ᠣᠨᠴᠠᠯᠢᠭ ᠲᠠᠢ᠂ ᠳᠠᠪᠠᠭᠤᠯᠢᠭ ᠠᠵᠤ ᠦᠢᠯᠡᠰ ᠤᠨ ᠲᠦᠷᠭᠡᠬᠡᠨ ᠪᠤᠵᠠᠭᠠᠶᠢᠷᠠᠵᠤ ᠬᠦᠴᠦᠷᠬᠡᠭᠵᠢᠬᠦ ᠶᠢ ᠠᠬᠢᠭᠤᠯᠵᠤ᠂ ᠨᠡᠮᠡᠭᠳᠡᠯ ᠤᠨ ᠰᠢᠨ᠎ᠡ ᠬᠥᠳᠡᠯᠭᠡᠭᠦᠷ ᠢ | ᠪᠦᠷᠢᠯᠳᠦᠭᠦᠯᠦᠨ᠎ᠡ᠃ ᠰᠢᠨ᠎ᠡ ᠡᠨᠧᠷᠬᠢ ᠶᠢᠨ ᠠᠵᠤ ᠦᠢᠯᠡᠰ ᠤᠨ ᠲᠡᠷᠢᠭᠦᠨ ᠤ ᠪᠠᠶᠢᠷᠢ ᠰᠠᠭᠤᠷᠢ ᠶᠢ ᠪᠠᠲᠤᠳᠬᠠᠨ᠎ᠠ᠃ ᠨᠢᠭᠡ ᠲᠠᠯ᠎ᠠ ᠪᠠᠷ ᠡᠯᠡᠰᠦᠨ ᠴᠦᠯ ᠭᠤᠪᠢ | ᠴᠥᠯᠡᠷᠬᠡᠭ ᠣᠷᠣᠨ ᠳᠠᠬᠢ ᠲᠣᠮᠣ ᠰᠠᠭᠤᠷᠢᠨ ᠭᠠᠵᠠᠷ ᠪᠠ ᠥᠪᠥᠷ ᠮᠣᠩᠭᠤᠯ ᠤᠨ ᠪᠠᠷᠠᠭᠤᠨ ᠬᠡᠰᠡᠭ ᠠᠴᠠ ᠪᠡᠭᠡᠵᠢᠩ ᠲᠢᠶᠠᠨᠵᠢᠨ ᠾᠧᠪᠧᠢ ᠬᠦᠷᠬᠦ᠂ ᠬᠥᠪᠴᠢ ᠶᠢᠨ | ᠡᠯᠡᠰᠦ ᠠᠴᠠ ᠱᠠᠩᠬᠠᠢ ᠬᠦᠷᠬᠦ᠂ ᠲᠡᠭᠷᠢ ᠡᠯᠡᠰᠦ ᠠᠴᠠ ᠵᠢᠶᠠᠩᠰᠢ ᠬᠦᠷᠬᠦ᠂ ᠤᠯᠠᠭᠠᠨᠪᠤᠬ᠎ᠠ ᠶᠢᠨ ᠡᠯᠡᠰᠦ ᠠᠴᠠ ᠪᠡᠭᠡᠵᠢᠩ ᠲᠢᠶᠠᠨᠵᠢᠨ ᠾᠧᠪᠧᠢ ᠱᠠᠨᠳᠦ᠋ᠩ ᠬᠦᠷᠬᠦ | ᠭᠠᠳᠠᠭᠰᠢ ᠳᠠᠮᠵᠢᠭᠤᠯᠬᠤ ᠨᠡᠪᠲᠡᠷᠡᠯ ᠵᠠᠮ ᠤᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ 4000 ᠲᠦᠮᠡᠨ ᠺᠢᠯᠣᠸᠠᠲ ᠰᠢᠨ᠎ᠡ ᠪᠠᠷ ᠨᠡᠮᠡᠭᠳᠡᠭᠦᠯᠵᠦ ᠴᠠᠬᠢᠯᠭᠠᠨ | ᠬᠦᠴᠦᠨ ᠤ ᠲᠣᠣᠷ ᠲᠤ ᠨᠡᠶᠢᠯᠡᠭᠦᠯᠦᠨ᠂ ᠴᠠᠬᠢᠯᠭᠠᠨ ᠭᠠᠷᠭᠠᠬᠤ ᠬᠡᠮᠵᠢᠶ᠎ᠡ ᠶᠢ 3000 ᠳ᠋ᠦᠩᠰᠢᠭᠤᠷ ᠭᠷᠡᠳᠦ᠋ᠰ ᠠᠴᠠ ᠳᠠᠪᠠᠭᠤᠯᠬᠤ ᠪᠠᠷ ᠬᠦᠴᠦᠯᠡᠨ ᠴᠢᠷᠮᠠᠶᠢᠨ᠎ᠠ᠃ | ᠨᠦᠭᠦᠭᠡ ᠲᠠᠯ᠎ᠠ ᠪᠠᠷ ᠰᠤᠷᠪᠤᠯᠵᠢ ᠲᠣᠣᠷ ᠳᠠᠭᠠᠭᠠᠴᠠ ᠨᠥᠭᠡᠴᠡ ᠶᠢ ᠨᠢᠭᠡ ᠴᠣᠭᠴᠠᠵᠢᠭᠤᠯᠬᠤ ᠶᠢ ᠪᠠᠷᠢᠮᠲᠠᠯᠠᠵᠤ᠂ ᠪᠠᠭᠲᠠᠭᠠᠨ ᠰᠢᠩᠭᠡᠭᠡᠬᠦ ᠠᠬᠤᠢ ᠪᠠᠶᠢᠳᠠᠯ ᠤᠨ | ᠬᠡᠷᠡᠭᠯᠡᠯᠲᠡ ᠶᠢ ᠶᠡᠭᠡ ᠪᠠᠷ ᠠᠬᠢᠭᠤᠯᠤᠨ᠂ ᠰᠢᠨ᠎ᠡ ᠡᠨᠧᠷᠬᠢ ᠶᠢᠨ ᠠᠰᠢᠭᠯᠠᠮᠵᠢ ᠶᠢ 90% ᠠᠴᠠ ᠳᠡᠭᠡᠭᠰᠢ ᠪᠠᠶᠢᠯᠭᠠᠬᠤ ᠶᠢ ᠦᠨᠡᠨ ᠬᠦ ᠪᠠᠲᠤᠯᠠᠨ᠎ᠠ᠃ ᠡᠭᠦᠨ ᠳᠤ | ᠭᠤᠣᠯᠳᠠᠭᠤ ᠲᠠᠪᠤᠨ ᠠᠵᠢᠯ ᠶᠠᠪᠤᠳᠠᠯ ᠢ ᠰᠠᠶᠢᠲᠤᠷ ᠠᠳᠬᠤᠨ᠎ᠠ᠃ | ᠨᠢᠭᠡ ᠨᠢ ᠰᠢᠨ᠎ᠡ ᠬᠡᠯᠪᠡᠷᠢ ᠶᠢᠨ ᠨᠥᠭᠡᠴᠡ ᠡᠨᠧᠷᠬᠢ ᠶᠢ ᠲᠦᠷᠭᠡᠳᠬᠡᠨ ᠬᠥᠭᠵᠢᠭᠦᠯᠦᠨ᠎ᠡ᠂ ᠠᠯᠠᠱᠠ ᠶᠢᠨ ᠰᠢᠨ ᠶᠤᠸᠠᠨ ᠵᠢᠩ ᠵᠡᠷᠭᠡ ᠰᠢᠨ᠎ᠡ ᠬᠡᠯᠪᠡᠷᠢ ᠶᠢᠨ | ᠨᠥᠭᠡᠴᠡ ᠡᠨᠧᠷᠬᠢ ᠶᠢᠨ 35 ᠲᠦᠷᠦᠯ ᠵᠦᠢᠯ ᠢ ᠠᠵᠢᠯ ᠡᠬᠢᠯᠡᠭᠦᠯᠦᠨ ᠪᠦᠲᠦᠭᠡᠨ ᠪᠠᠶᠢᠭᠤᠯᠵᠤ᠂ ᠮᠠᠰᠢᠨ ᠴᠣᠭᠴᠠᠯᠠᠪᠤᠷᠢ ᠶᠢ 1000 ᠲᠦᠮᠡᠨ ᠺᠢᠯᠣᠸᠠᠲ | ᠰᠢᠨ᠎ᠡ ᠪᠠᠷ ᠠᠵᠢᠯ ᠡᠬᠢᠯᠡᠭᠦᠯᠦᠨ᠂ 600 ᠲᠦᠮᠡᠨ ᠺᠢᠯᠣᠸᠠᠲ ᠢ ᠰᠢᠨ᠎ᠡ ᠪᠠᠷ ᠠᠰᠢᠭᠯᠠᠯᠲᠠ ᠳᠤ ᠣᠷᠤᠭᠤᠯᠬᠤ ᠪᠠᠷ ᠬᠦᠴᠦᠯᠡᠨ ᠴᠢᠷᠮᠠᠶᠢᠨ᠎ᠠ᠃ ᠬᠤᠶᠠᠷ ᠨᠢ | ᠪᠣᠬᠢᠷᠳᠤᠯ ᠦᠭᠡᠢ ᠴᠠᠬᠢᠯᠭᠠᠨ ᠢᠶᠠᠷ ᠣᠷᠣᠯᠠᠭᠤᠯᠬᠤ ᠪᠠᠨ ᠨᠡᠮᠡᠭᠳᠡᠭᠦᠯᠦᠨ᠎ᠡ᠂ ᠲᠡᠮᠦᠷ ᠤᠨ ᠬᠠᠶᠢᠯᠤᠰᠢ᠂ ᠪᠣᠯᠣᠳ ᠲᠡᠮᠦᠷ᠂ ᠵᠡᠰ᠂ ᠬᠥᠩᠭᠡᠨᠴᠠᠭᠠᠨ᠂ ᠯᠢᠲ᠋ᠢ ᠵᠡᠷᠭᠡ | ᠰᠢᠨ᠎ᠡ ᠬᠡᠯᠪᠡᠷᠢ ᠶᠢᠨ ᠬᠠᠶᠢᠯᠤᠰᠢ ᠶᠢᠨ ᠮᠠᠲ᠋ᠧᠷᠢᠶᠠᠯ ᠤᠳ ᠤᠨ ᠠᠵᠤ ᠦᠢᠯᠡᠰ ᠤᠨ ᠪᠣᠬᠢᠷᠳᠤᠯ ᠦᠭᠡᠢ ᠲᠡᠶᠢᠰᠢ ᠬᠡᠯᠪᠡᠷᠢ ᠪᠠᠨ ᠬᠤᠪᠢᠷᠠᠭᠤᠯᠬᠤ ᠶᠢ ᠳᠠᠶᠢᠴᠢᠯᠠᠵᠤ᠂ | ᠪᠦᠬᠦ ᠤᠯᠤᠰ ᠤᠨ ᠬᠠᠮᠤᠭ ᠤᠨ ᠲᠣᠮᠣ ᠪᠣᠬᠢᠷᠳᠤᠯ ᠦᠭᠡᠢ ᠥᠨᠳᠥᠷ ᠡᠨᠧᠷᠬᠢ ᠶᠢᠨ ᠳᠠᠭᠠᠭᠠᠴᠠᠳᠣ ᠠᠵᠤ ᠦᠢᠯᠡᠰ ᠤᠨ ᠪᠥᠭᠡᠮᠨᠡᠷᠡᠯ ᠤᠨ ᠣᠷᠣᠨ ᠢ ᠪᠦᠲᠦᠭᠡᠨ | ᠪᠠᠶᠢᠭᠤᠯᠤᠨ᠎ᠠ᠃ ᠭᠤᠷᠪᠠ ᠨᠢ ᠪᠣᠬᠢᠷᠳᠤᠯ ᠦᠭᠡᠢ ᠴᠠᠬᠢᠯᠭᠠᠨ ᠢ ᠪᠣᠬᠢᠷᠳᠤᠯ ᠦᠭᠡᠢ ᠤᠰᠤᠳᠦ᠋ᠷᠦᠭᠴᠢ ᠰᠢᠪᠲᠦᠷ ᠠᠯᠺᠤᠤᠯ ᠪᠣᠯᠭᠠᠨ ᠬᠤᠪᠢᠷᠠᠭᠤᠯᠬᠤ ᠶᠢ ᠲᠦᠷᠭᠡᠳᠬᠡᠨ | ᠠᠬᠢᠭᠤᠯᠵᠤ᠂ ᠤᠰᠤᠳᠦ᠋ᠷᠦᠭᠴᠢ ᠡᠨᠧᠷᠬᠢ ᠶᠢᠨ ᠠᠵᠤ ᠦᠢᠯᠡᠰ ᠤᠨ ᠬᠤᠰᠢᠭᠤᠴᠢ ᠣᠷᠣᠨ ᠢ ᠴᠣᠭᠴᠠᠯᠠᠨ᠂ ᠤᠯᠠᠭᠠᠨᠴᠠᠪ ᠠᠴᠠ ᠶᠠᠨᠱᠠᠨ ᠤ ᠴᠢᠯᠠᠭᠤᠨ ᠲᠣᠰᠣ ᠬᠢᠮᠢ ᠶᠢᠨ | ᠺᠤᠮᠫᠠᠨᠢ ᠬᠦᠷᠬᠦ ᠤᠰᠤᠳᠦ᠋ᠷᠦᠭᠴᠢ ᠳᠠᠮᠵᠢᠭᠤᠯᠬᠤ ᠬᠤᠭᠤᠯᠠᠢ ᠭᠤᠤᠷᠰᠤ᠂ ᠤᠯᠠᠭᠠᠨᠬᠠᠳᠠ ᠠᠴᠠ ᠵᠢᠨᠵᠧᠦ ᠭᠠᠷᠠᠮ ᠢ ᠳᠠᠮᠵᠢᠨ ᠱᠠᠩᠬᠠᠢ ᠬᠦᠷᠬᠦ ᠪᠣᠬᠢᠷᠳᠤᠯ ᠦᠭᠡᠢ | ᠤᠰᠤᠳᠦ᠋ᠷᠦᠭᠴᠢ ᠶᠢᠨ ᠬᠤᠩᠭᠢᠯ ᠤᠨ ᠲᠦᠷᠦᠯ ᠵᠦᠢᠯ ᠢ ᠪᠦᠲᠦᠭᠡᠨ ᠪᠠᠶᠢᠭᠤᠯᠵᠤ᠂ ᠰᠢᠯᠢ ᠶᠢᠨ ᠭᠤᠣᠯ ᠠᠴᠠ ᠼᠤᠤ ᠹᠧᠢ ᠳ᠋ᠢᠶᠠᠨ ᠬᠦᠷᠬᠦ ᠤᠰᠤᠳᠦ᠋ᠷᠦᠭᠴᠢ | ᠳᠠᠮᠵᠢᠭᠤᠯᠬᠤ ᠬᠤᠭᠤᠯᠠᠢ ᠭᠤᠤᠷᠰᠤ ᠶᠢᠨ ᠡᠮᠦᠨᠡᠬᠢ ᠬᠤᠭᠤᠴᠠᠭᠠᠨ ᠤ ᠠᠵᠢᠯ ᠢ ᠥᠷᠨᠢᠭᠦᠯᠦᠨ᠂ ᠠᠶᠢᠮᠠᠭ ᠬᠤᠲᠠ ᠶᠢᠨ ᠬᠢᠨ ᠤ ᠪᠣᠬᠢᠷᠲᠤᠯ ᠦᠭᠡᠢ ᠤᠰᠤᠳᠦ᠋ᠷᠦᠭᠴᠢ | ᠰᠢᠪᠲᠦᠷ ᠠᠯᠺᠤᠤᠯ᠂ ᠤᠰᠤᠳᠦ᠋ᠷᠦᠭᠴᠢ ᠡᠨᠧᠷᠬᠢ ᠶᠢᠨ ᠬᠡᠷᠡᠭᠯᠡᠭᠡᠨ ᠤ ᠰᠠᠭᠤᠷᠢᠨ ᠭᠠᠵᠠᠷ ᠪᠦᠲᠦᠭᠡᠨ ᠪᠠᠶᠢᠭᠤᠯᠬᠤ ᠶᠢ ᠳᠡᠮᠵᠢᠨ᠎ᠡ᠃ ᠳᠥᠷᠪᠡ ᠨᠢ ᠰᠠᠯᠬᠢ ᠭᠡᠷᠡᠯ | ᠤᠰᠤᠳᠦ᠋ᠷᠦᠭᠴᠢ ᠨᠥᠭᠡᠴᠡ ᠶᠢᠨ ᠪᠦᠬᠦ ᠬᠡᠯᠬᠢᠶᠡᠨ ᠤ ᠬᠥᠭᠵᠢᠯᠲᠡ ᠶᠢ ᠪᠠᠷᠢᠮᠲᠠᠯᠠᠨ᠂ ᠰᠢᠨ᠎ᠡ ᠡᠨᠧᠷᠬᠢ ᠶᠢᠨ ᠲᠣᠨᠤᠭ ᠲᠥᠬᠦᠭᠡᠷᠦᠮᠵᠢ ᠦᠢᠯᠡᠳᠬᠦ ᠦᠢᠯᠡᠰ ᠢ | ᠬᠦᠴᠦᠷᠬᠡᠭᠵᠢᠭᠦᠯᠵᠦ᠂ ᠴᠠᠬᠢᠯᠭᠠᠨ ᠡᠭᠦᠰᠭᠡᠭᠦᠷ᠂ ᠭᠦᠶᠦᠳᠡᠯ ᠬᠤᠪᠢᠷᠠᠭᠠᠭᠤᠷ᠂ ᠰᠥᠷᠭᠡᠦ ᠬᠤᠪᠢᠰᠬᠠᠭᠤᠷ᠂ ᠰᠢᠰᠲ᠋ᠧᠮ ᠤᠨ ᠴᠢᠩᠭᠡᠯᠢᠭ ᠵᠡᠷᠭᠡ ᠭᠤᠣᠯᠯᠠᠬᠤ ᠰᠡᠯᠪᠢᠭ | ᠲᠤᠨᠤᠭ ᠲᠤ ᠠᠩᠬᠠᠷᠤᠯ ᠢᠶᠠᠨ ᠲᠥᠪᠯᠡᠷᠡᠭᠦᠯᠵᠦ᠂ ᠬᠡᠯᠬᠢᠶ᠎ᠡ ᠶᠢ ᠤᠷᠲᠤᠳᠬᠠᠨ ᠨᠥᠬᠦᠪᠦᠷᠢᠯᠡᠬᠦ 113 ᠲᠦᠷᠦᠯ ᠵᠦᠢᠯ ᠢ ᠭᠤᠣᠯᠳᠠᠯᠭ᠎ᠠ ᠲᠠᠢ ᠬᠡᠷᠡᠭᠵᠢᠭᠦᠯᠵᠦ᠂ ᠰᠢᠨ᠎ᠡ | ᠡᠨᠧᠷᠬᠢ ᠶᠢᠨ ᠲᠣᠨᠤᠭ ᠲᠥᠬᠦᠭᠡᠷᠦᠮᠵᠢ ᠦᠢᠯᠡᠳᠬᠦ ᠦᠢᠯᠡᠰ ᠤᠨ ᠦᠢᠯᠡᠳᠬᠦᠨ ᠤ ᠥᠷᠲᠡᠭ ᠢ 2700 ᠳ᠋ᠦᠩᠰᠢᠭᠤᠷ ᠲᠥᠭᠦᠷᠢᠭ ᠠᠴᠠ ᠳᠠᠪᠠᠭᠤᠯᠬᠤ ᠪᠠᠷ ᠬᠦᠴᠦᠯᠡᠨ | ᠴᠢᠷᠮᠠᠶᠢᠨ᠎ᠠ᠃ ᠲᠠᠪᠤ ᠨᠢ ᠰᠢᠨ᠎ᠡ ᠡᠨᠧᠷᠬᠢ ᠶᠢᠨ ᠠᠵᠢᠯᠯᠠᠭᠤᠯᠵᠤ ᠪᠠᠲᠤᠯᠠᠬᠤ ᠦᠢᠯᠡᠴᠢᠯᠡᠭᠡᠨ ᠤ ᠦᠢᠯᠡᠰ ᠢ ᠰᠠᠶᠢᠲᠤᠷ ᠬᠢᠵᠦ᠂ ᠮᠡᠷᠭᠡᠵᠢᠯ ᠤᠨ ᠯᠠᠪᠯᠠᠭ᠎ᠠ᠂ ᠣᠶᠤᠨᠴᠢ | ᠬᠠᠮᠠᠭᠠᠯᠠᠯᠲᠠ᠂ ᠠᠦ᠋ᠲ᠋ᠣᠴᠢᠯᠠᠭᠰᠠᠨ ᠬᠢᠨᠠᠨ ᠰᠢᠨᠵᠢᠯᠲᠡ ᠣᠨᠣᠰᠢᠯᠠᠯᠲᠠ ᠵᠡᠷᠭᠡ ᠲᠤᠬᠠᠶᠢᠯᠠᠭᠰᠠᠨ ᠠᠵᠢᠯ ᠢ ᠰᠢᠨ᠎ᠡ ᠶᠢ ᠡᠭᠦᠳᠦᠨ ᠬᠥᠭᠵᠢᠭᠦᠯᠵᠦ᠂ ᠠᠵᠢᠯᠯᠠᠭᠤᠯᠵᠤ | ᠪᠠᠲᠤᠯᠠᠬᠤ ᠦᠷ᠎ᠡ ᠪᠦᠲᠦᠮᠵᠢ ᠪᠠᠨ ᠳᠡᠭᠡᠭᠰᠢᠯᠡᠭᠦᠯᠦᠨ᠂ ᠳᠡᠭᠡᠳᠦ ᠲᠡᠰ ᠤᠨ ᠦᠢᠯᠡᠴᠢᠯᠡᠭᠡᠨ ᠤ ᠨᠡᠷᠡᠲᠦ ᠲᠡᠮᠳᠡᠭ ᠢ ᠴᠣᠭᠴᠠᠯᠠᠨ᠎ᠠ᠃ ᠪᠣᠬᠢᠷᠳᠤᠯ ᠦᠭᠡᠢ ᠮᠠᠯ ᠤᠨ | ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠪᠣᠯᠪᠠᠰᠤᠷᠠᠭᠤᠯᠤᠨ ᠡᠳ᠋ᠰᠢᠭᠦᠯᠬᠦ ᠦᠢᠯᠡᠰ ᠢ ᠰᠢᠯᠢᠳᠡᠭᠵᠢᠭᠦᠯᠦᠨ᠎ᠡ᠃ ᠦᠬᠡᠷ ᠬᠤᠨᠢᠨ ᠤ ᠮᠢᠬ᠎ᠠ᠂ ᠲᠥᠮᠥᠰᠥ᠂ | ᠡᠷᠳᠡᠨᠢ ᠰᠢᠰᠢ᠂ ᠢᠮᠠᠭᠠᠨ ᠨᠣᠣᠯᠣᠭᠤᠷ᠂ ᠡᠪᠡᠰᠦᠨ ᠤ ᠦᠢᠯᠡᠰ ᠪᠣᠯ ᠪᠢᠳᠡᠨ ᠤ ᠣᠯᠠᠨ ᠵᠢᠯ ᠬᠥᠭᠵᠢᠭᠦᠯᠦᠭᠡᠳ ᠢᠷᠡᠭᠰᠡᠨ ᠣᠨᠴᠠᠯᠢᠭᠲᠤ ᠠᠵᠤ ᠦᠢᠯᠡᠰ ᠪᠣᠯᠣᠨ᠎ᠠ᠂ | ᠦᠷᠭᠦᠯᠵᠢᠯᠡᠨ ᠭᠦᠨᠵᠡᠭᠡᠶᠢᠷᠡᠭᠦᠯᠦᠨ ᠬᠥᠭᠵᠢᠭᠦᠯᠵᠦ᠂ ᠲᠠᠷᠢᠬᠤ ᠲᠡᠵᠢᠭᠡᠬᠦ ᠡᠳ᠋ᠰᠢᠭᠦᠯᠬᠦ ᠪᠣᠷᠣᠯᠠᠭᠤᠯᠬᠤ ᠪᠦᠬᠦ ᠬᠡᠯᠬᠢᠶᠡᠨ ᠤ ᠬᠥᠭᠵᠢᠯᠲᠡ ᠶᠢ ᠠᠬᠢᠭᠤᠯᠵᠤ᠂ ᠠᠯᠠᠰᠢᠨ | ᠬᠤᠨᠢ᠂ ᠡᠷᠳᠡᠨᠢ ᠰᠢᠰᠢ 2 ᠵᠦᠢᠯ ᠤᠨ ᠮᠢᠩᠭᠠᠨ ᠳ᠋ᠦᠩᠰᠢᠭᠤᠷ ᠳᠡᠰ ᠤᠨ ᠠᠵᠤ ᠦᠢᠯᠡᠰ ᠤᠨ ᠬᠡᠯᠬᠢᠶᠡᠨ ᠤ ᠳᠡᠰ ᠳᠡᠪᠰᠢᠨ ᠦᠷ᠎ᠡ ᠠᠰᠢᠭ ᠢᠶᠠᠨ ᠨᠡᠮᠡᠭᠳᠡᠭᠦᠯᠬᠦ᠂ | ᠠᠯᠠᠰᠢᠨ ᠦᠬᠡᠷ᠂ ᠡᠪᠡᠰᠦᠨ ᠤ ᠦᠢᠯᠡᠰ 2 ᠵᠦᠢᠯ ᠤᠨ ᠠᠵᠤ ᠦᠢᠯᠡᠰ ᠤᠨ ᠬᠡᠯᠬᠢᠶᠡᠨ ᠤ ᠮᠢᠩᠭᠠᠨ ᠳ᠋ᠦᠩᠰᠢᠭᠤᠷ ᠳᠡᠰ ᠢ ᠲᠦᠷᠭᠡᠬᠡᠨ ᠳᠠᠪᠠᠭ᠋ᠤ᠂ ᠲᠥᠮᠥᠰᠥ᠂ | ᠢᠮᠠᠭᠠᠨ ᠨᠣᠣᠯᠣᠭᠤᠷ 2 ᠵᠦᠢᠯ ᠤᠨ ᠠᠵᠤ ᠦᠢᠯᠡᠰ ᠤᠨ ᠬᠡᠯᠬᠢᠶᠡᠨ ᠤ ᠮᠢᠩᠭᠠᠨ ᠳ᠋ᠦᠩᠰᠢᠭᠤᠷ ᠳᠡᠰ ᠲᠤ ᠳᠠᠪᠰᠢᠨ ᠣᠷᠣᠬᠤ ᠶᠢ ᠨᠢ ᠠᠬᠢᠭᠤᠯᠤᠨ᠎ᠠ᠃ ᠳᠠᠯᠳᠠ | ᠬᠦᠴᠦᠨ ᠲᠠᠢ᠂ ᠨᠥᠬᠦᠴᠡᠯ ᠲᠠᠢ ᠠᠵᠤ ᠦᠢᠯᠡᠰ ᠢ ᠲᠦᠷᠭᠡᠳᠬᠡᠨ ᠪᠤᠶᠢᠵᠢᠭᠤᠯᠬᠤ ᠶᠢ ᠠᠬᠢᠭᠤᠯᠵᠤ᠂ ᠰᠢᠨ᠎ᠡ ᠥᠷᠢᠰᠦᠯᠳᠦᠭᠡᠨ ᠤ ᠴᠠᠷᠠᠭ᠎ᠠ ᠰᠢᠨ᠎ᠡ ᠬᠥᠳᠡᠯᠭᠡᠭᠴᠢ | ᠡᠨᠧᠷᠬᠢ ᠶᠢ ᠡᠷᠲᠡᠬᠡᠨ ᠪᠣᠢ ᠪᠣᠯᠭᠠᠬᠤ ᠪᠠᠷ ᠴᠢᠷᠮᠠᠶᠢᠨ᠎ᠠ᠃ | ᠳᠣᠣᠷ᠎ᠠ ᠠᠭᠠᠷ ᠤᠨ ᠠᠵᠤ ᠠᠬᠤᠢ ᠶᠢᠨ ᠲᠠᠯ᠎ᠠ ᠪᠠᠷ ᠳᠣᠣᠷ᠎ᠠ ᠠᠭᠠᠷ ᠤᠨ ᠨᠢᠰᠦᠭᠦᠷ ᠦᠢᠯᠡᠳᠬᠦ᠂ ᠳᠣᠣᠷ᠎ᠠ ᠠᠭᠠᠷ ᠤᠨ ᠨᠢᠰᠦᠯᠲᠡ ᠶᠢᠨ ᠦᠢᠯᠡᠴᠢᠯᠡᠭᠡᠨ ᠤ | ᠪᠠᠲᠤᠯᠠᠭ᠎ᠠ᠂ ᠳᠣᠣᠷ᠎ᠠ ᠠᠭᠠᠷ ᠤᠨ ᠣᠯᠠᠡ ᠡᠰᠢᠵᠢᠭᠰᠡᠨ ᠬᠡᠷᠡᠭᠯᠡᠯᠲᠡ ᠵᠡᠷᠭᠡ ᠭᠤᠷᠪᠠᠨ ᠵᠠᠩᠭᠢᠯᠠᠭ᠎ᠠ ᠶᠢᠨ ᠬᠦᠷᠢᠶ᠎ᠡ ᠴᠠᠷᠠᠭ᠎ᠠ ᠶᠢ ᠠᠳᠬᠤᠨ᠂ ᠥᠪᠥᠷ ᠮᠣᠩᠭᠤᠯ ᠤᠨ | ᠳᠣᠣᠷ᠎ᠠ ᠠᠭᠠᠷ ᠤᠨ ᠠᠵᠤ ᠠᠬᠤᠢ ᠶᠢᠨ ᠰᠤᠳᠤᠯᠤᠯ ᠤᠨ ᠬᠦᠷᠢᠶᠡᠯᠡᠩ ᠢ ᠪᠡᠯᠡᠳᠬᠡᠨ ᠪᠠᠶᠢᠭᠤᠯᠵᠤ᠂ ᠳᠣᠣᠷ᠎ᠠ ᠠᠭᠠᠷ ᠤᠨ ᠨᠢᠰᠦᠭᠦᠷ ᠢ ᠲᠤᠷᠰᠢᠨ ᠨᠢᠰᠬᠡᠵᠦ ᠬᠡᠮᠵᠢᠨ | ᠰᠢᠯᠭᠠᠬᠤ ᠰᠠᠭᠤᠷᠢᠨ ᠭᠠᠵᠠᠷ ᠢ ᠲᠦᠷᠭᠡᠳᠬᠡᠨ ᠪᠠᠶᠢᠭᠤᠯᠵᠤ᠂ ᠳᠣᠣᠷ᠎ᠠ ᠠᠭᠠᠷ ᠤᠨ ᠲᠣᠨᠤᠭ ᠲᠥᠬᠦᠭᠡᠷᠦᠮᠵᠢ ᠶᠢᠨ ᠠᠵᠤ ᠦᠢᠯᠡᠰ ᠤᠨ ᠬᠡᠯᠬᠢᠶᠡᠨ ᠤ ᠬᠤᠳᠠᠯᠳᠤᠭᠠᠴᠢᠨ | ᠤᠷᠢᠬᠤ ᠠᠵᠢᠯ ᠤᠨ ᠵᠢᠷᠤᠭ ᠤᠨ ᠵᠢᠭᠰᠠᠯ ᠢ ᠡᠮᠬᠢᠯᠡᠵᠦ ᠨᠡᠶᠢᠲᠡᠯᠡᠨ᠂ ᠥᠪᠥᠷ ᠮᠣᠩᠭᠤᠯ ᠤᠨ ᠴᠠᠬᠢᠯᠭᠠᠨ ᠬᠦᠴᠦᠨ ᠤ ᠠᠭᠠᠷ ᠠᠶᠠᠯᠠᠯ ᠤᠨ ᠪᠠᠶᠢᠴᠠᠭᠠᠯᠲᠠ ᠶᠢᠨ ᠲᠥᠪ᠂ | ᠠᠷᠠᠳ ᠤᠨ ᠠᠭᠠᠷ ᠠᠶᠠᠯᠠᠯ ᠤᠨ ᠵᠢᠯᠣᠭᠤᠴᠢ ᠦᠭᠡᠢ ᠨᠢᠰᠬᠡᠯ ᠤᠨ ᠰᠢᠯᠭᠠᠯᠲᠠ ᠶᠢᠨ ᠲᠥᠪ᠂ ᠳᠤᠮᠳᠠᠳᠤ ᠤᠯᠤᠰ ᠤᠨ ᠷᠦᠩ ᠲᠦᠩ ᠵᠢᠯᠣᠭᠤᠴᠢ ᠦᠭᠡᠢ | ᠨᠢᠰᠬᠡᠯ ᠤᠨ ᠪᠠᠷᠠᠭᠠᠨ ᠤ ᠭᠦᠢᠯᠭᠡᠭᠡᠨ ᠤ ᠲᠣᠬᠢᠷᠠᠭᠤᠯᠤᠯᠲᠠ ᠶᠢᠨ ᠲᠥᠪ ᠵᠡᠷᠭᠡ ᠲᠥᠷᠥᠯ ᠵᠦᠢᠯ ᠤᠨ ᠪᠣᠳᠠᠲᠠᠶᠢᠵᠢᠬᠤ ᠶᠢ ᠠᠬᠢᠭᠤᠯᠤᠨ᠂ ᠳᠣᠣᠷ᠎ᠠ ᠠᠭᠠᠷ + | ᠪᠠᠷᠠᠭᠠᠨ ᠤ ᠭᠦᠢᠯᠭᠡᠭᠡ᠂ ᠰᠣᠶᠣᠯ ᠵᠢᠭᠤᠯᠴᠢᠯᠠᠯ᠂ ᠪᠠᠴᠢᠮ ᠪᠠᠶᠢᠳᠠᠯ ᠤᠨ ᠠᠷᠭᠠᠴᠠᠭᠠᠯᠲᠠ᠂ ᠣᠷᠴᠢᠨ ᠲᠣᠭᠤᠷᠢᠨ ᠤ ᠬᠠᠮᠠᠭᠠᠯᠠᠯᠲᠠ ᠵᠡᠷᠭᠡ ᠠᠬᠤᠢ ᠪᠠᠶᠢᠳᠠᠯ ᠤᠨ | ᠬᠡᠷᠡᠭᠯᠡᠯᠲᠡ ᠶᠢ ᠵᠢᠱᠢᠶ᠎ᠡ ᠦᠵᠡᠭᠦᠯᠦᠨ ᠳᠡᠯᠭᠡᠷᠡᠭᠦᠯᠵᠦ᠂ ᠬᠦᠬᠡᠬᠤᠳᠠ ᠶᠢᠨ ᠰᠠᠨᠰᠠᠷ ᠠᠶᠠᠯᠠᠯ ᠤᠨ ᠨᠡᠭᠡᠭᠡᠯᠲᠡ ᠶᠢᠨ ᠲᠣᠭᠤᠷᠢᠭ ᠢᠶᠠᠷ ᠬᠥᠲᠥᠯᠥᠮᠵᠢ ᠪᠣᠯᠭᠠᠵᠣ᠂ | ᠬᠦᠬᠡᠬᠤᠲᠠ ᠪᠤᠭᠤᠲᠤ ᠣᠷᠳᠣᠰ ᠤᠨ ᠳᠣᠣᠷ᠎ᠠ ᠠᠭᠠᠷ ᠤᠨ ᠠᠵᠤ ᠠᠬᠤᠢ ᠶᠢᠨ ᠬᠥᠭᠵᠢᠯᠲᠡ ᠶᠢᠨ ᠲᠣᠭᠤᠷᠢᠭ ᠢ ᠪᠤᠶᠢᠵᠢᠭᠤᠯᠵᠤ᠂ ᠤᠯᠠᠭᠠᠨᠬᠠᠳᠠ ᠲᠦᠩᠯᠢᠶᠣᠣ | ᠰᠢᠯᠢ ᠶᠢᠨ ᠭᠤᠣᠯ ᠤᠨ ᠳᠣᠣᠷ᠎ᠠ ᠠᠭᠠᠷ ᠤᠨ ᠬᠡᠷᠡᠭᠯᠡᠯᠲᠡ ᠶᠢᠨ ᠪᠥᠭᠡᠮᠨᠡᠷᠡᠯ ᠤᠨ ᠣᠷᠣᠨ ᠪᠠ ᠤᠯᠠᠭᠠᠨᠬᠤᠲᠠ ᠷᠠᠰᠢᠶᠠᠨ ᠬᠠᠶᠢᠯᠠᠷ ᠮᠠᠨᠵᠤᠤᠷ᠂ ᠤᠯᠠᠭᠠᠨᠴᠠᠪ ᠤᠨ ᠳᠣᠣᠷ᠎ᠠ | ᠠᠭᠠᠷ ᠤᠨ ᠵᠢᠭᠤᠯᠴᠢᠯᠠᠯ ᠤᠨ ᠪᠥᠭᠡᠮᠨᠡᠷᠡᠯ ᠤᠨ ᠣᠷᠣᠨ ᠢ ᠴᠣᠭᠴᠠᠯᠠᠨ᠎ᠠ᠃ ᠵᠣᠬᠢᠶᠠᠮᠠᠯ ᠣᠶᠤᠨ ᠤ ᠲᠠᠯ᠎ᠠ ᠪᠠᠷ ᠰᠤᠳᠤᠯᠤᠨ ᠨᠡᠭᠡᠭᠡᠯᠲᠡ᠂ ᠦᠢᠯᠡᠳᠪᠦᠷᠢᠯᠡᠬᠦ ᠪᠠ | ᠬᠡᠷᠡᠭᠯᠡᠯᠲᠡ ᠶᠢ ᠰᠠᠶᠢᠲᠤᠷ ᠬᠢᠵᠦ᠂ ᠬᠦᠬᠡᠬᠤᠲᠠ ᠶᠢᠨ ᠣᠶᠤᠨᠴᠢ ᠡᠵᠡᠮᠰᠢᠭᠦᠷ᠂ ᠣᠶᠤᠨᠴᠢ ᠨᠥᠯᠥᠭᠡᠯᠡᠭᠦᠷ᠂ ᠣᠶᠤᠨᠴᠢ ᠵᠥᠭᠡᠯᠡᠨ ᠬᠡᠷᠡᠭᠰᠡᠯ ᠵᠡᠷᠭᠡ ᠵᠠᠩᠭᠢᠯᠠᠭ᠎ᠠ ᠶᠢᠨ | ᠵᠥᠭᠡᠯᠡᠨ ᠬᠠᠲᠠᠭᠤ ᠬᠡᠷᠡᠭᠰᠡᠯ ᠤᠨ ᠲᠥᠬᠦᠭᠡᠷᠦᠮᠵᠢ ᠶᠢ ᠬᠥᠭᠵᠢᠭᠦᠯᠬᠦ ᠶᠢ ᠨᠢ ᠲᠡᠮᠵᠢᠵᠤ᠂ ᠵᠣᠬᠢᠶᠠᠮᠠᠯ ᠣᠶᠣᠨ ᠤ ᠠᠵᠤ ᠦᠢᠯᠡᠰ ᠤᠨ ᠰᠠᠭᠤᠷᠢᠨ ᠭᠠᠵᠠᠷ ᠢ | ᠴᠣᠭᠴᠠᠯᠠᠨ᠎ᠠ᠃ ᠣᠶᠤᠨᠲᠤ ᠠᠭᠤᠷᠬᠠᠢ᠂ ᠣᠶᠤᠨᠲᠤ ᠴᠠᠬᠢᠯᠭᠠᠨ ᠬᠦᠴᠦᠨ᠂ ᠣᠶᠤᠨᠲᠤ ᠲᠠᠷᠢᠶᠠᠯᠠᠩ᠂ ᠣᠶᠤᠨᠲᠤ ᠰᠣᠶᠣᠯ ᠵᠢᠭᠤᠯᠴᠢᠯᠠᠯ᠂ ᠣᠶᠤᠨᠲᠤ ᠡᠮᠴᠢᠯᠡᠭᠡ᠂ | ᠣᠶᠤᠨᠲᠤ ᠰᠤᠷᠭᠠᠨ ᠬᠥᠮᠦᠵᠢᠯ᠂ ᠣᠶᠤᠨᠲᠤ ᠪᠠᠷᠠᠭᠠᠨ ᠤ ᠭᠦᠢᠯᠭᠡᠭᠡ ᠵᠡᠷᠭᠡ ᠬᠦᠷᠢᠶ᠎ᠡ ᠴᠠᠷᠠᠭᠠᠨ ᠳᠠᠬᠢ ᠬᠡᠷᠡᠭᠯᠡᠯᠲᠡ ᠶᠢᠨ ᠰᠢᠨ᠎ᠡ ᠡᠭᠦᠳᠦᠯᠲᠡ ᠶᠢ ᠲᠦᠷᠭᠡᠳᠬᠡᠨ᠎ᠡ᠃ | ᠦᠢᠯᠡᠳᠪᠦᠷᠢᠯᠡᠯ ᠤᠨ ᠠᠬᠤᠢ ᠪᠠᠶᠢᠳᠠᠯ ᠤᠨ ᠣᠶᠤᠨᠴᠢᠯᠠᠨ ᠥᠭᠡᠷᠡᠴᠢᠯᠡᠵᠦ ᠰᠢᠨᠡᠴᠢᠯᠡᠬᠦ ᠶᠢ ᠠᠬᠢᠭᠤᠯᠵᠤ᠂ ᠲᠦᠭᠰᠢᠭᠦᠷᠢ ᠶᠡᠬᠡᠲᠡᠢ᠂ ᠬᠥᠳᠡᠯᠮᠦᠷᠢ ᠶᠢᠨ | ᠬᠦᠴᠦᠯᠡᠴᠡ ᠴᠢᠩᠭ᠎ᠠ ᠵᠢᠴᠢ ᠠᠵᠢᠯ ᠬᠢᠬᠦ ᠣᠷᠴᠢᠨ ᠨᠥᠬᠦᠴᠡᠯ ᠠᠨᠠᠢ ᠦᠢᠯᠡᠳᠪᠦᠷᠢᠯᠡᠯ ᠤᠨ ᠨᠢᠭᠡᠴᠢ ᠶᠢᠨ ︽ᠮᠠᠰᠢᠨ ᠢᠶᠠᠷ ᠬᠥᠮᠥᠨ ᠢ ᠣᠷᠣᠯᠠᠭᠤᠯᠬᠤ︾ ᠶᠢ | ᠲᠦᠷᠭᠡᠳᠬᠡᠨ᠎ᠡ᠃ ᠠᠮᠢᠳᠤ ᠪᠣᠳᠠᠰ ᠤᠨ ᠦᠢᠯᠡᠳᠬᠦ ᠦᠢᠯᠡᠰ ᠤᠨ ᠲᠠᠯ᠎ᠠ ᠪᠠᠷ ᠠᠮᠢᠳᠤ ᠪᠣᠳᠠᠰ ᠤᠨ ᠡᠮ ᠡᠮᠨᠡᠯᠭᠡ ᠪᠠ ᠠᠮᠢᠳᠤ ᠪᠣᠳᠠᠰ ᠤᠨ ᠢᠰᠬᠡᠯᠲᠡ ᠬᠤᠶᠠᠷ ᠶᠡᠭᠡ | ᠬᠦᠷᠢᠶ᠎ᠡ ᠴᠠᠷᠠᠭᠠᠨ ᠳᠤ ᠠᠩᠬᠠᠷᠤᠯ ᠢᠶᠠᠨ ᠲᠥᠪᠯᠡᠷᠡᠭᠦᠯᠵᠦ᠂ ᠬᠦᠬᠡᠬᠤᠲᠠ ᠶᠢᠨ ᠪᠦᠬᠦ ᠪᠥᠮᠪᠥᠷᠴᠡᠭ ᠲᠤ ᠲᠦᠷᠦᠭᠦᠯᠡᠭᠰᠡᠨ ᠮᠠᠯ ᠳᠤ ᠬᠡᠷᠡᠭᠯᠡᠬᠦ ᠸᠠᠺᠼᠢᠨ ᠢ ᠰᠤᠳᠤᠯᠤᠨ | ᠨᠡᠭᠡᠭᠡᠵᠦ ᠦᠢᠯᠡᠳᠪᠦᠷᠢᠯᠡᠬᠦ ᠰᠠᠭᠤᠷᠢᠨ ᠭᠠᠵᠠᠷ ᠢ ᠴᠣᠭᠴᠠᠯᠠᠨ᠂ ᠬᠦᠬᠡᠬᠤᠲᠠ᠂ ᠲᠦᠩᠯᠢᠶᠣᠣ᠂ ᠤᠯᠠᠭᠠᠨᠬᠠᠳᠠ᠂ ᠪᠠᠶᠠᠨᠨᠠᠭᠤᠷ ᠵᠡᠷᠭᠡ ᠭᠠᠵᠠᠷ ᠣᠷᠣᠨ ᠤ ᠲᠦᠭᠦᠬᠡᠢ | ᠮᠠᠲ᠋ᠧᠷᠢᠶᠠᠯ ᠤᠨ ᠡᠮ ᠪᠠ ᠬᠢᠮᠢ ᠶᠢᠨ ᠡᠮ ᠤᠨ ᠬᠥᠭᠵᠢᠯᠲᠡ ᠶᠢ ᠲᠦᠷᠭᠡᠳᠬᠡᠵᠦ᠂ ᠲᠦᠭᠦᠬᠡᠢ ᠮᠠᠲ᠋ᠧᠷᠢᠶᠠᠯ ᠤᠨ ᠡᠮ ᠢ ᠴᠢᠨᠠᠷ ᠴᠢᠨᠰᠠᠭ᠎ᠠ ᠲᠠᠢ ᠪᠦᠲᠦᠭᠡᠭᠳᠡᠬᠦᠨ ᠡᠮ ᠪᠠ | ᠨᠠᠶᠢᠷᠠᠯᠭ᠎ᠠ ᠲᠡᠶᠢᠰᠢ ᠬᠤᠪᠢᠷᠠᠭᠤᠯᠬᠤ ᠶᠢ ᠠᠬᠢᠭᠤᠯᠤᠨ᠂ ᠴᠢᠨᠠᠬᠤ ᠡᠮ᠂ ᠨᠠᠶᠢᠷᠠᠯᠭ᠎ᠠ᠂ ᠵᠣᠷ ᠤᠨ ᠮᠥᠬᠦᠯᠢᠭᠲᠦ ᠡᠮ ᠤᠨ ᠣᠨᠴᠠᠯᠢᠭ ᠪᠦᠬᠦᠢ ᠬᠢᠲᠠᠳ ᠮᠣᠩᠭᠤᠯ | ᠡᠮ ᠤᠨ ᠠᠵᠤ ᠦᠢᠯᠡᠰ ᠤᠨ ᠬᠡᠯᠬᠢᠶ᠎ᠡ ᠶᠢ ᠴᠣᠭᠴᠠᠯᠠᠨ᠎ᠠ᠃ ᠴᠠᠷᠳᠠᠭᠤᠯ᠂ ᠣᠨᠴᠠᠭᠠᠢ ᠵᠦᠢᠯ ᠤᠨ ᠠᠮᠢᠨᠤ᠋ ᠬᠦᠴᠢᠯ᠂ ᠰᠦᠨ ᠬᠦᠴᠢᠯ ᠤᠨ ᠪᠠᠺᠲ᠋ᠧᠷᠢ ᠵᠢᠴᠢ ᠲᠡᠭᠦᠨ ᠤ | ᠢᠰᠭᠡᠭᠰᠡᠨ ᠪᠦᠲᠦᠭᠡᠭᠳᠡᠬᠦᠨ ᠤ ᠠᠵᠤ ᠦᠢᠯᠡᠰ ᠤᠨ ᠬᠡᠯᠬᠢᠶ᠎ᠡ ᠶᠢ ᠲᠡᠭᠦᠯᠳᠡᠷᠵᠢᠭᠦᠯᠦᠨ᠎ᠡ᠃ ᠰᠢᠨ᠎ᠡ ᠬᠡᠯᠪᠡᠷᠢ ᠶᠢᠨ ᠬᠠᠶᠢᠯᠤᠰᠢ ᠶᠢᠨ ᠮᠠᠲ᠋ᠧᠷᠢᠶᠠᠯ ᠤᠨ ᠲᠠᠯ᠎ᠠ ᠪᠠᠷ | ᠲᠡᠮᠦᠷ ᠤᠨ ᠬᠠᠶᠢᠯᠤᠰᠢ᠂ ᠪᠣᠯᠣᠳ ᠲᠡᠮᠦᠷ᠂ ᠵᠡᠰ᠂ ᠬᠥᠩᠭᠡᠨᠴᠠᠭᠠᠨ᠂ ᠯᠢᠲ᠋ᠢ ᠵᠡᠷᠭᠡ ᠡᠬᠢ ᠪᠠᠶᠠᠯᠢᠭ ᠪᠠ ᠠᠵᠤ ᠦᠢᠯᠡᠰ ᠤᠨ ᠳᠠᠪᠠᠭᠤᠯᠢᠭ ᠢ ᠪᠠᠳᠠᠷᠠᠭᠤᠯᠵᠤ᠂ | ᠥᠨᠳᠥᠷ ᠴᠢᠳᠠᠮᠵᠢᠲᠤ ᠨᠡᠶᠢᠯᠡᠮᠡᠯ ᠮᠠᠲ᠋ᠧᠷᠢᠶᠠᠯ ᠲᠡᠶᠢᠰᠢ ᠬᠡᠯᠬᠢᠶ᠎ᠡ ᠪᠠᠨ ᠤᠷᠲᠤᠳᠬᠠᠵᠤ ᠨᠥᠬᠦᠪᠦᠷᠢᠯᠡᠨ᠂ ᠵᠠᠮ ᠬᠠᠷᠢᠯᠴᠠᠭ᠎ᠠ᠂ ᠰᠠᠨᠰᠠᠷ ᠠᠶᠠᠯᠠᠯ ᠠᠭᠠᠷ ᠠᠶᠠᠯᠠᠯ᠂ | ᠲᠣᠨᠤᠭ ᠲᠥᠬᠦᠭᠡᠷᠦᠮᠵᠢ ᠦᠢᠯᠡᠳᠬᠦ ᠵᠡᠷᠭᠡ ᠬᠦᠷᠢᠶ᠎ᠡ ᠴᠠᠷᠠᠭᠠᠨ ᠳᠠᠬᠢ ᠬᠡᠷᠡᠭᠯᠡᠯᠲᠡ ᠪᠠᠨ ᠥᠷᠭᠡᠳᠬᠡᠨ᠎ᠡ᠃ | ︵ᠲᠠᠪᠤ︶ ᠲᠠᠷᠢᠶᠠᠯᠠᠩ ᠮᠠᠯ ᠠᠵᠤ ᠠᠬᠤᠢ ᠶᠢ ᠣᠳᠣᠬᠢᠴᠢᠯᠠᠭᠰᠠᠨ ᠲᠣᠮᠣ ᠠᠵᠤ ᠦᠢᠯᠡᠰ ᠪᠣᠯᠭᠠᠨ ᠴᠣᠭᠴᠠᠯᠠᠬᠤ ᠪᠠᠷ ᠴᠢᠷᠮᠠᠶᠢᠵᠤ᠂ ᠣᠳᠣᠬᠢᠴᠢᠯᠠᠭᠰᠠᠨ | ᠰᠢᠨ᠎ᠡ ᠬᠥᠳᠡᠭᠡ ᠲᠤᠰᠬᠤᠨ ᠰᠢᠨ᠎ᠡ ᠮᠠᠯᠵᠢᠬᠤ ᠣᠷᠣᠨ ᠢ ᠲᠦᠷᠭᠡᠳᠬᠡᠨ ᠪᠦᠲᠦᠭᠡᠨ ᠪᠠᠶᠢᠭᠤᠯᠤᠨ᠎ᠠ᠃ ᠣᠨᠠᠯᠲᠠ ᠦᠢᠯᠡᠳᠪᠦᠷᠢᠯᠡᠬᠦ ᠴᠢᠳᠠᠮᠵᠢ᠂ ᠦᠢᠯᠡᠳᠪᠦᠷᠢᠯᠡᠯ ᠠᠮᠢ | ᠠᠬᠤᠢ᠂ ᠤᠨᠠᠯᠲᠠ ᠭᠠᠷᠤᠯᠲᠠ ᠪᠠ ᠣᠷᠣᠯᠭ᠎ᠠ ᠶᠢᠨ ᠨᠡᠮᠡᠭᠳᠡᠯ ᠢ ᠬᠠᠮᠲᠤ ᠳᠤ ᠨᠢ ᠠᠳᠬᠤᠬᠤ ᠶᠢ ᠪᠠᠷᠢᠮᠲᠠᠯᠠᠵᠤ᠂ ᠥᠩ ᠰᠢᠮᠡᠯᠢᠭ ᠬᠥᠷᠥᠰᠥ ᠰᠢᠷᠣᠢ᠂ ᠥᠷᠭᠡᠨ | ᠠᠭᠤᠳᠠᠮ ᠲᠠᠯ᠎ᠠ ᠨᠤᠲᠤᠭ᠂ ᠲᠤᠩᠭᠠᠯᠠᠭ ᠴᠡᠩᠭᠡᠭ ᠭᠤᠣᠯ ᠤᠨ ᠤᠰᠤ ᠶᠢ ᠦᠢᠯᠡᠳᠪᠦᠷᠢᠯᠡᠯ ᠤᠨ ᠬᠦᠴᠦᠨ ᠪᠠ ᠥᠷᠢᠰᠦᠯᠳᠦᠬᠦ ᠬᠦᠴᠦᠨ ᠪᠣᠯᠭᠠᠨ | ᠬᠤᠪᠢᠷᠠᠭᠤᠯᠬᠤ ᠪᠠᠷ ᠴᠢᠷᠮᠠᠶᠢᠵᠤ᠂ ᠲᠠᠷᠢᠶᠠᠯᠠᠩ ᠮᠠᠯ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠪᠠᠷ ᠬᠥᠳᠡᠭᠡ ᠲᠤᠰᠬᠤᠨ ᠢ ᠪᠦᠭᠦ ᠲᠠᠯ᠎ᠠ ᠪᠠᠷ ᠬᠥᠭᠵᠢᠭᠦᠯᠦᠨ | ᠮᠠᠨᠳᠤᠭᠤᠯᠬᠤ ᠶᠢ ᠠᠬᠢᠭᠤᠯᠤᠨ᠎ᠠ᠃ |