ᠨᠢᠭᠡᠴᠢ ᠤᠨᠠᠯᠲᠠ ᠶᠢ ᠲᠡᠬᠡᠭᠰᠢᠯᠡᠬᠦᠯᠬᠦ ᠠᠵᠢᠯᠯᠠᠭᠠᠨ ᠢ ᠶᠡᠭᠡ ᠪᠠᠷ ᠬᠡᠷᠡᠭᠵᠢᠭᠦᠯᠦᠨ᠎ᠡ᠃ ᠲᠠᠷᠢᠶᠠᠯᠠᠬᠤ ᠭᠠᠵᠠᠷ ᠤᠨ ᠬᠠᠮᠠᠭᠠᠯᠠᠯᠲᠠ ᠶᠢᠨ ᠤᠯᠠᠭᠠᠨ ᠱᠤᠭᠤᠮ ᠢ | ᠪᠠᠲᠤ ᠰᠠᠬᠢᠵᠤ᠂ ᠠᠮᠤ ᠪᠤᠳᠠᠭ᠎ᠠ ᠲᠠᠷᠢᠬᠤ ᠲᠠᠯᠠᠪᠠᠢ ᠶᠢ ᠲᠣᠭᠲᠠᠪᠤᠷᠢᠵᠢᠭᠤᠯᠤᠨ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ 850 ᠲᠦᠮᠡᠨ ᠮᠦ᠂ ᠬᠠᠷ᠎ᠠ | ᠬᠥᠷᠥᠰᠥᠲᠦ ᠭᠠᠵᠠᠷ ᠤᠨ ᠬᠠᠮᠠᠭᠠᠯᠠᠯᠲᠠ ᠶᠢᠨ ᠴᠢᠨᠠᠷᠲᠠᠢ ᠲᠠᠷᠢᠶᠠᠯᠠᠭ᠎ᠠ ᠶᠢ 2500 ᠲᠦᠮᠡᠨ ᠮᠦ ᠰᠢᠨ᠎ᠡ ᠪᠠᠷ ᠪᠠᠶᠢᠭᠤᠯᠵᠤ᠂ ᠪᠡᠯᠡᠳᠬᠡᠮᠵᠢᠲᠦ ᠲᠠᠷᠢᠶᠠᠯᠠᠩ ᠢ 25 | ᠲᠦᠮᠡᠨ ᠮᠦ ᠰᠢᠨ᠎ᠡ ᠪᠠᠷ ᠨᠡᠮᠡᠭᠳᠡᠭᠦᠯᠦᠨ᠂ ᠭᠤᠣᠯ ᠪᠣᠯᠬᠤ ᠲᠠᠷᠢᠮᠠᠯ ᠤᠨ ᠨᠢᠭᠡᠴᠢ ᠤᠨᠠᠯᠲᠠ ᠶᠢ ᠨᠢ ᠳᠡᠭᠡᠭᠰᠢᠯᠡᠭᠦᠯᠦᠭᠰᠡᠨ ᠵᠢᠱᠢᠶ᠎ᠡ ᠦᠵᠡᠬᠦᠯᠬᠦ ᠲᠣᠭᠤᠷᠢᠭ ᠢ 1000 | ᠲᠦᠮᠡᠨ ᠮᠦ᠂ ︽ᠲᠤᠨ ᠤᠨᠠᠯᠲᠠ ᠲᠠᠢ ᠲᠠᠷᠢᠶ᠎ᠡ︾ ᠶᠢ 900 ᠲᠦᠮᠡᠨ ᠮᠦ ᠴᠣᠭᠴᠠᠯᠠᠵᠤ᠂ ᠠᠮᠤ ᠪᠤᠳᠠᠭ᠎ᠠ ᠮᠢᠬ᠎ᠠ ᠰᠦᠨ ᠤ ᠭᠠᠷᠤᠯᠲᠠ ᠶᠢ ᠲᠤᠰ ᠲᠤᠰ 800 | ᠳ᠋ᠦᠩᠰᠢᠭᠤᠷ ᠵᠢᠩ᠂ 60 ᠳ᠋ᠦᠩᠰᠢᠭᠤᠷ ᠵᠢᠩ᠂ 160 ᠳ᠋ᠦᠩᠰᠢᠭᠤᠷ ᠵᠢᠩ ᠠᠴᠠ ᠳᠡᠭᠡᠭᠰᠢ ᠳᠤ ᠲᠣᠭᠲᠠᠪᠤᠷᠢᠵᠢᠭᠤᠯᠤᠨ᠎ᠠ᠃ ᠪᠡᠯᠴᠢᠭᠡᠷ ᠤᠨ ᠮᠠᠯ ᠠᠵᠤ ᠠᠬᠤᠢ ᠶᠢᠨ | ᠬᠡᠯᠪᠡᠷᠢ ᠪᠠᠨ ᠬᠤᠪᠢᠷᠠᠭᠤᠯᠤᠨ ᠲᠡᠰ ᠳᠡᠪᠰᠢᠬᠦ ᠶᠢ ᠨᠢ ᠲᠦᠷᠭᠡᠳᠬᠡᠨ ᠠᠬᠢᠭᠤᠯᠤᠨ᠎ᠠ᠃ ᠪᠡᠯᠴᠢᠭᠡᠷ ᠤᠨ ᠳᠠᠭᠠᠭᠠᠴᠠ ᠠᠴᠠ ᠬᠡᠲᠦᠷᠡᠲᠡᠯ᠎ᠡ ᠮᠠᠯᠵᠢᠬᠤ ᠠᠰᠠᠭᠤᠳᠠᠯ ᠢ | ᠰᠢᠢᠳᠪᠦᠷᠢᠯᠡᠬᠦ ᠶᠢᠨ ᠵᠠᠩᠭᠢᠯᠠᠭ᠎ᠠ ᠨᠢ ᠦᠢᠯᠡᠳᠪᠦᠷᠢᠯᠡᠯ ᠤᠨ ᠠᠷᠭ᠎ᠠ ᠮᠠᠶ᠋ᠢᠭ ᠢᠶᠠᠨ ᠬᠤᠪᠢᠷᠠᠭᠤᠯᠬᠤ ᠳᠤ ᠪᠠᠶᠢᠬᠤ ᠶᠤᠮ᠃ ᠲᠤᠷᠰᠢᠯᠲᠠ ᠶᠢᠨ ᠴᠡᠭ ᠤᠨ ᠬᠤᠰᠢᠭᠤ | ᠰᠢᠶᠠᠨ ᠤ ᠲᠤᠷᠰᠢᠯᠭ᠎ᠠ ᠶᠢ ᠭᠦᠨᠵᠡᠭᠡᠢ ᠳ᠋ᠦᠩᠨᠡᠵᠦ᠂ ᠨᠤᠲᠤᠭ ᠪᠡᠯᠴᠢᠭᠡᠷ ᠤᠨ ᠠᠮᠢ ᠠᠬᠤᠢ ᠶᠢᠨ ᠬᠠᠮᠠᠭᠠᠯᠠᠯᠲᠠ ᠶᠢᠨ ᠨᠥᠬᠦᠪᠦᠷᠢ ᠱᠠᠩᠨᠠᠯ ᠤᠨ ᠲᠦᠷᠦ ᠶᠢᠨ | ᠪᠣᠳᠣᠯᠭ᠎ᠠ ᠶᠢ ᠬᠦᠷᠲᠡᠵᠦ ᠪᠠᠶᠢᠭ᠎ᠠ ᠬᠤᠰᠢᠭᠤ ᠰᠢᠶᠠᠨ ᠳᠤ ᠪᠦᠭᠦ ᠲᠠᠯ᠎ᠠ ᠪᠠᠷ ᠳᠡᠯᠭᠡᠷᠡᠭᠦᠯᠦᠨ᠂ ᠪᠦᠬᠦᠯᠢ ᠪᠠᠶᠢᠭᠤᠯᠤᠮᠵᠢᠲᠤ ᠳᠦᠷᠢᠮ ᠪᠦᠬᠦᠢ ᠪᠡᠯᠴᠢᠭᠡᠷᠯᠡᠭᠦᠯᠬᠦ ᠶᠢ | ᠵᠣᠭᠰᠤᠭᠠᠬᠤ ᠲᠤᠷᠰᠢᠯᠲᠠ ᠶᠢᠨ ᠴᠡᠭ ᠤᠨ ᠠᠵᠢᠯ ᠢ ᠵᠡᠷᠭᠡ ᠳᠤ ᠨᠢ ᠥᠷᠨᠢᠭᠦᠯᠵᠦ᠂ ᠬᠠᠰᠢᠶᠠᠯᠠᠨ ᠲᠡᠵᠢᠭᠡᠬᠦ ᠪᠠ ᠬᠠᠭᠠᠰ ᠬᠠᠰᠢᠶᠠᠯᠠᠨ ᠲᠡᠵᠢᠭᠡᠬᠦ᠂ ᠨᠠᠶᠢᠳᠠᠨ | ᠬᠠᠮᠢᠶᠠᠷᠤᠭᠤᠯᠬᠤ ᠪᠠ ᠣᠷᠣᠯᠠᠨ ᠲᠡᠵᠢᠭᠡᠬᠦ ᠵᠡᠷᠭᠡ ᠬᠡᠪ ᠵᠠᠭᠪᠤᠷ ᠢ ᠲᠤᠬᠠᠢ ᠶᠢᠨ ᠭᠠᠵᠠᠷ ᠲᠤ ᠨᠢ ᠲᠣᠬᠢᠷᠠᠭᠤᠯᠵᠤ ᠳᠡᠯᠭᠡᠷᠡᠭᠦᠯᠦᠨ᠂ ᠮᠡᠯ ᠠᠵᠤ ᠠᠬᠤᠢ ᠶᠢᠨ | ᠦᠢᠯᠡᠳᠪᠦᠷᠢᠯᠡᠯ ᠤᠨ ᠠᠷᠭ᠎ᠠ ᠮᠠᠶ᠋ᠢᠭ ᠢ ︽ᠤᠯᠠᠨ ᠲᠡᠵᠢᠭᠡᠬᠦ︾ ᠠᠴᠠ ︽ᠨᠠᠷᠢᠯᠢᠭ ᠠᠷᠠᠴᠢᠯᠠᠬᠤ︾ ᠲᠡᠶᠢᠰᠢ ᠬᠤᠪᠢᠷᠠᠭᠤᠯᠬᠤ ᠶᠢ ᠨᠢ ᠠᠬᠢᠭᠤᠯᠵᠤ᠂ ᠤᠯᠠᠨ ᠵᠦᠢᠯ ᠤᠨ | ᠠᠷᠭ᠎ᠠ ᠬᠡᠮᠵᠢᠶ᠎ᠡ ᠶᠢ ᠵᠡᠷᠭᠡ ᠳᠤ ᠨᠢ ᠬᠡᠷᠡᠭᠯᠡᠵᠦ ᠪᠠᠶᠢᠭᠠᠳ ᠲᠠᠷᠢᠶᠠᠴᠢᠨ ᠮᠠᠯᠴᠢᠳ ᠤᠨ ︽ᠪᠡᠯᠴᠢᠭᠡᠷᠯᠡᠭᠦᠯᠬᠦ ᠶᠢ ᠨᠢ ᠵᠣᠭᠰᠣᠭᠠᠭᠰᠠᠨ ᠴᠤ ᠣᠷᠣᠯᠭ᠎ᠠ ᠶᠢ ᠨᠢ | ᠬᠠᠰᠤᠭᠳᠠᠭᠤᠯᠬᠤ ᠦᠭᠡᠢ︾ ᠪᠠᠶᠢᠬᠤ ᠳᠤ ᠪᠠᠲᠤᠯᠠᠭ᠎ᠠ ᠬᠠᠩᠭᠠᠵᠤ᠂ ᠬᠠᠰᠢᠶᠠᠯᠠᠨ ᠲᠡᠵᠢᠭᠡᠬᠦ ᠬᠠᠰᠢᠶ᠎ᠠ ᠰᠠᠷᠠᠪᠴᠢ ᠶᠢ 500 ᠲᠦᠮᠡ ᠺᠦᠸᠠᠳ᠋ ᠮᠧᠳ᠋ᠷ ᠠᠴᠠ ᠳᠡᠭᠡᠭᠰᠢ | ᠰᠢᠨ᠎ᠡ ᠪᠠᠷ ᠪᠠᠶᠢᠭᠤᠯᠤᠨ᠂ ᠪᠡᠯᠡᠳᠬᠡᠮᠵᠢᠲᠦ ᠮᠠᠯ ᠠᠵᠤ ᠠᠬᠤᠢ ᠶᠢᠨ ᠲᠡᠵᠢᠭᠡᠨ ᠦᠷᠡᠵᠢᠭᠦᠯᠬᠦ ᠬᠤᠪᠢ ᠶᠢᠨ ᠵᠢᠩ ᠢ 75% ᠳᠤ ᠬᠦᠷᠦᠭᠦᠯᠬᠦ ᠪᠠᠷ ᠬᠦᠴᠦᠯᠡᠨ | ᠴᠢᠷᠮᠠᠶᠢᠵᠤ᠂ ᠪᠠᠶᠢᠭᠠᠯᠢᠯᠢᠭ ᠨᠤᠲᠤᠭ ᠪᠡᠯᠴᠢᠭᠡᠷ ᠲᠠᠬᠢ ᠮᠠᠯ ᠪᠡᠯᠴᠢᠭᠡᠷ ᠢ ᠲᠡᠩᠴᠡᠭᠦᠷᠢᠲᠡᠢ ᠪᠠᠶᠢᠯᠭᠠᠬᠤ ᠵᠢᠭᠠᠯᠲᠠ ᠲᠤᠭ᠎ᠠ ᠶᠢ ᠳᠣᠷᠣᠭᠰᠢᠯᠠᠭᠤᠯᠤᠭᠠᠳ 10% ᠬᠦᠷᠬᠦ | ᠦᠭᠡᠢ ᠪᠣᠯᠭᠠᠨ᠎ᠠ᠃ ᠮᠠᠨ ᠤ ᠣᠷᠣᠨ ᠤ ᠮᠠᠰᠢ ᠤᠯᠠᠨ ᠰᠠᠶᠢᠨ ᠵᠦᠢᠯ ᠦᠨ᠎ᠡ ᠭᠠᠷᠴᠤ ᠲᠡᠶᠢᠯᠬᠦ ᠦᠭᠡᠢ ᠪᠠᠶᠢᠭ᠎ᠠ ᠶᠢᠨ ᠵᠠᠩᠭᠢᠯᠠᠭ᠎ᠠ ᠨᠢ ᠨᠠᠷᠢᠯᠢᠭ ᠭᠦᠨ ᠡᠳ᠋ᠰᠢᠭᠦᠯᠦᠨ | ᠪᠤᠯᠪᠠᠰᠤᠷᠠᠭᠤᠯᠬᠤ ᠲᠠᠯ᠎ᠠ ᠪᠠᠷ ᠬᠦᠷᠦᠯᠴᠡᠬᠦ ᠦᠭᠡᠢ ᠳᠤ ᠪᠠᠶᠢᠬᠤ ᠶᠤᠮ᠃ ᠨᠢᠭᠡ ᠲᠠᠯ᠎ᠠ ᠪᠠᠷ ᠨᠠᠷᠢᠯᠢᠭ ᠭᠦᠨ ᠡᠳ᠋ᠰᠢᠭᠦᠯᠦᠨ ᠪᠣᠯᠪᠠᠰᠤᠷᠠᠭᠤᠯᠬᠤ ᠶᠢ ᠠᠳᠬᠤᠵᠤ᠂ | ᠲᠠᠷᠢᠶᠠᠯᠠᠩ ᠲᠤᠰᠠᠯᠠᠬᠤ ᠠᠵᠤ ᠠᠬᠤᠢ ᠶᠢᠨ ᠢᠳᠡᠭᠡᠨ ᠢ ᠡᠳ᠋ᠰᠢᠭᠦᠯᠦᠨ ᠪᠤᠯᠪᠠᠰᠤᠷᠠᠭᠤᠯᠬᠤ ᠦᠢᠯᠡᠰ ᠢᠶᠠᠨ ᠪᠤᠶᠢᠵᠢᠭᠤᠯᠤᠨ ᠪᠤᠵᠠᠭᠠᠶᠢᠷᠠᠭᠤᠯᠬᠤ ᠠᠵᠢᠯᠯᠠᠭᠠᠨ ᠢ | ᠥᠷᠨᠢᠭᠦᠯᠦᠨ᠂ ᠴᠠᠭᠠᠨ ᠢᠳᠡᠭᠡ᠂ ᠦᠬᠡᠷ ᠬᠤᠨᠢᠨ ᠤ ᠮᠢᠬ᠎ᠠ ᠵᠡᠷᠭᠡ 10 ᠲᠦᠷᠦᠯ ᠢᠯᠭᠠᠯ ᠤᠨ ᠲᠣᠭᠤᠷᠢᠨ ᠳᠤ᠂ ᠬᠡᠯᠬᠢᠶᠡᠨ ᠤ ᠭᠤᠣᠯ ᠪᠣᠯᠬᠤ ᠠᠵᠤ ᠠᠬᠤᠶᠢᠯᠠᠯ᠂ | ᠬᠥᠲᠥᠴᠢ ᠠᠵᠤ ᠠᠬᠤᠶᠢᠯᠠᠯ ᠢ ᠶᠡᠭᠡ ᠪᠠᠷ ᠣᠷᠣᠭᠤᠯᠤᠨ ᠠᠪᠴᠢᠷᠠᠬᠤ ᠪᠠ ᠪᠤᠶᠢᠵᠢᠭᠤᠯᠵᠤ᠂ ᠠᠵᠤ ᠦᠢᠯᠡᠰ ᠤᠨ ᠬᠡᠯᠬᠢᠶᠡᠨ ᠤ ᠲᠡᠭᠦᠰᠬᠡᠯ ᠦᠵᠦᠭᠦᠷ ᠪᠠ ᠳᠡᠭᠡᠳᠦ | ᠦᠵᠦᠭᠦᠷ ᠲᠡᠶᠢᠰᠢ ᠤᠷᠲᠤᠳᠬᠠᠬᠤ ᠶᠢ ᠠᠬᠢᠭᠤᠯᠤᠨ᠂ ᠭᠤᠣᠯ ᠪᠣᠯᠬᠤ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠡᠳ᠋ᠰᠢᠭᠦᠯᠦᠨ ᠪᠣᠯᠪᠠᠰᠤᠷᠠᠭᠤᠯᠵᠦ | ᠤᠯᠠᠷᠢᠭᠤᠯᠬᠤ ᠨᠤᠷᠮ᠎ᠠ ᠶᠢ 75% ᠠᠴᠠ ᠳᠡᠭᠡᠭᠰᠢ ᠳᠤ ᠬᠦᠷᠦᠭᠦᠯᠬᠦ ᠪᠠᠷ ᠬᠦᠴᠦᠯᠡᠨ ᠴᠢᠷᠮᠠᠶᠢᠨ᠎ᠠ᠃ | ᠨᠦᠭᠦᠬᠡ ᠲᠠᠯ᠎ᠠ ᠪᠠᠷ ᠨᠡᠷᠡᠳᠦ ᠲᠡᠮᠳᠡᠭ ᠢ ᠡᠵᠡᠩᠨᠡᠨ ᠪᠣᠷᠣᠯᠠᠭᠤᠯᠬᠤ ᠶᠢ ᠠᠳᠬᠤᠨ᠂ ︽ᠥᠪᠥᠷ ᠮᠣᠩᠭᠤᠯ︾ ᠨᠡᠷᠡᠮᠵᠢᠲᠦ ᠲᠡᠮᠳᠡᠭ ᠤᠨ ᠭᠡᠷᠡᠴᠢᠯᠡᠯᠲᠡ ᠶᠢ | ᠭᠦᠨᠵᠡᠭᠡᠶᠢᠷᠡᠭᠦᠯᠦᠨ ᠥᠷᠭᠡᠵᠢᠭᠦᠯᠵᠦ᠂ ᠰᠣᠳᠣᠨ ᠪᠦᠲᠦᠭᠡᠭᠳᠡᠬᠦᠨ ᠤ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠨᠡᠷᠡᠲᠦ ᠲᠡᠮᠳᠡᠭ ᠪᠠ ᠠᠵᠤ ᠠᠬᠤᠶᠢᠯᠠᠯ ᠤᠨ | ᠪᠦᠲᠦᠭᠡᠭᠳᠡᠬᠦᠨ ᠤ ᠨᠡᠷᠡᠲᠦ ᠲᠡᠮᠳᠡᠭ ᠢᠶᠠᠨ ᠦᠷᠭᠦᠯᠵᠢᠯᠡᠨ ᠬᠦᠴᠦᠷᠬᠡᠭᠵᠢᠭᠦᠯᠵᠦ᠂ ᠨᠢᠭᠡ ᠪᠦᠯᠦᠭ ᠡᠵᠡᠩᠨᠡᠨ ᠪᠣᠷᠣᠯᠠᠭᠤᠯᠬᠤ ᠲᠥᠪ ᠪᠠ ᠤᠷᠢᠳᠠᠴᠢ ᠰᠠᠩ ᠢ ᠪᠦᠭᠦ | ᠤᠯᠤᠰ ᠲᠤ ᠬᠠᠨᠳᠤᠭᠤᠯᠵᠤ ᠪᠠᠶᠢᠷᠢᠰᠢᠭᠤᠯᠤᠨ᠂ ᠲᠠᠯ᠎ᠠ ᠨᠤᠲᠤᠭ ᠤᠨ ᠰᠠᠶᠢᠬᠠᠨ ᠦᠨᠦᠷ ᠠᠮᠲᠠ ᠶᠢ ᠪᠦᠭᠦ ᠤᠯᠤᠰ ᠲᠤ ᠠᠩᠬᠢᠯᠤᠭᠤᠯᠤᠨᠠ᠃ ᠬᠥᠳᠡᠭᠡ ᠲᠤᠰᠬᠤᠨ ᠢ | ᠬᠥᠭᠵᠢᠭᠦᠯᠦᠨ ᠮᠠᠨᠳᠤᠭᠤᠯᠬᠤ ᠶᠢᠨ ᠨᠢᠭᠡ ᠦᠵᠦᠭᠦᠷ ᠨᠢ ᠬᠥᠭᠵᠢᠯᠲᠡ ᠶᠢᠨ ᠶᠡᠭᠡ ᠲᠠᠯ᠎ᠠ ᠲᠠᠢ ᠬᠤᠯᠪᠣᠯᠳᠤᠵᠤ᠂ ᠨᠦᠭᠦᠬᠡ ᠦᠵᠦᠭᠦᠷ ᠨᠢ ᠠᠷᠠᠳ ᠤᠨ ᠠᠮᠢᠳᠤᠷᠠᠯ ᠤᠨ | ᠪᠤᠶᠠᠨ ᠵᠢᠷᠭᠠᠯ ᠲᠠᠢ ᠬᠤᠯᠪᠣᠯᠳᠤᠵᠤ ᠪᠠᠶᠢᠳᠠᠭ᠃ ︽ᠮᠢᠩᠭ᠎ᠠ ᠲᠦᠮᠡ ᠶᠢᠨ ᠢᠨᠵᠧᠨᠧᠷᠢᠩ︾ ᠤᠨ ᠲᠤᠷᠰᠢᠯᠭ᠎ᠠ ᠶᠢ ᠰᠤᠷᠤᠯᠴᠠᠨ ᠬᠡᠷᠡᠭᠯᠡᠵᠦ᠂ ᠳ᠋ᠢᠬᠢᠲ ᠬᠥᠳᠡᠭᠡ | ᠲᠤᠰᠬᠤᠨᠢᠶ᠋ᠠᠷ ᠲᠠᠷᠢᠶᠠᠯᠠᠩ ᠢ ᠬᠦᠴᠦᠷᠬᠡᠭᠵᠢᠭᠦᠯᠬᠦ ᠲᠠᠷᠢᠶᠠᠴᠢᠳ ᠲᠤ ᠠᠰᠢᠭ ᠬᠦᠷᠲᠡᠭᠡᠬᠦ ᠲᠠᠷᠢᠶᠠᠴᠢᠳ ᠢ ᠪᠠᠶᠠᠵᠢᠭᠤᠯᠬᠤ ᠲᠤᠰᠬᠠᠢ ᠠᠵᠢᠯᠯᠠᠭᠠᠨ ᠢ ᠬᠡᠷᠡᠭᠵᠢᠭᠦᠯᠦᠨ᠂ | ᠪᠤᠴᠠᠭᠠᠳ ᠶᠠᠳᠠᠭᠤᠷᠠᠬᠤ ᠶᠢ ᠰᠡᠷᠭᠡᠶᠢᠯᠡᠬᠦ ᠠᠵᠢᠯ ᠣᠯᠭᠤᠯᠲᠠ ᠶᠢᠨ ᠰᠢᠪᠲᠤᠯᠤᠯᠲᠠ ᠶᠢᠨ ᠠᠵᠢᠯᠯᠠᠭᠠᠨ ᠢ ᠭᠦᠨᠵᠡᠭᠡᠢ ᠥᠷᠨᠢᠭᠦᠯᠵᠦ᠂ ᠶᠠᠳᠠᠭᠤ ᠠᠴᠠ ᠠᠩᠭᠢᠵᠢᠷᠠᠭᠤᠯᠬᠤ | ᠰᠢᠪᠲᠤᠯᠤᠯᠲᠠ ᠶᠢᠨ ᠦᠷ᠎ᠡ ᠪᠦᠲᠦᠭᠡᠯ ᠢᠶᠠᠨ ᠦᠷᠭᠦᠯᠵᠢᠯᠡᠨ ᠪᠠᠬᠢᠵᠢᠭᠦᠯᠦᠨ ᠥᠷᠭᠡᠳᠬᠡᠵᠦ᠂ ᠶᠠᠳᠠᠭᠤ ᠠᠴᠠ ᠠᠩᠭᠢᠵᠢᠷᠠᠭᠰᠠᠨ ᠭᠠᠵᠠᠷ ᠣᠷᠣᠨ ᠤ ᠲᠠᠷᠢᠶᠠᠴᠢᠨ | ᠮᠠᠯᠴᠢᠳ ᠤᠨ ᠬᠥᠮᠥᠨ ᠳᠤᠮᠳᠠᠴᠢ ᠶᠢᠨ ᠡᠵᠡᠮᠳᠡᠬᠦ᠋ᠢᠴᠡ ᠣᠷᠣᠯᠭ᠎ᠠ ᠶᠢᠨ ᠨᠡᠮᠡᠭᠳᠡᠯ ᠤᠨ ᠬᠤᠷᠳᠤᠴᠠ ᠶᠢ ᠪᠦᠭᠦ ᠣᠷᠣᠨ ᠪᠠ ᠪᠦᠭᠦ ᠤᠯᠤᠰ ᠤᠨ ᠳᠤᠮᠳᠠᠴᠢ ᠬᠢᠷᠢ | ᠲᠦᠪᠰᠢᠨ ᠠᠴᠠ ᠳᠣᠣᠷ᠎ᠠ ᠦᠭᠡᠢ ᠪᠠᠶᠢᠯᠭᠠᠬᠤ ᠶᠢ ᠦᠨᠡᠨ ᠬᠦ ᠪᠠᠲᠤᠯᠠᠵᠤ᠂ ᠬᠡᠪᠴᠢᠶᠡᠵᠢᠯ ᠤᠨ ᠴᠢᠨᠠᠷᠲᠠᠢ ᠪᠤᠴᠠᠭᠠᠳ ᠶᠠᠳᠠᠭᠤᠷᠠᠬᠤ ᠪᠠ ᠶᠠᠳᠠᠭᠤᠷᠠᠬᠤ ᠪᠠᠶᠢᠳᠠᠯ ᠦᠯᠦ | ᠡᠭᠦᠰᠬᠦ ᠬᠤᠷᠢᠭ᠎ᠠ ᠱᠤᠭᠤᠮ ᠢ ᠪᠠᠲᠤ ᠰᠠᠬᠢᠨ᠎ᠠ᠃ ᠬᠤᠶᠠᠳᠤᠭᠠᠷ ᠡᠭᠡᠯᠵᠢ ᠶᠢᠨ ᠭᠠᠵᠠᠷ ᠰᠢᠷᠣᠢ ᠶᠢᠨ ᠳᠠᠭᠠᠭᠠᠴᠢᠯᠠᠯᠲᠠ ᠶᠢᠨ ᠬᠤᠭᠤᠴᠠᠭ᠎ᠠ ᠲᠤᠯᠤᠭᠰᠠᠨ ᠤ ᠳᠠᠷᠠᠭ᠎ᠠ | ᠠᠬᠢᠭᠠᠳ 30 ᠵᠢᠯ ᠤᠷᠲᠤᠳᠬᠠᠬᠤ ᠲᠤᠷᠰᠢᠯᠲᠠ ᠶᠢᠨ ᠴᠡᠭ ᠤᠨ ᠠᠵᠢᠯ ᠢ ᠯᠠᠪᠳᠠᠭᠤᠨ ᠠᠬᠢᠭᠤᠯᠵᠤ᠂ ᠣᠢ ᠰᠢᠭᠤᠢ᠂ ᠲᠠᠷᠢᠶᠠᠯᠠᠩ ᠤᠨ ᠬᠠᠭᠠᠯᠪᠤᠷᠢᠯᠠᠯᠲᠠ ᠪᠠ | ᠬᠠᠩᠭᠠᠨ ᠪᠣᠷᠣᠯᠠᠭᠤᠯᠬᠤ ᠬᠤᠷᠰᠢᠶ᠎ᠠ ᠵᠡᠷᠭᠡ ᠲᠠᠯ᠎ᠠ ᠶᠢᠨ ᠥᠭᠡᠷᠡᠴᠢᠯᠡᠯᠲᠡ ᠶᠢ ᠨᠢᠭᠡᠳᠦᠯᠲᠡᠢ ᠲᠥᠯᠥᠪᠯᠡᠨ ᠠᠬᠢᠭᠤᠯᠤᠨ᠎ᠠ᠃ ᠠᠷᠠᠳ ᠢ ᠪᠠᠶᠠᠵᠢᠭᠤᠯᠬᠤ ᠠᠵᠤ ᠦᠢᠯᠡᠰ ᠢ | ᠬᠥᠭᠵᠢᠭᠦᠯᠬᠦ ᠪᠠᠷ ᠳᠠᠮᠵᠢᠭᠤᠯᠤᠨ ᠰᠢᠶᠠᠨ ᠤ ᠬᠡᠪᠴᠢᠶᠡᠨ ᠤ ᠠᠵᠤ ᠠᠬᠤᠢ ᠶᠢ ᠪᠤᠵᠠᠭᠠᠶᠢᠷᠠᠭᠤᠯᠤᠨ᠎ᠠ᠂ ᠬᠦᠷᠢᠶ᠎ᠡ ᠬᠠᠰᠢᠶᠠᠨ ᠤ ᠠᠵᠤ ᠠᠬᠤᠢ᠂ ᠤᠢ ᠶᠢᠨ | ᠬᠤᠷᠮᠣᠢ ᠶᠢᠨ ᠠᠵᠤ ᠠᠬᠤᠢ᠂ ᠠᠷᠠᠳ ᠤᠨ ᠭᠡᠷ ᠪᠠᠭᠤᠳᠠᠯ ᠤᠨ ᠠᠵᠤ ᠠᠬᠤᠢ ᠶᠢ ᠬᠥᠭᠵᠢᠭᠦᠯᠦᠨ᠂ ︽ᠬᠥᠳᠡᠯᠮᠦᠷᠢᠯᠡᠬᠦ ᠪᠠᠷ ᠲᠡᠳᠬᠦᠮᠵᠢ ᠶᠢ ᠣᠷᠣᠯᠠᠭᠤᠯᠬᠤ︾ | ᠬᠡᠪᠴᠢᠶ᠎ᠡ ᠶᠢ ᠥᠷᠭᠡᠳᠬᠡᠵᠦ᠂ ︽ᠭᠤᠷᠪᠠᠨ ᠤᠮᠠᠷᠠᠲᠤ︾ ᠶᠢᠨ ᠢᠨᠵᠧᠨᠧᠷᠢᠩ ᠪᠠ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ | ᠵᠡᠷᠭᠡ ᠶᠢ ︽ᠠᠷᠠᠳ ᠢ ᠪᠠᠶᠠᠵᠢᠭᠤᠯᠬᠤ ᠢᠨᠵᠧᠨᠧᠷᠢᠩ︾ ᠪᠣᠯᠭᠠᠵᠤ᠂ ᠠᠵᠤ ᠠᠬᠤᠶᠢᠯᠠᠯ ᠢ ᠬᠥᠲᠥᠯᠥᠨ ᠵᠢᠯᠤᠭᠤᠳᠴᠤ ᠪᠠᠶᠢᠭᠠᠳ ᠣᠶᠢᠷ᠎ᠠ ᠬᠠᠪᠢ ᠲᠤᠬᠠᠢ ᠶᠢᠨ | ᠭᠠᠵᠠᠷ ᠲᠤ ᠨᠢ ᠠᠵᠢᠯᠴᠢᠨ ᠡᠯᠰᠡᠭᠦᠯᠵᠦ᠂ ᠣᠯᠠᠨ ᠲᠦᠮᠡᠨ ᠳᠤ ᠣᠯᠠᠨ ᠠᠷᠭ᠎ᠠ ᠵᠠᠮ ᠢᠶᠠᠷ ᠠᠵᠢᠯ ᠣᠯᠭᠤᠵᠤ ᠣᠷᠣᠯᠭ᠎ᠠ ᠶᠢ ᠨᠢ ᠨᠡᠮᠡᠭᠳᠡᠭᠦᠯᠬᠦ ᠪᠠᠷ ᠴᠢᠷᠮᠠᠶᠢᠨ᠎ᠠ᠃ | ᠰᠠᠭᠤᠷᠢ ᠪᠡᠯᠡᠳᠬᠡᠮᠵᠢ ᠶᠢ ᠬᠥᠳᠡᠭᠡ ᠲᠤᠰᠬᠤᠨ ᠲᠡᠶᠢᠰᠢ ᠤᠷᠲᠤᠳᠬᠠᠬᠤ ᠶᠢ ᠠᠬᠢᠭᠤᠯᠤᠨ᠎ᠠ᠂ ᠤᠰᠤ ᠬᠡᠷᠡᠭᠯᠡᠬᠦ᠂ ᠴᠠᠬᠢᠯᠭᠠᠨ ᠬᠡᠷᠡᠭᠯᠡᠬᠦ᠂ ᠲᠡᠷᠭᠡ ᠨᠡᠪᠲᠡᠷᠡᠭᠦᠯᠬᠦ᠂ | ᠰᠦᠯᠵᠢᠶ᠎ᠡ ᠨᠡᠪᠲᠡᠷᠡᠭᠦᠯᠬᠦ ᠵᠡᠷᠭᠡ ᠪᠦᠲᠦᠭᠡᠨ ᠪᠠᠶᠢᠭᠤᠯᠤᠯᠲᠠ ᠶᠢᠨ ᠠᠵᠢᠯ ᠢ ᠨᠢᠭᠡᠳᠦᠯᠲᠡᠢ ᠲᠥᠯᠥᠪᠯᠡᠨ ᠰᠠᠶᠢᠲᠤᠷ ᠠᠳᠬᠤᠵᠤ᠂ ᠬᠥᠳᠡᠭᠡ ᠲᠤᠰᠬᠤᠨ ᠤ ᠵᠠᠰᠠᠮᠠᠯ | ᠵᠠᠮ ᠢ 5000 ᠺᠢᠯᠤᠮᠧᠳ᠋ᠷ ᠰᠢᠨ᠎ᠡ ᠪᠠᠷ ᠪᠦᠲᠦᠭᠡᠨ ᠪᠠᠶᠢᠭᠤᠯᠵᠤ᠂ ︽ᠭᠠᠴᠠᠭ᠎ᠠ ᠲᠤᠰᠬᠤᠨ ᠳᠤ ᠲᠦᠷᠭᠡᠨ ᠢᠯᠡᠭᠡᠯᠲᠡ ᠲᠠᠢ ᠪᠣᠯᠭᠠᠬᠤ︾ ᠨᠡᠪᠳᠡᠷᠡᠮᠵᠢ ᠶᠢ | 97% ᠠᠴᠠ ᠳᠡᠭᠡᠭᠰᠢ ᠳᠤ ᠬᠦᠷᠦᠭᠦᠯᠬᠦ ᠶᠢ ᠦᠨᠡᠨ ᠬᠦ ᠪᠠᠲᠤᠯᠠᠨ᠂ ᠨᠥᠬᠦᠴᠡᠯ ᠲᠠᠢ ᠭᠠᠵᠠᠷ ᠣᠷᠣᠨ ᠤ ᠣᠯᠠᠨ ᠨᠡᠶᠢᠲᠡ ᠶᠢᠨ ᠴᠠᠬᠢᠯᠭᠠᠨ ᠴᠡᠨᠡᠭᠯᠡᠬᠦ ᠪᠠ ᠰᠣᠯᠢᠬᠤ | ᠪᠡᠯᠡᠳᠬᠡᠮᠵᠢ ᠪᠠᠶᠢᠭᠤᠯᠬᠤ ᠶᠢ ᠵᠣᠷᠢᠭᠵᠢᠭᠤᠯᠤᠨ᠎ᠠ᠃ ᠬᠥᠳᠡᠭᠡ ᠲᠤᠰᠬᠤᠨ ᠤ ᠣᠷᠴᠢᠨ ᠲᠣᠭᠤᠷᠢᠨ ᠤ ᠵᠠᠰᠠᠯᠲᠠ ᠶᠢ ᠴᠢᠩᠭᠠᠳᠬᠠᠨ᠎ᠠ᠂ ᠲᠠᠷᠢᠶᠠᠯᠠᠩ ᠤᠨ ᠤᠯᠠᠨ ᠡᠬᠢᠲᠦ | ᠪᠣᠬᠢᠷᠳᠤᠯ᠂ ᠠᠮᠢᠳᠤᠷᠠᠯ ᠤᠨ ᠬᠤᠭ ᠨᠣᠪᠰᠢ ᠪᠠ ᠪᠣᠬᠢᠷ ᠤᠰᠤᠨ ᠤ ᠵᠠᠰᠠᠯᠲᠠ ᠶᠢ ᠨᠢᠭᠡ ᠴᠣᠭᠴᠠᠵᠢᠭᠤᠯᠤᠨ ᠰᠠᠶᠢᠲᠤᠷ ᠠᠳᠬᠤᠵᠤ᠂ ᠪᠣᠬᠢᠷᠲᠤᠭᠰᠠᠨ ᠲᠠᠷᠢᠶᠠᠯᠠᠬᠤ | ᠭᠠᠵᠠᠷ ᠢ ᠠᠮᠤᠷ ᠲᠦᠪᠰᠢᠨ ᠢᠶᠠᠷ ᠠᠰᠢᠭᠯᠠᠬᠤ ᠨᠤᠷᠮ᠎ᠠ ᠶᠢ 98% ᠠᠴᠠ ᠳᠡᠭᠡᠭᠰᠢ ᠳᠤ ᠲᠣᠭᠲᠠᠪᠤᠷᠢᠵᠢᠭᠤᠯᠬᠤ᠂ ᠮᠠᠯ ᠵᠢᠭᠦᠷᠲᠡᠨ ᠤ ᠰᠢᠭᠡᠭ ᠰᠠᠩᠭᠠᠰᠤ ᠶᠢ | ᠶᠡᠷᠦᠩᠬᠡᠶᠢᠯᠡᠨ ᠠᠰᠢᠭᠯᠠᠬᠤ ᠨᠤᠷᠮ᠎ᠠ ᠶᠢ 83% ᠠᠴᠠ ᠳᠡᠭᠡᠭᠰᠢ ᠳᠤ ᠬᠦᠷᠦᠭᠦᠯᠬᠦ ᠶᠢ ᠦᠨᠡᠨ ᠬᠦ ᠪᠠᠲᠤᠯᠠᠨ᠂ ᠤᠯᠤᠰ ᠤᠨ ᠳᠡᠰ ᠤᠨ ᠦᠵᠡᠰᠬᠦᠯᠡᠩᠲᠦ | ᠰᠡᠯᠡᠭᠦᠴᠡᠯ ᠤᠨ ᠬᠥᠳᠡᠭᠡ ᠲᠤᠰᠬᠤᠨ᠂ ᠨᠣᠭᠤᠭᠠᠷᠠᠭᠤᠯᠵᠤ ᠭᠤᠶᠣᠵᠢᠭᠤᠯᠤᠭᠰᠠᠨ ᠵᠢᠱᠢᠶ᠎ᠡ ᠦᠵᠡᠬᠦᠯᠬᠦ ᠭᠠᠴᠠᠭ᠎ᠠ ᠲᠤᠰᠬᠤᠨ ᠢ ᠰᠠᠶᠢᠲᠤᠷ ᠡᠭᠦᠳᠦᠨ ᠪᠠᠶᠢᠭᠤᠯᠤᠨ᠎ᠠ᠃ | ︵ᠵᠢᠷᠭᠤᠭ᠎ᠠ︶ ᠤᠮᠠᠷᠠᠲᠤ ᠬᠢᠯᠢ ᠶᠢᠨ ᠰᠣᠶᠣᠯ ᠤᠨ ᠪᠠᠶᠢᠭᠤᠯᠤᠯᠲᠠ ᠶᠢ ᠲᠡᠬᠡᠭᠰᠢᠯᠡᠬᠦᠯᠬᠦ ᠠᠵᠢᠯᠯᠠᠭᠠᠨ ᠢᠶᠠᠷ ᠬᠥᠲᠥᠯᠥᠨ ᠵᠢᠯᠣᠭᠤᠳᠤᠭᠤᠯᠵᠤ᠂ ᠰᠣᠶᠣᠯ | ᠵᠢᠭᠤᠯᠴᠢᠯᠠᠯ ᠤᠨ ᠦᠢᠯᠡᠰ ᠢ ᠲᠤᠯᠭᠠᠭᠤᠷᠢ ᠠᠵᠤ ᠦᠢᠯᠡᠰ ᠪᠣᠯᠭᠠᠨ ᠴᠣᠭᠴᠠᠯᠠᠨ᠎ᠠ᠃ ᠤᠮᠠᠷᠠᠲᠤ ᠬᠢᠯᠢ ᠶᠢᠨ ᠰᠣᠶᠣᠯ ᠪᠣᠯ ︽ᠤᠶᠤᠨ ᠰᠠᠨᠠᠭᠠᠨ ᠤ ᠪᠠᠶᠠᠨ ᠠᠭᠤᠷᠬᠠᠢ | ︾ ᠶᠤᠮ᠂ ᠰᠣᠶᠣᠯ ᠢᠶᠠᠷ ᠵᠢᠭᠤᠯᠴᠢᠯᠠᠯ ᠢ ᠱᠤᠭᠤᠬᠤ᠂ ᠵᠢᠭᠤᠯᠴᠢᠯᠠᠯ ᠢᠶᠠᠷ ᠰᠣᠶᠣᠯ ᠢ ᠲᠣᠳᠣᠷᠠᠭᠤᠯᠬᠤ ᠶᠢ ᠪᠠᠷᠢᠮᠲᠠᠯᠠᠵᠤ᠂ ᠰᠣᠶᠣᠯ᠂ ᠵᠢᠭᠤᠯᠴᠢᠯᠠᠯ᠂ ᠪᠡᠶ᠎ᠡ ᠶᠢᠨ ᠲᠠᠮᠢᠷ᠂ | ᠤᠷᠤᠯᠳᠤᠭᠠᠨ ᠤ ᠶᠠᠪᠤᠳᠠᠯ᠂ ᠤᠷᠠᠨ ᠲᠣᠨᠨᠯᠠᠯᠲᠠ᠂ ᠦᠵᠡᠭᠦᠯᠭᠡ᠂ ᠬᠤᠳᠠᠯᠳᠤᠭ᠎ᠠ ᠶᠢᠨ ᠠᠭᠤᠰᠤᠯᠴᠠᠨ ᠬᠥᠭᠵᠢᠬᠦ ᠶᠢ ᠠᠬᠢᠭᠤᠯᠵᠤ᠂ ᠰᠣᠶᠣᠯ ᠵᠢᠭᠤᠯᠴᠢᠯᠠᠯ ᠤᠨ | ᠬᠦᠴᠦᠷᠬᠡᠭ ᠣᠷᠣᠨ ᠢ ᠲᠦᠷᠭᠡᠳᠬᠡᠨ ᠪᠦᠲᠦᠭᠡᠨ ᠪᠠᠶᠢᠭᠤᠯᠤᠨ᠎ᠠ᠃ ᠤᠮᠠᠷᠠᠲᠤ ᠬᠢᠯᠢ ᠶᠢᠨ ᠰᠣᠶᠣᠯ ᠳᠤ ᠥᠪᠥᠷ ᠮᠣᠩᠭᠤᠯ ᠤᠨ ᠲᠡᠦᠬᠡ ᠬᠥᠮᠥᠨ ᠰᠣᠶᠣᠯ ᠤᠨ ᠭᠤᠸ᠎ᠠ | ᠰᠠᠶᠢᠬᠠᠨ᠂ ᠦᠵᠡᠮᠵᠢ ᠵᠠᠩ ᠦᠢᠯᠡ ᠶᠢᠨ ᠭᠤᠸ᠎ᠠ ᠰᠠᠶᠢᠬᠠᠨ ᠠᠭᠤᠯᠤᠭᠳᠠᠵᠤ ᠪᠠᠶᠢᠳᠠᠭ᠂ ︽ᠤᠮᠠᠷᠠᠲᠤ ᠬᠢᠯᠢ ᠶᠢᠨ ᠰᠣᠶᠣᠯ ᠤᠨ ᠡᠬᠡ ᠤᠯᠤᠰ ᠲᠠᠬᠢ ᠠᠶᠠᠯᠠᠯ︾ ᠤᠨ | ᠠᠵᠢᠯᠯᠠᠭ᠎ᠠ ᠶᠢ ᠦᠷᠬᠦᠯᠵᠢᠯᠡᠨ ᠥᠷᠨᠢᠭᠦᠯᠵᠦ᠂ ᠤᠯᠠᠭᠠᠨᠮᠥ᠋ᠴᠢᠷ ᠵᠡᠷᠭᠡ ᠤᠷᠠᠯᠢᠭ ᠤᠨ ᠪᠦᠯᠭᠦᠮ ᠤᠨ ᠪᠦᠬᠦ ᠤᠯᠤᠰ ᠴᠢᠨᠠᠭᠰᠢᠯᠠᠪᠠᠯ ᠭᠠᠳᠠᠭᠠᠳᠤ ᠳᠤ ᠭᠠᠷᠴᠤ | ᠦᠵᠡᠭᠦᠯᠭᠡ ᠲᠣᠨᠨᠯᠠᠯᠲᠠ ᠭᠠᠷᠭᠠᠬᠤ ᠶᠢ ᠳᠡᠮᠵᠢᠵᠦ᠂ ᠮᠠᠨ ᠤ ᠣᠷᠣᠨ ᠤ ᠡᠯᠪᠡᠭ ᠪᠠᠶᠠᠯᠢᠭ ᠲᠡᠦᠬᠡ ᠰᠣᠶᠣᠯ ᠤᠨ ᠥᠪ ᠪᠠ ᠬᠤᠪᠢᠰᠬᠠᠯ ᠤᠨ ᠡᠬᠢ ᠪᠠᠶᠠᠯᠢᠭ ᠢ | ᠥᠷᠭᠡᠨ ᠢᠶᠠᠷ ᠤᠬᠠᠭᠤᠯᠤᠨ᠂ ᠤᠮᠠᠷᠠᠲᠤ ᠬᠢᠯᠢ ᠶᠢᠨ ᠰᠣᠶᠣᠯ ᠤᠨ ᠥᠪᠡᠷᠮᠢᠴᠡ ᠷᠢᠳᠢ ᠰᠢᠳᠢ ᠶᠢ ᠭᠦᠢᠴᠡᠳ ᠢᠯᠡᠷᠡᠭᠦᠯᠦᠨ᠎ᠡ᠃ ᠲᠡᠦᠬᠡ ᠶᠢᠨ ᠳᠤᠷᠠᠰᠬᠠᠯᠲᠤ ᠵᠦᠢᠯ | ᠬᠠᠭᠤᠴᠢ ᠦᠯᠡᠳᠡᠭᠳᠡᠯ ᠪᠣᠯ ᠡᠪᠦᠭᠡ ᠳᠡᠭᠡᠳᠦᠰ ᠤᠨ ᠥᠪᠯᠡᠵᠦ ᠦᠯᠡᠳᠡᠭᠡᠭᠰᠡᠨ ᠬᠤᠪᠣᠷ ᠨᠠᠨᠳᠢᠨ ᠥᠪ ᠬᠥᠷᠥᠩᠭᠡ ᠶᠤᠮ᠂ ᠡᠷᠬᠡᠪᠰᠢ ᠰᠠᠶᠢᠲᠤᠷ ᠬᠠᠮᠠᠭᠠᠯᠠᠵᠤ᠂ | ᠰᠠᠶᠢᠲᠤᠷ ᠵᠠᠯᠭᠠᠮᠵᠢᠯᠠᠵᠤ᠂ ᠰᠠᠶᠢᠲᠤᠷ ᠠᠰᠢᠭᠯᠠᠬᠤ ᠬᠡᠷᠡᠭᠲᠡᠢ᠂ ᠳᠥᠷᠪᠡᠳᠦᠭᠡᠷ ᠤᠳᠠᠭᠠᠨ ᠤ ᠪᠦᠭᠦ ᠤᠯᠤᠰ ᠤᠨ ᠲᠡᠦᠬᠡ ᠶᠢᠨ ᠳᠤᠷᠠᠰᠬᠠᠯᠲᠤ ᠵᠦᠢᠯ ᠤᠨ ᠨᠡᠶᠢᠳᠡᠮ | ᠪᠠᠶᠢᠴᠠᠭᠠᠯᠲᠠ ᠶᠢᠨ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠳᠠᠬᠢ ᠲᠡᠦᠬᠡ ᠶᠢᠨ ᠳᠤᠷᠠᠰᠬᠠᠯᠲᠤ ᠵᠦᠢᠯ ᠤᠨ | ᠤᠷᠢᠳᠠᠴᠢ ᠬᠢᠨᠠᠨ ᠪᠠᠶᠢᠴᠠᠭᠠᠯᠲᠠ ᠶᠢᠨ ᠳᠦᠷᠢᠮ ᠢ ᠴᠢᠩᠭ᠎ᠠ ᠨᠠᠶᠢᠳᠠᠪᠤᠷᠢᠵᠢᠭᠤᠯᠤᠨ᠂ ᠬᠠᠭᠤᠴᠢᠨ ᠤ ᠰᠤᠳᠤᠯᠤᠯ ᠤᠨ ᠡᠷᠴᠢᠮ ᠢᠶᠠᠨ ᠴᠢᠩᠳᠠᠯᠠᠵᠤ᠂ ᠬᠤᠩᠱᠠᠨ | ᠰᠣᠶᠣᠯ ᠢ ᠥᠪ ᠢᠶᠠᠷ ᠬᠤᠯᠪᠤᠭᠠᠯᠠᠨ ᠭᠤᠶᠤᠴᠢᠯᠠᠬᠤ ᠶᠢ ᠠᠬᠢᠭᠤᠯᠤᠨ᠂ ᠲᠣᠮᠳᠠᠳᠣ ᠶᠢᠨ ᠪᠣᠯᠪᠠᠰᠤᠨ ᠤ ᠡᠬᠢ ᠡᠭᠦᠰᠦᠯ ᠤᠨ ᠰᠦᠪᠡᠭᠴᠢᠯᠡᠯᠲᠡ ᠳᠤ ᠬᠤᠪᠢ ᠨᠡᠮᠡᠷᠢ | ᠦᠵᠡᠭᠦᠯᠦᠨ᠎ᠡ᠃ ᠤᠳᠬ᠎ᠠ ᠤᠷᠠᠯᠢᠭ ᠤᠨ ᠪᠦᠲᠦᠭᠡᠯ ᠪᠣᠯ ᠤᠮᠠᠷᠠᠲᠤ ᠬᠢᠯᠢ ᠶᠢᠨ ᠰᠣᠶᠣᠯ ᠤᠨ ᠬᠠᠮᠤᠭ ᠤᠨ ᠠᠮᠢᠳᠤᠯᠢᠭ ᠠᠴᠢᠶᠠᠯᠠᠪᠤᠷᠢ ᠪᠣᠯᠣᠨ᠎ᠠ᠂ ᠤᠯᠤᠰ ᠤᠨ | ᠥᠮᠴᠢᠯᠡᠯᠲᠦ ᠤᠳᠬ᠎ᠠ ᠤᠷᠠᠯᠢᠭ ᠤᠨ ᠬᠦᠷᠢᠶᠡᠯᠡᠩ ᠪᠦᠯᠭᠦᠮ ᠪᠠ ᠰᠣᠶᠣᠯ ᠤᠨ ᠠᠵᠢᠯ ᠦᠢᠯᠡᠰ ᠤᠨ ᠨᠢᠭᠡᠴᠢ ᠶᠢᠨ ᠪᠠᠶᠢᠭᠤᠯᠤᠯ ᠤᠨ ᠥᠭᠡᠷᠡᠴᠢᠯᠡᠯᠲᠡ ᠶᠢ ᠠᠬᠢᠭᠤᠯᠵᠤ᠂ | ᠭᠤᠣᠯᠳᠠᠯᠭ᠎ᠠ ᠲᠠᠢ ᠤᠳᠬ᠎ᠠ ᠤᠷᠠᠯᠢᠭ ᠤᠨ ᠲᠦᠷᠦᠯ ᠵᠦᠢᠯ ᠪᠠ ᠰᠣᠳᠣᠨ ᠪᠦᠲᠦᠭᠡᠯ ᠢ ᠲᠡᠳᠬᠦᠨ ᠳᠡᠮᠵᠢᠬᠦ᠂ ᠱᠠᠩᠨᠠᠨ ᠬᠥᠬᠢᠭᠦᠯᠬᠦ ᠡᠷᠴᠢᠮ ᠢᠶᠠᠨ ᠴᠢᠩᠳᠠᠯᠠᠵᠤ᠂ | ᠤᠳᠬ᠎ᠠ ᠤᠷᠠᠯᠢᠭ ᠤᠨ ᠠᠵᠢᠯᠲᠠᠳ ᠤᠨ ᠵᠣᠬᠢᠶᠠᠨ ᠪᠦᠲᠦᠭᠡᠬᠦ ᠤᠷᠮ᠎ᠠ ᠵᠣᠷᠢᠭ ᠢ ᠭᠦᠢᠴᠡᠳ ᠬᠥᠭᠵᠢᠭᠡᠵᠦ᠂ ᠨᠡᠩ ᠤᠯᠠᠨ ᠰᠣᠳᠣᠨ ᠪᠦᠲᠦᠭᠡᠯ ᠳᠣᠷᠪᠢᠯᠢᠭ | ᠵᠣᠬᠢᠶᠠᠯ ᠢ ᠪᠣᠢ ᠪᠣᠯᠭᠠᠨ᠂ ᠤᠯᠤᠰ ᠤᠨ ᠳᠣᠲᠣᠭᠠᠳᠤ ᠭᠠᠳᠠᠭᠠᠳᠤ ᠶᠢᠨ ᠨᠡᠩ ᠣᠯᠠᠨ ᠲᠣᠮᠣ ᠱᠠᠩᠨᠠᠯ ᠢ ᠭᠦᠷᠲᠡᠬᠦ ᠪᠠᠷ ᠮᠡᠷᠡᠶᠢᠨ ᠴᠢᠷᠮᠠᠶᠢᠨ᠎ᠠ᠃ ᠣᠳᠣᠬᠠᠨ ᠳᠤ | ᠰᠣᠶᠣᠯ ᠤᠨ ᠦᠵᠡᠰᠭᠦᠯᠡᠩ ᠤᠨ ᠬᠠᠯᠠᠭᠤᠷᠠᠯ᠂ ᠪᠣᠳᠠᠰ ᠤᠨ ᠪᠤᠰᠤ ᠰᠣᠶᠣᠯ ᠤᠨ ᠥᠪ ᠤᠨ ᠤᠷᠤᠰᠬᠠᠯ ᠨᠢ ᠴᠠᠭ ᠤᠨ ᠰᠢᠨ᠎ᠡ ᠥᠩᠭᠡ ᠪᠣᠯᠤᠭᠰᠠᠨ ᠪᠠᠶᠢᠨ᠎ᠠ᠂ | ᠡᠶᠢᠮᠦᠷᠬᠦᠦ ᠪᠠᠶᠢᠳᠠᠯ ᠬᠠᠨᠳᠤᠰᠢ ᠲᠠᠢ ᠵᠣᠬᠢᠴᠠᠭᠤᠯᠤᠨ᠂ ᠲᠣᠮᠣ ᠬᠡᠯᠪᠡᠷᠢ ᠶᠢᠨ ᠪᠠᠶᠠᠷ ᠳᠤᠷᠠᠰᠬᠠᠯ᠂ ᠡᠯ᠎ᠡ ᠲᠦᠷᠦᠯ ᠤᠨ ᠳᠡᠯᠭᠡᠨ ᠦᠵᠡᠭᠦᠯᠭᠡ᠂ ᠰᠣᠶᠣᠯ | ᠵᠢᠭᠤᠯᠴᠢᠯᠠᠯ ᠤᠨ ᠠᠵᠢᠯᠯᠠᠭ᠎ᠠ ᠳᠤ ᠤᠮᠠᠷᠠᠲᠤ ᠬᠢᠯᠢ ᠶᠢᠨ ᠰᠣᠶᠣᠯ ᠤᠨ ᠡᠯᠧᠮᠧᠨ᠋ᠲ ᠪᠠ ᠢᠯᠡᠷᠬᠡᠶᠢᠯᠡᠯᠲᠦ ᠲᠡᠮᠳᠡᠭ ᠢ ᠰᠢᠭᠢᠳᠬᠡᠵᠦ᠂ ᠪᠦᠲᠦᠭᠡᠯᠴᠢ ᠵᠢᠷᠤᠭ ᠲᠥᠯᠥᠪᠯᠡᠭᠡ | ᠪᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢᠶᠠᠷ ᠬᠦᠴᠦᠨ ᠴᠢᠳᠠᠮᠵᠢ ᠶᠢ ᠡᠷᠴᠢᠮᠯᠡᠬᠦ ᠪᠠᠨ ᠴᠢᠩᠭᠠᠳᠬᠠᠨ᠂ ᠥᠪᠡᠷᠮᠢᠴᠡ ᠬᠡᠪ ᠨᠠᠮᠪᠠ ᠪᠦᠬᠦᠢ ᠰᠣᠶᠣᠯ ᠤᠨ ︽ | ᠺᠠᠷᠳ᠋ᠯᠠᠬᠤ ᠭᠠᠵᠠᠷ︾ ᠢ ᠨᠡᠩ ᠤᠯᠠᠨ ᠴᠣᠭᠴᠠᠯᠠᠨ᠎ᠠ᠃ |