— ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠵᠣᠷᠢᠭ ᠰᠠᠨᠠᠭ᠎ᠠ ᠪᠠᠷ ᠪᠦᠭᠦ ᠵᠢᠯ ᠤᠨ ᠬᠠᠷᠠᠯᠲᠠ ᠶᠢ ᠪᠡᠶᠡᠯᠡᠭᠦᠯᠬᠦ ᠲᠤᠬᠠᠢ ᠰᠢᠷᠢᠰ ᠰᠢᠭᠦᠮᠵᠢ ᠵᠢᠷᠭᠤᠭ᠎ᠠ | ᠥᠭᠡᠷᠡᠴᠢᠯᠡᠯᠲᠡ ᠬᠢᠬᠦ ᠨᠢ ︽1+1=2︾ ᠭᠡᠰᠡᠨ ᠳᠥᠭᠦᠮᠬᠡᠨ ᠶᠠᠪᠤᠳᠠᠯ ᠪᠢᠰᠢ ᠶᠤᠮ᠃ ᠬᠤᠯᠪᠣᠭᠳᠠᠯ ᠪᠦᠬᠦᠢ ᠥᠭᠡᠷᠡᠴᠢᠯᠡᠯᠲᠡ ᠶᠢ ᠬᠡᠷᠪᠡ ᠬᠤᠪᠢ ᠬᠤᠪᠢᠨ ᠤ | ᠪᠤᠳᠤᠬᠰᠠᠨ ᠢᠶᠠᠷ ᠢᠶᠠᠨ ᠬᠢᠬᠦ ᠳᠤ ᠭᠦᠷᠪᠡᠯ ᠦᠷ᠎ᠡ ᠳ᠋ᠦᠩ ᠨᠢ ᠳᠠᠷᠤᠢ ︽2 ᠠᠴᠠ ᠪᠠᠭ᠎ᠠ︾ ᠪᠤᠯᠬᠤ ᠶᠤᠮ᠂ ᠭᠠᠭᠴᠠ ᠬᠦ ᠠᠳᠠᠯᠢ ᠴᠢᠭᠯᠡᠯ ᠢᠶᠠᠷ ᠬᠦᠴᠦᠯᠡᠪᠡᠯ ᠰᠠᠶ᠋ᠢ | ︽= 2︾ ᠴᠢᠨᠠᠭᠰᠢᠯᠠᠪᠠᠯ ︽>2︾ ᠪᠤᠯᠬᠤ ᠶᠤᠮ᠃ ᠰᠤᠷ ᠬᠠᠷᠪᠤᠪᠠᠯ ᠫᠠᠢ ᠶᠢ ᠬᠠᠷᠠᠨ᠎ᠠ᠂ ᠳᠠᠯᠠᠢ ᠳᠤ ᠠᠶᠠᠯᠠᠪᠠᠯ ᠴᠠᠮᠬᠠᠭ ᠢ ᠬᠠᠷᠠᠨ᠎ᠠ᠃ ᠶᠡᠷᠦᠩᠬᠡᠢ ᠱᠦᠵᠢ | ᠰᠢ ᠶᠢᠨ ᠫᠢᠩ ᠤᠨ ᠥᠪᠥᠷ ᠮᠣᠩᠭᠤᠯ ᠳᠤ ᠥᠭᠭᠦᠭᠰᠡᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠣᠰᠣᠭᠠᠷ ᠨᠢᠭᠡ ᠭᠤᠣᠯ ᠰᠢᠵᠢᠮ ᠢ ᠲᠤᠭᠤᠰᠢᠯᠠᠭᠤᠯᠵᠤ᠂ ᠬᠤᠶᠠᠷ | ᠶᠡᠭᠡ ᠶᠠᠪᠤᠳᠠᠯ ᠢ ᠰᠠᠶᠢᠲᠤᠷ ᠬᠢᠵᠦ᠂ ︽ᠲᠠᠪᠤᠨ ᠶᠡᠭᠡ ᠡᠭᠦᠷᠭᠡ︾ ᠶᠢ ᠪᠡᠶᠡᠯᠡᠭᠦᠯᠵᠦ᠂ ︽ᠵᠢᠷᠭᠤᠭᠠᠨ ᠢᠨᠵᠧᠨᠧᠷᠢᠩ︾ ᠢ ᠬᠡᠷᠡᠭᠵᠢᠭᠦᠯᠵᠦ᠂ ︽ᠵᠢᠷᠭᠤᠭᠠᠨ | ᠠᠵᠢᠯᠯᠠᠭ᠎ᠠ︾ ᠶᠢ ᠥᠷᠨᠢᠭᠦᠯᠬᠦ ᠪᠣᠯ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠭᠤᠣᠯ ᠠᠵᠢᠯ ᠮᠥᠨ᠂ ᠡᠯ᠎ᠡ ᠬᠦᠷᠢᠶ᠎ᠡ ᠡᠯ᠎ᠡ ᠲᠠᠯ᠎ᠠ ᠶᠢᠨ ᠰᠡᠳᠬᠢᠮᠵᠢ | ᠠᠷᠭ᠎ᠠ ᠬᠢᠳᠡᠯ ᠴᠥᠮ ᠡᠳᠡᠭᠡᠷ ᠠᠵᠢᠯ ᠢ ᠰᠠᠶᠢᠲᠤᠷ ᠬᠢᠬᠦ ᠳᠤ ᠠᠩᠬᠠᠷᠤᠯ ᠢᠶᠠᠨ ᠲᠥᠪᠯᠡᠷᠡᠭᠦᠯᠦᠨ ᠬᠦᠴᠦᠯᠡᠬᠦ ᠬᠡᠷᠡᠭᠲᠡᠢ᠃ ᠡᠭᠦᠷᠭᠡ ᠲᠣᠭᠲᠠᠭᠠᠨ ᠠᠷᠭ᠎ᠠ ᠬᠡᠮᠵᠢᠶ᠎ᠡ | ᠠᠪᠬᠤ ᠳᠤ ᠤᠷᠢᠳᠠᠭᠢ ᠬᠤᠶᠢᠲᠤᠬᠢ᠂ ᠬᠠᠵᠠᠭᠤ ᠬᠠᠪᠢ᠂ ᠣᠳᠣ ᠢᠷᠡᠭᠡᠳᠦᠢ ᠶᠢ ᠴᠥᠮ ᠪᠦᠷᠢᠨ ᠭᠦᠢᠴᠡᠳ ᠪᠣᠳᠣᠯᠬᠢᠯᠠᠵᠤ᠂ ᠡᠴᠦᠰ ᠤᠨ ᠬᠠᠷᠠᠯᠲᠠ ᠪᠠᠨ | ᠪᠡᠶᠡᠯᠡᠭᠦᠯᠬᠦ ᠳᠤ ᠶᠠᠭᠠᠬᠢᠵᠤ ᠬᠢᠪᠡᠯ ᠠᠰᠢᠭᠲᠠᠢ ᠪᠠᠶᠢᠪᠠᠯ ᠲᠡᠭᠡᠵᠦ ᠬᠢᠬᠦ ᠬᠡᠷᠡᠭᠲᠡᠢ᠃ ᠪᠣᠳᠠᠲᠤ ᠦᠢᠯᠡᠳᠦᠯᠭᠡ ᠶᠢᠨ ᠳᠤᠮᠳᠠ ᠪᠠᠰᠠ ᠨᠢᠭᠡ ᠴᠡᠭ ᠢ ᠪᠠᠲᠤ ᠡᠵᠡᠮᠳᠡᠵᠦ᠂ | ᠶᠠᠪᠤᠳᠠᠯ ᠢ ᠪᠦᠲᠦᠭᠡᠵᠦ ᠳᠡᠶᠢᠯᠪᠡᠯ ᠲᠡᠭᠡᠵᠦ ᠬᠢᠬᠦ ᠬᠡᠷᠡᠭᠲᠡᠢ᠂ ᠰᠠᠭᠰᠤᠨ ᠳᠠᠬᠢ ᠨᠠᠢᠮᠠᠯᠵᠢ ᠰᠢᠭ᠋ ︽ᠭᠠᠷ ᠬᠥᠯ ᠠᠴᠠ ᠪᠠᠨ ᠴᠢᠩᠭᠠᠭᠠᠯᠴᠠᠵᠤ︾ ᠪᠤᠯᠬᠤ ᠦᠭᠡᠢ᠃ | ᠰᠢᠨ᠎ᠡ ᠭᠡᠯᠪᠡᠷᠢ ᠶᠢᠨ ᠡᠨᠧᠷᠭᠢ ᠶᠢᠨ ᠰᠤᠷᠪᠤᠯᠵᠢ ᠶᠢᠨ ᠰᠢᠰᠲ᠋ᠧᠮ ᠢ ᠪᠠᠶᠢᠭᠤᠯᠬᠤ ᠳᠤ ︽ᠴᠠᠭᠢᠯᠭᠠᠨ ᠭᠠᠷᠭᠠᠵᠤ ᠳᠡᠶᠢᠯᠭᠦ︾᠂ ︽ᠲᠣᠣᠷ ᠬᠦᠷᠭᠡᠵᠦ ᠳᠡᠶᠢᠯᠭᠦ︾᠂ ︽ | ᠡᠨᠧᠷᠭᠢ ᠬᠡᠷᠡᠭᠯᠡᠵᠦ ᠳᠡᠶᠢᠯᠭᠦ︾ ᠬᠠᠷᠠᠯᠲᠠ ᠲᠡᠶᠢᠰᠢ ᠵᠡᠷᠭᠡ ᠪᠠᠷ ᠲᠦᠯᠬᠢᠨ ᠠᠬᠢᠭᠤᠯᠬᠤ ᠴᠢᠬᠤᠯᠠᠲᠠᠢ ᠪᠠᠶᠢᠵᠤ᠂ ᠪᠦᠲᠦᠭᠡᠨ ᠪᠠᠶᠢᠭᠤᠯᠤᠯᠲᠠ ᠶᠢᠨ ᠵᠦᠢᠯᠡᠰ ᠢ ᠰᠡᠳᠦᠪ | ᠲᠣᠭᠲᠠᠭᠠᠬᠤ ᠪᠠᠷ ᠭᠤᠶᠤᠴᠢᠯᠠᠬᠤ᠂ ᠭᠠᠷ ᠭᠦᠢᠴᠡᠳᠬᠡᠯ ᠢ ᠬᠢᠨᠠᠨ ᠵᠥᠪᠰᠢᠶᠡᠷᠡᠬᠦ᠂ ᠡᠯᠧᠮᠧᠨ᠋ᠲ ᠢ ᠪᠠᠲᠤᠯᠠᠬᠤ ᠵᠡᠷᠭᠡ ᠵᠠᠩᠭᠢᠯᠠᠭ᠎ᠠ ᠶᠢᠨ ᠲᠣᠭᠤᠷᠢᠨ ᠳᠤ ᠬᠠᠮᠲᠤ ᠳᠤᠨᠢ | ᠠᠳᠬᠤᠬᠤ ᠴᠢᠬᠤᠯᠠᠲᠠᠢ ᠪᠠᠶᠢᠵᠤ᠂ ᠠᠵᠢᠯ ᠣᠯᠭᠤᠯᠲᠠ ᠶᠢ ᠠᠬᠢᠭᠤᠯᠬᠤ ᠳᠤ ᠠᠵᠤ ᠠᠬᠤᠶᠢᠯᠠᠯ ᠡᠷᠭᠢᠯᠡᠭᠦ᠂ ᠠᠵᠢᠯ ᠤᠨ ᠪᠠᠶᠢᠷᠢ ᠶᠢ ᠥᠷᠭᠡᠳᠬᠡᠬᠦ᠂ ᠪᠣᠯᠪᠠᠰᠤᠷᠠᠯ ᠬᠢᠬᠦ | ᠵᠡᠷᠭᠡ ᠭᠤᠣᠯᠳᠠᠯᠭ᠎ᠠ ᠲᠠᠢ ᠰᠢᠰᠲ᠋ᠧᠮ ᠢ ᠴᠢᠩᠭ᠎ᠠ ᠠᠳᠬᠤᠵᠤ᠂ ᠠᠯᠢ ᠨᠢᠭᠡᠨ ᠲᠠᠯ᠎ᠠ ᠪᠠ ᠶᠠᠮᠠᠷ ᠨᠢᠭᠡᠨ ᠭᠤᠭᠴᠤᠭ᠎ᠠ ᠳᠤ ︽ᠬᠡᠯᠬᠢᠶ᠎ᠡ ᠲᠠᠰᠤᠷᠠᠵᠤ︾ ᠪᠤᠯᠬᠤ ᠦᠭᠡᠢ᠃ | ᠤᠯᠠᠨ ᠤ ᠬᠦᠴᠦᠨ ᠳᠤ ᠣᠪᠣᠭ᠎ᠠ ᠪᠣᠰᠣᠨ᠎ᠠ᠃ ᠤᠯᠠᠨ ᠰᠠᠯᠠᠭ᠎ᠠ ᠮᠥᠴᠢᠷ ᠲᠤ ᠬᠤᠯᠪᠣᠭᠳᠠᠭᠰᠠᠨ ᠥᠭᠡᠷᠡᠴᠢᠯᠡᠯᠲᠡ ᠳᠤ ᠬᠠᠷᠢᠭᠤᠴᠠᠯᠭ᠎ᠠ ᠶᠢ ᠬᠤᠯᠪᠣᠯᠳᠤᠭᠤᠯᠬᠤ᠂ | ᠴᠡᠷᠢᠭ ᠬᠤᠪᠢᠶᠠᠨ ᠪᠣᠭᠤᠮᠲᠠ ᠰᠠᠬᠢᠬᠤ ᠶᠢ ᠴᠢᠩᠭᠠᠳᠬᠠᠵᠤ᠂ ︽ᠡᠭᠦᠳᠡᠨ ᠡᠮᠦᠨᠡᠬᠢ ᠴᠠᠰᠤ ᠪᠠᠨ ᠠᠷᠢᠯᠭᠠᠬᠤ︾ ᠰᠡᠳᠬᠢᠮᠵᠢ ᠶᠢ ᠡᠪᠳᠡᠵᠦ᠂ ︽ᠬᠡᠨ ᠤ ᠬᠢᠭᠰᠡᠨ ᠨᠢ | ᠲᠣᠳᠣᠷᠬᠠᠢ ᠪᠤᠰᠤ ᠪᠣᠯ ᠥᠪᠡᠷ ᠢᠶᠠᠨ ᠤᠷᠢᠳ ᠢᠶᠠᠷ ᠬᠢᠬᠦ︾ ᠤᠬᠠᠮᠰᠠᠷ ᠢ ᠴᠢᠩᠭᠠᠳᠬᠠᠵᠤ᠂ ᠰᠠᠨᠠᠭᠠᠴᠢᠯᠠᠭ᠎ᠠ ᠠᠴᠠ ᠪᠠᠨ ᠣᠷᠣᠨ ᠪᠠᠶᠢᠷᠢ ᠪᠠᠨ ᠨᠥᠬᠦᠪᠦᠷᠢᠯᠡᠵᠦ᠂ | ᠨᠢᠭᠲᠠ ᠬᠠᠮᠵᠢᠯᠴᠠᠵᠤ᠂ ᠥᠪᠡᠷ ᠤᠨ ᠴᠢᠷᠮᠠᠶᠢᠯᠭ᠎ᠠ ᠪᠠᠷ ᠢᠶᠠᠨ ᠪᠦᠭᠦ᠋ᠢᠯᠡ ᠠᠵᠢᠯ ᠢᠶᠠᠨ ᠨᠡᠩ ᠰᠠᠶᠢᠲᠤᠷ ᠪᠡᠶᠡᠯᠡᠭᠦᠯᠬᠦ ᠬᠡᠷᠡᠭᠲᠡᠢ᠃ ᠠᠳᠠᠯᠢ ᠪᠤᠰᠤ ᠬᠦᠷᠢᠶᠡᠨ ᠤ | ᠥᠭᠡᠷᠡᠴᠢᠯᠡᠯᠲᠡ ᠳᠤ ᠨᠢᠭᠡᠳᠦᠯᠲᠦ ᠴᠢᠨᠠᠷ ᠤᠨ ᠦᠨᠡᠯᠡᠨ ᠵᠢᠱᠢᠯᠲᠡ ᠶᠢ ᠰᠠᠶᠢᠲᠤᠷ ᠠᠳᠬᠤᠵᠤ᠂ ᠵᠣᠬᠢᠴᠠᠭᠤᠯᠤᠨ ᠢᠵᠢ ᠪᠦᠷᠢᠳᠦᠭᠦᠯᠬᠦ᠂ ᠬᠠᠷᠢᠯᠴᠠᠨ ᠬᠠᠪᠰᠤᠷᠤᠯᠴᠠᠵᠤ | ᠬᠠᠷᠢᠯᠴᠠᠨ ᠲᠤᠪᠤᠶᠢᠯᠭᠠᠬᠤ ᠶᠢ ᠦᠨᠡᠨ ᠬᠦ ᠪᠠᠲᠤᠯᠠᠵᠤ᠂ ᠥᠭᠡᠷᠡᠴᠢᠯᠡᠯᠲᠡ ᠶᠢᠨ ᠦᠷ᠎ᠡ ᠠᠰᠢᠭ ᠢ ᠬᠠᠮᠤᠭ ᠤᠨ ᠶᠡᠭᠡ ᠪᠤᠯᠭᠠᠬᠤ ᠶᠢ ᠪᠡᠶᠡᠯᠡᠭᠦᠯᠵᠦ᠂ ᠢᠯᠠᠩᠭᠤᠶ᠎ᠠ | ᠠᠳᠡᠬᠢ ᠥᠭᠡᠷᠡᠴᠢᠯᠡᠯᠲᠡ ᠨᠢ ᠲᠡᠨᠳᠡᠬᠢ ᠥᠭᠡᠷᠡᠴᠢᠯᠡᠯᠲᠡ ᠳᠤ ᠠᠶᠤᠯ ᠲᠦᠭᠰᠢᠭᠦᠷᠢ ᠤᠴᠠᠷᠠᠭᠤᠯᠬᠤ ᠶᠢ ᠰᠡᠷᠭᠡᠶᠢᠯᠡᠬᠦ ᠬᠡᠷᠡᠭᠲᠡᠢ᠃ ᠪᠦᠭᠦ ᠱᠠᠲᠤ ᠪᠠᠷ ᠢᠶᠠᠨ ᠬᠠᠮᠵᠢᠯᠴᠠᠨ᠂ | ᠬᠦᠴᠦᠨ ᠢᠶᠠᠨ ᠲᠥᠪᠯᠡᠷᠡᠭᠦᠯᠦᠨ ᠶᠡᠭᠡ ᠶᠠᠪᠤᠳᠠᠯ ᠢ ᠪᠦᠲᠦᠭᠡᠬᠦ ᠪᠣᠯ ᠮᠠᠨ ᠤ ᠤᠯᠤᠰ ᠤᠨ ᠨᠢᠭᠡᠨ ᠶᠡᠭᠡ ᠢᠯᠡᠷᠬᠡᠢ ᠳᠠᠪᠠᠭᠤᠯᠢᠭ ᠮᠥᠨ᠃ ᠰᠡᠳᠬᠢᠯ ᠵᠢᠷᠦᠬᠡ ᠪᠠᠨ | ᠭᠤᠣᠯᠳᠠᠯᠭ᠎ᠠ ᠳᠤ ᠬᠠᠨᠳᠤᠭᠤᠯᠤᠨ᠂ ᠬᠠᠮᠲᠤ ᠪᠠᠷ ᠤᠷᠤᠭᠰᠢᠯᠠᠨ᠂ ᠬᠦᠴᠦ ᠪᠠᠨ ᠬᠠᠮᠲᠤᠳᠬᠠᠨ ᠪᠣᠭᠤᠮᠲᠠ ᠰᠢᠪᠲᠤᠯᠪᠠᠯ ᠥᠪᠥᠷ ᠮᠣᠩᠭᠤᠯ ᠯᠠᠪᠲᠠᠢ ᠥᠭᠡᠳᠡᠷᠬᠡᠭ ︽ | ᠤᠷᠤᠭᠰᠢᠯᠠᠵᠤ︾᠂ ᠢᠳᠡᠷᠡᠭᠦᠨ ︽ᠳᠠᠪᠰᠢᠵᠤ︾ ᠴᠢᠳᠠᠨ᠎ᠠ᠃ |