ᠳᠤ ᠰᠢᠨ᠎ᠡ | ᠬᠥᠳᠡᠯᠭᠡᠬᠦ ᠬᠦᠴᠦᠨ ᠨᠡᠮᠡᠷᠢᠯᠡᠬᠦ ᠬᠡᠷᠡᠭᠲᠡᠢ ᠭᠡᠵᠦ ᠵᠢᠭᠠᠵᠤ ᠭᠠᠷᠭᠠᠪᠠ᠃ | ᠳᠠᠷᠠᠭ᠎ᠠ ᠨᠢ᠂ ᠸᠠᠩ ᠸᠠᠩ ᠱᠧᠩ ᠬᠠᠭᠤᠴᠢᠨ ᠪᠠᠷᠭᠤ ᠬᠤᠰᠢᠭᠤᠨ ᠤ ᠬᠦᠭᠡᠨ᠋ᠦ᠋ᠠᠲᠤᠷ ᠭᠠᠴᠠᠭᠠᠨ ᠤ ᠮᠠᠯᠵᠢᠬᠤ ᠡᠷᠦᠬᠡ ᠪᠣᠯᠤᠨ ᠡᠸᠡᠩᠬᠢ ᠦᠨᠳᠦᠰᠦᠲᠡᠨ ᠤ | ᠥᠪᠡᠷᠲᠡᠭᠡᠨ ᠵᠠᠰᠠᠬᠤ ᠬᠤᠰᠢᠭᠤᠨ ᠤ ᠪᠠᠶᠠᠨᠲᠣᠬᠤᠢ ᠪᠠᠯᠭᠠᠰᠤᠨ ᠤ ᠪᠠᠶᠠᠨᠲᠣᠬᠤᠢ ᠭᠠᠴᠠᠭᠠᠨ ᠤ ᠰᠠᠶᠢᠷ ᠬᠤᠷᠰᠢᠶ᠎ᠠ ᠳᠤ ᠬᠦᠷᠴᠦ᠂ ᠮᠠᠯᠴᠢᠨ ᠲᠦᠮᠡᠨ ᠲᠠᠢ ᠰᠠᠨᠠᠯ ᠢᠶᠠᠨ | ᠭᠦᠨᠵᠡᠭᠡᠶ ᠰᠣᠯᠢᠯᠴᠠᠪᠠ᠃ ᠸᠠᠩ ᠸᠠᠩ ᠱᠧᠩ᠂ ᠲᠥᠷᠥ ᠶᠢᠨ ᠪᠣᠳᠣᠯᠭ᠎ᠠ ᠶᠢ ᠤᠬᠠᠭᠤᠯᠵᠤ ᠬᠥᠲᠥᠯᠥᠨ ᠵᠢᠯᠣᠭᠤᠳᠬᠤ ᠶᠢ ᠭᠦᠨᠵᠡᠭᠡᠶᠢᠷᠡᠭᠦᠯᠵᠦ᠂ ᠮᠠᠯᠴᠢᠨ | ᠲᠠᠷᠢᠶᠠᠴᠢᠨ ᠢ ᠬᠠᠪᠰᠤᠷᠤᠨ ᠠᠮᠢ ᠠᠬᠤᠶ ᠶᠢᠨ ᠲᠠᠩᠰᠠ᠂ ᠠᠵᠤ ᠠᠬᠤᠶ ᠶᠢᠨ ᠲᠠᠩᠰᠠ᠂ ᠠᠯᠤᠰ ᠬᠡᠲᠦ ᠶᠢᠨ ᠲᠠᠩᠰᠠ ᠶᠢ ᠰᠠᠶᠢᠲᠤᠷ ᠪᠤᠳᠤᠵᠤ᠂ ᠲᠠᠷᠠᠬᠠᠶ | ᠡᠵᠡᠩᠨᠡᠯᠲᠡ ᠶᠢ ᠡᠷᠴᠢᠮᠵᠢᠭᠦᠯᠦᠨ ᠬᠥᠭᠵᠢᠭᠦᠯᠬᠦ ᠳᠠᠰᠢ ᠬᠤᠪᠢᠷᠠᠭᠤᠯᠬᠤ ᠶᠢ ᠠᠬᠢᠭᠤᠯᠬᠤ ᠬᠡᠷᠡᠭᠲᠡᠶ︔ ᠨᠡᠶᠢᠭᠡᠮᠴᠢᠯᠡᠭᠰᠡᠨ ᠦᠢᠯᠡᠴᠢᠯᠡᠭᠡᠨ ᠤ ᠰᠢᠰᠲ᠋ᠧᠮ ᠢ | ᠲᠡᠭᠦᠯᠳᠡᠷᠵᠢᠭᠦᠯᠵᠦ᠂ ᠦᠢᠯᠡᠳᠪᠦᠷᠢᠯᠡᠯ ᠤᠨ ᠥᠪᠡᠷ ᠤᠨ ᠦᠷᠳᠡᠭ ᠢ ᠪᠠᠭᠤᠷᠠᠭᠤᠯᠵᠤ᠂ ᠭᠠᠳᠠᠭᠰᠢ ᠪᠣᠷᠣᠯᠠᠭᠤᠯᠬᠤ ᠠᠷᠭ᠎ᠠ ᠵᠠᠮ ᠢ ᠥᠷᠭᠡᠳᠬᠡᠵᠦ᠂ ᠦᠢᠯᠡᠳᠬᠦᠨ ᠢᠶᠠᠨ | ᠰᠠᠶᠢᠨ ᠦᠨ᠎ᠡ ᠪᠠᠷ ᠬᠤᠳᠠᠯᠳᠤᠬᠤ ᠶᠢ ᠰᠠᠶᠢᠲᠤᠷ ᠠᠳᠬᠤᠵᠤ᠂ ᠮᠠᠯᠴᠢᠨ ᠲᠠᠷᠢᠶᠠᠴᠢᠨ ᠳᠤ ᠦᠨᠡᠨ ᠪᠣᠳᠠᠲᠠᠢ ᠦᠷ᠎ᠡ ᠠᠰᠢᠭ ᠬᠦᠷᠲᠡᠭᠡᠬᠦ ᠬᠡᠷᠡᠭᠲᠡᠢ︔ ᠰᠢᠨ᠎ᠡ ᠨᠢᠭᠡ | ᠦᠶ᠎ᠡ ᠶᠢᠨ ᠮᠠᠯᠴᠢᠨ ᠲᠠᠷᠢᠶᠠᠴᠢᠨ ᠤ ᠡᠩᠨᠡᠭᠡ ᠶᠢ ᠬᠥᠮᠦᠵᠢᠭᠦᠯᠵᠦ᠂ ᠡᠨᠡᠬᠦ ᠠᠭᠤᠳᠠᠮ ᠨᠣᠭᠤᠭᠠᠨ ᠲᠠᠯ᠎ᠠ ᠨᠤᠲᠤᠭ ᠢ ᠦᠨᠡᠨ ᠬᠦ ᠰᠠᠶᠢᠲᠤᠷ ᠰᠠᠬᠢᠨ ᠬᠠᠮᠠᠭᠠᠯᠠᠵᠤ᠂ | ᠰᠠᠶᠢᠲᠤᠷ ᠬᠥᠭᠵᠢᠭᠦᠯᠵᠦ᠂ ᠮᠠᠯᠵᠢᠬᠤ ᠣᠷᠣᠨ ᠤ ᠣᠳᠣᠬᠢᠴᠢᠯᠠᠯᠲᠠ ᠶᠢᠨ ᠪᠦᠳᠦᠭᠡᠨ ᠪᠠᠶᠢᠭᠤᠯᠤᠯᠲᠠ ᠳᠤ ᠴᠢᠳᠠᠪᠤᠷᠢᠲᠠᠨ ᠤ ᠲᠤᠯᠭᠠᠭᠤᠷᠢᠯᠠᠯ ᠬᠠᠩᠭᠠᠬᠤ ᠬᠡᠷᠡᠭᠲᠡᠢ | ᠭᠡᠵᠡᠢ᠃ ᠪᠠᠶᠢᠴᠠᠭᠠᠨ ᠰᠤᠳᠤᠯᠤᠯᠲᠠ ᠶᠢᠨ ᠬᠤᠭᠤᠴᠠᠭᠠᠨ ᠳᠤ᠂ ᠸᠠᠩ ᠸᠠᠩ ᠱᠧᠩ ᠪᠠᠰᠠ ᠬᠥᠯᠥᠨ ᠪᠤᠶᠢᠷ ᠤᠨ ᠬᠤᠨᠢᠨ ᠤ ᠪᠠᠷᠢᠮᠵᠢᠶ᠎ᠠ ᠶᠢᠨ ᠰᠢᠰᠲ᠋ᠧᠮ ᠤᠨ | ᠪᠠᠶᠢᠭᠤᠯᠤᠯᠲᠠ᠂ ᠨᠤᠲᠤᠭ ᠪᠡᠯᠴᠢᠭᠡᠷ ᠤᠨ ᠠᠮᠢᠳᠤ ᠪᠣᠳᠠᠰ ᠤᠨ ᠣᠯᠠᠨ ᠶᠠᠩᠵᠤᠲᠤ ᠴᠢᠨᠠᠷ ᠢ ᠬᠢᠨᠠᠨ ᠬᠡᠮᠵᠢᠬᠦ ᠪᠠ ᠵᠠᠰᠠᠨ ᠰᠡᠷᠭᠦᠭᠡᠬᠦ ᠠᠵᠢᠯ ᠤᠨ ᠠᠬᠢᠴᠠ ᠶᠢᠨ | ᠪᠠᠶᠢᠳᠠᠯ ᠢ ᠨᠠᠷᠢᠨ ᠣᠶᠢᠯᠠᠭᠠᠵᠤ᠂ ᠬᠠᠪᠤᠷ ᠤᠨ ᠤᠯᠠᠷᠢᠯ ᠤᠨ ᠲᠥᠯ ᠲᠤᠰᠴᠤ ᠪᠤᠶᠢᠵᠢᠭᠤᠯᠬᠤ᠂ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠨ | ᠤᠨᠲᠠᠷᠠᠭᠠᠬᠤ᠂ ᠪᠤᠶᠢᠺᠤ ᠪᠥᠮᠪᠦᠭᠡ ᠶᠢᠨ ᠦᠢᠯᠡᠰ ᠤᠨ ᠬᠥᠭᠵᠢᠯᠲᠡ ᠵᠡᠷᠭᠡ ᠭᠤᠤᠯᠳᠠᠯᠭ᠎ᠠ ᠲᠠᠢ ᠠᠵᠢᠯ ᠳᠤ ᠪᠣᠳᠠᠲᠠᠶ ᠱᠠᠭᠠᠷᠳᠠᠯᠭ᠎ᠠ ᠳᠤᠷᠠᠳᠪᠠ᠃ ᠬᠤᠳᠠ ᠶᠢᠨ | ᠤᠳᠤᠷᠢᠳᠤᠯᠭ᠎ᠠ ᠸᠠᠩ ᠮᠧᠩ᠂ ᠶᠠᠨ ᠢ ᠱᠧᠩ᠂ ᠬᠠᠨ ᠯᠢ ᠫᠢᠩ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃ |